ᠳᠥᠷᠪᠡᠳ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ | | | ᠳᠥᠷᠪᠡᠳ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ( ᠳᠣᠷᠣᠭᠰᠢ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠭᠡᠵᠦ ᠲᠣᠪᠴᠢᠯᠠᠨ᠎ᠠ ) ᠪᠣᠯ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠠᠶᠢᠵᠤ᠂ ᠵᠢᠩᠬᠢᠨᠢ ᠠᠩᠭᠢ ᠶᠢᠨ ᠳᠡᠰ ᠲᠤ ᠪᠣᠯᠤᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ( ᠨᠢᠭᠡ ) ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠬᠠᠷᠢᠭᠤᠴᠠᠨ ᠪᠠᠲᠤᠯᠠᠬᠤ | ᠬᠡᠷᠡᠭᠲᠡᠢ᠃ᠡᠭᠦᠷᠭᠡ ᠴᠢᠳᠠᠪᠬᠢ ᠪᠠ ᠡᠷᠬᠡ ᠮᠠᠲᠠᠯ ᠤᠨ ᠬᠡᠪᠴᠢᠶ᠎ᠡ ᠶᠣᠰᠣᠭᠠᠷ᠂ ᠪᠦᠬᠦ ᠬᠤᠰᠢᠭᠤᠨ ᠤ ᠤᠰᠤᠨ | ᠠᠰᠢᠭᠯᠠᠯᠲᠠ ᠶᠢᠨ ᠲᠥᠯᠥᠪᠵᠢᠭᠦᠯᠭᠡ᠂ ᠳᠦᠷᠢᠮ ᠲᠣᠭᠲᠠᠭᠠᠯ ᠤᠨ ᠲᠥᠰᠦᠯ ᠢ ᠲᠣᠭᠲᠠᠭᠠᠵᠤ᠂ ᠪᠦᠬᠦ ᠬᠤᠰᠢᠭᠤᠨ ᠤ | ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠴᠢᠬᠤᠯᠠ ᠭᠤᠣᠯ ᠮᠥᠷᠡᠨ ᠨᠠᠭᠤᠷ ᠤᠨ ᠰᠠᠪᠠ ᠭᠠᠵᠠᠷ ᠤᠨ | ᠶᠡᠷᠦᠩᠬᠡᠢ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ | ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ ᠲᠣᠭᠲᠠᠭᠠᠨ᠎ᠠ᠃ | ( ᠬᠤᠶᠠᠷ ) ᠠᠮᠢᠳᠣᠷᠠᠯ᠂ ᠦᠢᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠢ ᠶᠢᠨ ᠣᠷᠴᠢᠨ | ᠲᠣᠭᠤᠷᠢᠨ ᠤ ᠤᠰᠤ ᠬᠡᠷᠡᠭᠯᠡᠬᠦ ᠨᠢᠭᠡᠳᠦᠯᠲᠡᠢ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ | ᠬᠢᠵᠠᠭᠠᠷᠯᠠᠬᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠬᠢᠵᠠᠭᠠᠷᠯᠠᠬᠤ ᠶᠢ ᠴᠢᠩᠭ᠎ᠠ ᠬᠡᠷᠡᠭᠵᠢᠭᠦᠯᠵᠦ᠂ ᠤᠰᠤᠨ ᠤ | ᠡᠬᠢ ᠪᠠᠶᠠᠯᠢᠭ ᠤᠨ ᠨᠢᠭᠡᠳᠦᠯᠲᠡᠢ ᠬᠢᠨᠠᠨ ᠬᠠᠮᠢᠶᠠᠷᠤᠯᠲᠠ ᠶᠢ ᠬᠡᠷᠡᠭᠵᠢᠭᠦᠯᠦᠨ᠂ ᠪᠦᠬᠦ ᠬᠤᠰᠢᠭᠤᠨ ᠤ ᠤᠰᠤᠨ ᠤ | ᠳᠤᠮᠳᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ | ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠪᠥᠭᠡᠳ ᠪᠦᠬᠦ ᠬᠤᠰᠢᠭᠤᠨ ᠤ ᠴᠢᠬᠤᠯᠠ ᠤᠷᠤᠰᠬᠠᠯ᠂ | ᠣᠷᠣᠨ ᠵᠢᠴᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠬᠢᠨᠠᠨ ᠬᠡᠷᠡᠭᠵᠢᠭᠦᠯᠦᠨ᠎ᠡ᠃ᠤᠰᠤ ᠲᠠᠲᠠᠬᠤ ᠶᠢ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠢ | ᠨᠤᠲᠠᠯᠠᠬᠤ ᠪᠠ ᠦᠶᠡᠷ ᠢ ᠰᠡᠷᠭᠡᠶᠢᠯᠡᠬᠦ ᠶᠢ ᠨᠤᠲᠠᠯᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ᠰᠠᠪᠠ | ᠭᠠᠵᠠᠷ ᠤᠨ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ ᠶᠢᠨ ᠠᠵᠢᠯ ᠳᠤ ᠣᠷᠣᠯᠴᠠᠨ᠎ᠠ᠃ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠤᠮᠤ ᠰᠢᠶᠠᠩ ᠪᠠᠯᠭᠠᠰᠤ ᠶᠢᠨ ᠤᠰᠤ ᠬᠠᠩᠭᠠᠬᠤ | ᠠᠵᠢᠯ ᠢ ᠵᠢᠯᠣᠭᠤᠳᠤᠨ᠎ᠠ᠃ | ( ᠭᠤᠷᠪᠠ ) ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ | ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ | ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠬᠤ | ᠰᠠᠨᠠᠭᠤᠯᠭ᠎ᠠ ᠳᠤᠷᠠᠳᠬᠤ ᠶᠢ ᠬᠠᠷᠢᠭᠤᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠪᠠ | ᠬᠤᠰᠢᠭᠤ ᠱᠠᠲᠤᠨ ᠤ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠲᠣᠬᠢᠷᠠᠭᠤᠯᠬᠤ ᠰᠠᠨᠠᠯ ᠳᠤᠷᠠᠳᠴᠤ᠂ | ᠲᠥᠷᠥᠯ ᠵᠦᠢᠯ ᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠲᠣᠭᠲᠠᠭᠰᠠᠨ ᠡᠷᠬᠡ ᠮᠠᠲᠠᠯ ᠤᠨ ᠬᠡᠪᠴᠢᠶ᠎ᠡ ᠶᠣᠰᠣᠭᠠᠷ | ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ | ᠬᠡᠪᠴᠢᠶᠡᠨ ᠳᠠᠬᠢ ᠲᠥᠷᠥᠯ ᠵᠦᠢᠯ ᠢ ᠬᠠᠷᠢᠭᠤᠴᠠᠨ᠎ᠠ᠃ | ( ᠳᠥᠷᠪᠡ ) ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠵᠢᠯᠣᠭᠤᠳᠤᠨ᠎ᠠ᠃ᠤᠰᠤᠨ ᠤ | ᠡᠬᠢ ᠪᠠᠶᠠᠯᠢᠭ ᠢ ᠪᠠᠶᠢᠴᠠᠭᠠᠨ ᠦᠨᠡᠯᠡᠬᠦ ᠪᠠ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠬᠢᠨᠠᠨ | ᠬᠡᠮᠵᠢᠵᠦ ᠰᠡᠷᠡᠮᠵᠢᠯᠡᠭᠦᠯᠬᠦ ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠤᠰᠤᠨ ᠤ | ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠬᠦ ᠬᠡᠷᠡᠭᠲᠡᠢ᠃ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠣᠷᠠᠬᠢ | ᠤᠰᠤᠨ ᠤ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠶᠢ ᠵᠢᠯᠣᠭᠤᠳᠤᠨ᠎ᠠ᠃ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠠᠪᠤᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ( ᠲᠠᠪᠤ ) ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ᠤᠰᠤ ᠶᠢ ᠠᠷᠪᠢᠯᠠᠨ ᠬᠡᠷᠡᠭᠯᠡᠬᠦ | ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠤᠰᠤ ᠶᠢ ᠠᠷᠪᠢᠯᠠᠨ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠬᠡᠷᠡᠭᠲᠡᠢ᠃ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ | ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠮᠠᠶ᠋ᠢᠭ ᠤᠨ | ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠪᠠ ᠲᠦᠯᠬᠢᠨ ᠠᠬᠢᠭᠤᠯᠤᠨ᠎ᠠ᠃ | ( ᠵᠢᠷᠭᠤᠭ᠎ᠠ ) ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠵᠢᠴᠢ ᠡᠷᠭᠢ ᠡᠷᠭᠢ ᠶᠢᠨ | ᠱᠤᠭᠤᠮ ᠤᠨ ᠬᠠᠮᠢᠶᠠᠷᠤᠯᠲᠠ᠂ ᠬᠠᠮᠠᠭᠠᠯᠠᠯᠲᠠ ᠬᠢᠭᠡᠳ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ᠪᠦᠬᠦ | ᠬᠤᠰᠢᠭᠤᠨ ᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶᠡᠨ ᠤ ᠪᠦᠲᠦᠭᠡᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠠᠢ᠃ᠪᠦᠬᠦ ᠬᠤᠰᠢᠭᠤᠨ ᠤ ᠴᠢᠬᠤᠯᠠ ᠭᠤᠣᠯ ᠨᠠᠭᠤᠷ ᠢ | ᠵᠠᠰᠠᠬᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢ ᠵᠢᠯᠣᠭᠤᠳᠤᠨ᠎ᠠ᠃ᠪᠦᠬᠦ ᠬᠤᠰᠢᠭᠤᠨ ᠤ ᠭᠤᠣᠯ ᠨᠠᠭᠤᠷ ᠤᠨ | ᠤᠰᠤᠨ ᠤ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠭᠤᠣᠯ ᠨᠠᠭᠤᠷ ᠤᠨ ᠠᠮᠢ ᠠᠬᠤᠢ ᠶᠢᠨ | ᠤᠷᠤᠰᠬᠠᠯ ᠤᠨ ᠬᠡᠮᠵᠢᠶᠡᠨ ᠤ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠣᠯ ᠨᠠᠭᠤᠷ ᠤᠨ ᠤᠰᠤᠨ | ᠰᠢᠰᠲ᠋ᠧᠮ ᠢ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃ | ( ᠳᠣᠯᠤᠭ᠎ᠠ ) ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ | ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ᠪᠦᠬᠦ ᠬᠤᠰᠢᠭᠤ ᠪᠠᠷ ᠢᠶᠠᠨ ᠬᠢᠵᠠᠭᠠᠷᠯᠠᠬᠤ ᠴᠢᠨᠠᠷᠲᠠᠢ ᠪᠠ | ᠣᠷᠣᠨ ᠪᠦᠰᠡ ᠠᠯᠤᠰᠯᠠᠨ ᠰᠠᠪᠠ ᠭᠠᠵᠠᠷ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ | ᠵᠢᠯᠣᠭᠤᠳᠤᠨ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠶᠠᠰᠤ ᠴᠢᠨᠠᠷ ᠤᠨ | ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ᠲᠣᠭᠲᠠᠭᠠᠭᠰᠠᠨ ᠡᠷᠬᠡ ᠮᠠᠲᠠᠯ ᠤᠨ ᠬᠡᠪᠴᠢᠶᠡᠨ ᠳᠣᠲᠣᠷ᠎ᠠ | ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ᠤᠰᠤᠨ ᠭᠠᠩ ᠤᠨ | ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ | ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ | ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠬᠢᠭᠡᠳ ᠶᠠᠰᠤ ᠴᠢᠨᠠᠷ ᠤᠨ ᠬᠢᠨᠠᠯᠲᠠ ᠲᠠᠯᠪᠢᠯᠲᠠ ᠶᠢ | ᠵᠢᠯᠣᠭᠤᠳᠤᠨ ᠬᠢᠨᠠᠯᠲᠠ ᠲᠠᠯᠪᠢᠨ᠎ᠠ᠃ | ( ᠨᠠᠢᠮᠠ ) ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ᠬᠥᠷᠥᠰᠥ ᠰᠢᠷᠣᠢ ᠶᠢ | ᠬᠠᠮᠠᠭᠠᠯᠠᠬᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ | ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ | ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ | ᠬᠡᠷᠡᠭᠲᠡᠢ᠃ᠳᠥᠷᠪᠡᠳ ᠬᠤᠰᠢᠭᠤᠨ ᠤ ᠲᠥᠷᠥᠯ ᠵᠦᠢᠯ ᠲᠣᠭᠲᠠᠭᠠᠬᠤ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ᠭᠤᠣᠯ ᠪᠣᠯᠬᠤ ᠤᠰᠤ ᠰᠢᠷᠣᠢ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠃ | ( ᠶᠢᠰᠤ ) ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ᠲᠣᠮᠣ | ᠳᠤᠮᠳᠠ ᠬᠡᠯᠪᠡᠷᠢ ᠶᠢᠨ ᠤᠰᠤᠯᠠᠬᠤ ᠤᠰᠤ ᠵᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ | ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠤᠰᠤ ᠠᠷᠪᠢᠯᠠᠬᠤ ᠤᠰᠤᠯᠠᠯᠲᠠ ᠶᠢᠨ ᠬᠠᠮᠢᠶ᠎ᠠ ᠪᠦᠬᠦᠢ | ᠠᠵᠢᠯ ᠢ ᠵᠢᠯᠣᠭᠤᠳᠤᠨ᠎ᠠ᠃ᠲᠠᠷᠢᠶᠠᠯᠠᠬᠤ ᠮᠠᠯᠵᠢᠬᠤ ᠣᠷᠣᠨ ᠤ ᠤᠰᠤᠨ ᠤ ᠡᠨᠧᠷᠭᠢ ᠶᠢᠨ ᠡᠬᠢ ᠪᠠᠶᠠᠯᠢᠭ ᠢ ᠨᠡᠭᠡᠭᠡᠬᠦ᠂ | ᠵᠢᠵᠢᠭ ᠤᠰᠤᠨ ᠴᠠᠬᠢᠯᠭᠠᠨ ᠢ ᠥᠭᠡᠷᠡᠴᠢᠯᠡᠬᠦ ᠪᠠ ᠤᠰᠤᠨ ᠴᠠᠬᠢᠯᠭᠠᠨ ᠢᠶᠠᠷ ᠬᠥᠳᠡᠭᠡ ᠲᠣᠰᠬᠤᠨ ᠢ | ᠴᠠᠬᠢᠯᠭᠠᠨᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ( ᠠᠷᠪᠠ ) ᠤᠰᠤᠨ ᠤ ᠲᠤᠬᠠᠢ ᠬᠠᠤᠯᠢ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ | ᠰᠢᠢᠳᠪᠦᠷᠢᠯᠡᠬᠦ ᠶᠢ ᠬᠠᠷᠢᠭᠤᠴᠠᠵᠤ᠂ ᠬᠤᠰᠢᠭᠤᠨ ᠤ ᠬᠢᠯᠢ ᠳᠣᠲᠣᠷᠠᠬᠢ ᠤᠰᠤᠨ ᠤ ᠬᠡᠷᠡᠭ ᠤᠨ ᠵᠢᠭᠤᠷᠠᠯᠳᠤᠭᠠᠨ ᠢ | ᠵᠣᠬᠢᠴᠠᠭᠤᠯᠤᠨ ᠬᠥᠨᠳᠡᠯᠡᠨ᠋ᠡᠴᠡ ᠲᠠᠰᠤᠯᠵᠤ᠂ ᠤᠰᠤᠨ ᠤ ᠶᠠᠪᠤᠳᠠᠯ ᠤᠨ ᠬᠢᠨᠠᠨ ᠪᠠᠶᠢᠴᠠᠭᠠᠯᠲᠠ ᠪᠠ ᠤᠰᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠤᠰᠤᠨ ᠠᠰᠢᠭᠯᠠᠯᠲᠠ ᠶᠢᠨ | ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠤ᠂ ᠪᠦᠬᠦ | ᠬᠤᠰᠢᠭᠤᠨ ᠤ ᠤᠰᠤᠨ ᠴᠥᠭᠦᠷᠥᠮ᠂ ᠤᠰᠤᠨ ᠴᠠᠬᠢᠯᠭᠠᠨ ᠥᠷᠲᠡᠭᠡᠨ ᠤ ᠲᠣᠮᠣ ᠬᠠᠰᠢᠯᠭ᠎ᠠ᠂ ᠬᠥᠳᠡᠭᠡ | ᠲᠣᠰᠬᠤᠨ ᠤ ᠤᠰᠤᠨ ᠴᠠᠬᠢᠯᠭᠠᠨ ᠥᠷᠲᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠵᠣᠬᠢᠶᠠᠨ | ᠪᠠᠶᠢᠭᠤᠯᠤᠨ ᠵᠢᠯᠣᠭᠤᠳᠴᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠠᠳᠠᠯ ᠬᠡᠷᠡᠭ ᠢ ᠪᠠᠶᠢᠴᠠᠭᠠᠨ | ᠰᠢᠢᠳᠪᠦᠷᠢᠯᠡᠬᠦ ᠶᠢᠨ ᠬᠠᠮᠲᠤ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ | ( ᠠᠷᠪᠠᠨ ᠨᠢᠭᠡ ) ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠭᠠᠳᠠᠭᠠᠳᠤ | ᠶᠠᠪᠤᠳᠠᠯ ᠤᠨ ᠠᠵᠢᠯ ᠢ ᠥᠷᠨᠢᠭᠦᠯᠬᠦ ᠬᠡᠷᠡᠭᠲᠡᠢ᠃ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ | ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ | ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ | ᠪᠥᠭᠡᠳ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ | ᠡᠭᠦᠷᠭᠡᠯᠡᠨ᠎ᠡ᠃ | (ᠠᠷᠪᠠᠨ ᠬᠤᠶᠠᠷ ) ᠲᠣᠮᠣ ᠳᠤᠮᠳᠠ ᠬᠡᠯᠪᠡᠷᠢ ᠶᠢᠨ ᠴᠥᠭᠦᠷᠥᠮ ᠤᠨ ᠨᠡᠭᠦᠳᠡᠯ ᠠᠷᠠᠳ ᠤᠨ ᠰᠡᠭᠦᠯᠴᠢ ᠶᠢᠨ | ᠬᠤᠭᠤᠴᠠᠭᠠᠨ ᠤ ᠲᠡᠳᠬᠦᠬᠦ ᠡᠯ᠎ᠡ ᠵᠦᠢᠯ ᠤᠨ ᠠᠵᠢᠯ ᠢ ᠬᠠᠷᠢᠭᠤᠴᠠᠨ᠎ᠠ᠃ | ( ᠠᠷᠪᠠᠨ ᠭᠤᠷᠪᠠ ) ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ | ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠬᠠᠷᠢᠭᠤᠴᠠᠬᠤ | ᠬᠡᠯᠪᠡᠷᠢ ᠪᠠᠶᠢᠳᠠᠯ ᠢ ᠲᠠᠨᠢᠬᠤ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ᠂ ᠶᠠᠳᠠᠭᠤ᠋_ᠠ᠋ᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ᠃ | (ᠠᠷᠪᠠᠨ ᠳᠥᠷᠪᠡ ) ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ᠄ | ( ᠨᠢᠭᠡ ) ᠠᠯᠪᠠᠨ ᠭᠡᠷ ( ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ )᠃ᠪᠠᠶᠢᠭᠤᠯᠤᠯᠭ᠎ᠠ ᠶᠢᠨ | ᠡᠳᠦᠷ ᠳᠣᠳᠣᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ | ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ | ᠵᠠᠩᠭᠢᠵᠢᠯᠲᠠ᠂ ᠰᠣᠨᠢᠨ ᠮᠡᠳᠡᠭᠡ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ᠲᠤᠰ ᠰᠠᠯᠠᠭ᠎ᠠ ᠮᠥᠴᠢᠷ ᠤᠨ ᠢᠶᠠᠨ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ | ᠂ ᠮᠡᠳᠡᠭᠦᠯᠦᠨ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ᠲᠣᠭᠲᠠᠭᠠᠭᠰᠠᠨ ᠡᠷᠬᠡ ᠮᠠᠲᠠᠯ ᠤᠨ ᠬᠡᠪᠴᠢᠶ᠎ᠡ ᠶᠣᠰᠣᠭᠠᠷ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠤᠳ ᠢ ᠬᠦᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ | ᠠᠵᠢᠯ ᠢ ᠬᠠᠷᠢᠭᠤᠴᠠᠨ᠎ᠠ᠃ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠵᠣᠬᠢᠶᠠᠬᠤ ᠪᠠ ᠭᠦᠢᠴᠡᠳᠬᠡᠬᠦ᠂ | ᠡᠳ᠋ ᠤᠨ ᠶᠠᠪᠤᠳᠠᠯ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠲᠥᠷᠥᠯ ᠵᠦᠢᠯ ᠢ | ᠬᠡᠷᠡᠭᠵᠢᠭᠦᠯᠬᠦ ᠳᠤ ᠬᠢᠨᠠᠯᠲᠠ ᠲᠠᠯᠪᠢᠵᠤ ᠬᠠᠮᠢᠶᠠᠷᠬᠤ ᠪᠠ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠨᠢᠭᠡᠳᠦᠯᠲᠡᠢ | ᠲᠥᠯᠥᠪᠯᠡᠨ ᠵᠣᠬᠢᠴᠠᠭᠤᠯᠤᠨ᠎ᠠ᠃ | ( ᠬᠤᠶᠠᠷ ) ᠲᠤᠬᠠᠶᠢᠯᠠᠭᠰᠠᠨ ᠠᠵᠢᠯ ᠤᠨ ᠬᠤᠪᠢ ᠣᠷᠣᠭᠤᠯᠤᠯᠲᠠ᠃ᠲᠣᠮᠣ ᠳᠤᠮᠳᠠ ᠬᠡᠯᠪᠡᠷᠢ ᠶᠢᠨ | ᠤᠰᠤᠯᠠᠬᠤ ᠤᠰᠤ ᠵᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠲᠣᠭᠲᠠᠭᠠᠭᠰᠠᠨ ᠡᠷᠬᠡ ᠮᠠᠲᠠᠯ ᠤᠨ ᠶᠣᠰᠣᠭᠠᠷ ᠭᠤᠣᠯᠳᠠᠯᠭ᠎ᠠ ᠲᠠᠢ ᠲᠠᠷᠢᠶᠠᠯᠠᠩ ᠮᠠᠯ | ᠠᠵᠤ ᠠᠬᠤᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢ ᠠᠩᠬ᠎ᠠ ᠠᠯᠬᠤᠮ ᠵᠢᠷᠤᠭᠯᠠᠨ ᠲᠥᠯᠥᠪᠯᠡᠬᠦ ᠶᠢ ᠬᠢᠨᠠᠨ | ᠵᠥᠪᠰᠢᠶᠡᠷᠡᠨ᠎ᠡ᠃ᠬᠥᠷᠥᠰᠥ ᠰᠢᠷᠣᠢ ᠶᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠭᠤᠣᠯᠳᠠᠯᠭ᠎ᠠ ᠲᠠᠢ ᠬᠥᠷᠥᠰᠥ ᠰᠢᠷᠣᠢ ᠶᠢ ᠬᠠᠮᠠᠭᠠᠯᠠᠬᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠦᠬᠦ ᠬᠤᠰᠢᠭᠤᠨ ᠤ ᠬᠥᠷᠥᠰᠥ | ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠢᠨᠠᠨ | ᠮᠡᠳᠡᠭᠦᠯᠵᠦ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ | ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ ᠶᠢᠨ ᠬᠠᠮᠲᠤ ᠬᠢᠨᠠᠨ ᠬᠡᠷᠡᠭᠵᠢᠭᠦᠯᠬᠦ ᠬᠡᠷᠡᠭᠲᠡᠢ᠃ᠤᠰᠤᠨ | ᠠᠰᠢᠭᠯᠠᠯᠲᠠ ᠶᠢᠨ ᠪᠡᠯᠡᠳᠬᠡᠮᠵᠢ᠂ ᠤᠰᠤᠨ ᠬᠤᠲᠠ ᠬᠢᠭᠡᠳ ᠲᠡᠭᠦᠨ ᠤ ᠡᠷᠭᠢ ᠶᠢᠨ ᠱᠤᠭᠤᠮ ᠤᠨ ᠬᠠᠮᠢᠶᠠᠷᠤᠯᠲᠠ᠂ | ᠬᠠᠮᠠᠭᠠᠯᠠᠯᠲᠠ ᠬᠢᠭᠡᠳ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ᠪᠦᠬᠦ ᠬᠤᠰᠢᠭᠤᠨ ᠤ ᠤᠰᠤᠨ | ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ | ᠵᠢᠯᠣᠭᠤᠳᠤᠨ᠎ᠠ᠃ᠬᠥᠳᠡᠭᠡ ᠲᠣᠰᠬᠤᠨ ᠤ ᠬᠤᠷᠢᠶᠠᠭᠰᠠᠨ ᠣᠷᠣᠨ ᠤ ᠤᠰᠤᠨ ᠤ ᠡᠨᠧᠷᠭᠢ ᠶᠢᠨ ᠡᠬᠢ ᠪᠠᠶᠠᠯᠢᠭ ᠢ | ᠨᠡᠭᠡᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠰᠤᠨ ᠴᠠᠬᠢᠯᠭᠠᠨ ᠢᠶᠠᠷ ᠬᠥᠳᠡᠭᠡ | ᠲᠣᠰᠬᠤᠨ ᠢ ᠴᠠᠬᠢᠯᠭᠠᠨᠵᠢᠭᠤᠯᠬᠤ᠂ ᠬᠥᠳᠡᠭᠡ ᠲᠣᠰᠬᠤᠨ ᠤ ᠤᠰᠤ ᠴᠠᠬᠢᠯᠭᠠᠨ ᠤ ᠦᠷ᠎ᠡ ᠠᠰᠢᠭ ᠢᠶᠠᠨ ᠨᠡᠮᠡᠭᠳᠡᠭᠦᠯᠵᠦ | ᠪᠠᠭᠲᠠᠭᠠᠮᠵᠢ ᠶᠢ ᠥᠷᠭᠡᠳᠬᠡᠨ ᠥᠭᠡᠷᠡᠴᠢᠯᠡᠬᠦ ᠵᠢᠴᠢ ᠵᠢᠵᠢᠭ ᠤᠰᠤᠨ ᠴᠠᠬᠢᠯᠭᠠᠨ ᠢᠶᠠᠷ ᠲᠦᠯᠡᠰᠢ ᠶᠢ ᠣᠷᠣᠯᠠᠭᠤᠯᠬᠤ | ᠵᠡᠷᠭᠡ ᠬᠥᠳᠡᠭᠡ ᠲᠣᠰᠬᠤᠨ ᠤ ᠤᠰᠤᠨ ᠤ ᠡᠨᠧᠷᠭᠢ ᠶᠢᠨ ᠡᠬᠢ ᠪᠠᠶᠠᠯᠢᠭ ᠢ ᠨᠡᠭᠡᠭᠡᠬᠦ ᠠᠵᠢᠯ ᠢ ᠵᠢᠯᠣᠭᠤᠳᠤᠨ᠎ᠠ᠃ᠪᠦᠬᠦ | ᠬᠤᠰᠢᠭᠤᠨ ᠤ ᠭᠤᠣᠯ ᠮᠥᠷᠡᠨ᠂ ᠨᠠᠭᠤᠷ ᠴᠥᠭᠦᠷᠥᠮ ᠢ ᠵᠠᠰᠠᠬᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢ | ᠵᠢᠯᠣᠭᠤᠳᠤᠨ᠎ᠠ᠃ᠲᠣᠮᠣ ᠳᠤᠮᠳᠠ ᠬᠡᠯᠪᠡᠷᠢ ᠶᠢᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ | ᠬᠤᠭᠤᠴᠠᠭᠠᠨ ᠤ ᠲᠡᠳᠬᠦᠬᠦ ᠠᠵᠢᠯ ᠢ ᠬᠠᠷᠢᠭᠤᠴᠠᠬᠤ ᠬᠡᠷᠡᠭᠲᠡᠢ᠃ᠤᠰᠤᠨ ᠭᠠᠩ ᠤᠨ ᠭᠠᠮᠰᠢᠭ ᠢ ᠰᠡᠷᠭᠡᠶᠢᠯᠡᠬᠦ | ᠠᠵᠢᠯ ᠢ ᠵᠣᠬᠢᠴᠠᠭᠤᠯᠤᠨ ᠵᠢᠯᠣᠭᠤᠳᠤᠨ᠎ᠠ᠃ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ | ᠵᠢᠯᠣᠭᠤᠳᠤᠨ᠎ᠠ᠃ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠷᠢᠭᠤᠴᠠᠨ᠎ᠠ᠃ᠪᠦᠬᠦ | ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ | ᠡᠭᠦᠷᠭᠡᠯᠡᠨ᠂ ᠪᠦᠬᠦ ᠬᠤᠰᠢᠭᠤᠨ ᠤ ᠤᠰᠤᠨ ᠴᠥᠭᠦᠷᠥᠮ᠂ ᠤᠰᠤᠨ ᠴᠠᠬᠢᠯᠭᠠᠨ ᠥᠷᠲᠡᠭᠡ ᠵᠡᠷᠭᠡ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠴᠤ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠠᠳᠠᠯ ᠬᠡᠷᠡᠭ ᠢ ᠪᠠᠶᠢᠴᠠᠭᠠᠨ | ᠰᠢᠢᠳᠪᠦᠷᠢᠯᠡᠬᠦ ᠶᠢ ᠬᠠᠷᠢᠭᠤᠴᠠᠬᠤ ᠶᠢᠨ ᠬᠠᠮᠲᠤ ᠵᠣᠬᠢᠴᠠᠭᠤᠯᠤᠨ ᠰᠢᠢᠳᠪᠦᠷᠢᠯᠡᠨ᠎ᠡ᠃ᠪᠦᠬᠦ ᠬᠤᠰᠢᠭᠤᠨ ᠤ ᠮᠠᠯᠵᠢᠬᠤ | ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ | ᠬᠢᠭᠡᠳ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠬᠢᠭᠡᠳ ᠶᠠᠰᠤ ᠴᠢᠨᠠᠷ ᠤᠨ ᠬᠢᠨᠠᠯᠲᠠ ᠲᠠᠯᠪᠢᠯᠲᠠ ᠶᠢ | ᠵᠢᠯᠣᠭᠤᠳᠤᠨ ᠬᠢᠨᠠᠯᠲᠠ ᠲᠠᠯᠪᠢᠨ᠎ᠠ᠃ᠪᠦᠬᠦ ᠬᠤᠰᠢᠭᠤ ᠪᠠᠷ ᠢᠶᠠᠨ ᠬᠢᠵᠠᠭᠠᠷᠯᠠᠬᠤ ᠴᠢᠨᠠᠷᠲᠠᠢ ᠰᠠᠪᠠ ᠭᠠᠵᠠᠷ ᠤᠨ | ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ | ᠬᠢᠭᠡᠳ ᠶᠠᠰᠤ ᠴᠢᠨᠠᠷ ᠤᠨ ᠬᠢᠨᠠᠯᠲᠠ ᠲᠠᠯᠪᠢᠯᠲᠠ ᠶᠢ ᠵᠢᠯᠣᠭᠤᠳᠤᠨ᠎ᠠ᠃ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠶᠢ ᠵᠢᠯᠣᠭᠤᠳᠤᠨ ᠬᠢᠨᠠᠯᠲᠠ | ᠲᠠᠯᠪᠢᠨ᠎ᠠ᠃ | ( ᠭᠤᠷᠪᠠ ) ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ᠃ᠤᠰᠤᠨ ᠤ ᠡᠬᠢ ᠪᠠᠶᠠᠯᠢᠭ ᠤᠨ | ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠂ | ᠤᠰᠤᠨ ᠤ ᠡᠬᠢ ᠪᠠᠶᠠᠯᠢᠭ ᠤᠨ ᠤᠰᠤ ᠲᠠᠲᠠᠬᠤ ᠶᠢ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠢ ᠨᠤᠲᠠᠯᠠᠬᠤ ᠵᠡᠷᠭᠡ | ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠠᠵᠢᠯ ᠢ | ᠵᠢᠯᠣᠭᠤᠳᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ᠤᠰᠤᠨ ᠤ ᠡᠬᠢ | ᠪᠠᠶᠠᠯᠢᠭ ᠢ ᠬᠠᠮᠠᠭᠠᠯᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠤᠤᠭᠤᠬᠤ ᠤᠰᠤᠨ ᠤ | ᠡᠬᠢ ᠪᠠᠶᠠᠯᠢᠭ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ᠤᠰᠤᠨ ᠤ ᠡᠬᠢ ᠪᠠᠶᠠᠯᠢᠭ ᠢ | ᠪᠠᠶᠢᠴᠠᠭᠠᠬᠤ᠂ ᠦᠨᠡᠯᠡᠬᠦ ᠪᠠ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠬᠢᠨᠠᠨ ᠬᠡᠮᠵᠢᠵᠦ | ᠰᠡᠷᠡᠮᠵᠢᠯᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠳᠥᠷᠪᠡᠳ ᠬᠤᠰᠢᠭᠤᠨ ᠤ ᠤᠰᠤᠨ ᠤ ᠡᠬᠢ | ᠪᠠᠶᠠᠯᠢᠭ ᠤᠨ ᠠᠯᠪᠠᠨ ᠮᠡᠳᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠵᠦ᠂ | ᠤᠰᠤᠨ ᠤ ᠴᠢᠳᠠᠮᠵᠢᠲᠤ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠬᠤ ᠪᠠ ᠭᠤᠣᠯ ᠳᠤ ᠣᠷᠣᠭᠤᠯᠬᠤ ᠪᠣᠬᠢᠷ | ᠪᠣᠳᠠᠰ ᠭᠠᠳᠠᠭᠰᠢᠯᠠᠭᠤᠯᠬᠤ ᠠᠮᠠ ᠶᠢ ᠪᠠᠶᠢᠷᠢᠯᠠᠭᠤᠯᠬᠤ ᠬᠠᠮᠢᠶᠠᠷᠤᠯᠲᠠ ᠶᠢᠨ ᠠᠵᠢᠯ ᠳᠤ ᠣᠷᠣᠯᠴᠠᠨ᠎ᠠ᠃ᠤᠰᠤ | ᠠᠷᠪᠢᠯᠠᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠤᠰᠤ ᠠᠷᠪᠢᠯᠠᠨ ᠬᠡᠷᠡᠭᠯᠡᠬᠦ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠵᠦ᠂ ᠤᠰᠤ ᠠᠷᠪᠢᠯᠠᠨ | ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠲᠦᠯᠬᠢᠨ ᠠᠬᠢᠭᠤᠯᠬᠤ ᠬᠡᠷᠡᠭᠲᠡᠢ᠃ᠤᠰᠤᠨ ᠤ ᠡᠷᠬᠡ ᠶᠢ ᠬᠤᠳᠠᠯᠳᠤᠨ | ᠠᠪᠴᠤ ᠬᠠᠳᠠᠭᠠᠯᠠᠬᠤ ᠠᠵᠢᠯ ᠢ ᠵᠢᠯᠣᠭᠤᠳᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠨ᠎ᠠ᠃ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠲᠥᠯᠥᠪᠵᠢᠭᠦᠯᠭᠡ᠂ ᠳᠦᠷᠢᠮ ᠲᠣᠭᠲᠠᠭᠠᠯ ᠤᠨ | ᠲᠥᠰᠦᠯ ᠢ ᠬᠠᠷᠢᠭᠤᠴᠠᠨ ᠲᠤᠭᠤᠷᠪᠢᠵᠤ᠂ ᠤᠰᠤᠨ ᠠᠰᠢᠭᠯᠠᠯᠲᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢ | ᠰᠤᠳᠤᠯᠤᠨ ᠲᠣᠭᠲᠠᠭᠠᠬᠤ ᠪᠥᠭᠡᠳ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠤᠰᠤᠨ ᠠᠰᠢᠭᠯᠠᠯᠲᠠ ᠶᠢᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠨ᠎ᠠ᠃ᠵᠠᠰᠠᠭ | ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠶᠢᠨ | ᠠᠵᠢᠯ ᠢ ᠳᠠᠭᠠᠭᠠᠨ ᠬᠢᠨ᠎ᠡ᠃ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠬᠤᠰᠢᠭᠤ ᠠᠯᠤᠰᠯᠠᠭᠰᠠᠨ ᠤᠰᠤᠨ ᠤ | ᠬᠡᠷᠡᠭ ᠤᠨ ᠵᠢᠭᠤᠷᠠᠯᠳᠤᠭᠠᠨ ᠢ ᠵᠣᠬᠢᠴᠠᠭᠤᠯᠵᠤ᠂ ᠤᠰᠤᠨ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠬᠦᠨᠳᠦ | ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ | ( ᠳᠥᠷᠪᠡ ) ᠭᠤᠣᠯ ᠮᠥᠷᠡᠨ ᠨᠠᠭᠤᠷ ᠬᠠᠮᠢᠶᠠᠷᠤᠯᠲᠠ ᠶᠢᠨ ᠠᠯᠪᠠᠨ ᠭᠡᠷ᠃ᠬᠤᠰᠢᠭᠤ ᠭᠤᠣᠯ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ | ᠪᠠᠶᠢᠭᠠᠳ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠵᠣᠬᠢᠴᠠᠭᠤᠯᠬᠤ᠂ | ᠲᠣᠬᠢᠷᠠᠭᠤᠯᠬᠤ᠂ ᠬᠢᠨᠠᠨ ᠵᠢᠯᠣᠭᠤᠳᠬᠤ ᠪᠠ ᠰᠢᠯᠭᠠᠨ ᠬᠢᠨᠠᠵᠤ ᠰᠢᠯᠭᠠᠨ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠤᠨ ᠠᠬᠢᠭᠤᠯᠵᠤ᠂ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠤᠨ ᠬᠠᠮᠢᠶᠠᠷᠤᠯᠲᠠ ᠪᠠ | ᠬᠠᠮᠠᠭᠠᠯᠠᠯᠲᠠ ᠶᠢᠨ ᠠᠵᠢᠯ ᠢ ᠵᠢᠯᠣᠭᠤᠳᠴᠤ᠂ ᠭᠤᠣᠯ ᠮᠥᠷᠡᠨ᠂ ᠨᠠᠭᠤᠷ ᠲᠣᠭᠤᠷᠢᠮ ᠤᠨ ᠬᠠᠶᠢᠷ ᠮᠠᠯᠲᠠᠬᠤ | ᠬᠠᠮᠢᠶᠠᠷᠤᠯᠲᠠ ᠪᠠ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ | ᠬᠡᠷᠡᠭᠲᠡᠢ᠃ | ᠭᠤᠷᠪᠠ᠂ ᠳᠣᠣᠷ᠎ᠠ ᠪᠠᠶᠢᠭᠤᠯᠤᠭᠰᠠᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ᠄ | ( ᠨᠢᠭᠡ ) ᠳᠥᠷᠪᠡᠳ ᠬᠤᠰᠢᠭᠤᠨ ᠤ ᠤᠰᠤ ᠤᠤᠭᠤᠬᠤ ᠢᠨᠵᠧᠨᠧᠷᠢᠩ ᠤᠨ ᠰᠡᠯᠪᠢᠨ ᠵᠠᠰᠠᠬᠤ | ᠦᠢᠯᠡᠴᠢᠯᠡᠭᠡᠨ ᠤ ᠲᠥᠪ ᠳᠥᠷᠪᠡᠳ ᠬᠤᠰᠢᠭᠤᠨ ᠤ ᠤᠰᠤ ᠤᠮᠳᠠ ᠶᠢᠨ ᠢᠨᠵᠧᠨᠧᠷᠢᠭ ᠢ ᠰᠡᠯᠪᠢᠨ ᠵᠠᠰᠠᠬᠤ | ᠦᠢᠯᠡᠴᠢᠯᠡᠭᠡᠨ ᠤ ᠲᠥᠪ ᠨᠢ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠠᠷᠢᠶᠠᠯᠠᠭᠳᠠᠬᠤ | ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ | ᠪᠣᠯᠤᠨ᠎ᠠ᠃ | ᠭᠤᠣᠯ ᠡᠭᠦᠷᠭᠡ ᠬᠠᠷᠢᠭᠤᠴᠠᠯᠭ᠎ᠠ | 1. ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠵᠢᠯ ᠲᠥᠷᠥᠯ ᠤᠨ | ᠬᠠᠮᠢᠶᠠᠷᠤᠯᠲᠠ ᠶᠢᠨ ᠲᠣᠭᠲᠠᠭᠠᠯ ᠢ ᠤᠬᠠᠭᠤᠯᠤᠨ ᠲᠤᠤᠱᠯᠠᠭᠤᠯᠤᠨ ᠬᠡᠷᠡᠭᠵᠢᠭᠦᠯᠵᠦ᠂ ᠤᠰᠤ ᠬᠠᠩᠭᠠᠬᠤ | ᠪᠡᠯᠡᠳᠬᠡᠮᠵᠢ ᠶᠢᠨ ᠠᠶᠤᠯ ᠥᠬᠡᠢ ᠶᠢ ᠬᠠᠮᠠᠭᠠᠯᠠᠨ᠂ ᠰᠡᠯᠪᠢᠨ ᠵᠠᠰᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃ | | 2. ᠤᠤᠭᠤᠬᠤ ᠤᠰᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠭᠰᠠᠨ ᠤ ᠳᠠᠷᠠᠭᠠᠬᠢ ᠡᠳ᠋ ᠬᠥᠷᠥᠩᠭᠡ | ᠬᠢᠭᠡᠳ ᠮᠡᠷᠭᠡᠵᠢᠯ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠠᠵᠢᠯ ᠢ ᠡᠭᠦᠷᠭᠡᠯᠡᠨ᠎ᠡ᠃ | ᠬᠠᠮᠢᠶᠠᠷᠴᠤ ᠬᠠᠮᠠᠭᠠᠯᠠᠬᠤ ᠲᠣᠭᠲᠠᠴᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠲᠡᠭᠦᠯᠳᠡᠷᠵᠢᠭᠦᠯᠦᠨ᠂ | ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠪᠠᠷᠢᠯᠭ᠎ᠠ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠬᠤ | ᠬᠡᠷᠡᠭᠲᠡᠢ᠃ | 3. ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠶᠠᠰᠤ ᠴᠢᠨᠠᠷ ᠤᠨ ᠠᠶᠤᠯ ᠥᠬᠡᠢ ᠶᠢᠨ ᠡᠳᠦᠷ | ᠳᠣᠳᠣᠮ ᠤᠨ ᠵᠢᠯᠣᠭᠤᠳᠴᠤ ᠬᠢᠨᠠᠨ ᠬᠡᠮᠵᠢᠬᠦ ᠠᠵᠢᠯ ᠢ ᠬᠠᠷᠢᠭᠤᠴᠠᠨ ᠰᠠᠶᠢᠲᠤᠷ ᠬᠢᠵᠦ᠂ ᠤᠤᠭᠤᠬᠤ ᠤᠰᠤᠨ ᠤ ᠡᠬᠢ | ᠰᠤᠷᠪᠤᠯᠵᠢ ᠪᠣᠯᠤᠨ ᠲᠠᠷᠢᠶᠠᠯᠠᠬᠤ ᠮᠠᠯᠵᠢᠬᠤ ᠡᠷᠦᠬᠡ ᠶᠢᠨ ᠬᠡᠷᠡᠭᠯᠡᠬᠦ ᠤᠰᠤᠨ ᠤ ᠶᠠᠰᠤ ᠴᠢᠨᠠᠷ ᠤᠨ ᠠᠶᠤᠯ | ᠥᠬᠡᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠠᠩᠭᠠᠬᠤ ᠤᠰᠤᠨ ᠤ ᠶᠠᠰᠤ | ᠴᠢᠨᠠᠷ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠢ᠃ | 4. ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ | ᠪᠡᠯᠡᠳᠬᠡᠮᠵᠢ ᠶᠢ ᠬᠠᠮᠠᠭᠠᠯᠠᠬᠤ᠂ ᠰᠡᠯᠪᠢᠨ ᠵᠠᠰᠠᠬᠤ ᠠᠵᠢᠯ ᠢ ᠡᠭᠦᠷᠭᠡᠯᠡᠨ᠎ᠡ᠃ | 5. ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ | ( ᠬᠤᠶᠠᠷ ) ᠳᠥᠷᠪᠡᠳ ᠬᠤᠰᠢᠭᠤᠨ ᠤ ᠤᠰᠤᠨ ᠴᠥᠭᠦᠷᠥᠮ ᠤᠨ ᠶᠡᠷᠦᠩᠬᠡᠢ ᠪᠠᠲᠤᠯᠠᠭ᠎ᠠ ᠶᠢᠨ ᠲᠥᠪ | ᠳᠥᠷᠪᠡᠳ ᠬᠤᠰᠢᠭᠤᠨ ᠤ ᠤᠰᠤᠨ ᠴᠥᠭᠦᠷᠥᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠬᠤᠰᠢᠭᠤᠨ ᠤ | ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ | ᠨᠢᠭᠡᠳᠦᠭᠡᠷ ᠠᠵᠢᠯ ᠦᠢᠯᠡᠰ ᠤᠨ ᠨᠢᠭᠡᠴᠡ ᠪᠣᠯᠤᠨ᠎ᠠ᠃ᠰᠠᠯᠪᠤᠷᠢ ᠪᠠᠶᠢᠭᠤᠯᠤᠮᠵᠢ᠄ ᠤᠯᠠᠭᠠᠨ ᠬᠤᠸᠠ᠂ ᠴᠢᠤᠸᠠᠨ ᠵᠠᠩ | ᠽᠢ᠂ ᠹᠦ ᠬᠤᠣ ᠽᠢ᠂ ᠪᠠᠶᠠᠨᠰᠢᠯᠢ᠂ ᠶᠢᠨ ᠬᠦᠢ ᠾᠧ ᠤᠰᠤᠨ ᠴᠥᠭᠦᠷᠥᠮ ᠤᠨ ᠲᠥᠪ᠃ | ᠭᠤᠣᠯ ᠡᠭᠦᠷᠭᠡ ᠬᠠᠷᠢᠭᠤᠴᠠᠯᠭ᠎ᠠ | 1. ᠤᠯᠠᠭᠠᠨ ᠬᠤᠸᠠ᠂ ᠴᠢᠤᠸᠠᠨ ᠵᠠᠩ ᠽᠢ᠂ ᠹᠦ ᠬᠤᠣ ᠽᠢ᠂ ᠪᠠᠶᠠᠨᠰᠢᠯᠢ᠂ ᠶᠢᠨ ᠬᠦᠢ ᠾᠧ ᠤᠰᠤᠨ | ᠴᠥᠭᠦᠷᠥᠮ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | 2. ᠤᠰᠤᠨ ᠴᠥᠭᠦᠷᠥᠮ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠥᠰᠦᠯ ᠢ | ᠨᠠᠶᠢᠷᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | 3. ᠤᠰᠤᠨ ᠴᠥᠭᠦᠷᠥᠮ ᠤᠨ ᠤᠰᠤᠨ ᠤ ᠰᠤᠷᠪᠤᠯᠵᠢ ᠶᠢᠨ ᠪᠣᠬᠢᠷᠲᠤᠯ ᠢ ᠰᠡᠷᠭᠡᠶᠢᠯᠡᠵᠦ᠂ ᠤᠰᠤᠨ | ᠴᠥᠭᠦᠷᠥᠮ ᠤᠨ ᠲᠣᠮᠣ ᠬᠠᠰᠢᠯᠭ᠎ᠠ ᠵᠢᠴᠢ ᠳᠠᠭᠠᠯᠲᠠ ᠪᠡᠯᠡᠳᠬᠡᠮᠵᠢ᠂ ᠲᠥᠬᠦᠭᠡᠷᠦᠮᠵᠢ ᠶᠢᠨ ᠪᠠᠶᠢᠴᠠᠭᠠᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠬᠢᠵᠦ᠂ ᠤᠰᠤᠨ ᠴᠥᠭᠦᠷᠥᠮ ᠤᠨ ᠬᠡᠪ ᠤᠨ ᠠᠵᠢᠯᠯᠠᠭᠠᠨ ᠢ ᠪᠠᠲᠤᠯᠠᠵᠤ᠂ | ᠤᠰᠤᠨ ᠴᠥᠭᠦᠷᠥᠮ ᠤᠨ ᠠᠶᠤᠯ ᠥᠬᠡᠢ᠂ ᠥᠨᠳᠥᠷ ᠦᠷ᠎ᠡ ᠪᠦᠲᠦᠮᠵᠢᠲᠡᠢ᠂ ᠳᠣᠣᠷ᠎ᠠ ᠬᠤᠷᠣᠭᠳᠠᠯ ᠢᠶᠠᠷ | ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ | 4. ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ | ( ᠭᠤᠷᠪᠠ ) ᠳᠥᠷᠪᠡᠳ ᠬᠤᠰᠢᠭᠤᠨ ᠤ ᠾᠧ ᠬᠤ` ᠨᠠᠭᠤᠷ ᠬᠢᠭᠡᠳ ᠦᠶᠡᠷ ᠢ ᠰᠡᠷᠭᠡᠶᠢᠯᠡᠵᠦ ᠭᠠᠩ ᠢ | ᠡᠰᠡᠷᠭᠦᠴᠡᠬᠦ ᠦᠢᠯᠡᠴᠢᠯᠡᠭᠡᠨ ᠤ ᠲᠥᠪ ᠳᠥᠷᠪᠡᠳ ᠬᠤᠰᠢᠭᠤᠨ ᠤ ᠭᠤᠣᠯ ᠨᠠᠭᠤᠷ ᠪᠠ ᠦᠶᠡᠷ ᠢ ᠰᠡᠷᠭᠡᠶᠢᠯᠡᠵᠦ | ᠭᠠᠩ ᠢ ᠡᠰᠡᠷᠭᠦᠴᠡᠬᠦ ᠦᠢᠯᠡᠴᠢᠯᠡᠭᠡᠨ ᠤ ᠲᠥᠪ ᠪᠣᠯ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ | ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ | ᠦᠢᠯᠡᠰ ᠤᠨ ᠨᠢᠭᠡᠴᠡ ᠪᠣᠯᠤᠨ᠎ᠠ᠃ | ᠭᠤᠣᠯ ᠡᠭᠦᠷᠭᠡ ᠬᠠᠷᠢᠭᠤᠴᠠᠯᠭ᠎ᠠ | 1. ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠴᠢᠨᠠᠷᠲᠠᠢ᠂ ᠲᠤᠰᠠᠯᠠᠬᠤ ᠴᠢᠨᠠᠷᠲᠠᠢ᠂ | ᠦᠢᠯᠡᠴᠢᠯᠡᠭᠡᠨ ᠤ ᠴᠢᠨᠠᠷᠲᠠᠢ ᠠᠵᠢᠯ ᠢ ᠡᠭᠦᠷᠭᠡᠯᠡᠨ᠎ᠡ ;ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢ | ᠬᠠᠮᠵᠢᠨ ᠤᠰᠤ ᠭᠠᠩ ᠤᠨ ᠭᠠᠮᠰᠢᠭ ᠢ ᠰᠡᠷᠭᠡᠶᠢᠯᠡᠬᠦ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ | 2. ᠪᠦᠬᠦ ᠬᠤᠰᠢᠭᠤᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠲᠥᠰᠦᠯ᠂ ᠲᠥᠰᠦᠯ ᠢ ᠨᠠᠶᠢᠷᠠᠭᠤᠯᠤᠨ | ᠵᠣᠬᠢᠶᠠᠬᠤ ᠳᠤ ᠣᠷᠣᠯᠴᠠᠨ᠎ᠠ ;ᠤᠰᠤ ᠭᠠᠩ ᠤᠨ ᠭᠠᠮᠰᠢᠭ ᠢ ᠰᠡᠷᠭᠡᠶᠢᠯᠡᠬᠦ᠂ ᠠᠶᠤᠯᠠ᠋ᠴᠠ ᠠᠪᠤᠷᠠᠬᠤ᠂ ᠠᠪᠤᠷᠠᠨ | ᠲᠤᠰᠠᠯᠠᠬᠤ ᠡᠳ᠋ ᠪᠠᠷᠠᠭ᠎ᠠ ᠨᠥᠭᠡᠴᠡᠯᠡᠬᠦ᠂ ᠠᠷᠠᠴᠢᠯᠠᠨ ᠬᠠᠮᠠᠭᠠᠯᠠᠬᠤ᠂ ᠰᠢᠯᠵᠢᠭᠦᠯᠦᠨ ᠬᠡᠷᠡᠭᠯᠡᠬᠦ ᠵᠡᠷᠭᠡ ᠠᠵᠢᠯ ᠢ | ᠡᠭᠦᠷᠭᠡᠯᠡᠨ᠎ᠡ᠃ | 3. ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ᠂ ᠦᠶᠡᠷ ᠤᠨ ᠤᠰᠤᠨ ᠤ ᠲᠦᠭᠰᠢᠭᠦᠷᠢ ᠶᠢ | ᠦᠨᠡᠯᠡᠨ ᠵᠢᠱᠢᠬᠦ᠂ ᠤᠰᠤ ᠭᠠᠩ ᠤᠨ ᠭᠠᠮᠰᠢᠭ ᠢ ᠦᠨᠡᠯᠡᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ ;ᠪᠦᠬᠦ | ᠬᠤᠰᠢᠭᠤᠨ ᠤ ᠤᠰᠤᠨ ᠤ ᠪᠠᠶᠢᠳᠠᠯ᠂ ᠪᠣᠷᠣᠭᠠᠨ ᠤ ᠪᠠᠶᠢᠳᠠᠯ ᠵᠡᠷᠭᠡ ᠰᠤᠷᠠᠭ ᠵᠠᠩᠭᠢ ᠶᠢ ᠴᠤᠭᠯᠠᠭᠤᠯᠤᠨ ᠡᠮᠬᠢᠯᠡᠬᠦ᠂ | ᠤᠰᠤ ᠭᠠᠩ ᠤᠨ ᠭᠠᠮᠰᠢᠭ ᠢ ᠪᠦᠷᠢᠳᠬᠡᠬᠦ᠂ ᠤᠰᠤ ᠭᠠᠩ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠦᠷ᠎ᠡ ᠠᠰᠢᠭ | ᠬᠢᠭᠡᠳ ᠭᠠᠮᠰᠢᠭ ᠢ ᠪᠠᠭᠠᠰᠬᠠᠬᠤ ᠦᠷ᠎ᠡ ᠠᠰᠢᠭ ᠢ ᠦᠨᠡᠯᠡᠨ ᠵᠢᠱᠢᠬᠦ ᠵᠡᠷᠭᠡ ᠠᠵᠢᠯ ᠢ ᠡᠭᠦᠷᠭᠡᠯᠡᠨ᠎ᠡ᠃ | 4. ᠪᠦᠬᠦ ᠬᠤᠰᠢᠭᠤᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠴᠢᠮᠡᠭᠡ ᠬᠤᠯᠪᠣᠭ᠎ᠠ᠂ ᠦᠶᠡᠷ ᠤᠨ | ᠲᠦᠭᠰᠢᠭᠦᠷᠢ ᠶᠢᠨ ᠵᠢᠷᠤᠭ ᠢ ᠨᠠᠶᠢᠷᠠᠭᠤᠯᠤᠨ ᠵᠣᠬᠢᠶᠠᠵᠤ ᠬᠡᠷᠡᠭᠯᠡᠬᠦ᠂ ᠪᠣᠷᠣᠭᠠᠨ ᠤ ᠤᠰᠤᠨ ᠤ ᠪᠠᠶᠢᠳᠠᠯ ᠤᠨ | ᠮᠡᠷᠭᠡᠵᠢᠯ ᠮᠣᠳᠣ ᠶᠢ ᠰᠢᠯᠭᠠᠨ ᠪᠠᠶᠢᠴᠠᠭᠠᠬᠤ ᠪᠠ ᠤᠷᠢᠳᠴᠢᠯᠠᠨ ᠰᠡᠷᠡᠮᠵᠢᠯᠡᠭᠦᠯᠬᠦ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ | 5. ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠮᠡᠳᠡᠭᠡ ᠵᠠᠩᠭᠢ᠂ ᠲᠣᠪᠴᠢ ᠮᠡᠳᠡᠭᠡ ᠵᠡᠷᠭᠡ ᠠᠵᠢᠯ ᠢ | ᠬᠠᠷᠢᠭᠤᠴᠠᠨ᠎ᠠ᠃ | 6. ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ | ᠪᠦᠬᠦᠢ ᠠᠵᠢᠯ ᠢ ᠡᠭᠦᠷᠭᠡᠯᠡᠨ᠎ᠡ᠃ | ( ᠳᠥᠷᠪᠡ ) ᠳᠥᠷᠪᠡᠳ ᠬᠤᠰᠢᠭᠤᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠦᠢᠯᠡᠴᠢᠯᠡᠭᠡᠨ ᠤ ᠲᠥᠪ ᠳᠥᠷᠪᠡᠳ ᠬᠤᠰᠢᠭᠤᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠦᠢᠯᠡᠴᠢᠯᠡᠭᠡᠨ ᠤ ᠲᠥᠪ ᠪᠣᠯ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠠᠷᠢᠶᠠᠯᠠᠭᠳᠠᠬᠤ | ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ | ᠪᠣᠯᠤᠨ᠎ᠠ᠃ | ᠭᠤᠣᠯ ᠡᠭᠦᠷᠭᠡ ᠬᠠᠷᠢᠭᠤᠴᠠᠯᠭ᠎ᠠ | 1. ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤ | ᠣᠷᠣᠯᠴᠠᠬᠤ ᠬᠤᠯᠪᠣᠭᠳᠠᠯ ᠪᠦᠬᠦᠢ ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ | 2. ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ | ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠵᠦ᠂ ᠲᠣᠭᠲᠠᠭᠠᠭᠰᠠᠨ ᠡᠷᠬᠡ ᠮᠠᠲᠠᠯ ᠤᠨ | ᠬᠡᠪᠴᠢᠶ᠎ᠡ ᠶᠣᠰᠣᠭᠠᠷ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠩᠬ᠎ᠠ ᠠᠯᠬᠤᠮ ᠤᠨ ᠵᠢᠷᠤᠭ | ᠲᠥᠯᠥᠪᠯᠡᠭᠡ ᠳᠤ ᠬᠢᠨᠠᠨ ᠪᠠᠶᠢᠴᠠᠭᠠᠯᠲᠠ ᠬᠢᠨ᠎ᠡ ;ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠶᠤᠯ ᠥᠬᠡᠢ | ᠦᠢᠯᠡᠳᠪᠦᠷᠢᠯᠡᠯ ᠵᠢᠴᠢ ᠶᠠᠰᠤ ᠴᠢᠨᠠᠷ ᠤᠨ ᠠᠳᠡᠯ ᠢ ᠪᠠᠶᠢᠴᠠᠭᠠᠬᠤ ᠵᠡᠷᠭᠡ ᠮᠡᠷᠭᠡᠵᠢᠯ ᠤᠨ ᠲᠤᠯᠭᠠᠭᠤᠷᠢᠯᠠᠬᠤ ᠠᠵᠢᠯ ᠢ | ᠡᠭᠦᠷᠭᠡᠯᠡᠨ᠎ᠡ᠃ | 3. ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠪᠣᠯᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠳᠤ ᠣᠷᠣᠯᠴᠠᠨ᠎ᠠ᠃ | 4. ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯ ᠥᠬᠡᠢ ᠦᠢᠯᠡᠳᠪᠦᠷᠢᠯᠡᠯ ᠤᠨ ᠠᠵᠢᠯ ᠳᠤ | ᠣᠷᠣᠯᠴᠠᠨ᠎ᠠ᠃ | 5. ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ | ( ᠲᠠᠪᠤ ) ᠳᠥᠷᠪᠡᠳ ᠬᠤᠰᠢᠭᠤᠨ ᠤ ᠤᠰᠤᠨ ᠠᠰᠢᠭᠯᠠᠯᠲᠠ ᠶᠢᠨ ᠮᠡᠷᠭᠡᠵᠢᠯ ᠤᠨ ᠦᠢᠯᠡᠯᠴᠢᠯᠡᠭᠡᠨ ᠶᠢᠨ | ᠲᠥᠪ ᠳᠥᠷᠪᠡᠳ ᠬᠤᠰᠢᠭᠤᠨ ᠤ ᠤᠰᠤᠨ ᠠᠰᠢᠭᠯᠠᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠲᠥᠪ ᠪᠣᠯ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ | ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ | ᠭᠤᠣᠯ ᠡᠭᠦᠷᠭᠡ ᠬᠠᠷᠢᠭᠤᠴᠠᠯᠭ᠎ᠠ | 1. ᠤᠰᠤᠨ ᠠᠰᠢᠭᠯᠠᠯᠲᠠ ᠶᠢᠨ ᠰᠢᠨ᠎ᠡ ᠮᠡᠷᠭᠡᠵᠢᠯ ᠣᠷᠣᠭᠤᠯᠵᠤ ᠢᠷᠡᠬᠦ᠂ ᠳᠡᠯᠭᠡᠷᠡᠭᠦᠯᠦᠨ ᠬᠡᠷᠡᠭᠯᠡᠬᠦ ᠶᠢ | ᠡᠭᠦᠷᠭᠡᠯᠡᠨ᠂ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠠᠬᠢ ᠮᠡᠷᠭᠡᠵᠢᠯ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠠᠮᠢᠶᠠᠷᠴᠤ ᠬᠡᠷᠡᠭᠵᠢᠭᠦᠯᠦᠨ᠎ᠡ᠃ | 2. ᠤᠰᠤᠨ ᠠᠰᠢᠭᠯᠠᠯᠲᠠ ᠶᠢᠨ ᠮᠡᠷᠭᠡᠵᠢᠯ ᠤᠨ ᠬᠥᠭᠵᠢᠯᠲᠡ ᠶᠢᠨ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ᠂ ᠮᠡᠷᠭᠡᠵᠢᠯ ᠤᠨ ᠳᠠᠭᠠᠭᠤᠯᠤᠭᠴᠢ ᠶᠢ ᠬᠥᠮᠦᠵᠢᠭᠦᠯᠬᠦ ᠠᠵᠢᠯ ᠳᠤ ᠣᠷᠣᠯᠴᠠᠵᠤ᠂ ᠣᠨ ᠤ ᠤᠰᠤᠨ | ᠠᠰᠢᠭᠯᠠᠯᠲᠠ ᠶᠢᠨ ᠮᠡᠷᠭᠡᠵᠢᠯ ᠤᠨ ᠰᠢᠨ᠎ᠡ ᠰᠡᠳᠦᠪ ᠢ ᠮᠡᠳᠡᠭᠦᠯᠬᠦ᠂ ᠪᠠᠶᠢᠴᠠᠭᠠᠬᠤ ᠪᠠ ᠬᠠᠮᠢᠶ᠎ᠠ ᠪᠦᠬᠦᠢ ᠬᠢᠨᠠᠨ | ᠲᠣᠭᠲᠠᠭᠠᠬᠤ ᠠᠵᠢᠯ ᠢ ᠵᠣᠬᠢᠶᠠᠨ ᠪᠠᠶᠢᠭᠤᠯᠬᠤ ᠳᠤ ᠣᠷᠣᠯᠴᠠᠬᠤ ᠬᠡᠷᠡᠭᠲᠡᠢ᠃ | 3. ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠤᠨ ᠴᠢᠨᠠᠷᠲᠠᠢ | ᠬᠢᠨᠠᠨ ᠪᠠᠶᠢᠴᠠᠭᠠᠬᠤ ᠵᠡᠷᠭᠡ ᠮᠡᠷᠭᠡᠵᠢᠯ ᠤᠨ ᠦᠢᠯᠡᠴᠢᠯᠡᠭᠡᠨ ᠪᠠ ᠤᠰᠤᠨ ᠠᠰᠢᠭᠯᠠᠯᠲᠠ ᠶᠢᠨ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯ ᠢ ᠡᠭᠦᠷᠭᠡᠯᠡᠨ᠎ᠡ᠃ | 4. ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠶᠠᠰᠤ ᠴᠢᠨᠠᠷ ᠢ ᠥᠪᠡᠷ ᠲᠡᠭᠡᠨ | ᠪᠠᠶᠢᠴᠠᠭᠠᠵᠤ ᠥᠪᠡᠷ ᠲᠡᠭᠡᠨ ᠰᠢᠯᠭᠠᠬᠤ ᠡᠭᠦᠷᠭᠡ ᠶᠢ ᠡᠭᠦᠷᠭᠡᠯᠡᠨ᠎ᠡ᠃ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠤᠰᠤ ᠬᠠᠳᠠᠭᠠᠯᠠᠬᠤ ᠠᠶᠤᠯ ᠥᠬᠡᠢ ᠶᠢᠨ ᠬᠢᠨᠠᠨ ᠲᠣᠭᠲᠠᠭᠠᠯᠲᠠ ᠪᠠ ᠥᠪᠡᠷ ᠲᠡᠭᠡᠨ ᠬᠤᠷᠢᠶᠠᠬᠤ ᠠᠵᠢᠯ ᠢ | ᠥᠷᠨᠢᠭᠦᠯᠦᠨ᠎ᠡ᠃ᠵᠠᠰᠠᠭ ᠤᠨ ᠭᠠᠵᠠᠷᠠ᠋ᠴᠠ ᠤᠰᠤᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠳᠤ ᠬᠥᠷᠥᠩᠭᠡ | ᠣᠷᠣᠭᠤᠯᠬᠤ ᠲᠥᠰᠦᠯ ᠤᠨ ᠡᠬᠢᠨ ᠤ ᠡᠭᠡᠯᠵᠢ ᠶᠢᠨ ᠠᠵᠢᠯ ᠢ ᠬᠠᠷᠢᠭᠤᠴᠠᠬᠤ᠃ | 5. ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ | ( ᠵᠢᠷᠭᠤᠭ᠎ᠠ ) ᠳᠥᠷᠪᠡᠳ ᠬᠤᠰᠢᠭᠤᠨ ᠤ ᠬᠥᠷᠥᠰᠥ ᠰᠢᠷᠣᠢ ᠬᠠᠮᠠᠭᠠᠯᠠᠬᠤ ᠦᠢᠯᠡᠴᠢᠯᠡᠭᠡᠨ ᠤ ᠲᠥᠪ | ᠳᠥᠷᠪᠡᠳ ᠬᠤᠰᠢᠭᠤᠨ ᠤ ᠬᠥᠷᠥᠰᠥ ᠰᠢᠷᠣᠢ ᠬᠠᠮᠠᠭᠠᠯᠠᠬᠤ ᠦᠢᠯᠡᠴᠢᠯᠡᠭᠡᠨ ᠤ ᠲᠥᠪ ᠪᠣᠯ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ | ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ | ᠭᠤᠣᠯ ᠡᠭᠦᠷᠭᠡ ᠬᠠᠷᠢᠭᠤᠴᠠᠯᠭ᠎ᠠ | 1. 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ | ᠬᠠᠤᠯᠢ 》 ᠬᠢᠭᠡᠳ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ | ᠃ | 2. ᠪᠦᠬᠦ ᠬᠤᠰᠢᠭᠤᠨ ᠤ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ | ᠬᠢᠨᠠᠯᠲᠠ ᠲᠠᠯᠪᠢᠵᠤ ᠬᠠᠮᠢᠶᠠᠷᠬᠤ ᠪᠠ ᠬᠢᠨᠠᠨ ᠬᠡᠮᠵᠢᠵᠦ ᠦᠨᠡᠯᠡᠬᠦ ᠮᠡᠷᠭᠡᠵᠢᠯ ᠤᠨ ᠲᠤᠯᠭᠠᠭᠤᠷᠢᠯᠠᠬᠤ ᠠᠵᠢᠯ ᠢ | ᠡᠭᠦᠷᠭᠡᠯᠡᠨ᠎ᠡ᠃ | 3. ᠪᠦᠬᠦ ᠬᠤᠰᠢᠭᠤᠨ ᠤ ᠬᠥᠷᠥᠰᠥ ᠰᠢᠷᠣᠢ ᠶᠢ ᠬᠠᠮᠠᠭᠠᠯᠠᠬᠤ ᠲᠥᠯᠥᠪᠵᠢᠭᠦᠯᠭᠡ ᠶᠢ ᠬᠡᠷᠡᠭᠵᠢᠭᠦᠯᠬᠦ ᠪᠠ | ᠬᠢᠨᠠᠨ ᠰᠢᠯᠭᠠᠵᠤ ᠦᠨᠡᠯᠡᠨ ᠵᠢᠱᠢᠬᠦ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | 4. ᠪᠦᠬᠦ ᠬᠤᠰᠢᠭᠤᠨ ᠤ ᠬᠥᠷᠥᠰᠥ ᠰᠢᠷᠣᠢ ᠶᠢᠨ ᠢᠳᠡᠭᠳᠡᠯ ᠢ ᠪᠠᠶᠢᠴᠠᠭᠠᠬᠤ᠂ ᠬᠥᠳᠡᠯᠦᠩᠭᠦᠢ ᠬᠢᠨᠠᠨ | ᠬᠡᠮᠵᠢᠬᠦ᠂ ᠤᠷᠢᠳᠴᠢᠯᠠᠨ ᠮᠡᠳᠡᠭᠡᠯᠡᠬᠦ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | 5. ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ | ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ᠄ 0474 —52143355 | ᠵᠢᠵᠢᠭᠦᠷ ᠤᠨ ᠲᠠᠰᠤᠭ᠄ 0474 —52028755 | ᠠᠵᠢᠯᠯᠠᠬᠤ ᠴᠠᠭ᠄ 9᠄ 00—12᠄ 00᠂ 14᠄ 30—18᠄ 00 ( ᠭᠠᠷᠠᠭ ᠤᠨ ᠨᠢᠭᠡᠨ ᠠᠴᠠ ᠭᠠᠷᠠᠭ ᠤᠨ | ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷᠡᠴᠡ | ᠭᠠᠳᠠᠨ᠎ᠠ ) | ᠪᠠᠶᠢᠭᠤᠯᠭ᠎ᠠ ᠶᠢᠨ ᠬᠠᠶᠢᠭ : ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠰᠢᠩᠭᠤᠸᠠ ᠵᠡᠭᠡᠯᠢ | ᠨᠢᠭᠡᠴᠢ | ᠰᠢᠤᠳᠠᠨ ᠬᠠᠶᠢᠷᠴᠠᠭ᠄ szwliyun@163. com | ᠬᠠᠷᠢᠭᠤᠴᠠᠯᠭᠠᠲᠠᠨ᠄ ᠥᠯᠵᠡᠢ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |