ᠳᠥᠷᠪᠡᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | | ᠳᠥᠷᠪᠡᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯ ᠬᠤᠰᠢᠭᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠳᠡᠰ ᠪᠣᠯᠤᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ ᠪᠣᠯ᠄ | ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠶᠠᠳᠠᠭᠤ ᠶᠢ ᠲᠡᠳᠬᠦᠬᠦ ᠠᠵᠢᠯ ᠤᠨ | ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ᠶᠠᠳᠠᠭᠤ ᠶᠢ ᠲᠡᠳᠬᠦᠬᠦ | ᠠᠯᠪᠠᠨ ᠭᠡᠷ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯᠭᠠᠨ ᠳᠠᠬᠢᠨ ᠪᠠᠶᠢᠭᠤᠯᠵᠤ᠂ | ᠭᠤᠣᠯᠳᠠᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ᠂ ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠬᠤᠯᠪᠣᠭᠳᠠᠯ ᠪᠦᠬᠦᠢ ᠪᠣᠳᠠᠲᠠᠢ ᠠᠵᠢᠯ ᠢ ᠬᠠᠷᠢᠭᠤᠴᠠᠨ᠎ᠠ᠃ | ᠪᠠᠶᠢᠭᠤᠯᠤᠮᠵᠢ ᠶᠢᠨ ᠰᠢᠨᠵᠢ ᠴᠢᠨᠠᠷ ᠤᠨ ᠲᠠᠯ᠎ᠠ ᠪᠠᠷ᠂ 2021 ᠣᠨ ᠤ 6 ᠰᠠᠷ᠎ᠠ ᠶᠢᠨ 3 ᠤ ᠡᠳᠦᠷ᠂ ᠳᠥᠷᠪᠡᠳ | ᠬᠤᠰᠢᠭᠤᠨ ᠤ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠫᠠᠶᠢᠰᠠ ᠡᠯᠭᠦᠨ ᠪᠠᠶᠢᠭᠤᠯᠤᠭᠳᠠᠵᠤ᠂ ᠮᠥᠨ | ᠯᠡ ᠵᠢᠩᠬᠢᠨᠢ ᠰᠠᠯᠠᠭᠠᠨ ᠳᠡᠰ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃ᠠᠵᠢᠯ ᠤᠨ | ᠡᠭᠦᠷᠭᠡ ᠬᠠᠷᠢᠭᠤᠴᠠᠯᠭ᠎ᠠ ᠶᠢᠨ ᠲᠠᠯ᠎ᠠ ᠪᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠵᠦ | ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ | ᠬᠥᠮᠦᠨ ᠠᠮᠠ ᠶᠢᠨ ᠪᠠᠶ᠋ᠢᠩᠭᠤᠵᠢᠭᠰᠠᠨ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠡᠭᠦᠨ | ᠪᠠᠷᠠᠭᠤᠨ ᠣᠷᠣᠨ ᠢ ᠬᠠᠮᠵᠢᠯᠴᠠᠬᠤ ᠪᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ᠂ ᠨᠡᠶᠢᠭᠡᠮ ᠤᠨ | ᠬᠦᠴᠦᠨ ᠢ ᠳᠠᠶᠢᠴᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠶᠢ ᠲᠡᠳᠬᠦᠬᠦ ᠲᠥᠷᠥᠯ | ᠵᠦᠢᠯ ᠤᠨ ᠪᠡᠯᠡ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠭᠤᠣᠯᠳᠠᠯᠭ᠎ᠠ ᠲᠠᠢ | ᠠᠵᠢᠯ ᠳᠤ ᠣᠷᠣᠯᠴᠠᠭᠤᠯᠵᠤ᠂ ᠬᠤᠯᠪᠣᠭᠳᠠᠯ ᠪᠦᠬᠦᠢ ᠨᠢᠭᠡᠴᠡ ᠲᠠᠢ ᠵᠣᠬᠢᠴᠠᠭᠤᠯᠤᠨ ᠬᠠᠮᠵᠢᠯᠴᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ | ᠣᠷᠴᠢᠨ ᠨᠥᠬᠦᠴᠡᠯ ᠢ ᠰᠠᠶᠢᠵᠢᠷᠠᠭᠤᠯᠬᠤ ᠪᠠ ᠬᠥᠳᠡᠭᠡ ᠲᠣᠰᠬᠤᠨ ᠢ ᠵᠠᠰᠠᠬᠤ ᠵᠡᠷᠭᠡ ᠠᠵᠢᠯ ᠢ ᠠᠬᠢᠭᠤᠯᠤᠨ᠎ᠠ᠃ | ᠬᠤᠶᠠᠷ᠂ ᠳᠣᠲᠣᠭᠠᠳᠤ ᠪᠠᠶᠢᠭᠤᠯᠤᠮᠵᠢ᠄ | ( ᠨᠢᠭᠡ ) ᠶᠡᠷᠦᠩᠬᠡᠶᠢᠯᠡᠭᠰᠡᠨ ᠲᠠᠰᠤᠭ᠄ ᠬᠠᠷᠢᠯᠴᠠᠬᠤ ᠤᠲᠠᠰᠤ᠄ 520222931᠂ ᠪᠦᠷᠢᠯᠳᠦᠬᠦᠨ᠄ | ᠡᠷᠬᠢᠯᠡᠭᠴᠢ᠄ ᠸᠠᠩ ᠸᠧᠢ ( ᠶᠡᠷᠦᠩᠬᠡᠶᠢᠯᠡᠭᠰᠡᠨ ᠲᠠᠰᠤᠭ ᠤᠨ ᠪᠦᠬᠦ ᠲᠠᠯ᠎ᠠ ᠶᠢᠨ ᠠᠵᠢᠯ ᠢ ᠬᠠᠷᠢᠭᠤᠴᠠᠨ᠎ᠠ ) | ᠠᠵᠢᠯᠲᠠᠨ᠄ ᠷᠧᠨ ᠸᠧᠢ᠂ ᠬᠤᠣ ᠬᠤᠢ ᠮᠢᠨ᠂ ᠭᠦᠸᠧ ᠰᠢᠶᠣᠤ ᠵᠢᠶᠦ᠋ᠨ᠂ ᠯᠢ ᠵᠦᠩ ᠿᠢ᠂ ᠨᠠᠷᠠᠨᠴᠢᠮᠡᠭ᠂ ᠶᠤᠸᠠᠢ | ᠶᠦᠩ᠂ ᠵᠠᠩ ᠵᠢᠩ᠃ | 2. ᠠᠵᠢᠯ ᠤᠨ ᠡᠭᠦᠷᠭᠡ ᠬᠠᠷᠢᠭᠤᠴᠠᠯᠭ᠎ᠠ | ( 1 ) ᠪᠠᠶᠢᠭᠤᠯᠭ᠎ᠠ ᠶᠢᠨ ᠡᠳᠦᠷ ᠳᠣᠳᠣᠮ ᠤᠨ᠂ ᠵᠠᠰᠠᠭ ᠤᠨ ᠶᠠᠪᠤᠳᠠᠯ ᠤᠨ ᠶᠡᠷᠦᠩᠬᠡᠶᠢᠯᠡᠨ | ᠵᠣᠬᠢᠴᠠᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ ; | ( 2 ) ᠪᠠᠶᠢᠭᠤᠯᠭ᠎ᠠ ᠶᠢᠨ ᠨᠠᠷᠢᠨ ᠨᠢᠭᠤᠴᠠ᠂ ᠳᠠᠩᠰᠠ ᠡᠪᠬᠡᠮᠡᠯ᠂ ᠲᠤᠭ᠎ᠠ ᠪᠦᠷᠢᠳᠬᠡᠯ᠂ ᠶᠡᠷᠦᠩᠬᠡᠶᠢᠯᠡᠨ | ᠵᠠᠰᠠᠬᠤ᠂ ᠪᠣᠯᠪᠠᠰᠤᠷᠠᠭᠤᠯᠤᠨ ᠰᠤᠷᠤᠯᠴᠠᠬᠤ᠂ ᠠᠯᠪᠠᠨ ᠬᠡᠷᠡᠭᠰᠡᠯ ᠤᠨ ᠬᠠᠮᠢᠶᠠᠷᠤᠯᠲᠠ ᠵᠡᠷᠭᠡ ᠠᠵᠢᠯ ᠢ | ᠬᠠᠷᠢᠭᠤᠴᠠᠨ᠎ᠠ ; | ( 3 ) ᠡᠭᠦᠷ᠂ ᠪᠠᠶᠢᠭᠤᠯᠭ᠎ᠠ ᠶᠢᠨ ᠬᠤᠷᠠᠯ ᠵᠢᠴᠢ ᠤᠳᠤᠷᠢᠳᠤᠯᠭ᠎ᠠ ᠶᠢᠨ ᠲᠣᠭᠲᠠᠭᠠᠭᠰᠠᠨ ᠵᠦᠢᠯᠡᠰ ᠢ | ᠪᠠᠶᠢᠴᠠᠭᠠᠨ ᠰᠢᠪᠠᠳᠠᠨ ᠰᠢᠢᠳᠪᠦᠷᠢᠯᠡᠭᠦᠯᠦᠨ᠎ᠡ ; | ( 4 ) ᠪᠠᠶᠢᠭᠤᠯᠭ᠎ᠠ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ | ᠪᠥᠭᠡᠳ ᠣᠨ ᠤ ᠲᠥᠯᠥᠪᠯᠡᠭᠡ᠂ ᠳ᠋ᠦ᠋ᠩᠨᠡᠯᠲᠡ᠂ ᠲᠥᠰᠦᠯ ᠵᠢᠴᠢ ᠠᠵᠢᠯ ᠤᠨ ᠲᠣᠪᠴᠢ ᠮᠡᠳᠡᠭᠡ ᠶᠢ ᠵᠣᠬᠢᠶᠠᠨ | ᠪᠠᠶᠢᠭᠤᠯᠵᠤ ᠬᠡᠷᠡᠭᠵᠢᠭᠦᠯᠬᠦ᠂ ᠨᠠᠶᠢᠷᠠᠭᠤᠯᠤᠨ ᠵᠣᠬᠢᠶᠠᠨ᠎ᠠ ; | (5) ᠶᠡᠷᠦᠩᠬᠡᠶᠢᠯᠡᠨ ᠵᠠᠰᠠᠬᠤ᠂ ᠠᠬᠠᠮᠠᠳ ᠺᠠᠳ᠋ᠷ ᠤᠨ ᠦᠢᠯᠡᠴᠢᠯᠡᠭᠡ ᠪᠠ ᠬᠠᠮᠢᠶᠠᠷᠤᠯᠲᠠ ᠵᠡᠷᠭᠡ ᠠᠵᠢᠯ | ᠶᠠᠪᠤᠳᠠᠯ ᠤᠨ ᠴᠢᠨᠠᠷᠲᠠᠢ ᠠᠵᠢᠯ ; | ( 6 ) ᠪᠠᠶᠢᠭᠤᠯᠭ᠎ᠠ ᠶᠢᠨ ᠲᠡᠷᠭᠡ ᠬᠥᠰᠬᠡ ᠶᠢᠨ ᠬᠠᠮᠢᠶᠠᠷᠤᠯᠲᠠ᠂ ᠲᠣᠭᠲᠠᠮᠠᠯ ᠡᠳ᠋ ᠬᠥᠷᠥᠩᠭᠡ ᠬᠤᠳᠠᠯᠳᠤᠨ | ᠠᠪᠬᠤ᠂ ᠬᠠᠮᠢᠶᠠᠷᠬᠤ ᠠᠵᠢᠯ ᠵᠢᠴᠢ ᠪᠤᠰᠤᠳ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠬᠠᠷᠢᠭᠤᠴᠠᠨ᠎ᠠ ; | ( 7 ) ᠪᠤᠰᠤᠳ ᠲᠠᠰᠤᠭ ᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠬᠤ ; | | ( 8 ) ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠵᠤ ᠰᠢᠢᠳᠪᠦᠷᠢᠯᠡᠭᠦᠯᠬᠦ ᠭᠡᠵᠦ ᠪᠠᠶᠢᠭ᠎ᠠ ᠪᠤᠰᠤᠳ | ᠤᠴᠢᠷ ᠶᠠᠪᠤᠳᠠᠯ ᠢ ᠬᠠᠷᠢᠭᠤᠴᠠᠨ᠎ᠠ ;ᠰᠢᠰᠲ᠋ᠧᠮᠴᠢᠯᠡᠭᠰᠡᠨ ᠬᠤᠲᠠ ᠬᠥᠳᠡᠭᠡ ᠲᠣᠰᠬᠤᠨ ᠤ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠶᠢᠨ ᠶᠡᠷᠦᠩᠬᠡᠢ ᠰᠠᠯᠠᠭ᠎ᠠ | ( ᠬᠤᠶᠠᠷ ) ᠵᠢᠯᠣᠭᠤᠳᠬᠤ ᠲᠠᠰᠤᠭ | 1. ᠪᠦᠷᠢᠯᠳᠦᠬᠦᠨ᠄ ᠲᠠᠰᠤᠭ ᠤᠨ ᠳᠠᠷᠤᠭ᠎ᠠ᠄ ᠵᠠᠩ ᠷᠦᠢ ᠹᠧᠩ ( ᠵᠢᠯᠣᠭᠤᠳᠬᠤ ᠲᠠᠰᠤᠭ ᠤᠨ ᠪᠦᠬᠦ | ᠲᠠᠯ᠎ᠠ ᠶᠢᠨ ᠠᠵᠢᠯ ᠢ ᠬᠠᠷᠢᠭᠤᠴᠠᠨ᠎ᠠ ) ᠠᠵᠢᠯᠲᠠᠨ᠄ ᠵᠠᠩ ᠰᠢᠶᠣᠤ ᠯᠧ᠂ ᠯᠦ ᠰᠢᠨ᠃ | 2. ᠠᠵᠢᠯ ᠤᠨ ᠡᠭᠦᠷᠭᠡ ᠬᠠᠷᠢᠭᠤᠴᠠᠯᠭ᠎ᠠ᠄ | ( 1 ) ᠠᠵᠣ ᠦᠢᠯᠡᠰ ᠢ ᠬᠠᠪᠰᠤᠷᠤᠨ ᠲᠡᠳᠬᠦᠬᠦ ᠪᠠ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ | ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠣᠬᠢᠴᠠᠭᠤᠯᠤᠨ᠎ᠠ ; | ( 2 ) ᠪᠦᠬᠦ ᠬᠤᠰᠢᠭᠤᠨ ᠤ ᠠᠵᠤ ᠦᠢᠯᠡᠰ ᠤᠨ ᠬᠠᠪᠰᠤᠷᠤᠨ ᠲᠡᠳᠬᠦᠬᠦ ᠲᠥᠷᠥᠯ ᠵᠦᠢᠯ ᠢ ᠰᠣᠩᠭᠤᠬᠤ | ᠂ ᠬᠢᠨᠠᠨ ᠵᠥᠪᠰᠢᠶᠡᠷᠡᠬᠦ ᠲᠥᠷᠥᠯ ᠵᠦᠢᠯ ᠲᠣᠭᠲᠠᠭᠠᠬᠤ᠂ ᠳᠡᠭᠡᠭᠰᠢ ᠮᠡᠳᠡᠭᠦᠯᠬᠦ ᠪᠠ ᠲᠥᠷᠥᠯ ᠵᠦᠢᠯ ᠢ | ᠬᠡᠷᠡᠭᠵᠢᠭᠦᠯᠬᠦ ᠶᠢ ᠪᠠᠶᠢᠴᠠᠭᠠᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ ; | ( 3 ) ᠰᠠᠯᠠᠭ᠎ᠠ ᠮᠥᠴᠢᠷᠡᠴᠡ ᠠᠵᠤ ᠦᠢᠯᠡᠰ ᠤᠨ ᠲᠥᠷᠥᠯ ᠵᠦᠢᠯ ᠵᠢᠴᠢ ᠪᠠᠷᠢᠯᠭ᠎ᠠ ᠶᠢ ᠵᠣᠬᠢᠴᠠᠭᠤᠯᠵᠤ | ᠬᠢᠨᠠᠨ ᠬᠠᠷᠭᠤᠭᠤᠯᠬᠤ ᠬᠢᠨᠠᠯᠲᠠ ᠲᠠᠯᠪᠢᠬᠤ ᠵᠢᠴᠢ ᠪᠠᠶᠢᠴᠠᠭᠠᠵᠤ ᠰᠢᠯᠭᠠᠨ ᠠᠪᠬᠤ ᠪᠠ ᠳ᠋ᠦ᠋ᠩᠨᠡᠬᠦ ᠠᠵᠢᠯ ᠢ | ᠬᠡᠷᠡᠭᠵᠢᠭᠦᠯᠬᠦ ᠶᠢ ᠬᠠᠷᠢᠭᠤᠴᠠᠨ᠎ᠠ ; | ( 4 ) ᠬᠤᠲᠠ ᠶᠢᠨ ᠳᠡᠰ ᠤᠨ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠠᠪᠰᠤᠷᠤᠨ | ᠲᠡᠳᠬᠦᠬᠦ ᠲᠣᠯᠣᠭᠠᠶᠢᠯᠠᠭᠴᠢ ᠠᠵᠤ ᠠᠬᠤᠶᠢᠯᠠᠯ ᠢ ᠲᠠᠨᠢᠯᠴᠠᠭᠤᠯᠬᠤ ᠠᠵᠢᠯ ᠵᠢᠴᠢ ᠮᠠᠯᠵᠢᠬᠤ ᠲᠠᠷᠢᠶᠠᠯᠠᠬᠤ ᠣᠷᠣᠨ ᠤ | ᠪᠠᠶᠠᠵᠢᠯ ᠤᠨ ᠳᠠᠭᠠᠭᠤᠯᠤᠭᠴᠢ ᠶᠢᠨ ᠪᠣᠯᠪᠠᠰᠣᠷᠠᠭᠤᠯᠤᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ | ᠲᠡᠳᠬᠦᠬᠦ ᠠᠵᠢᠯ ᠢ ᠬᠠᠷᠢᠭᠤᠴᠠᠨ᠎ᠠ ; | ( 5 ) ᠡᠳ᠋ ᠬᠥᠷᠥᠩᠭᠡ ᠶᠢ ᠴᠡᠪᠡᠷᠯᠡᠨ ᠪᠦᠷᠢᠳᠬᠡᠵᠦ ᠳᠠᠩᠰᠠᠯᠠᠨ ᠲᠡᠮᠳᠡᠭᠯᠡᠬᠦ ᠪᠠ ᠬᠠᠮᠢᠶᠠᠷᠬᠤ ᠠᠵᠢᠯ ᠢ | ᠬᠠᠷᠢᠭᠤᠴᠠᠨ᠎ᠠ ; | ( 6 ) ᠠᠵᠣ ᠦᠢᠯᠡᠰ ᠤᠨ ᠬᠠᠪᠰᠤᠷᠤᠨ ᠲᠡᠳᠬᠦᠬᠦ ᠲᠥᠷᠥᠯ ᠵᠦᠢᠯ ᠤᠨ ᠵᠠᠭᠪᠤᠷ ᠪᠠ ᠬᠥᠲᠥᠴᠢ ᠠᠵᠤ | ᠠᠬᠤᠶᠢᠯᠠᠯ ( ᠬᠤᠷᠰᠢᠶ᠎ᠠ ) ᠬᠢᠭᠡᠳ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠰᠢᠭ ᠲᠤᠰᠠ ᠶᠢ | ᠬᠤᠯᠪᠣᠬᠤ ᠲᠣᠭᠲᠠᠴᠠ ᠶᠢ ᠰᠦᠪᠡᠭᠴᠢᠯᠡᠨ᠎ᠡ ; | ( 7 ) ᠪᠤᠰᠤᠳ ᠲᠠᠰᠤᠭ ᠲᠠᠰᠤᠭ ᠤᠳ ᠢ ᠬᠠᠮᠵᠢᠨ ᠠᠵᠤ ᠦᠢᠯᠡᠰ ᠢ ᠬᠠᠪᠰᠤᠷᠤᠨ ᠲᠡᠳᠬᠦᠬᠦ | ᠵᠦᠢᠯᠡᠰ ᠤᠨ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠬᠠᠷᠢᠭᠤᠴᠠᠨ᠎ᠠ ; | ( 8 ) ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠠᠵᠢᠯ ᠪᠠ ᠲᠣᠪᠴᠢᠶᠠᠨ ᠤ ᠤᠳᠤᠷᠢᠳᠤᠯᠭ᠎ᠠ ᠶᠢᠨ | ᠲᠤᠰᠢᠶᠠᠨ ᠬᠢᠯᠭᠡᠭᠰᠡᠨ ᠪᠤᠰᠤᠳ ᠠᠵᠢᠯ ᠵᠦᠢᠯ ᠤᠳ ᠢ ᠬᠠᠷᠢᠭᠤᠴᠠᠨ᠎ᠠ ;ᠠᠵᠢᠯ ᠲᠥᠷᠥᠯ ᠤᠨ ᠰᠢᠰᠲᠧᠮᠲᠤ ᠬᠤᠲᠠ | ᠬᠥᠳᠡᠭᠡ ᠲᠣᠰᠬᠤᠨ ᠤ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠡᠭᠡᠭᠡᠨ ᠬᠥᠭᠵᠢᠭᠦᠯᠦᠯᠲᠡ ᠶᠢ ᠵᠢᠯᠣᠭᠤᠳᠬᠤ | ᠰᠠᠯᠠᠭ᠎ᠠ | ( ᠭᠤᠷᠪᠠ ) ᠬᠤᠷᠢᠶ᠎ᠠ ᠶᠢᠨ ᠶᠠᠳᠠᠭᠤ ᠶᠢ ᠲᠡᠳᠬᠦᠬᠦ ᠬᠤᠪᠢ | 1. ᠪᠦᠷᠢᠯᠳᠦᠬᠦᠨ᠄ ᠬᠤᠪᠢ ᠣᠷᠣᠭᠤᠯᠤᠯᠲᠠ ᠶᠢᠨ ᠳᠠᠷᠤᠭ᠎ᠠ᠄ ᠬᠤ᠋ ᠹᠧᠢ ( ᠬᠤᠷᠰᠢᠶ᠎ᠠ ᠶᠢᠨ ᠬᠤᠪᠢ | ᠣᠷᠣᠭᠤᠯᠤᠯᠲᠠ ᠶᠢ ᠬᠠᠷᠢᠭᠤᠴᠠᠵᠤ ᠪᠥᠬᠦ ᠲᠠᠯ᠎ᠠ ᠶᠢᠨ ᠠᠵᠢᠯ ᠢ ᠬᠠᠷᠢᠭᠤᠴᠠᠨ᠎ᠠ ) | 2. ᠠᠵᠢᠯ ᠤᠨ ᠡᠭᠦᠷᠭᠡ ᠬᠠᠷᠢᠭᠤᠴᠠᠯᠭ᠎ᠠ᠄ | ( 1 ) 《 ᠳᠤᠮᠳᠠᠳᠤ ᠤᠯᠤᠰ ᠤᠨ ᠨᠡᠶᠢᠭᠡᠮ ᠤᠨ ᠶᠠᠳᠠᠭᠤ ᠶᠢ ᠲᠡᠳᠬᠦᠬᠦ ᠰᠦᠯᠵᠢᠶ᠎ᠡ 》 ᠶᠢᠨ ᠪᠣᠳᠠᠲᠠᠢ | ᠲᠤᠬᠠᠶᠢᠯᠠᠭᠰᠠᠨ ᠠᠵᠢᠯ ᠢ ᠬᠠᠷᠢᠭᠤᠴᠠᠨ᠎ᠠ ; | ( 2 ) ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠪᠠᠶᠢᠭᠤᠯᠭ᠎ᠠ ᠨᠢᠭᠡᠴᠡ ᠶᠢᠨ ᠴᠠᠭ | ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠬᠢᠴᠠᠭᠤᠯᠬᠤ ᠪᠠ ᠬᠠᠮᠵᠢᠯᠴᠠᠨ ᠰᠠᠶᠢᠲᠤᠷ ᠬᠢᠬᠦ ᠶᠢ ᠬᠠᠷᠢᠭᠤᠴᠠᠨ᠎ᠠ ; | | ( 3 ) ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠵᠢᠯ ᠲᠥᠷᠥᠯ ᠢ ᠵᠣᠬᠢᠴᠠᠭᠤᠯᠤᠨ | ᠨᠠᠶᠢᠳᠠᠪᠤᠷᠢᠵᠢᠭᠤᠯᠬᠤ ᠬᠠᠪᠰᠤᠷᠤᠨ ᠲᠡᠳᠬᠦᠬᠦ ᠠᠵᠢᠯ᠂ ᠡᠯ᠎ᠡ ᠲᠥᠷᠥᠯ ᠤᠨ ᠠᠵᠤ ᠠᠬᠤᠶᠢᠯᠠᠯ᠂ ᠨᠡᠶᠢᠭᠡᠮ ᠤᠨ | ᠪᠦᠯᠬᠦᠮ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠪᠰᠤᠷᠤᠨ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠳᠤ | ᠣᠷᠣᠯᠴᠠᠬᠤ ; | ( 4 ) 《 ᠬᠠᠪᠤᠷ ᠤᠨ ᠰᠠᠯᠬᠢ ᠲᠥᠯᠥᠪᠯᠡᠭᠡ 》᠂ 《 ᠬᠤᠷ᠎ᠠ ᠪᠣᠷᠣᠭᠠᠨ ᠲᠥᠯᠥᠪᠯᠡᠭᠡ 》᠂ 《 | ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ 》᠂ ᠨᠡᠶᠢᠭᠡᠮ ᠤᠨ ᠨᠢᠭᠦᠯᠡᠰᠦᠩᠭᠦᠢ ᠦᠢᠯᠡᠰ ᠤᠨ | ᠲᠤᠰᠠᠯᠠᠬᠤ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ ; | ( 5 ) ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠬᠡᠷᠡᠭᠯᠡᠭᠡ ᠶᠢ ᠬᠠᠪᠰᠤᠷᠤᠨ ᠲᠡᠳᠬᠦᠬᠦ᠂ | ᠡᠯᠧᠺᠳ᠋ᠷᠣᠨ ᠬᠤᠳᠠᠯᠳᠤᠭ᠎ᠠ ᠪᠠᠷ ᠬᠠᠪᠰᠤᠷᠤᠨ ᠲᠡᠳᠬᠦᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ ; | ( 6 ) ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠵᠤ ᠰᠢᠢᠳᠪᠦᠷᠢᠯᠡᠭᠦᠯᠬᠦ ᠭᠡᠵᠦ ᠪᠠᠶᠢᠭ᠎ᠠ ᠪᠤᠰᠤᠳ | ᠤᠴᠢᠷ ᠶᠠᠪᠤᠳᠠᠯ ᠢ ᠬᠠᠷᠢᠭᠤᠴᠠᠨ᠎ᠠ ; ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶᠠᠨ ᠤ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | (ᠳᠥᠷᠪᠡ) ᠲᠣᠰᠬᠤᠨ ᠳᠤ ᠰᠠᠭᠤᠭ᠎ᠠ ᠠᠯᠪᠠᠨ ᠭᠡᠷ | 1. ᠪᠦᠷᠢᠯᠳᠦᠬᠦᠨ᠄ ᠲᠠᠰᠤᠭ ᠤᠨ ᠳᠠᠷᠤᠭ᠎ᠠ᠄ ᠲᠠᠰᠤᠭ ᠤᠨ ᠳᠠᠷᠤᠭ᠎ᠠ᠄ ᠯᠢ ᠵᠢᠶᠠᠨ ᠬᠤᠸᠠ ( | ᠲᠣᠰᠬᠤᠨ ᠳᠤ ᠰᠠᠭᠤᠭ᠎ᠠ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠬᠠᠷᠢᠭᠤᠴᠠᠨ᠎ᠠ ) ᠠᠵᠢᠯᠲᠠᠨ᠄ ᠰᠡᠴᠡᠨ᠄ | 2. ᠠᠵᠢᠯ ᠤᠨ ᠡᠭᠦᠷᠭᠡ ᠬᠠᠷᠢᠭᠤᠴᠠᠯᠭ᠎ᠠ᠄ | ( ᠨᠢᠭᠡ ) ᠪᠦᠬᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷ ᠢ ᠰᠣᠩᠭᠤᠨ ᠲᠣᠮᠢᠯᠠᠬᠤ ᠠᠵᠢᠯ ᠢ | ᠬᠠᠷᠢᠭᠤᠴᠠᠨ ᠬᠠᠮᠢᠶᠠᠷᠴᠤ᠂ ᠭᠠᠴᠠᠭ᠎ᠠ ᠲᠣᠰᠬᠤᠨ ( ᠳᠠᠭᠠᠭᠠᠴᠢᠯᠠᠨ ᠬᠠᠪᠰᠤᠷᠤᠨ ᠲᠡᠳᠬᠦᠬᠦ ) ᠶᠢᠨ ᠠᠵᠢᠯ ᠤᠨ | ᠪᠠᠶᠢᠳᠠᠯ ᠢ ᠡᠵᠡᠮᠰᠢᠨ᠎ᠡ ; | ( ᠬᠤᠶᠠᠷ ) ᠭᠠᠴᠠᠭ᠎ᠠ ᠲᠣᠰᠬᠤᠨ ᠳᠤ ᠰᠠᠭᠤᠭ᠎ᠠ ( ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ) | ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠠᠭ | ᠲᠤᠬᠠᠢ ᠳᠤᠨᠢ ᠤᠯᠠᠮᠵᠢᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠮᠳᠠᠭᠤᠯᠤᠨ | ᠭᠦᠢᠴᠡᠳᠬᠡᠯᠭᠡᠨ᠎ᠡ ; | (ᠭᠤᠷᠪᠠ) ᠪᠦᠬᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷ ᠤᠨ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠢ ᠲᠣᠭᠲᠠᠭᠠᠨ᠎ᠠ ; | ( ᠳᠥᠷᠪᠡ ) ᠰᠤᠮᠤ ᠰᠢᠶᠠᠩ ᠪᠠᠯᠭᠠᠰᠤ ᠶᠢ ᠰᠢᠮᠳᠠᠭᠤᠯᠵᠤ ᠪᠠᠶᠢᠭᠠᠳ ᠣᠨ ᠤ ᠰᠢᠯᠭᠠᠨ ᠬᠢᠨᠠᠬᠤ ᠠᠵᠢᠯ ᠢ | ᠰᠠᠶᠢᠲᠤᠷ ᠬᠢᠯᠭᠡᠨ᠎ᠡ ; | ( ᠲᠠᠪᠤ ) ᠲᠣᠰᠬᠤᠨ ᠳᠤ ᠰᠠᠭᠤᠭ᠎ᠠ ᠺᠠᠳ᠋ᠷ ᠤᠨ ᠠᠮᠢᠳᠤᠷᠠᠯ ᠤᠨ ᠨᠥᠬᠦᠪᠥᠷᠢ ᠪᠠ ᠠᠵᠢᠯ ᠤᠨ ᠵᠠᠷᠤᠳᠠᠯ ᠢ | ᠵᠣᠬᠢᠴᠠᠭᠤᠯᠤᠨ ᠲᠣᠭᠲᠠᠭᠠᠨ᠎ᠠ ; | ( ᠵᠢᠷᠭᠤᠭ᠎ᠠ ) ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠨ ᠬᠢᠯᠭᠡᠭᠰᠡᠨ ᠪᠤᠰᠤᠳ ᠤᠴᠢᠷ ᠶᠠᠪᠤᠳᠠᠯ ᠢ | ᠬᠠᠷᠢᠭᠤᠴᠠᠨ᠎ᠠ᠃ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠲᠣᠰᠬᠤᠨ ᠳᠤ | ᠰᠠᠭᠤᠭ᠎ᠠ ᠠᠯᠪᠠᠨ ᠭᠡᠷ | ( ᠲᠠᠪᠤ ) ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠬᠤᠪᠢ᠄ | 1. ᠪᠦᠷᠢᠯᠳᠦᠬᠦᠨ᠄ ᠬᠤᠪᠢ ᠣᠷᠣᠭᠤᠯᠤᠭᠰᠠᠨ ᠳᠠᠷᠤᠭ᠎ᠠ᠄ ᠸᠠᠩ ᠫᠧᠩ ᠹᠧᠢ ( ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠪᠦᠬᠦ ᠲᠠᠯ᠎ᠠ ᠶᠢᠨ ᠠᠵᠢᠯ ᠢ ᠬᠠᠷᠢᠭᠤᠴᠠᠨ᠎ᠠ )ᠠᠵᠢᠯᠲᠠᠨ ᠄ | ᠯᠢᠦ ᠵᠢᠶᠠ | 2 . ᠠᠵᠢᠯ ᠤᠨ ᠡᠭᠦᠷᠭᠡ ᠬᠠᠷᠢᠭᠤᠴᠠᠯᠭ᠎ᠠ᠄ | ( 1 ) ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ᠂ ᠪᠡᠭᠡᠵᠢᠩ ᠥᠪᠥᠷ ᠮᠣᠩᠭᠤᠯ ᠤᠨ | ᠠᠵᠢᠯ ᠲᠥᠷᠥᠯ ᠤᠨ ᠬᠠᠮᠵᠢᠯᠴᠠᠭ᠎ᠠ ᠶᠢ ᠬᠠᠷᠢᠭᠤᠴᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠪᠠ ᠬᠢᠨᠠᠯᠲᠠ | ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ ; | ( 2 ) ᠴᠢᠳᠠᠪᠤᠷᠢᠲᠠᠨ᠂ ᠪᠡᠯᠡ ᠮᠥᠩᠭᠦ᠂ ᠠᠵᠤ ᠦᠢᠯᠡᠰ᠂ ᠬᠥᠳᠡᠯᠮᠦᠷᠢ ᠦᠢᠯᠡᠴᠢᠯᠡᠭᠡ ᠵᠡᠷᠭᠡ ᠶᠢ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠲᠡᠳᠬᠦᠨ ᠬᠠᠮᠵᠢᠯᠴᠠᠭᠤᠯᠬᠤ ᠶᠢ ᠬᠠᠷᠢᠭᠤᠴᠠᠨ᠎ᠠ ; | ( 3 ) ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠤᠨ ᠬᠥᠮᠥᠷᠭᠡ ᠶᠢᠨ | ᠪᠠᠶᠢᠭᠤᠯᠤᠯᠲᠠ ᠵᠢᠴᠢ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠡᠭᠦᠷᠭᠡᠯᠡᠵᠦ | ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠬᠢᠨᠠᠨ ᠬᠠᠮᠢᠶᠠᠷᠬᠤ᠂ ᠰᠢᠯᠭᠠᠨ | ᠬᠢᠨᠠᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ ; | ( 4 ) ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠵᠤ ᠰᠢᠢᠳᠪᠦᠷᠢᠯᠡᠭᠦᠯᠬᠦ ᠪᠤᠰᠤᠳ ᠤᠴᠢᠷ | ᠶᠠᠪᠤᠳᠠᠯ ᠢ ᠬᠠᠷᠢᠭᠤᠴᠠᠨ᠎ᠠ ; ᠠᠵᠢᠯ ᠲᠥᠷᠥᠯ ᠤᠨ ᠨᠣᠭᠳᠠᠯ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠰᠠᠯᠠᠭ᠎ᠠ | ( ᠵᠢᠷᠭᠤᠭ᠎ᠠ ) ᠡᠳ᠋ ᠤᠨ ᠶᠠᠪᠤᠳᠠᠯ ᠤᠨ ᠲᠠᠰᠤᠭ | 1᠂ ᠪᠦᠷᠢᠯᠳᠦᠬᠦᠨ ᠪᠣᠯᠬᠤ ᠬᠥᠮᠦᠰ ᠢ ᠲᠥᠯᠥᠪᠵᠢᠭᠦᠯᠦᠨ᠎ᠡ᠄ ᠲᠠᠰᠤᠭ ᠤᠨ ᠳᠠᠷᠤᠭ᠎ᠠ᠄ ᠼᠦᠢ ᠶᠦᠨ ᠹᠧᠢ | ( ᠡᠳ᠋ ᠤᠨ ᠶᠠᠪᠤᠳᠠᠯ ᠤᠨ ᠲᠠᠰᠤᠭ ᠤᠨ ᠪᠦᠬᠦ ᠲᠠᠯ᠎ᠠ ᠶᠢᠨ ᠠᠵᠢᠯ ᠢ ᠬᠠᠷᠢᠭᠤᠴᠠᠨ᠎ᠠ ) ᠠᠵᠢᠯᠲᠠᠨ ᠄ ᠵᠠᠩ ᠶᠦᠩ ᠯᠢ | ( ᠵᠣᠭᠤᠰ ᠪᠠᠷᠢᠭᠴᠢ᠂ ᠲᠥᠯᠥᠪᠯᠡᠭᠡ ᠲᠠᠢ ᠪᠠᠷ ᠬᠡᠦᠬᠡᠳ ᠠᠪᠬᠤ )᠂ ᠯᠢ ᠰᠢᠨ ᠠᠨ | 2. ᠠᠵᠢᠯ ᠤᠨ ᠡᠭᠦᠷᠭᠡ ᠬᠠᠷᠢᠭᠤᠴᠠᠯᠭ᠎ᠠ᠄ | ( 1 ) ᠬᠥᠳᠡᠭᠡ ᠲᠣᠰᠬᠤᠨ ᠢ ᠬᠥᠭᠵᠢᠭᠦᠯᠬᠦ ᠲᠤᠰᠬᠠᠢ ᠪᠡᠯᠡ ᠮᠥᠩᠭᠦ ᠪᠠ ᠲᠠᠷᠢᠶᠠᠯᠠᠩ ᠮᠠᠯ ᠠᠵᠤ | ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠬᠡᠷᠡᠭᠯᠡᠯᠲᠡ ᠪᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ ; | ( 2 ) ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠡᠳ᠋ ᠤᠨ | ᠵᠠᠰᠠᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠡᠮᠬᠢᠯᠡᠨ ᠨᠡᠶᠢᠯᠡᠭᠦᠯᠬᠦ ᠪᠡᠯᠡ ᠮᠥᠩᠭᠦ ᠶᠢ ᠰᠢᠯᠭᠠᠨ | ᠬᠢᠨᠠᠬᠤ ᠶᠢ ᠬᠠᠷᠢᠭᠤᠴᠠᠨ᠎ᠠ ; | ( 3 ) ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠵᠤ᠂ ᠪᠡᠯᠡ | ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠣᠰᠣᠭᠠᠷ ᠪᠡᠯᠡ ᠮᠥᠩᠭᠦ ᠶᠢ ᠬᠡᠷᠡᠭᠯᠡᠬᠦ᠂ ᠲᠥᠷᠥᠯ ᠵᠦᠢᠯ ᠢ ᠵᠠᠷᠯᠠᠨ | ᠨᠡᠶᠢᠲᠡᠯᠡᠬᠦ᠂ ᠨᠡᠶᠢᠲᠡᠯᠡᠬᠦ ᠳᠦᠷᠢᠮ ᠢ ᠰᠠᠶᠢᠲᠤᠷ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ | ᠪᠥᠭᠡᠳ ᠪᠦᠲᠦᠮᠵᠢᠲᠡᠢ ᠪᠠᠶᠢᠬᠤ ᠶᠢ ᠦᠨᠡᠨ ᠬᠣ ᠪᠠᠲᠤᠯᠠᠨ᠎ᠠ ; | ( 4 ) ᠪᠡᠯᠡ ᠮᠥᠩᠭᠦ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ ; | ( 5 ) ᠬᠢᠨᠠᠨ ᠪᠣᠳᠣᠬᠤ᠂ ᠡᠳ᠋ ᠤᠨ ᠵᠠᠰᠠᠭ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ | ᠰᠠᠯᠠᠭ᠎ᠠ ᠮᠥᠴᠢᠷ ᠲᠠᠢ ᠬᠠᠮᠵᠢᠯᠴᠠᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠨ᠎ᠡ ; | (6) ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ᠂ ᠲᠥᠯᠥᠪᠯᠡᠭᠡ ᠲᠠᠢ ᠪᠠᠷ ᠬᠡᠦᠬᠡᠳ | ᠠᠪᠬᠤ᠂ ᠠᠬᠠᠮᠠᠳ ᠭᠠᠨᠪᠦ᠋ ᠨᠠᠷ ᠤᠨ ᠦᠢᠯᠡᠴᠢᠯᠡᠭᠡ ᠪᠠ ᠪᠤᠰᠤᠳ ᠠᠵᠢᠯ ᠶᠠᠪᠤᠳᠠᠯ ᠤᠨ ᠴᠢᠨᠠᠷᠲᠠᠢ ᠠᠵᠢᠯ ᠢ | ᠬᠠᠷᠢᠭᠤᠴᠠᠨ᠎ᠠ᠃ | ( 7 ) ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃ | ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠲᠥᠯᠥᠪᠵᠢᠭᠦᠯᠭᠡ ᠶᠢᠨ ᠡᠳ᠋ ᠤᠨ | ᠶᠠᠪᠤᠳᠠᠯ ᠤᠨ ᠰᠠᠯᠠᠭ᠎ᠠ | ( ᠳᠣᠯᠤᠭ᠎ᠠ ) ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠪᠠ ᠮᠡᠳᠡᠭᠡ ᠵᠠᠩᠭᠢ ᠶᠢ | ᠬᠢᠨᠠᠨ ᠰᠢᠯᠭᠠᠬᠤ ᠲᠥᠪ | 1. ᠪᠦᠷᠢᠯᠳᠦᠬᠦᠨ᠄ ᠡᠷᠬᠢᠯᠡᠭᠴᠢ᠄ ᠯᠢᠦ ᠱᠤ᠋ ᠲᠢᠩ ( ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠰᠤᠳᠤᠯᠬᠤ ᠪᠠ ᠮᠡᠳᠡᠭᠡ ᠵᠠᠩᠭᠢ ᠶᠢ ᠬᠢᠨᠠᠨ ᠰᠢᠯᠭᠠᠬᠤ ᠲᠥᠪ ᠤᠨ ᠪᠦᠬᠦ ᠲᠠᠯ᠎ᠠ ᠶᠢᠨ ᠠᠵᠢᠯ ᠢ | ᠬᠠᠷᠢᠭᠤᠴᠠᠨ᠎ᠠ ) ᠠᠵᠢᠯᠲᠠᠨ᠄ ᠸᠠᠩ ᠰᠢᠨ | 2. ᠠᠵᠢᠯ ᠤᠨ ᠲᠤᠰᠢᠶᠠᠯ ᠬᠠᠷᠢᠭᠤᠴᠠᠯᠭ᠎ᠠ᠄ | ( 1 ) ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠨᠡᠭᠡᠭᠡᠨ ᠬᠥᠭᠵᠢᠭᠦᠯᠬᠦ | ᠰᠤᠷᠠᠭ ᠵᠠᠩᠭᠢ ᠶᠢᠨ ᠲᠤᠭ᠎ᠠ ᠪᠠᠷᠢᠮᠲᠠ ᠶᠢ ᠪᠦᠷᠢᠳᠬᠡᠨ ᠵᠠᠳᠠᠯᠬᠤ ᠪᠠ ᠬᠢᠨᠠᠨ ᠬᠡᠮᠵᠢᠬᠦ ᠶᠢ ᠬᠠᠷᠢᠭᠤᠴᠠᠨ᠎ᠠ ; | ( 2 ) ᠪᠦᠬᠦ ᠬᠤᠰᠢᠭᠤᠨ ᠤ ᠬᠢᠨᠠᠨ ᠰᠢᠯᠭᠠᠬᠤ ᠡᠲᠡᠭᠡᠳ ᠤᠨ ᠳᠠᠩᠰᠠ ᠡᠪᠬᠡᠮᠡᠯ ᠪᠠᠶᠢᠭᠤᠯᠵᠤ ᠺᠠᠷᠲ | ᠵᠣᠬᠢᠶᠠᠬᠤ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ; | ( 3 ) ᠪᠦᠬᠦ ᠬᠤᠰᠢᠭᠤᠨ ᠤ ᠬᠢᠨᠠᠨ ᠬᠡᠮᠵᠢᠬᠦ ᠰᠢᠰᠲ᠋ᠧᠮ ᠵᠢᠴᠢ ᠶᠠᠳᠠᠭᠤ ᠬᠦᠴᠢᠷᠳᠡᠯᠲᠡᠢ ᠣᠷᠣᠨ ᠤ ᠺᠠᠲ᠋ᠠᠷ ᠢ | ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ ; | ( 4 ) ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠡᠭᠡᠭᠡᠨ ᠬᠥᠭᠵᠢᠭᠦᠯᠬᠦ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠬᠠᠷᠢᠭᠤᠴᠠᠨ᠎ᠠ ; | ( 5 ) ᠪᠦᠬᠦ ᠬᠤᠰᠢᠭᠤᠨ ᠤ ᠶᠠᠳᠠᠭᠤ᠋_ᠠ᠋ᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯᠳᠠᠯᠭ᠎ᠠ | ᠲᠠᠢ ᠠᠵᠢᠯ ᠢ ᠪᠠᠶᠢᠴᠠᠭᠠᠨ ᠰᠤᠳᠤᠯᠬᠤ ᠶᠢ ᠬᠠᠷᠢᠭᠤᠴᠠᠨ᠎ᠠ ; | (6) ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠵᠤ ᠰᠢᠢᠳᠪᠦᠷᠢᠯᠡᠭᠦᠯᠬᠦ ᠪᠤᠰᠤᠳ ᠠᠵᠢᠯ ᠢ | ᠬᠠᠷᠢᠭᠤᠴᠠᠨ᠎ᠠ᠃ | ᠠᠵᠢᠯ ᠲᠥᠷᠥᠯ ᠤᠨ ᠬᠤᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ | ᠬᠥᠭᠵᠢᠯᠲᠡ ᠶᠢᠨ ᠰᠤᠳᠤᠯᠭᠠᠨ ᠤ ᠲᠥᠪ ᠪᠠ ᠮᠡᠳᠡᠭᠡ ᠵᠠᠩᠭᠢ ᠬᠢᠨᠠᠨ ᠰᠢᠯᠭᠠᠬᠤ ᠲᠥᠪ | ( ᠨᠠᠢᠮᠠ ) ᠴᠢᠬᠡᠴᠢ ᠵᠠᠰᠠᠭ ᠤᠨ ᠬᠦᠴᠦᠨ ᠴᠢᠳᠠᠪᠤᠷᠢ ᠶᠢᠨ ᠭᠡᠷ | 1. ᠪᠦᠷᠢᠯᠳᠦᠬᠦᠨ᠄ ᠡᠷᠬᠢᠯᠡᠭᠴᠢ᠄ ᠡᠷᠳᠡᠨᠢᠭᠡᠷᠡᠯ ( ᠴᠢᠬᠡᠴᠢ ᠵᠠᠰᠠᠭ ᠤᠨ ᠬᠦᠴᠦᠨ ᠴᠢᠳᠠᠪᠤᠷᠢ ᠶᠢᠨ ᠭᠡᠷ ᠤᠨ | ᠪᠦᠬᠦ ᠲᠠᠯ᠎ᠠ ᠶᠢᠨ ᠠᠵᠢᠯ ᠢ ᠬᠠᠷᠢᠭᠤᠴᠠᠨ᠎ᠠ ) ᠠᠵᠢᠯᠲᠠᠨ᠄ ᠸᠧᠢ ᠯᠧ ᠰᠧ᠂ ᠵᠣᠣ ᠯᠢᠨ ᠷᠦᠢ | 2. ᠠᠵᠢᠯ ᠤᠨ ᠡᠭᠦᠷᠭᠡ ᠬᠠᠷᠢᠭᠤᠴᠠᠯᠭ᠎ᠠ᠄ | ( 1 ) ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ 12317 ᠬᠢᠨᠠᠯᠲᠠ ᠲᠠᠯᠪᠢᠬᠤ ᠤᠲᠠᠰᠤ ᠶᠢ | ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ᠂ ᠢᠯᠡᠴᠢᠯᠡᠬᠦ᠂ ᠵᠠᠭᠠᠯᠳᠤᠬᠤ ᠪᠠ ᠭᠤᠮᠣᠳᠠᠯ ᠲᠣᠭᠠᠴᠢᠬᠤ ᠵᠡᠷᠭᠡ | ᠠᠵᠢᠯ ᠢ ᠬᠦᠯᠢᠶᠡᠨ ᠠᠪᠴᠤ ᠰᠢᠢᠳᠪᠦᠷᠢᠯᠡᠬᠦ ; | ( 2 ) ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠢᠯᠵᠠᠷᠠᠯ ᠢ | ᠡᠰᠡᠷᠭᠦᠴᠡᠬᠦ᠂ ᠶᠠᠳᠠᠭᠤ ᠶᠢ ᠲᠡᠳᠬᠦᠬᠦ ᠬᠦᠷᠢᠶᠡᠨ ᠳᠠᠬᠢ ᠰᠤᠷᠲᠠᠯ ᠢ ᠵᠠᠰᠠᠬᠤ ᠠᠵᠢᠯ ᠢ ᠬᠠᠷᠢᠭᠤᠴᠠᠨ᠎ᠠ ; | ( 3 ) ᠲᠥᠷᠥᠯ ᠵᠦᠢᠯ ᠤᠨ ᠲᠣᠬᠢᠷᠠᠭᠤᠯᠤᠯᠲᠠ ᠨᠢ ᠣᠨᠣᠪᠴᠢᠲᠠᠢ᠂ ᠠᠷᠭ᠎ᠠ ᠬᠡᠮᠵᠢᠶ᠎ᠡ ᠶᠢ ᠡᠷᠦᠬᠡ ᠳᠤ | ᠬᠦᠷᠲᠡᠯ᠎ᠡ ᠣᠨᠣᠪᠴᠢᠲᠠᠢ᠂ ᠪᠡᠯᠡ ᠮᠥᠩᠭᠦ ᠶᠢᠨ ᠬᠡᠷᠡᠭᠯᠡᠯᠲᠡ ᠶᠢ ᠨᠠᠷᠢᠯᠢᠭ ᠣᠨᠣᠪᠴᠢᠲᠠᠢ ᠬᠢᠨᠠᠨ ᠬᠠᠮᠢᠶᠠᠷᠬᠤ ᠶᠢ | ᠬᠠᠷᠢᠭᠤᠴᠠᠨ᠎ᠠ ; | ( 4 ) ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠡᠯᠡ ᠮᠥᠩᠭᠦ ᠵᠢᠴᠢ ᠲᠥᠷᠥᠯ ᠵᠦᠢᠯ ᠤᠨ | ᠠᠵᠢᠯ ᠢ ᠵᠣᠬᠢᠴᠠᠭᠤᠯᠤᠨ᠎ᠠ ; | (5) ᠰᠠᠬᠢᠯᠭ᠎ᠠ ᠪᠠᠲᠤ ᠪᠠᠶᠢᠴᠠᠭᠠᠬᠤ ᠬᠠᠮᠲᠤᠷᠠᠭᠰᠠᠨ ᠳᠤᠭᠤᠶᠢᠯᠠᠩ ᠤᠨ ᠲᠤᠰᠢᠶᠠᠭᠰᠠᠨ ᠠᠵᠢᠯ | ᠶᠠᠪᠤᠳᠠᠯ ᠤᠳ ᠢ ᠬᠠᠷᠢᠭᠤᠴᠠᠨ ᠪᠡᠶᠡᠯᠡᠭᠦᠯᠦᠨ᠎ᠡ ; | ( 6 ) ᠪᠠᠶᠢᠭᠤᠯᠭ᠎ᠠ ᠵᠢᠴᠢ ᠲᠡᠭᠦᠨ ᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ᠂ | ᠠᠵᠢᠯᠲᠠᠨ ᠤ ᠶᠠᠪᠤᠳᠠᠯ ᠤᠨ ᠴᠢᠳᠠᠪᠤᠷᠢᠲᠠᠨ᠂ ᠠᠵᠢᠯᠠ᠋ᠴᠠ ᠪᠠᠨ ᠰᠠᠯᠵᠤ ᠠᠮᠠᠷᠠᠭᠰᠠᠨ ᠪᠠ ᠨᠠᠰᠤᠨ ᠤ ᠠᠮᠠᠷᠠᠯᠲᠠ | ᠠᠪᠤᠭᠰᠠᠨ ᠬᠥᠮᠦᠰ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ ; | ( 7 ) ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃ | ᠠᠵᠢᠯ ᠲᠥᠷᠥᠯ ᠤᠨ ᠨᠣᠭᠳᠠᠯ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠦᠷ᠎ᠡ ᠪᠦᠲᠦᠮᠵᠢ ᠶᠢᠨ ᠲᠠᠰᠤᠭ | ( ᠶᠢᠰᠣ ) ᠬᠤᠪᠢ ᠦᠨᠡᠯᠡᠨ ᠵᠢᠱᠢᠬᠦ | 1. ᠪᠦᠷᠢᠯᠳᠦᠬᠦᠨ ᠨᠠᠷ ᠢ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠨ᠎ᠠ᠄ ᠬᠤᠪᠢ ᠣᠷᠣᠭᠤᠯᠤᠭᠰᠠᠨ | ᠳᠠᠷᠤᠭ᠎ᠠ᠄ ᠸᠠᠩ ᠰᠢᠶᠠᠩ ᠵᠢᠶᠠᠨ ( ᠬᠤᠪᠢ ᠣᠷᠣᠭᠤᠯᠤᠯᠲᠠ ᠶᠢ ᠬᠢᠨᠠᠨ ᠪᠠᠶᠢᠴᠠᠭᠠᠵᠤ ᠬᠢᠨᠠᠨ ᠦᠨᠡᠯᠡᠬᠦ ᠪᠦᠬᠦ | ᠲᠠᠯ᠎ᠠ ᠶᠢᠨ ᠠᠵᠢᠯ ᠢ ᠬᠠᠷᠢᠭᠤᠴᠠᠨ᠎ᠠ ) ᠠᠵᠢᠯᠲᠠᠨ ᠢ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠨ᠎ᠡ : ᠴᠤᠤ ᠪᠦ᠋ | 2. ᠠᠵᠢᠯ ᠤᠨ ᠡᠭᠦᠷᠭᠡ ᠬᠠᠷᠢᠭᠤᠴᠠᠯᠭ᠎ᠠ᠄ | ( 1 ) ᠬᠤᠰᠢᠭᠤ ᠲᠣᠰᠬᠤᠨ ᠳᠤ ᠰᠠᠭᠤᠭ᠎ᠠ ᠠᠯᠪᠠᠨ ᠭᠡᠷ ᠲᠠᠢ ᠬᠠᠮᠲᠤᠷᠠᠨ ᠲᠣᠰᠬᠤᠨ ᠳᠤ ᠰᠠᠭᠤᠭ᠎ᠠ | ᠠᠵᠢᠯᠯᠠᠬᠤ ᠠᠩᠭᠢ ᠪᠠ ᠬᠠᠪᠰᠤᠷᠤᠨ ᠲᠡᠳᠬᠦᠬᠦ ᠨᠢᠭᠡᠴᠡ ᠶᠢᠨ ᠦᠷ᠎ᠡ ᠪᠦᠲᠦᠮᠵᠢ ᠶᠢ ᠰᠢᠯᠭᠠᠨ ᠬᠢᠨᠠᠬᠤ ᠶᠢ | ᠬᠠᠷᠢᠭᠤᠴᠠᠨ᠎ᠠ ; | ( 2 ) ᠬᠤᠲᠠ ᠶᠢᠨ ᠳᠣᠷᠣᠭᠰᠢ ᠲᠣᠮᠢᠯᠠᠭᠰᠠᠨ ᠰᠤᠮᠤ ᠰᠢᠶᠠᠩ ᠪᠠᠯᠭᠠᠰᠤ ᠶᠢᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠢᠨᠠᠨ ᠵᠢᠯᠣᠭᠤᠳᠬᠤ ᠳᠤᠭᠤᠶᠢᠯᠠᠩ ᠤᠨ ᠠᠵᠢᠯ ᠢ ᠬᠠᠷᠢᠭᠤᠴᠠᠨ᠎ᠠ ; | ( 3 ) ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢᠨ ᠪᠢᠴᠢᠭ ᠢ | ᠲᠤᠭᠤᠷᠪᠢᠬᠤ᠂ ᠭᠠᠷ ᠤᠨ ᠦᠰᠦᠭ ᠵᠢᠷᠤᠬᠤ ᠵᠢᠴᠢ ᠪᠡᠶᠡᠯᠡᠭᠦᠯᠦᠭᠰᠡᠨ ᠪᠠᠶᠢᠳᠠᠯ ᠢ ᠰᠢᠯᠭᠠᠨ ᠬᠢᠨᠠᠬᠤ ᠶᠢ | ᠬᠠᠷᠢᠭᠤᠴᠠᠨ᠎ᠠ ; | ( 4 ) ᠪᠦᠬᠦ ᠬᠤᠰᠢᠭᠤᠨ ᠤ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠣᠷᠣᠰᠢᠵᠤ | ᠪᠠᠶᠢᠭ᠎ᠠ ᠠᠰᠠᠭᠤᠳᠠᠯ ᠳᠤ ᠱᠠᠭᠠᠷᠳᠠᠨ ᠪᠠᠶᠢᠴᠠᠭᠠᠬᠤ᠂ ᠰᠢᠯᠭᠠᠨ ᠦᠨᠡᠯᠡᠬᠦ ᠠᠵᠢᠯ ᠥᠷᠨᠢᠭᠦᠯᠬᠦ ᠶᠢ ᠬᠠᠷᠢᠭᠤᠴᠠᠨ᠎ᠠ᠃ | ( 5 ) ᠳᠡᠭᠡᠳᠦ ᠱᠠᠲᠤᠨ᠋ᠠ᠋ᠴᠠ ᠮᠠᠨ ᠤ ᠬᠤᠰᠢᠭᠤᠨ ᠤ ᠡᠯ᠎ᠡ ᠲᠥᠷᠥᠯ ᠤᠨ ᠠᠵᠢᠯ ᠢ ᠰᠢᠯᠭᠠᠨ ᠬᠢᠨᠠᠬᠤ ᠪᠠ | ᠬᠤᠰᠢᠭᠤ ᠱᠠᠲᠤᠨ᠋ᠠ᠋ᠴᠠ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠦᠷ᠎ᠡ ᠪᠦᠲᠦᠮᠵᠢ ᠲᠠᠢ ᠵᠣᠯᠭᠠᠭᠤᠯᠬᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠶᠢ | ᠬᠠᠷᠢᠭᠤᠴᠠᠨ ᠵᠣᠬᠢᠴᠠᠭᠤᠯᠵᠤ ᠰᠠᠶᠢᠲᠤᠷ ᠬᠢᠨ᠎ᠡ ; | ( 6 ) ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠪᠡᠶᠡᠯᠡᠭᠦᠯᠦᠭᠰᠡᠨ ᠪᠠᠶᠢᠳᠠᠯ ᠢ ᠰᠢᠯᠭᠠᠨ ᠠᠪᠴᠤ | ᠦᠨᠡᠯᠡᠨ ᠵᠢᠱᠢᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ ; | ( 7 ) ᠡᠯ᠎ᠡᠱᠠᠲᠤ᠂ ᠡᠯ᠎ᠡ ᠲᠥᠷᠥᠯ ᠤᠨ ᠰᠢᠯᠭᠠᠨ ᠬᠢᠨᠠᠬᠤ᠂ ᠬᠠᠷᠭᠤᠭᠤᠯᠤᠨ ᠪᠠᠶᠢᠴᠠᠭᠠᠵᠤ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ | ᠨᠠᠶᠢᠳᠠᠪᠤᠷᠢᠵᠢᠭᠤᠯᠤᠨ᠎ᠠ ;( 8 ) ᠲᠣᠪᠴᠢᠶᠠᠨ ᠤ ᠤᠳᠤᠷᠢᠳᠤᠯᠭ᠎ᠠ ᠶᠢᠨ ᠲᠤᠰᠢᠶᠠᠵᠤ ᠰᠢᠢᠳᠪᠦᠷᠢᠯᠡᠭᠦᠯᠬᠦ ᠭᠡᠵᠦ | ᠪᠠᠶᠢᠭ᠎ᠠ ᠪᠤᠰᠤᠳ ᠤᠴᠢᠷ ᠶᠠᠪᠤᠳᠠᠯ ᠢ ᠬᠠᠷᠢᠭᠤᠴᠠᠨ᠎ᠠ ; ᠬᠤᠲᠠ ᠶᠢᠨ ᠬᠥᠳᠡᠭᠡ ᠲᠣᠰᠬᠤᠨ ᠤ ᠬᠥᠭᠵᠢᠯᠲᠡ ᠶᠢ ᠬᠢᠨᠠᠨ | ᠰᠢᠯᠭᠠᠵᠤ ᠦᠨᠡᠯᠡᠨ ᠵᠢᠱᠢᠬᠦ ᠰᠠᠯᠠᠭ᠎ᠠ (_ᠠᠷᠪᠠ ) ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠵᠠᠰᠠᠯᠲᠠ ᠶᠢᠨ ᠲᠠᠰᠤᠭ 1. ᠪᠦᠷᠢᠯᠳᠦᠬᠦᠨ᠄ ᠲᠠᠰᠤᠭ ᠤᠨ ᠳᠠᠷᠤᠭ᠎ᠠ᠄ ᠶᠤᠸᠠᠨ ᠵᠧᠦ ( ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠵᠠᠰᠠᠯᠲᠠ ᠶᠢᠨ ᠪᠦᠬᠦ ᠲᠠᠯ᠎ᠠ ᠶᠢᠨ ᠠᠵᠢᠯ ᠢ ᠬᠠᠷᠢᠭᠤᠴᠠᠨ᠎ᠠ )_ᠠᠵᠢᠯᠲᠠᠨ᠄ ᠯᠢᠶᠠᠩ | ᠵᠢᠶᠠ ᠷᠦᠩ 2. ᠠᠵᠢᠯ ᠤᠨ ᠡᠭᠦᠷᠭᠡ ᠬᠠᠷᠢᠭᠤᠴᠠᠯᠭ᠎ᠠ᠄ ( 1 ) ᠪᠦᠬᠦ ᠬᠤᠰᠢᠭᠤᠨ ᠤ ᠠᠷᠢᠭᠤᠨ ᠴᠡᠪᠡᠷ | ᠵᠣᠷᠯᠣᠩ ᠢ ᠥᠭᠡᠷᠡᠴᠢᠯᠡᠬᠦ ᠠᠵᠢᠯ ᠢ ᠬᠠᠷᠢᠭᠤᠴᠠᠨ᠎ᠠ ;( 2 ) ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ᠵᠣᠷᠯᠣᠩ ᠤᠨ ᠪᠣᠬᠢᠷ ᠤᠰᠤ ᠶᠢ ᠬᠤᠣᠷ ᠦᠭᠡᠢ ᠪᠣᠯᠭᠠᠨ | ᠰᠢᠢᠳᠪᠦᠷᠢᠯᠡᠬᠦ ᠶᠢ ᠡᠬᠢ ᠪᠠᠶᠠᠯᠢᠭᠵᠢᠭᠤᠯᠬᠤ ᠪᠠ ᠠᠰᠢᠭᠯᠠᠬᠤ ᠶᠢ ᠴᠢᠩᠭᠠᠳᠬᠠᠵᠤ᠂ ᠪᠣᠬᠢᠷ ᠤᠰᠤᠨ ᠤ | ᠬᠤᠭᠤᠯᠠᠢ ᠶᠢᠨ ᠲᠣᠣᠷ ᠤᠨ ᠨᠥᠬᠦᠴᠡᠯ ᠳᠤ ᠣᠷᠣᠭᠤᠯᠤᠭᠰᠠᠨ ᠡᠷᠦᠬᠡ ᠶᠢᠨ ᠵᠣᠷᠯᠣᠩ ᠢ ᠪᠣᠬᠢᠷᠲᠤᠭᠤᠯᠬᠤ ᠪᠣᠬᠢᠷ | ᠤᠰᠤ ᠰᠢᠢᠳᠪᠦᠷᠢᠯᠡᠬᠦ ᠰᠢᠰᠲ᠋ᠧᠮ ᠳᠤ ᠵᠠᠯᠭᠠᠵᠤ ᠣᠷᠣᠭᠤᠯᠤᠨ ᠨᠢᠭᠡᠳᠦᠯᠲᠡᠢ ᠰᠢᠢᠳᠪᠦᠷᠢᠯᠡᠨ᠎ᠡ᠃ᠪᠤᠵᠠᠷ ᠤᠰᠤᠨ ᠤ | ᠠᠯᠪᠠᠨ ᠤ ᠰᠦᠯᠵᠢᠶ᠎ᠡ ᠳᠤ ᠣᠷᠣᠭᠤᠯᠤᠭᠰᠠᠨ ᠡᠷᠦᠬᠡ ᠶᠢᠨ ᠵᠣᠷᠯᠣᠩ ᠢ ᠰᠤᠮᠤ ᠰᠢᠶᠠᠩ ᠪᠠᠯᠭᠠᠰᠤ ᠲᠣᠭᠲᠠᠮᠠᠯ | ᠬᠤᠭᠤᠴᠠᠭ᠎ᠠ ᠲᠠᠢ ᠪᠠᠷ ᠮᠠᠯᠲᠠᠨ ᠲᠡᠭᠡᠭᠡᠪᠦᠷᠢᠯᠡᠵᠦ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠤᠶᠤ ᠡᠬᠢ | ᠪᠠᠶᠠᠯᠢᠭᠵᠢᠭᠤᠯᠤᠨ ᠠᠰᠢᠭᠯᠠᠬᠤ ᠶᠢ ᠲᠥᠪᠯᠡᠷᠡᠭᠦᠯᠦᠨ ᠬᠢᠨ᠎ᠡ ; | (3) ᠬᠥᠳᠡᠭᠡ ᠲᠣᠰᠬᠤᠨ ᠤ ᠵᠠᠰᠠᠯᠲᠠ ᠵᠢᠴᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠢᠲᠡᠭᠡᠯ ᠢ ᠬᠠᠷᠢᠭᠤᠴᠠᠨ᠎ᠠ | ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ᠄ 0474 —5202293 | ᠵᠢᠵᠢᠭᠦᠷ ᠤᠨ ᠲᠠᠰᠤᠭ᠄ 0474 —5202293 | ᠠᠵᠢᠯᠯᠠᠬᠤ ᠴᠠᠭ᠄ ᠬᠠᠤᠯᠢ ᠳᠤ ᠲᠣᠭᠲᠠᠭᠠᠭᠰᠠᠨ ᠠᠵᠢᠯ ᠤᠨ ᠡᠳᠦᠷ 9᠄ 00—12᠄ 00 ;14 : 30 —18 : | 00 | ᠪᠠᠶᠢᠭᠤᠯᠭ᠎ᠠ ᠶᠢᠨ ᠬᠠᠶᠠᠭ᠄ ᠳᠥᠷᠪᠡᠳ ᠬᠤᠰᠢᠭᠤᠨ ᠤ ᠨᠠᠶᠢᠷᠠᠮᠳᠠᠯ ᠵᠠᠮ 31 ᠨᠣᠮᠧᠷᠲᠦ ᠨᠢᠭᠡᠴᠢ | ᠰᠢᠤᠳᠠᠨ ᠬᠠᠶᠢᠷᠴᠠᠭ᠄ szwfpb@163. com | ᠬᠠᠷᠢᠭᠤᠴᠠᠯᠭᠠᠲᠠᠨ᠄ ᠭᠤᠣ ᠵᠢᠶᠠᠨ ᠢᠩ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |