ᠳᠥᠷᠪᠡᠳ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | | | ᠳᠥᠷᠪᠡᠳ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠣᠯ ᠬᠤᠰᠢᠭᠤ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ( ᠨᠢᠭᠡ ) ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ | ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠵᠡᠷᠭᠡ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ( ᠬᠤᠶᠠᠷ ) ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠬᠤᠰᠢᠭᠤᠨ ᠤ ᠡᠮ | ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠦᠯ ᠢ | ᠨᠠᠶᠢᠷᠠᠭᠤᠯᠤᠨ ᠵᠣᠬᠢᠶᠠᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ | ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠡᠮ | ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ ᠥᠭᠬᠦ ᠠᠷᠭ᠎ᠠ | ᠬᠡᠯᠪᠡᠷᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ( ᠭᠤᠷᠪᠠ ) ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ | ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠥᠭᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠵᠤ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ ᠤᠨ | ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡᠷ ᠤᠨ ᠳᠦᠷᠢᠮ ᠢ | ᠲᠤᠤᠱᠯᠠᠭᠤᠯᠤᠨ ᠬᠡᠷᠡᠭᠵᠢᠭᠦᠯᠦᠨ᠎ᠡ᠃ | ( ᠳᠥᠷᠪᠡ ) ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡ ᠶᠢᠨ | ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ | ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ | ᠵᠠᠷᠤᠳᠠᠯ ᠥᠭᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ | ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ | ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠪᠠᠶᠢᠭᠤᠯᠬᠤ ᠶᠢ ᠲᠦᠯᠬᠢᠨ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ | ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ | ( ᠲᠠᠪᠤ ) ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦ᠋ᠩᠨᠡᠨ ᠪᠣᠳᠣᠬᠤ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ | ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ( ᠵᠢᠷᠭᠤᠭ᠎ᠠ ) ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠳᠡᠯᠴᠡᠬᠡᠷ ᠪᠣᠯᠤᠨ | ᠣᠯᠭᠤᠬᠤ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ | ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠣᠯᠤᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮ ᠡᠮᠨᠡᠯᠭᠡ ᠶᠢᠨ | ᠦᠢᠯᠡᠴᠢᠯᠡᠭᠡᠨ ᠤ ᠦᠢᠯᠡ ᠠᠵᠢᠯᠯᠠᠭ᠎ᠠ ᠪᠣᠯᠤᠨ ᠡᠮᠨᠡᠯᠭᠡ ᠶᠢᠨ ᠵᠠᠷᠤᠳᠠᠯ ᠳᠤ ᠬᠢᠨᠠᠯᠲᠠ ᠲᠠᠯᠪᠢᠨ ᠬᠠᠮᠢᠶᠠᠷᠴᠤ᠂ ᠡᠮ | ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠤ ᠬᠠᠤᠯᠢ ᠲᠣᠭᠲᠠᠭᠠᠯᠠ᠋ᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ( ᠳᠣᠯᠤᠭ᠎ᠠ ) ᠡᠮᠨᠡᠯᠭᠡ ᠶᠢᠨ ᠪᠠᠲᠤᠯᠠᠭ᠎ᠠ ᠶᠢ ᠭᠠᠷᠳᠠᠨ ᠭᠦᠢᠴᠡᠳᠬᠡᠬᠦ ᠬᠠᠮᠢᠶᠠᠷᠤᠯᠲᠠ ᠪᠣᠯᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠬᠠᠷᠢᠭᠤᠴᠠᠨ᠎ᠠ᠃ᠣᠨᠳᠣᠣ | ᠭᠠᠵᠠᠷ ᠡᠪᠡᠳᠴᠢᠨ ᠦᠵᠡᠭᠦᠯᠬᠦ ᠳᠤ ᠬᠠᠮᠢᠶᠠᠷᠬᠤ ᠪᠠ ᠰᠦᠢᠳᠬᠡᠯ ᠢ ᠳ᠋ᠦ᠋ᠩᠨᠡᠨ ᠪᠣᠳᠣᠬᠤ ᠲᠥᠷᠥ ᠶᠢᠨ ᠪᠣᠳᠣᠯᠭ᠎ᠠ ᠶᠢ | ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ | ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ( ᠨᠠᠢᠮᠠ ) ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠰᠠᠯᠠᠭ᠎ᠠ ᠮᠥᠴᠢᠷ ᠤᠨ ᠢᠶᠠᠨ | ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ | ᠶᠠᠳᠠᠭᠤ᠋_ᠠ᠋ᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠵᠠᠬᠢᠳᠠᠯ | ᠰᠤᠷᠪᠤᠯᠵᠢᠯᠠᠯ ᠵᠡᠷᠭᠡ ᠠᠵᠢᠯ ᠢ ᠬᠠᠷᠢᠭᠤᠴᠠᠨ᠎ᠠ᠃ | ( ᠶᠢᠰᠤ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ( ᠨᠢᠭᠡ ) ᠠᠯᠪᠠᠨ ᠭᠡᠷ ( 0474 — 5214700 )᠃ᠪᠠᠶᠢᠭᠤᠯᠭ᠎ᠠ ᠶᠢᠨ ᠡᠳᠦᠷ ᠳᠣᠳᠣᠮ ᠤᠨ | ᠠᠵᠢᠯᠯᠠᠭᠠᠨ ᠢ ᠬᠠᠷᠢᠭᠤᠴᠠᠵᠤ᠂ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠡᠷᠡᠭ ᠶᠠᠪᠤᠳᠠᠯ᠂ ᠪᠢᠴᠢᠭ ᠬᠠᠷ᠎ᠠ ᠶᠢᠨ | ᠳᠠᠩᠰᠠ ᠡᠪᠬᠡᠮᠡᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ | ᠶᠠᠪᠤᠳᠠᠯ ᠢ ᠢᠯᠡ ᠪᠣᠯᠭᠠᠬᠤ᠂ ᠬᠠᠮᠲᠤᠷᠠᠯᠴᠠᠭ᠎ᠠ ᠰᠣᠯᠢᠯᠴᠠᠭ᠎ᠠ ᠬᠢᠬᠦ ᠵᠡᠷᠭᠡ ᠠᠵᠢᠯ ᠢ ᠡᠭᠦᠷᠭᠡᠯᠡᠨ᠎ᠡ ;ᠪᠠᠶᠢᠭᠤᠯᠭ᠎ᠠ ᠶᠢᠨ | ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠡᠮ ᠡᠮᠨᠡᠯᠭᠡ ᠶᠢᠨ | ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ;ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠳᠠᠬᠢᠨ | ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ ;ᠪᠠᠶᠢᠭᠤᠯᠭ᠎ᠠ ᠶᠢᠨ ᠨᠠᠮ ᠪᠠ ᠣᠯᠠᠨ | ᠲᠦᠮᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠣᠷᠠᠭᠤᠯᠤᠯ᠂ ᠡᠩᠨᠡᠭᠡᠨ ᠤ ᠪᠠᠶᠢᠭᠤᠯᠤᠯᠲᠠ | ᠵᠡᠷᠭᠡ ᠠᠵᠢᠯ ᠢ ᠡᠭᠦᠷᠭᠡᠯᠡᠨ᠎ᠡ᠃ | ( ᠬᠤᠶᠠᠷ ) ᠲᠥᠯᠥᠪᠵᠢᠭᠦᠯᠭᠡ ᠶᠢᠨ ᠡᠳ᠋ ᠤᠨ ᠶᠠᠪᠤᠳᠠᠯ ᠤᠨ ᠲᠠᠰᠤᠭ ( 0474 — 5208196 )᠃ | ᠪᠦᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ ᠲᠥᠰᠥᠪ ᠪᠠ ᠲᠥᠰᠥᠪ ᠤᠨ | ᠭᠦᠢᠴᠡᠳᠬᠡᠯ ᠤᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ ;ᠡᠮ ᠡᠮᠨᠡᠯᠭᠡ ᠶᠢᠨ ᠪᠠᠲᠤᠯᠠᠭ᠎ᠠ ᠶᠢᠨ | ᠰᠠᠭᠤᠷᠢ ᠮᠥᠩᠭᠦ ᠶᠢᠨ ᠠᠵᠢᠯᠯᠠᠭᠠᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠲᠣᠭᠲᠠᠭᠠᠨ᠎ᠠ ;ᠡᠮᠨᠡᠯᠭᠡ ᠶᠢᠨ | ᠪᠠᠲᠤᠯᠠᠭ᠎ᠠ ᠶᠢᠨ ᠡᠯ᠎ᠡ ᠲᠥᠷᠥᠯ ᠤᠨ ᠡᠳ᠋ ᠤᠨ ᠶᠠᠪᠤᠳᠠᠯ ᠤᠨ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ | ᠳᠡᠭᠡᠭᠰᠢ ᠮᠡᠳᠡᠭᠦᠯᠬᠦ ;ᠰᠠᠭᠤᠷᠢ ᠮᠥᠩᠭᠦ ᠶᠢ ᠬᠤᠷᠠᠮᠳᠤᠭᠤᠯᠤᠨ ᠬᠠᠮᠢᠶᠠᠷᠬᠤ ᠠᠵᠢᠯ ᠢ ᠰᠠᠶᠢᠲᠤᠷ ᠬᠢᠨ᠎ᠡ᠃ | ( ᠭᠤᠷᠪᠠ ) ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠲ᠋ᠣᠺ ( 0474 — | 5200919 )᠃ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ ;ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ | ᠠᠶᠤᠯᠭᠦᠢ ᠶᠢ ᠰᠡᠷᠭᠡᠶᠢᠯᠡᠨ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ ;ᠬᠢᠨᠠᠯᠲᠠ ᠲᠠᠯᠪᠢᠨ | ᠬᠠᠮᠢᠶᠠᠷᠴᠤ᠂ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠳᠤ ᠣᠷᠣᠭᠤᠯᠤᠭᠰᠠᠨ | ᠡᠮᠴᠢᠯᠡᠭᠡᠨ ᠤ ᠦᠢᠯᠡᠴᠢᠯᠡᠭᠡ ᠶᠢᠨ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠵᠢᠷᠤᠮᠵᠢᠭᠤᠯᠵᠤ᠂ ᠡᠮᠴᠢᠯᠡᠭᠡᠨ ᠤ | ᠳᠠᠭᠠᠳᠬᠠᠯ ᠤᠨ ᠭᠠᠷᠳᠠᠨ ᠬᠢᠬᠦ ᠲᠣᠬᠠᠶ᠋ᠢᠯᠬᠠᠰᠠᠨ ᠠᠵᠢᠯ ᠢ ᠵᠢᠷᠤᠮᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ | ᠬᠦᠷᠢᠶ᠎ᠡ ᠴᠠᠷᠠᠭ᠎ᠠ ᠶᠢᠨ ᠬᠠᠤᠯᠢ ᠲᠣᠭᠲᠠᠭᠠᠯᠠ᠋ᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ ;ᠳᠣᠲᠣᠭᠠᠳᠤ ᠶᠢᠨ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ | ᠥᠷᠨᠢᠭᠦᠯᠦᠨ᠎ᠡ᠃ | ( ᠳᠥᠷᠪᠡ ) ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ ( 0474 — | 5214618 )᠃ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠡᠮ ᠤᠨ ᠵᠦᠢᠯ᠂ | ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡ ᠶᠢᠨ | ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ | ᠨᠡᠶᠢᠲᠡᠯᠡᠬᠦ ᠳᠦᠷᠢᠮ ᠢ ᠪᠠᠶᠢᠭᠤᠯᠤᠨ᠎ᠠ ;ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦ᠋ᠩᠨᠡᠨ ᠪᠣᠳᠣᠬᠤ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ | ᠲᠠᠯᠪᠢᠵᠤ ᠬᠡᠷᠡᠭᠵᠢᠭᠦᠯᠦᠨ᠎ᠡ᠃ | ( ᠲᠠᠪᠤ ) ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠥᠪ ( 0474 — 5214333 )᠃ | ᠡᠮ ᠡᠮᠨᠡᠯᠭᠡ ᠶᠢᠨ ᠪᠠᠲᠤᠯᠠᠭ᠎ᠠ ᠶᠢᠨ ᠪᠡᠯᠡ ᠬᠤᠷᠠᠮᠳᠤᠭᠤᠯᠬᠤ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ ;ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ | ᠪᠠᠶᠢᠭᠤᠯᠤᠨ ᠲᠡᠭᠦᠯᠳᠡᠷᠵᠢᠭᠦᠯᠦᠨ᠎ᠡ ;ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ | ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ;ᠤᠯᠤᠰ ᠤᠨ ᠡᠮᠴᠢᠯᠡᠭᠡᠨ ᠤ | ᠳᠠᠭᠠᠳᠬᠠᠯ ᠤᠨ ᠭᠠᠷᠴᠠᠭ ᠤᠨ ᠬᠡᠯᠡᠯᠴᠡᠭᠡᠷ ᠲᠤ ᠣᠷᠣᠬᠤ ᠶᠢ ᠵᠥᠪᠰᠢᠶᠡᠷᠡᠬᠦ ᠬᠡᠯᠡᠯᠴᠡᠭᠡᠷ ᠤᠨ ᠳᠦᠷᠢᠮ ᠢ | ᠲᠤᠤᠱᠯᠠᠭᠤᠯᠤᠨ ᠬᠡᠷᠡᠭᠵᠢᠭᠦᠯᠦᠨ᠎ᠡ ;ᠲᠣᠭᠲᠠᠭᠰᠠᠨ ᠴᠢᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ | ᠳᠠᠭᠠᠳᠬᠠᠯ ᠤᠨ ᠬᠡᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ᠂ ᠣᠨᠳᠣᠣ ᠭᠠᠵᠠᠷ ᠤᠨ ᠡᠪᠡᠳᠴᠢᠨ ᠦᠵᠡᠭᠦᠯᠬᠦ | ᠬᠠᠮᠢᠶᠠᠷᠤᠯᠲᠠ ᠶᠢᠨ ᠠᠷᠭ᠎ᠠ ᠪᠠ ᠳ᠋ᠦ᠋ᠩᠨᠡᠨ ᠪᠣᠳᠣᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶ᠋ᠢᠭᠤᠯᠥᠨ | ᠬᠡᠷᠡᠭᠵᠢᠭᠦᠯᠦᠨ᠎ᠡ ;ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠠᠬᠢᠭᠤᠯᠤᠨ᠎ᠠ᠃ | ᠨᠢᠭᠡᠴᠡ ᠶᠢᠨ ᠬᠠᠷᠢᠯᠴᠠᠬᠤ ᠤᠲᠠᠰᠤ ᠠᠯᠪᠠᠨ ᠭᠡᠷ᠄ 0474 —5214700 | ᠠᠵᠢᠯᠯᠠᠬᠤ ᠴᠠᠭ᠄ 9᠄ 00—12᠄ 00 ;14 : 30 - 18 : 00 ( ᠭᠠᠷᠠᠭ ᠤᠨ ᠨᠢᠭᠡᠨ ᠠᠴᠠ ᠭᠠᠷᠠᠭ ᠤᠨ | ᠲᠠᠪᠤᠨ ᠬᠦᠷᠲᠡᠯ᠎ᠡ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠢ ᠪᠠᠭᠲᠠᠭᠠᠬᠤ | ᠦᠭᠡᠢ ) | ᠪᠠᠶᠢᠭᠤᠯᠭ᠎ᠠ ᠶᠢᠨ ᠬᠠᠶ᠋ᠢᠭ᠄ ᠳᠥᠷᠪᠡᠳ ᠬᠤᠰᠢᠭᠤᠨ ᠤ ᠰᠢᠨ᠎ᠡ ᠲᠣᠭᠤᠷᠢᠭ ᠤᠨ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠳᠠᠩᠰᠠ ᠡᠪᠬᠡᠮᠡᠯ ᠤᠨ ᠶᠡᠭᠡ ᠠᠰᠠᠷ ᠤᠨ ᠨᠢᠭᠡᠳᠦᠭᠡᠷ ᠠᠰᠠᠷ ( ᠳᠥᠷᠪᠡᠳ | ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠵᠡᠭᠦᠨ ) | ᠨᠢᠭᠡᠴᠢ ᠰᠢᠤᠳᠠᠨ ᠬᠠᠶᠢᠷᠴᠠᠭ᠄ szwqylbzj@163. com | ᠬᠠᠷᠢᠭᠤᠴᠠᠯᠭᠠᠲᠠᠨ᠄ ᠯᠦ ᠵᠢᠶᠠᠨ ᠵᠢᠶᠦ᠋ᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠤᠪᠢᠳᠠᠨ ᠬᠠᠮᠢᠶᠠᠷᠴᠤ | ᠪᠠᠶᠢᠭ᠎ᠠ ᠤᠳᠤᠷᠢᠳᠤᠯᠭ᠎ᠠ ᠄ ᠳ᠋ᠤᠸᠠᠨ ᠬᠤᠩ ᠢᠦᠢ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |