ᠳᠥᠷᠪᠡᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/11/1
       ᠳᠥᠷᠪᠡᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ       ᠳᠥᠷᠪᠡᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠳᠡᠰ ᠪᠣᠯᠤᠨ᠎ᠠ᠃ ᠳᠥᠷᠪᠡ ᠳᠤ ᠬᠤᠰᠢᠭᠤᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃      ᠨᠢᠭᠡ᠂ ᠭᠤᠣᠯ ᠡᠭᠦᠷᠭᠡ ᠬᠠᠷᠢᠭᠤᠴᠠᠯᠭ᠎ᠠ᠄      ( ᠨᠢᠭᠡ ) ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠰᠠᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ᠬᠤᠯᠪᠣᠭᠳᠠᠯ ᠪᠦᠬᠦᠢ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠢ᠂ ᠡᠷᠬᠡ ᠲᠡᠭᠰᠢ  ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠨ᠎ᠠ᠃       ( ᠬᠤᠶᠠᠷ ) ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠢ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ᠪᠦᠬᠦ ᠬᠤᠰᠢᠭᠤᠨ ᠤ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠪᠠ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠪᠠᠶᠢᠭᠤᠯᠭ᠎ᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠲᠡᠮᠳᠡᠭᠯᠡᠬᠦ ᠠᠵᠢᠯ ᠢ ᠬᠠᠷᠢᠭᠤᠴᠠᠨ᠎ᠠ᠃ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠤᠨ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠵᠠᠷᠯᠠᠬᠤ ᠪᠠ ᠬᠠᠮᠲᠤᠪᠠᠷ ᠬᠦᠷᠲᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ          ( ᠭᠤᠷᠪᠠ ) ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠬᠤ ᠪᠠ ᠵᠢᠯᠣᠭᠤᠳᠤᠨ᠎ᠠ᠃ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠨᠡᠶᠢᠯᠡᠭᠦᠯᠬᠦ ᠪᠠ ᠪᠠᠶᠢᠭᠤᠯᠬᠤ ᠶᠢ ᠵᠢᠯᠣᠭᠤᠳᠴᠤ᠂ ᠵᠠᠬ᠎ᠠ ᠳᠡᠯᠭᠡᠭᠦᠷ ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ᠡᠷᠬᠡ ᠮᠠᠲᠠᠯ ᠤᠨ ᠬᠡᠪᠴᠢᠶ᠎ᠡ ᠪᠠᠷ ᠢᠶᠠᠨ ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃         ( ᠳᠥᠷᠪᠡ ) ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ᠂ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠤᠯᠪᠣᠭᠳᠠᠯ ᠪᠦᠬᠦᠢ ᠪᠠᠶᠢᠴᠠᠭᠠᠯᠲᠠ ᠶᠢ ᠥᠷᠨᠢᠭᠦᠯᠦᠨ᠎ᠡ᠃ᠥᠷᠢᠰᠦᠯᠳᠦᠭᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃        ( ᠲᠠᠪᠤ ) ᠵᠠᠬ᠎ᠠ ᠳᠡᠯᠭᠡᠭᠦᠷ ᠤᠨ ᠡᠮᠬᠢ ᠳᠢᠭᠯᠢᠮ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠲᠣᠣᠷ ᠰᠦᠯᠵᠢᠶᠡᠨ ᠤ ᠲᠠᠸᠠᠷ ᠤᠨ ᠠᠷᠠᠯᠵᠢᠶ᠎ᠠ ᠬᠢᠭᠡᠳ ᠬᠤᠯᠪᠣᠭᠳᠠᠯ ᠪᠦᠬᠦᠢ ᠦᠢᠯᠡᠴᠢᠯᠡᠭᠡ ᠶᠢᠨ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠎ᠠ᠃ᠦᠨ᠎ᠡ ᠬᠠᠩᠰᠢ ᠰᠦᠢᠳᠬᠡᠯ ᠬᠤᠷᠢᠶᠠᠬᠤ ᠳᠤ ᠬᠠᠤᠯᠢ ᠲᠣᠭᠲᠠᠭᠠᠯ‌‍ᠠ᠋ᠴᠠ ᠵᠥᠷᠢᠴᠡᠭᠰᠡᠨ᠂ ᠵᠦᠢ ᠵᠣᠬᠢᠰ ᠥᠬᠡᠢ ᠥᠷᠢᠰᠦᠯᠳᠦᠬᠦ᠂ ᠬᠠᠤᠯᠢ᠊_‍ᠠ᠋ᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠢ᠃ᠦᠨᠡᠮᠯᠡᠯ ᠥᠬᠡᠢ ᠪᠠᠷ ᠦᠢᠯᠡᠳᠪᠦᠷᠢᠯᠡᠵᠦ ᠡᠵᠡᠩᠨᠡᠬᠦ ᠪᠠ ᠬᠠᠮᠢᠶ᠎ᠠ ᠪᠦᠬᠦᠢ ᠦᠨᠡᠮᠯᠡᠯ ᠥᠬᠡᠢ ᠪᠠᠷ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃        ( ᠵᠢᠷᠭᠤᠭ᠎ᠠ ) ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ᠶᠠᠰᠤ ᠴᠢᠨᠠᠷ ᠤᠨ ᠬᠥᠭᠵᠢᠯᠲᠡ ᠶᠢᠨ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠯᠬᠢᠨ ᠠᠬᠢᠭᠤᠯᠤᠨ᠎ᠠ᠃ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠢ ᠲᠥᠯᠥᠪᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠠᠭᠰᠠᠨ ᠡᠷᠬᠡ ᠮᠠᠲᠠᠯ ᠤᠨ ᠶᠣᠰᠣᠭᠠᠷ ᠬᠦᠨᠳᠦ ᠶᠡᠭᠡ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠂ ᠭᠡᠮ ᠰᠣᠭᠤᠭ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠦᠢᠯᠡᠳᠬᠦᠨ ᠤ ᠬᠤᠳᠠᠯ ᠬᠠᠭᠤᠷᠮᠠᠭ ᠴᠢᠨᠠᠷ ᠠᠴᠠ ᠰᠡᠷᠭᠡᠶᠢᠯᠡᠬᠦ ᠠᠵᠢᠯ ᠢ ᠬᠢᠨᠠᠯᠲᠠ ᠲᠠᠯᠪᠢᠨ ᠬᠠᠮᠢᠶᠠᠷᠤᠨ᠎ᠠ᠃       ( ᠳᠣᠯᠤᠭ᠎ᠠ ) ᠦᠢᠯᠡᠳᠬᠦᠨ ᠤ ᠶᠠᠰᠤ ᠴᠢᠨᠠᠷ ᠤᠨ ᠠᠶᠤᠯ ᠥᠬᠡᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ᠦᠢᠯᠡᠳᠬᠦᠨ ᠤ ᠶᠠᠰᠤ ᠴᠢᠨᠠᠷ ᠤᠨ ᠠᠶᠤᠯ ᠥᠬᠡᠢ ᠶᠢᠨ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠤᠨ᠎ᠠ᠃ᠳᠥᠷᠪᠡᠳ ᠬᠤᠰᠢᠭᠤᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠶᠠᠰᠤ ᠴᠢᠨᠠᠷ ᠤᠨ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠤ ᠨᠡᠬᠡᠮᠵᠢᠯᠡᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠶᠢᠨ ᠠᠵᠢᠯ ᠪᠣᠯᠤᠨ ᠰᠢᠷᠬᠡᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃        ( ᠨᠠᠢᠮᠠ ) ᠣᠨᠴᠣᠭᠤᠢ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ᠣᠨᠴᠣᠭᠤᠢ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠡᠭᠡ ᠬᠤᠷᠣᠭᠳᠠᠭᠤᠯᠬᠤ ᠣᠨᠴᠠ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠭᠦᠸᠧᠯᠦ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃         ( ᠶᠢᠰᠤ  ) ᠢᠳᠡᠭᠡᠨ ᠤ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃  ᠢᠳᠡᠭᠡᠨ ᠤ ᠠᠮᠤᠷ ᠲᠦᠪᠰᠢᠨ ᠤ ᠳᠦᠷᠢᠮ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ᠢᠳᠡᠭᠡᠨ ᠤ ᠠᠶᠤᠯ ᠥᠬᠡᠢ ᠶᠢᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠶᠤᠯ ᠥᠬᠡᠢ ᠶᠢᠨ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠢᠳᠡᠭᠡᠨ ᠤ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ᠳᠥᠷᠪᠡᠳ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠳᠦᠷ ᠳᠣᠳᠣᠮ ᠤᠨ ᠠᠵᠢᠯ ᠢ ᠡᠭᠦᠷᠭᠡᠯᠡᠵᠦ᠃        ( ᠠᠷᠪᠠ ) ᠢᠳᠡᠭᠡᠨ ᠤ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ᠢᠳᠡᠭᠡᠨ ᠤ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠭᠡ ᠶᠢᠨ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠨ ᠪᠠᠶᠢᠴᠠᠭᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠠᠯᠳᠠ ᠭᠡᠮ ᠢ ᠵᠢᠭᠰᠡᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠤᠨ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ᠎ᠡ᠃ᠢᠳᠡᠭᠡᠨ ᠦᠢᠯᠡᠳᠪᠦᠷᠢᠯᠡᠵᠦ ᠡᠵᠡᠩᠨᠡᠭᠴᠢᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ᠢᠳᠡᠭᠡᠨ ᠤ ᠠᠶᠤᠯ ᠥᠬᠡᠢ ᠶᠢᠨ ᠬᠢᠨᠠᠯᠲᠠ ᠲᠠᠯᠪᠢᠵᠤ ᠰᠣᠭᠤᠴᠠᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠢᠨᠠᠨ ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠣᠭᠤᠢ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        (  ᠠᠷᠪᠠᠨ ᠨᠢᠭᠡ ) ᠪᠦᠬᠦ ᠬᠤᠰᠢᠭᠤᠨ ᠤ ᠬᠡᠮᠵᠢᠯᠲᠡ ᠶᠢᠨ ᠠᠵᠢᠯ ᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ᠤᠯᠤᠰ ᠤᠨ ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠡ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠶᠢᠨ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠬᠢᠨᠠᠯᠲᠠ ᠲᠠᠯᠪᠢᠨ᠎ᠠ᠃        ( ᠠᠷᠪᠠᠨ ᠬᠤᠶᠠᠷ ) ᠪᠦᠬᠦ ᠬᠤᠰᠢᠭᠤᠨ ᠤ ᠪᠠᠷᠢᠮᠵᠢᠶᠠᠵᠢᠭᠰᠠᠨ ᠠᠵᠢᠯ ᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ᠳᠥᠷᠪᠡᠳ ᠬᠤᠰᠢᠭᠤᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠪᠠ ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠵᠤ᠃ᠪᠦᠯᠬᠦᠮ ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠵᠢᠴᠢ ᠨᠡᠶᠢᠭᠡᠮ ᠳᠤ ᠢᠯᠡ ᠪᠣᠯᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠬᠡᠷᠡᠭᠲᠡᠢ᠃ᠪᠠᠷᠢᠮᠵᠢᠶᠠᠵᠢᠭᠤᠯᠬᠤ ᠲᠤᠷᠰᠢᠯᠲᠠ ᠶᠢᠨ ᠴᠠᠭ ᠤᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶ᠋ᠢᠭᠤᠯᠥᠨ ᠥᠷᠨᠢᠭᠦᠯᠵᠦ᠂ ᠪᠠᠷᠢᠮᠵᠢᠶ᠎ᠠ ᠶᠢ ᠬᠡᠷᠡᠭᠵᠢᠭᠦᠯᠬᠦ ᠶᠢᠨ ᠬᠢᠨᠠᠯᠲᠠ ᠲᠠᠯᠪᠢᠵᠤ ᠪᠠᠶ᠋ᠢᠴᠠᠭᠠᠨ᠎ᠠ᠃ᠪᠠᠷᠢᠮᠵᠢᠶᠠᠵᠢᠭᠤᠯᠵᠤ ᠵᠣᠬᠢᠴᠠᠭᠤᠯᠬᠤ ᠲᠣᠭᠲᠠᠴᠠ ᠶᠢᠨ ᠡᠳᠦᠷ ᠳᠣᠳᠣᠮ ᠤᠨ ᠠᠵᠢᠯ ᠢ ᠬᠠᠷᠢᠭᠤᠴᠠᠨ᠎ᠠ᠃        ( ᠠᠷᠪᠠᠨ ᠭᠤᠷᠪᠠ ) ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠤᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃       (  ᠠᠷᠪᠠᠨ ᠳᠥᠷᠪᠡ ) ᠪᠦᠬᠦ ᠬᠤᠰᠢᠭᠤᠨ ᠤ ᠭᠡᠷᠡᠴᠢ ᠦᠨᠡᠮᠯᠡᠯ ᠢ ᠭᠡᠷᠡᠴᠢᠯᠡᠬᠦ ᠠᠵᠢᠯ ᠢ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ᠲᠣᠭᠲᠠᠭᠠᠭᠰᠠᠨ ᠡᠷᠬᠡ ᠮᠠᠲᠠᠯ ᠤᠨ ᠶᠣᠰᠣᠭᠠᠷ᠂ ᠬᠠᠮᠢᠶ᠎ᠠ ᠪᠦᠬᠦᠢ ᠭᠡᠷᠡᠴᠢᠯᠡᠭᠡ ᠬᠢᠬᠦ ᠳᠤ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ᠃        (  ᠠᠷᠪᠠᠨ ᠲᠠᠪᠤ ) ᠪᠦᠬᠦ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ᠳᠥᠷᠪᠡᠳ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃        ( ᠠᠷᠪᠠᠨ ᠵᠢᠷᠭᠤᠭ᠎ᠠ ) ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠬᠦ ᠬᠡᠷᠡᠭᠲᠡᠢ᠃ᠳᠥᠷᠪᠡᠳ ᠬᠤᠰᠢᠭᠤᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠲᠤᠰᠬᠠᠢ ᠲᠥᠷᠥᠯ ᠤᠨ ᠪᠡᠯᠡ ᠮᠥᠩᠭᠦ ᠶᠢ ᠬᠠᠮᠢᠶᠠᠷᠴᠤ᠂ ᠲᠤᠰᠬᠠᠢ ᠠᠰᠢᠭ ᠢ ᠬᠤᠪᠢᠷᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠮᠡᠳᠡᠯᠭᠡ ᠶᠢᠨ ᠥᠮᠴᠢᠯᠡᠬᠦ ᠡᠷᠬᠡ ᠶᠢᠨ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠬᠡᠷᠡᠭᠲᠡᠢ᠃ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠢ ᠵᠢᠯᠣᠭᠤᠳᠤᠨ᠎ᠠ᠃ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ  ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠥᠷᠨᠢᠭᠦᠯᠬᠦ ᠬᠡᠷᠡᠭᠲᠡᠢ᠃ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠡᠷᠡᠮᠵᠢᠯᠡᠭᠦᠯᠬᠦ ᠪᠠ ᠭᠠᠳᠠᠭᠠᠳᠤ ᠳᠤ ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃        ( ᠠᠷᠪᠠᠨ ᠳᠣᠯᠤᠭ᠎ᠠ ) ᠡᠯ᠎ᠡ  ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ᠡᠯ᠎ᠡ ᠭᠠᠵᠠᠷ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠯᠬᠦᠮ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃        ( ᠠᠷᠪᠠᠨ ᠨᠠᠢᠮᠠ ) ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ᠂ ᠰᠣᠨᠢᠨ ᠮᠡᠳᠡᠭᠡ ᠤᠬᠠᠭᠤᠯᠬᠤ ᠵᠡᠷᠭᠡ ᠠᠵᠢᠯ ᠢ ᠬᠠᠷᠢᠭᠤᠴᠠᠨ᠎ᠠ᠃           (ᠠᠷᠪᠠ  ᠶᠢᠰᠣ ) ᠡᠮ  ᠤᠨ ᠵᠦᠢᠯᠡᠰ ( ᠬᠢᠲᠠᠳ ᠡᠮ᠂ ᠮᠣᠩᠭᠤᠯ ᠡᠮ ᠵᠡᠷᠭᠡ ᠦᠨᠳᠦᠰᠦᠲᠡᠨ ᠤ ᠡᠮ ᠪᠠᠭᠲᠠᠨ᠎ᠠ᠂ ᠳᠣᠷᠣᠭᠰᠢ ᠠᠳᠠᠯᠢ )᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠣᠨ ᠤᠨ ᠠᠶᠤᠯ ᠥᠬᠡᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠵᠠᠰᠠᠯ ᠴᠢᠮᠡᠭ ᠤᠨ ᠣᠨ ᠤᠨ ᠠᠶᠤᠯ ᠥᠬᠡᠢ ᠳᠤ ᠬᠢᠨᠠᠯᠲᠠ ᠲᠠᠯᠪᠢᠵᠤ ᠬᠠᠮᠢᠶᠠᠷᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠢ ᠰᠤᠳᠤᠯᠤᠨ ᠳᠤᠷᠠᠳᠴᠤ᠂ ᠬᠢᠨᠠᠯᠲᠠ ᠲᠠᠯᠪᠢᠵᠤ ᠬᠠᠮᠢᠶᠠᠷᠬᠤ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠴᠤ᠂ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠬᠠᠮᠢᠶᠠᠷᠬᠤ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃        ( ᠬᠤᠷᠢ ) ᠡᠮ  ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠣᠨ ᠤᠨ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ᠲᠣᠭᠲᠠᠭᠠᠭᠰᠠᠨ ᠡᠷᠬᠡ ᠮᠠᠲᠠᠯ ᠤᠨ ᠶᠣᠰᠣᠭᠠᠷ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠪᠠ ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠵᠢᠴᠢ ᠵᠠᠰᠠᠯ ᠴᠢᠮᠡᠭ ᠤᠨ ᠡᠳ᠋ ᠢ ᠡᠵᠡᠩᠨᠡᠬᠦ᠂ ᠬᠡᠷᠡᠭᠯᠡᠵᠦ ᠬᠠᠮᠢᠶᠠᠷᠬᠤ ᠬᠠᠮᠢᠶ᠎ᠠ ᠪᠦᠬᠦᠢ ᠲᠣᠭᠲᠠᠭᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠡᠮ ᠤᠨ ᠵᠦᠢᠯ ᠢ ᠲᠥᠷᠥᠯ ᠬᠤᠪᠢᠶᠠᠨ ᠬᠠᠮᠢᠶᠠᠷᠬᠤ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠲᠤᠰ ᠭᠠᠵᠠᠷ ᠣᠷᠣᠨ ᠤ ᠪᠠᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠣᠨ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ᠠᠰᠠᠭᠤᠳᠠᠯ ᠲᠠᠢ ᠦᠢᠯᠡᠳᠬᠦᠨ ᠢ ᠡᠭᠡᠭᠦᠯᠦᠨ ᠪᠤᠴᠠᠭᠠᠬᠤ ᠪᠠ ᠰᠢᠢᠳᠪᠦᠷᠢᠯᠡᠬᠦ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠬᠡᠷᠡᠭᠵᠢᠭᠦᠯᠦᠨ᠎ᠡ᠃       ( ᠬᠤᠷᠢᠨ ᠨᠢᠭᠡ ) ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠣᠨ ᠢ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ᠡᠮ ᠤᠨ ᠵᠦᠢᠯ ᠤᠨ ᠮᠠᠭᠤ ᠲᠤᠰᠬᠠᠯ᠂ ᠡᠮᠴᠢᠯᠡᠭᠡᠨ ᠤ ᠮᠠᠰᠢᠨ ᠪᠠᠭᠠᠵᠢ ᠶᠢᠨ ᠮᠠᠭᠤ ᠬᠡᠷᠡᠭ ᠪᠣᠯᠤᠨ ᠵᠠᠰᠠᠯ ᠴᠢᠮᠡᠭ ᠤᠨ ᠣᠨ ᠤᠨ ᠮᠠᠭᠤ ᠲᠤᠰᠬᠠᠯ ᠢ ᠬᠢᠨᠠᠨ ᠬᠡᠮᠵᠢᠬᠦ᠂ ᠦᠨᠡᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠠ ᠵᠠᠰᠠᠯ ᠴᠢᠮᠡᠭ ᠤᠨ ᠣᠨ ᠤᠨ ᠠᠶᠤᠯ ᠥᠬᠡᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠣᠨ ᠤᠨ ᠬᠢᠨᠠᠯᠲᠠ ᠪᠠᠶᠢᠴᠠᠭᠠᠯᠲᠠ ᠶᠢ ᠬᠠᠷᠢᠭᠤᠴᠠᠵᠤ᠂ ᠪᠠᠶᠢᠴᠠᠭᠠᠬᠤ᠂ ᠬᠢᠨᠠᠨ ᠪᠠᠶᠢᠴᠠᠭᠠᠬᠤ᠂ ᠪᠠᠶᠢᠴᠠᠭᠠᠬᠤ ᠳᠦᠷᠢᠮ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠶᠣᠰᠣᠭᠠᠷ  ᠬᠠᠤᠯᠢ  ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ᠴᠢᠬᠤᠯᠠ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠣᠷᠣᠨ ᠪᠦᠰᠡ ᠠᠯᠤᠰᠯᠠᠨ ᠬᠠᠤᠯᠢ ᠬᠡᠷᠡᠭᠵᠢᠭᠦᠯᠬᠦ ᠶᠢᠨ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ᠡᠯ᠎ᠡ ᠰᠤᠮᠤ ᠰᠢᠶᠠᠩ ᠪᠠᠯᠭᠠᠰᠤ ᠶᠢᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠣᠨ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃       ( ᠬᠤᠷᠢᠨ ᠬᠤᠶᠠᠷ ) ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠭᠠᠳᠠᠭᠠᠳᠤ ᠳᠤ ᠴᠢᠳᠠᠪᠤᠷᠢᠲᠠᠨ᠂ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ ;ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠣᠬᠢᠴᠠᠩᠭᠤᠢ ᠠᠵᠢᠯ ᠡᠷᠬᠢᠯᠡᠬᠦ ᠡᠮ ᠨᠠᠶᠢᠷᠠᠭᠴᠢ ᠶᠢᠨ ᠬᠠᠮᠢᠶᠠᠷᠤᠯᠲᠠ ᠵᠢᠴᠢ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ᠤᠷᠲᠤ ᠡᠪᠦᠯ ᠳᠡᠭᠡᠨ ᠠᠷᠠᠭᠠᠯᠠᠰᠢ ᠪᠠᠶᠢᠳᠠᠭ          ( ᠬᠤᠷᠢᠨ ᠭᠤᠷᠪᠠ )  ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠥᠬᠡᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠤ ᠠᠶᠤᠯ ᠥᠬᠡᠢ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃        ( ᠬᠤᠷᠢᠨ ᠳᠥᠷᠪᠡ ) ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ     ᠨᠢᠭᠡ ᠠᠯᠪᠠᠨ ᠭᠡᠷ᠃ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠮᠡᠳᠡᠭᠡ ᠵᠠᠩᠭᠢ᠂ ᠠᠶᠤᠯ ᠥᠬᠡᠢ᠂ ᠨᠢᠭᠤᠴᠠ ᠶᠢ ᠬᠠᠮᠠᠭᠠᠯᠠᠬᠤ᠂ ᠰᠢᠮᠳᠠᠭᠤᠯᠤᠨ ᠪᠠᠶᠢᠴᠠᠭᠠᠬᠤ᠂ ᠳᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠦᠨᠳᠦ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠣᠬᠢᠴᠠᠭᠤᠯᠤᠨ ᠠᠬᠢᠭᠤᠯᠬᠤ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠴᠢᠬᠤᠯᠠᠴᠢᠯᠠᠪᠠ᠃ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠤᠯ ᠪᠠ ᠶᠡᠷᠦᠩᠬᠡᠶᠢᠯᠡᠭᠰᠡᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠴᠢᠬᠤᠯᠠ ᠪᠦᠬᠦᠢ ᠶᠡᠷᠦᠩᠬᠡᠶᠢᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ᠂ ᠡᠬᠡ ᠪᠢᠴᠢᠭ ᠢ ᠲᠤᠭᠤᠷᠪᠢᠬᠤ ᠠᠵᠢᠯ ᠢ ᠡᠭᠦᠷᠭᠡᠯᠡᠨ᠎ᠡ᠃ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠳᠠᠭᠠᠭᠠᠴᠢᠯᠠᠨ ᠵᠢᠯᠣᠭᠤᠳᠤᠨ᠎ᠠ᠃ᠵᠠᠬ᠎ᠠ ᠳᠡᠯᠭᠡᠭᠦᠷ ᠢ ᠵᠢᠯᠣᠭᠤᠳᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠵᠠᠳᠠᠯᠬᠤ ᠪᠠ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ᠪᠠᠶᠢᠭᠤᠯᠤᠯᠭ᠎ᠠ ᠪᠣᠯᠤᠨ ᠰᠢᠭᠤᠳ ᠬᠠᠷᠢᠶ᠎ᠠ ᠨᠢᠭᠡᠴᠡ ᠶᠢᠨ ᠲᠥᠰᠥᠪ ᠪᠠ ᠲᠥᠰᠥᠪ ᠤᠨ ᠭᠦᠢᠴᠡᠳᠬᠡᠯ ᠂ ᠭᠠᠶᠢᠯᠢ ᠶᠢᠨ ᠪᠤᠰᠤ ᠣᠷᠣᠯᠭ᠎ᠠ᠂ ᠡᠳ᠋ ᠤᠨ ᠶᠠᠪᠤᠳᠠᠯ ᠤᠨ ᠬᠢᠨᠠᠨ ᠪᠣᠳᠣᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠦᠨᠳᠦᠰᠦᠨ ᠪᠦᠲᠦᠭᠡᠨ ᠪᠠᠶᠢᠭᠤᠯᠤᠯᠲᠠ ᠪᠣᠯᠤᠨ ᠡᠯ᠎ᠡ ᠲᠥᠷᠥᠯ ᠤᠨ ᠪᠡᠯᠡ ᠮᠥᠩᠭᠦ᠂ ᠲᠤᠰᠬᠠᠢ ᠬᠡᠷᠡᠭᠯᠡᠬᠦ ᠰᠠᠭᠤᠷᠢ ᠮᠥᠩᠭᠦ ᠵᠢᠴᠢ ᠦᠢᠯᠡᠳᠪᠦᠷᠢᠯᠡᠵᠦ ᠤᠭᠰᠠᠷᠠᠭᠤᠯᠬᠤ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ᠡᠯ᠎ᠡ ᠲᠥᠷᠥᠯ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠲᠣᠨᠤᠭ ᠲᠥᠬᠦᠭᠡᠷᠦᠮᠵᠢ ᠲᠣᠬᠢᠷᠠᠭᠤᠯᠬᠤ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃ᠬᠠᠮᠢᠶ᠎ᠠ ᠪᠥᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠳᠥᠷᠪᠡᠳ ᠬᠤᠰᠢᠭᠤᠨ ᠤ ᠶᠠᠰᠤ ᠴᠢᠨᠠᠷ ᠤᠨ ᠰᠠᠭᠤᠷᠢ ᠪᠡᠯᠡᠳᠬᠡᠮᠵᠢ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠬᠠᠮᠢᠶ᠎ᠠ ᠪᠥᠬᠦᠢ ᠡᠷᠳᠡᠮ ᠰᠢᠨᠵᠢᠯᠡᠭᠡᠨ ᠤ ᠪᠣᠭᠤᠮᠲᠠ ᠰᠢᠪᠲᠤᠯᠬᠤ᠂ ᠬᠠᠮᠲᠤᠷᠠᠯᠴᠠᠨ ᠰᠣᠯᠢᠯᠴᠠᠬᠤ᠂ ᠦᠷ᠎ᠡ ᠪᠦᠲᠦᠭᠡᠯ ᠢ ᠬᠡᠷᠡᠭᠯᠡᠬᠦ ᠵᠡᠷᠭᠡ ᠠᠵᠢᠯ ᠢ ᠳᠠᠭᠠᠭᠠᠨ ᠡᠭᠦᠷᠭᠡᠯᠡᠨ᠎ᠡ᠃ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠳᠦᠯᠲᠡᠢ ᠲᠥᠯᠥᠪᠵᠢᠭᠦᠯᠭᠡ᠂ ᠵᠢᠭᠠᠨ ᠵᠢᠯᠣᠭᠤᠳᠴᠤ ᠬᠡᠷᠡᠭᠵᠢᠭᠦᠯᠬᠦ ᠵᠡᠷᠭᠡ ᠠᠵᠢᠯ ᠢ ᠡᠭᠦᠷᠭᠡᠯᠡᠨ᠎ᠡ᠃        ( ᠬᠤᠶᠠᠷ ) ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠲ᠋ᠣᠺ᠃ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠲᠣᠭᠲᠠᠭᠠᠬᠤ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ᠲᠤᠰ ᠰᠠᠯᠠᠭ᠎ᠠ ᠮᠥᠴᠢᠷ ᠤᠨ ᠢᠶᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ᠂ ᠮᠡᠳᠡᠭᠦᠯᠦᠨ ᠳᠠᠩᠰᠠᠯᠠᠭᠤᠯᠬᠤ ᠠᠵᠢᠯ ᠢ ᠬᠠᠷᠢᠭᠤᠴᠠᠨ᠎ᠠ᠃ᠬᠠᠤᠯᠢ ᠲᠣᠭᠲᠠᠭᠠᠯ ᠶᠣᠰᠣᠭᠠᠷ ᠬᠠᠤᠯᠢ ᠲᠣᠭᠲᠠᠭᠠᠯ ᠶᠣᠰᠣᠭᠠᠷ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠵᠢᠷᠤᠭᠯᠠᠨ ᠲᠥᠯᠥᠪᠯᠡᠬᠦ᠂ ᠴᠢᠯᠥᠭᠡᠲᠡᠢ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠶᠢᠨ ᠠᠵᠢᠯ ᠢ ᠡᠭᠦᠷᠭᠡᠯᠡᠬᠦ ᠪᠤᠶᠤ ᠲᠡᠭᠦᠨ ᠳᠤ ᠣᠷᠣᠯᠴᠠᠨ᠎ᠠ᠃ᠬᠠᠤᠯᠢ  ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃        ( ᠭᠤᠷᠪᠠ ) ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠳᠠᠩᠰᠠᠯᠠᠭᠤᠯᠤᠭᠰᠠᠨ ᠬᠤᠪᠢ᠃ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠢ ᠪᠦᠷᠢᠳᠬᠡᠨ ᠳᠠᠩᠰᠠᠯᠠᠬᠤ ᠪᠠ ᠡᠵᠡᠩᠨᠡᠯᠲᠡ ᠶᠢᠨ ᠦᠨᠡᠮᠯᠡᠯ ᠬᠢᠨᠠᠨ ᠣᠯᠭᠤᠬᠤ ᠶᠢ ᠵᠢᠯᠣᠭᠤᠳᠤᠨ ᠬᠡᠷᠡᠭᠵᠢᠭᠦᠯᠦᠨ᠎ᠡ᠃ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢᠨ ᠡᠯᠧᠺᠳ᠋ᠷᠣᠨᠴᠢᠯᠡᠭᠰᠡᠨ ᠠᠵᠢᠯ ᠢ ᠵᠢᠯᠣᠭᠤᠳᠤᠨ ᠲᠦᠯᠬᠢᠨ ᠠᠬᠢᠭᠤᠯᠬᠤ ᠬᠡᠷᠡᠭᠲᠡᠢ᠃ᠳᠠᠩᠰᠠᠯᠠᠵᠤ ᠲᠡᠮᠳᠡᠭᠯᠡᠭᠰᠡᠨ ᠮᠡᠳᠡᠭᠡ ᠵᠠᠩᠭᠢ ᠳᠤ ᠵᠠᠳᠠᠯᠤᠯᠲᠠ ᠬᠢᠵᠦ ᠢᠯᠡ ᠪᠣᠯᠭᠠᠬᠤ ᠠᠵᠢᠯ ᠢ ᠬᠠᠷᠢᠭᠤᠴᠠᠨ᠎ᠠ᠃ᠠᠵᠤ ᠠᠬᠤᠶᠢᠯᠠᠯ ᠳᠤ ᠬᠤᠯᠪᠣᠭᠳᠠᠭᠰᠠᠨ ᠮᠡᠳᠡᠭᠡ ᠵᠠᠬᠢᠶᠠᠨ ᠤ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠢ᠃ᠲᠣᠭᠲᠠᠭᠠᠭᠰᠠᠨ ᠬᠦᠷᠢᠶ᠎ᠡ ᠬᠡᠮᠵᠢᠶᠡᠨ ᠳᠤ ᠠᠵᠤ ᠠᠬᠤᠢ ᠶᠢᠨ ᠨᠢᠭᠡᠴᠡ ᠶᠢ ᠪᠦᠷᠢᠳᠬᠡᠨ ᠳᠠᠩᠰᠠᠯᠠᠬᠤ ᠠᠵᠢᠯ ᠢ ᠬᠠᠷᠢᠭᠤᠴᠠᠬᠤ᠃ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠷᠤᠮᠵᠢᠭᠰᠠᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ᠂ ᠪᠠᠲᠤᠯᠠᠨ ᠲᠠᠨᠢᠯᠴᠠᠭᠤᠯᠬᠤ᠂ ᠠᠩᠬ᠎ᠠ ᠬᠢᠨᠠᠬᠤ᠂ ᠬᠢᠨᠠᠨ ᠵᠥᠪᠰᠢᠶᠡᠷᠡᠵᠦ ᠳᠠᠩᠰᠠᠯᠠᠭᠤᠯᠬᠤ ᠠᠵᠢᠯ ᠢ ᠬᠠᠷᠢᠭᠤᠴᠠᠨ᠎ᠠ᠃ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠤᠨ ᠬᠠᠶᠢᠨ ᠪᠠᠶᠢᠴᠠᠭᠠᠬᠤ᠂ ᠨᠤᠲᠠᠯᠠᠬᠤ᠂ ᠰᠢᠯᠭᠠᠨ ᠪᠠᠶᠢᠴᠠᠭᠠᠬᠤ᠂ ᠪᠠᠶᠢᠴᠠᠭᠠᠨ ᠬᠡᠮᠵᠢᠬᠦ᠂ ᠬᠢᠨᠠᠨ ᠪᠠᠶᠢᠴᠠᠭᠠᠬᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ᠪᠤᠰᠤᠳ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠬᠠᠮᠢᠶ᠎ᠠ ᠪᠦᠬᠦᠢ ᠤᠴᠢᠷ ᠤᠳ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ᠬᠠᠤᠯᠢ ᠴᠠᠭᠠᠵᠠ᠂ ᠬᠠᠤᠯᠢ ᠲᠣᠭᠲᠠᠭᠠᠯ ᠳᠤ ᠡᠭᠦᠷᠭᠡᠯᠡᠬᠦ ᠶᠣᠰᠣᠲᠠᠢ ᠭᠡᠵᠦ ᠲᠣᠭᠲᠠᠭᠠᠭᠰᠠᠨ ᠵᠠᠰᠠᠭ ᠵᠠᠬᠢᠷᠭᠠᠨ ᠤ ᠪᠤᠰᠤᠳ ᠬᠢᠨᠠᠨ ᠵᠥᠪᠰᠢᠶᠡᠷᠡᠬᠦ ᠵᠦᠢᠯᠡᠰ ᠢ ᠬᠠᠷᠢᠭᠤᠴᠠᠨ᠎ᠠ᠃       4᠃ ᠬᠤᠪᠢ ᠣᠷᠣᠭᠤᠯᠤᠯᠲᠠ ᠶᠢ ᠪᠠᠶᠢᠴᠠᠭᠠᠬᠤ᠃ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠵᠢᠴᠢ ᠪᠠᠶᠢᠴᠠᠭᠠᠨ ᠬᠡᠷᠡᠭ ᠰᠢᠢᠳᠪᠦᠷᠢᠯᠡᠬᠦ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠥᠪᠰᠢᠶᠡᠷᠡᠨ ᠣᠷᠣᠭᠤᠯᠬᠤ᠂ ᠦᠢᠯᠡᠳᠪᠦᠷᠢᠯᠡᠬᠦ᠂ ᠡᠵᠡᠩᠨᠡᠬᠦ᠂ ᠠᠷᠠᠯᠵᠢᠶᠠᠯᠠᠬᠤ ᠳᠤᠮᠳᠠᠬᠢ ᠬᠤᠯᠪᠣᠭᠳᠠᠯ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠢᠯᠣᠭᠤᠳᠤᠨ᠎ᠠ᠃ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ  ᠬᠠᠤᠯᠢ  ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ᠪᠦᠬᠦ ᠬᠤᠰᠢᠭᠤᠨ ᠤ ᠴᠢᠨᠠᠷᠲᠠᠢ ᠨᠥᠯᠥᠭᠡ ᠪᠤᠶᠤ ᠣᠷᠣᠨ ᠪᠦᠰᠡ ᠠᠯᠤᠰᠯᠠᠭᠰᠠᠨ ᠲᠣᠮᠣ ᠬᠡᠷᠡᠭ ᠴᠢᠬᠤᠯᠠ ᠬᠡᠷᠡᠭ ᠢ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃        ( ᠲᠠᠪᠤ ) ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠷᠢᠳᠬᠡᠨ ᠳᠠᠩᠰᠠᠯᠠᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠠᠵᠤ ᠠᠬᠤᠶᠢᠯᠠᠯ ᠤᠨ ᠢᠲᠡᠭᠡᠮᠵᠢ ᠶᠢ ᠲᠥᠷᠥᠯ ᠬᠤᠪᠢᠶᠠᠨ ᠬᠠᠮᠢᠶᠠᠷᠬᠤ ᠵᠢᠴᠢ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠠᠵᠤ ᠠᠬᠤᠶᠢᠯᠠᠯ ᠤᠨ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠡᠭᠠᠯᠲᠠ ᠪᠣᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ 《 ᠬᠠᠷ᠎ᠠ ᠳᠠᠩᠰᠠ 》 ᠶᠢᠨ ᠳᠦᠷᠢᠮ ᠢ ᠪᠠᠶᠢᠭᠤᠯᠤᠨ᠎ᠠ᠃ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠪᠠ ᠢᠯᠡ ᠨᠡᠶᠢᠲᠡᠯᠡᠬᠦ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢᠨ ᠵᠣᠬᠢᠴᠠᠭᠤᠯᠤᠨ ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ ;《 ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ 》 ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃᠃ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠪᠦᠬᠦ ᠬᠤᠰᠢᠭᠤᠨ ᠤ ᠦᠢᠯᠡᠳᠬᠦᠨ ᠤ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ ᠳᠦᠷᠢᠮ ᠢ ᠪᠠᠶᠢᠭᠤᠯᠤᠨ᠎ᠠ᠃        ( ᠵᠢᠷᠭᠤᠭ᠎ᠠ ) ᠲᠣᠣᠷ ᠰᠦᠯᠵᠢᠶᠡᠨ ᠤ ᠠᠷᠠᠯᠵᠢᠶᠠᠨ ᠳᠤ ᠬᠢᠨᠠᠯᠲᠠ ᠲᠠᠯᠪᠢᠵᠤ ᠬᠠᠮᠢᠶᠠᠷᠬᠤ ᠲᠠᠰᠤᠭ᠃ᠪᠦᠬᠦ ᠬᠤᠰᠢᠭᠤᠨ ᠤ ᠰᠦᠯᠵᠢᠶᠡᠨ ᠲᠠᠸᠠᠷ ᠤᠨ ᠠᠷᠠᠯᠵᠢᠶ᠎ᠠ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠬᠢᠨᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ᠲᠣᠣᠷ ᠰᠦᠯᠵᠢᠶᠡᠨ ᠠᠷᠠᠯᠵᠢᠶᠠᠨ ᠤ ᠲᠠᠪᠴᠠᠩ ᠪᠣᠯᠤᠨ ᠲᠣᠣᠷ ᠰᠦᠯᠵᠢᠶᠡᠨ ᠡᠵᠡᠩᠨᠡᠯᠲᠡ ᠶᠢᠨ ᠭᠤᠣᠯ ᠴᠣᠭᠴᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠲᠣᠣᠷ ᠰᠦᠯᠵᠢᠶᠡᠨ ᠤ ᠵᠠᠬ᠎ᠠ ᠳᠡᠯᠭᠡᠭᠦᠷ ᠢ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ᠂ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠭᠡᠷ᠎ᠡ᠂ ᠦᠨ᠎ᠡ ᠬᠠᠶᠠᠵᠤ ᠬᠤᠳᠠᠯᠳᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠬᠦ ᠬᠥᠷᠥᠩᠭᠡ ᠶᠢᠨ ᠪᠠᠷᠢᠴᠠᠭᠠᠨ ᠤ ᠡᠳ᠋ ᠢ ᠳᠠᠩᠰᠠᠯᠠᠭᠤᠯᠬᠤ ᠶᠢ ᠬᠠᠮᠢᠶᠠᠷᠤᠨ᠎ᠠ        ( ᠳᠣᠯᠤᠭ᠎ᠠ ) ᠬᠡᠷᠡᠭᠯᠡᠭᠡᠨ ᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠵᠢᠯᠣᠭᠤᠳᠬᠤ ᠲᠠᠰᠤᠭ᠃ᠬᠤᠯᠪᠣᠭᠳᠠᠯ ᠪᠦᠬᠦᠢ ᠦᠢᠯᠡᠴᠢᠯᠡᠭᠡᠨ ᠤ ᠬᠦᠷᠢᠶᠡᠨ ᠤ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠬᠡᠷᠡᠭᠯᠡᠭᠴᠢᠳ ᠤᠨ ᠯᠠᠪᠯᠠᠯᠭ᠎ᠠ ᠬᠢᠬᠦ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ᠂ ᠰᠢᠢᠳᠪᠦᠷᠢᠯᠡᠬᠦ ᠪᠠ ᠲᠣᠣᠷ ᠰᠦᠯᠵᠢᠶᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ᠬᠡᠷᠡᠭᠯᠡᠭᠡᠨ ᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠬᠡᠷᠡᠭᠯᠡᠭᠡᠨ ᠤ ᠣᠷᠴᠢᠨ ᠲᠣᠭᠤᠷᠢᠨ ᠤ ᠦᠨᠡᠯᠡᠯᠲᠡ ᠶᠢᠨ ᠠᠵᠢᠯ ᠢ ᠬᠠᠮᠢᠶᠠᠷᠤᠨ ᠵᠢᠯᠣᠭᠤᠳᠤᠨ᠎ᠠ᠃ᠪᠦᠬᠦ ᠬᠤᠰᠢᠭᠤᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠠᠰᠠᠭ ᠵᠠᠬᠢᠷᠭᠠᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠃ᠦᠨ᠎ᠡ ᠬᠠᠩᠰᠢ ᠰᠦᠢᠳᠬᠡᠯ ᠬᠤᠷᠢᠶᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠪᠠ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠤᠯᠪᠣᠭᠳᠠᠯ ᠪᠦᠬᠦᠢ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠨ᠎ᠠ᠃ᠪᠦᠬᠦ ᠬᠤᠰᠢᠭᠤᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭ᠎ᠠ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ᠂ ᠴᠢᠬᠤᠯᠠ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠬᠢᠨᠠᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠵᠢᠯᠣᠭᠤᠳᠤᠨ᠎ᠠ᠃ᠦᠨ᠎ᠡ ᠬᠠᠩᠰᠢ ᠰᠦᠢᠳᠬᠡᠯ ᠬᠤᠷᠢᠶᠠᠬᠤ ᠶᠢᠨ ᠬᠠᠤᠯᠢ ᠲᠣᠭᠲᠠᠭᠠᠯ‌‍ᠠ᠋ᠴᠠ ᠵᠥᠷᠢᠴᠡᠭᠰᠡᠨ ᠦᠢᠯᠡ ᠠᠵᠢᠯᠯᠠᠭ᠎ᠠ᠂ ᠵᠦᠢ ᠶᠣᠰᠣᠨ ᠤ ᠪᠤᠰᠤ ᠥᠷᠢᠰᠦᠯᠳᠦᠭᠡᠨ ᠢ ᠡᠰᠡᠷᠭᠦᠴᠡᠬᠦ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠴᠠᠭᠠᠨ ᠰᠢᠢᠳᠪᠦᠷᠢᠯᠡᠨ᠎ᠡ᠃ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ ᠳᠤ ᠬᠢᠨᠠᠯᠲᠠ ᠲᠠᠯᠪᠢᠨ ᠬᠠᠮᠢᠶᠠᠷᠬᠤ ᠪᠠ ᠳᠠᠮᠵᠢᠭᠤᠯᠤᠨ ᠪᠣᠷᠣᠯᠠᠭᠤᠯᠬᠤ ᠶᠠᠪᠤᠳᠠᠯ ᠳᠤ ᠴᠣᠬᠢᠯᠲᠠ ᠥᠭᠬᠦ ᠬᠡᠷᠡᠭᠲᠡᠢ᠃ᠳᠡᠭᠡᠳᠦ ᠱᠠᠲᠤᠨ ᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠬᠡᠷᠡᠭᠲᠡᠢ᠃        ( ᠨᠠᠢᠮᠠ ) ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠡᠮ ᠤᠨ ᠵᠦᠢᠯ᠂ ᠡᠷᠡᠭᠦᠯᠵᠢᠯ ᠤᠨ ᠢᠳᠡᠭᠡᠨ᠂ ᠡᠮᠴᠢᠯᠡᠭᠡᠨ ᠤ ᠮᠠᠰᠢᠨ ᠪᠠᠭᠠᠵᠢ᠂ ᠣᠨᠴᠣᠭᠤᠢ ᠡᠮᠨᠡᠯᠭᠡ ᠶᠢᠨ ᠤᠬᠠᠭᠠᠨ ᠤ ᠬᠡᠷᠡᠭᠯᠡᠭᠡᠨ ᠳᠠᠬᠢ ᠨᠠᠶᠢᠷᠠᠯᠭ᠎ᠠ ᠲᠠᠢ ᠢᠳᠡᠭᠡᠨ ᠤ ᠵᠠᠷ ᠮᠡᠳᠡᠭᠡ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠡᠯ᠎ᠡ ᠲᠥᠷᠥᠯ ᠤᠨ ᠵᠠᠭᠤᠴᠢ ᠶᠢᠨ ᠵᠠᠷ ᠮᠡᠳᠡᠭᠡ ᠨᠡᠶᠢᠲᠡᠯᠡᠭᠰᠡᠨ ᠪᠠᠶᠢᠳᠠᠯ ᠢ ᠵᠣᠬᠢᠶᠠᠨ ᠪᠠᠶᠢᠭᠤᠯᠤᠨ ᠬᠢᠨᠠᠨ ᠬᠡᠮᠵᠢᠨ᠎ᠡ᠃ᠵᠠᠷ ᠮᠡᠳᠡᠭᠡ ᠶᠢᠨ ᠬᠠᠤᠯᠢ  ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠥᠷᠨᠢᠭᠦᠯᠬᠦ ᠬᠡᠷᠡᠭᠲᠡᠢ᠃ᠵᠠᠷ ᠮᠡᠳᠡᠭᠡ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠪᠣᠯᠤᠨ ᠵᠠᠷ ᠮᠡᠳᠡᠭᠡ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠬᠡᠷᠡᠭᠲᠡᠢ᠃       (  ᠶᠢᠰᠤ ) ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠬᠠᠮᠠᠭᠠᠯᠠᠯᠲᠠ ᠶᠢᠨ ᠬᠤᠪᠢ᠃ᠳᠥᠷᠪᠡᠳ ᠬᠤᠰᠢᠭᠤᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ᠂ ᠳᠥᠷᠪᠡᠳ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠬᠠᠷᠢᠭᠤᠴᠠᠵᠤ᠂ ᠳᠥᠷᠪᠡᠳ ᠬᠤᠰᠢᠭᠤᠨ ᠤ ᠲᠤᠰᠬᠠᠢ ᠠᠰᠢᠭ ᠤᠨ ᠰᠠᠭᠤᠷᠢ ᠮᠥᠩᠭᠦ ᠶᠢ ᠬᠠᠮᠢᠶᠠᠷᠤᠨ᠎ᠠ᠃ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠮᠠᠰᠢᠭᠤᠯᠤᠨ ᠱᠠᠩᠨᠠᠬᠤ᠂ ᠡᠭᠦᠳᠦᠨ ᠪᠦᠲᠦᠭᠡᠵᠦ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠳᠠᠯᠤᠨ ᠦᠨᠡᠯᠡᠬᠦ᠂ ᠬᠡᠷᠡᠭᠯᠡᠬᠦ ᠵᠢᠴᠢ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ᠮᠡᠳᠡᠯᠭᠡ ᠶᠢᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠠᠷ ᠳᠠᠨᠵᠢᠯᠠᠨ ᠪᠡᠯᠡ ᠲᠣᠬᠢᠷᠠᠭᠤᠯᠬᠤ᠂ ᠳᠠᠯᠳᠠ ᠡᠳ᠋ ᠬᠥᠷᠥᠩᠭᠡ ᠶᠢ ᠦᠨᠡᠯᠡᠨ ᠵᠢᠱᠢᠬᠦ ᠵᠢᠴᠢ ᠰᠤᠮᠤ ᠰᠢᠶᠠᠩ ᠪᠠᠯᠭᠠᠰᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠯᠭᠡ ᠶᠢᠨ ᠦᠷ᠎ᠡ ᠪᠦᠲᠦᠭᠡᠯ ᠤᠨ ᠥᠮᠴᠢᠯᠡᠬᠦ ᠡᠷᠬᠡ ᠶᠢᠨ ᠠᠵᠢᠯ ᠢ ᠵᠣᠬᠢᠴᠠᠭᠤᠯᠤᠨ ᠵᠢᠯᠣᠭᠤᠳᠴᠤ᠂ ᠮᠡᠳᠡᠯᠭᠡ ᠶᠢᠨ ᠦᠷ᠎ᠡ ᠪᠦᠲᠦᠭᠡᠯ ᠤᠨ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ᠲᠠᠸᠠᠷ ᠤᠨ ᠲᠡᠮᠳᠡᠭ᠂ ᠭᠠᠵᠠᠷ ᠵᠦᠢ ᠶᠢᠨ ᠲᠡᠮᠳᠡᠭ  ᠲᠠᠢ ᠦᠢᠯᠡᠳᠬᠦᠨ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠳᠦᠷᠢᠮ ᠪᠣᠯᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ᠃ᠣᠨᠴᠠᠭᠠᠢ ᠲᠡᠮᠳᠡᠭ᠂ ᠠᠯᠪᠠᠨ ᠤ ᠲᠠᠯ᠎ᠠ ᠶᠢᠨ ᠲᠡᠮᠳᠡᠭ ᠪᠣᠯᠤᠨ ᠭᠠᠵᠠᠷ ᠵᠦᠢ ᠶᠢᠨ ᠲᠡᠮᠳᠡᠭ ᠢ ᠬᠡᠷᠡᠭᠯᠡᠵᠦ ᠬᠠᠮᠢᠶᠠᠷᠬᠤ ᠪᠠ ᠬᠠᠮᠠᠭᠠᠯᠠᠬᠤ ᠠᠵᠢᠯ ᠢ ᠡᠭᠦᠷᠭᠡᠯᠡᠨ᠎ᠡ᠃ᠲᠠᠸᠠᠷ ᠤᠨ ᠲᠡᠮᠳᠡᠭᠲᠦ ᠶᠢ ᠬᠢᠨᠠᠨ ᠬᠠᠮᠢᠶᠠᠷᠬᠤ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠦᠨ᠎ᠡ᠃ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠬᠡ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠲᠠᠸᠠᠷ ᠤᠨ ᠲᠡᠮᠳᠡᠭ ᠳᠠᠷᠤᠮᠠᠯᠯᠠᠨ ᠦᠢᠯᠡᠳᠬᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠲᠠᠸᠠᠷ ᠤᠨ ᠲᠡᠮᠳᠡᠭ ᠤᠨ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠠᠬᠢᠭᠤᠯᠵᠤ᠂ ᠳᠤᠮᠳᠠᠳᠤ ᠤᠯᠤᠰ ᠤᠨ ᠨᠡᠷᠡᠲᠦ ᠲᠠᠸᠠᠷ ᠤᠨ ᠲᠡᠮᠳᠡᠭ ᠢ ᠬᠢᠨᠠᠨ ᠬᠠᠷᠭᠤᠭᠤᠯᠵᠤ ᠲᠠᠨᠢᠯᠴᠠᠭᠤᠯᠤᠨ᠎ᠠ᠃        ᠠᠷᠪᠠ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠃ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠪᠡ᠃ᠶᠠᠰᠤ ᠴᠢᠨᠠᠷ ᠤᠨ ᠤᠷᠮᠠᠰᠢᠭᠤᠯᠤᠯ ᠤᠨ ᠳᠦᠷᠢᠮ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠬᠠᠮᠵᠢᠯᠴᠠᠨ ᠦᠢᠯᠡᠴᠢᠯᠡᠬᠦ ᠵᠢᠴᠢ ᠬᠡᠷᠡᠭᠯᠡᠭᠡᠨ ᠤ ᠲᠥᠯᠥᠪᠵᠢᠭᠦᠯᠭᠡ ᠶᠢ ᠲᠣᠭᠲᠠᠭᠠᠨ᠎ᠠ᠃ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠢ ᠠᠯᠪᠠᠳᠠᠯᠭ᠎ᠠ ᠪᠠᠷ ᠮᠡᠳᠡᠭᠦᠯᠬᠦ ᠳᠦᠷᠢᠮ᠂ ᠭᠡᠮ ᠰᠣᠭᠤᠭ ᠦᠢᠯᠡᠳᠬᠦᠨ ᠢ ᠡᠭᠡᠭᠦᠯᠦᠨ ᠬᠤᠷᠢᠶᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠦᠢᠯᠡᠳᠬᠦᠨ ᠤ ᠬᠤᠳᠠᠯ ᠬᠠᠭᠤᠷᠮᠠᠭ ᠪᠣᠯᠬᠤ ᠶᠢ ᠰᠡᠷᠭᠡᠶᠢᠯᠡᠬᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠬᠡᠮᠵᠢᠬᠦ᠂ ᠦᠢᠯᠡᠳᠬᠦᠨ ᠤ ᠶᠠᠰᠤ ᠴᠢᠨᠠᠷ ᠤᠨ ᠪᠠᠶᠢᠳᠠᠯ ᠤᠨ ᠵᠠᠳᠠᠯᠤᠯᠲᠠ ᠬᠢᠬᠦ ᠪᠠ ᠶᠠᠰᠤ ᠴᠢᠨᠠᠷ ᠤᠨ ᠬᠦᠨᠳᠦ ᠶᠡᠭᠡ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠳᠥᠷᠪᠡᠳ ᠬᠤᠰᠢᠭᠤᠨ ᠤ ᠭᠤᠣᠯᠳᠠᠯᠭ᠎ᠠ ᠲᠠᠢ ᠬᠢᠨᠠᠯᠲᠠ ᠲᠠᠯᠪᠢᠬᠤ ᠦᠢᠯᠡᠳᠬᠦᠨ ᠤ ᠭᠠᠷᠴᠠᠭ ᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ᠪᠦᠬᠦ ᠬᠤᠰᠢᠭᠤᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠨ ᠰᠤᠭᠤᠴᠢᠨ ᠪᠠᠶᠢᠴᠠᠭᠠᠬᠤ᠂ ᠰᠤᠭᠤᠴᠢᠨ ᠪᠠᠶᠢᠴᠠᠭᠠᠬᠤ᠂ ᠠᠶᠤᠯ ᠲᠦᠭᠰᠢᠭᠦᠷᠢ ᠶᠢ ᠬᠢᠨᠠᠨ ᠡᠵᠡᠮᠳᠡᠬᠦ ᠪᠠ ᠲᠥᠷᠥᠯ ᠬᠤᠪᠢᠶᠠᠨ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠪᠠ ᠢᠳᠡᠭᠡᠨ ᠯᠦᠭᠡ ᠬᠠᠮᠢᠶᠠᠲᠠᠢ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠪᠦᠬᠦ ᠬᠤᠰᠢᠭᠤᠨ ᠤ ᠦᠨᠡᠮᠯᠡᠯ ᠣᠯᠭᠤᠵᠤ ᠬᠢᠨᠠᠨ ᠬᠠᠮᠢᠶᠠᠷᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ᠳᠥᠷᠪᠡᠳ ᠬᠤᠰᠢᠭᠤᠨ ᠤ ᠭᠡᠷᠡᠴᠢᠯᠡᠵᠦ ᠬᠢᠨᠠᠨ ᠬᠠᠮᠢᠶᠠᠷᠬᠤ ᠠᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠰᠠᠶᠢᠨ ᠳᠤᠷ᠎ᠠ ᠶᠢᠨ ᠴᠢᠨᠠᠷᠲᠠᠢ ᠭᠡᠷᠡᠴᠢᠯᠡᠬᠦ ᠪᠠ ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠭᠡᠷᠡᠴᠢᠯᠡᠬᠦ ᠵᠢᠴᠢ ᠬᠤᠯᠪᠣᠭᠳᠠᠯ ᠪᠦᠬᠦᠢ ᠭᠡᠷᠡᠴᠢᠯᠡᠬᠦ ᠯᠠᠪᠯᠠᠯᠭ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠨ ᠬᠠᠮᠢᠶᠠᠷᠤᠨ᠎ᠠ᠃ᠪᠦᠬᠦ ᠬᠤᠰᠢᠭᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃       ( ᠠᠷᠪᠡᠨ‌ᠨᠢᠭᠡ ) ᠢᠳᠡᠭᠡᠨ ᠤ ᠠᠶᠤᠯ ᠥᠬᠡᠢ ᠶᠢ ᠵᠣᠬᠢᠴᠠᠭᠤᠯᠬᠤ ᠪᠠ ᠰᠤᠭᠤᠴᠠᠨ ᠪᠠᠶᠢᠴᠠᠭᠠᠵᠤ ᠬᠢᠨᠠᠨ ᠬᠡᠮᠵᠢᠬᠦ ᠲᠠᠰᠤᠭ᠃ᠪᠦᠬᠦ ᠬᠤᠰᠢᠭᠤᠨ ᠤ ᠲᠠᠸᠠᠷ ᠤᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠪᠠ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ᠢᠳᠡᠭᠡᠨ ᠤ ᠠᠶᠤᠯ ᠥᠬᠡᠢ ᠶᠢᠨ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠢᠳᠡᠭᠡᠨ ᠤ ᠠᠮᠤᠷ ᠲᠦᠪᠰᠢᠨ ᠤ ᠭᠠᠵᠠᠷ ᠣᠷᠣᠨ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ ᠠᠵᠢᠯ ᠢ ᠡᠭᠦᠷᠭᠡᠯᠡᠨ᠎ᠡ᠃ᠢᠳᠡᠭᠡᠨ ᠤ ᠠᠶᠤᠯ ᠥᠬᠡᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ᠬᠢᠷᠢ ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠬᠤ᠂ ᠰᠢᠢᠳᠪᠦᠷᠢᠯᠡᠬᠦ᠂ ᠡᠭᠡᠭᠦᠯᠦᠨ ᠠᠪᠴᠢᠷᠠᠬᠤ ᠶᠢ ᠰᠢᠮᠳᠠᠭᠤᠯᠤᠨ ᠵᠢᠯᠣᠭᠤᠳᠬᠤ ᠬᠡᠷᠡᠭᠲᠡᠢ᠃ᠢᠳᠡᠭᠡᠨ ᠤ ᠠᠶᠤᠯ ᠥᠬᠡᠢ ᠶᠢᠨ ᠦᠨᠡᠯᠡᠯᠲᠡ ᠶᠢᠨ ᠴᠢᠨᠠᠷᠲᠠᠢ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠰᠡᠷᠡᠮᠵᠢᠯᠡᠭᠦᠯᠬᠦ ᠪᠠ ᠲᠦᠭᠰᠢᠭᠦᠷᠢ ᠶᠢᠨ ᠰᠣᠯᠢᠯᠴᠠᠭ᠎ᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ᠳᠥᠷᠪᠡᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠡᠳᠦᠷ ᠳᠣᠳᠣᠮ ᠤᠨ ᠠᠵᠢᠯ ᠢ ᠡᠭᠦᠷᠭᠡᠯᠡᠵᠦ᠃        (ᠠᠷᠪᠠᠨ  ᠬᠤᠶᠠᠷ ) ᠢᠳᠡᠭᠡᠨ ᠤ ᠦᠢᠯᠡᠳᠪᠦᠷᠢᠯᠡᠯ ᠤᠨ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ᠢᠳᠡᠭᠡᠨ ᠤ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠦᠢᠯᠡᠳᠪᠦᠷᠢᠯᠡᠯ ᠤᠨ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠪᠦᠬᠦ ᠬᠤᠰᠢᠭᠤᠨ ᠤ ᠢᠳᠡᠭᠡᠨ ᠤ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠪᠠ ᠢᠳᠡᠭᠡᠨ ᠤ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢᠨ ᠬᠠᠮᠲᠤ ᠵᠢᠯᠣᠭᠤᠳᠤᠨ ᠥᠷᠨᠢᠭᠦᠯᠵᠦ᠂ ᠠᠵᠤ ᠠᠬᠤᠶᠢᠯᠠᠯ ᠢ ᠵᠢᠯᠣᠭᠤᠳᠤᠨ ᠢᠳᠡᠭᠡᠨ ᠤ ᠠᠶᠤᠯ ᠥᠬᠡᠢ ᠶᠢᠨ ᠮᠥᠷᠳᠡᠵᠦ ᠪᠣᠯᠬᠤᠶᠢᠴᠠ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃       ( ᠠᠷᠪᠠᠨ ᠭᠤᠷᠪᠠ ) ᠢᠳᠡᠭᠡᠨ ᠤ ᠭᠦᠢᠯᠭᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃ᠭᠦᠢᠯᠭᠡᠭᠡᠨ ᠤ ᠬᠦᠷᠢᠶᠡᠨ ᠤ ᠢᠳᠡᠭᠡᠨ ᠤ ᠠᠶᠤᠯ ᠥᠬᠡᠢ ᠶᠢᠨ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠭᠦᠢᠯᠭᠡᠭᠡᠨ᠂ ᠵᠠᠬ᠎ᠠ ᠳᠡᠯᠭᠡᠭᠦᠷ ᠤᠨ ᠪᠣᠷᠣᠯᠠᠭᠤᠯᠤᠨ ᠬᠤᠳᠠᠯᠳᠤᠬᠤ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠢᠨᠠᠯᠲᠠ ᠬᠠᠮᠢᠶᠠᠷᠤᠯᠲᠠ ᠪᠣᠯᠤᠨ ᠢᠳᠡᠭᠡᠨ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠦᠷᠢᠮ ᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠵᠢᠯᠣᠭᠤᠳᠴᠤ ᠥᠷᠨᠢᠭᠦᠯᠬᠦ ᠬᠡᠷᠡᠭᠲᠡᠢ᠃ᠠᠷᠢᠬᠢᠨ ᠤ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯᠤᠨ ᠠᠷᠢᠬᠢᠨ ᠤ ᠵᠦᠢᠯ ᠤᠨ ᠢᠳᠡᠭᠡᠨ ᠤ ᠠᠶᠤᠯ ᠥᠬᠡᠢ ᠶᠢ ᠬᠠᠷᠢᠭᠤᠴᠠᠨ᠎ᠠ᠃ ᠢᠳᠡᠰᠢᠨ ᠤ ᠳᠠᠪᠤᠰᠤᠨ ᠤ ᠡᠵᠡᠩᠨᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ᠡᠷᠡᠭᠦᠯᠵᠢᠯ ᠤᠨ ᠢᠳᠡᠭᠡᠨ᠂ ᠢᠳᠡᠭᠡᠨ ᠤ ᠨᠡᠮᠡᠯᠲᠡ ᠡᠳ᠋᠂ ᠣᠨᠴᠣᠭᠤᠢ ᠠᠨᠠᠭᠠᠬᠤ ᠤᠬᠠᠭᠠᠨ ᠤ ᠬᠡᠷᠡᠭᠯᠡᠭᠡ ᠳᠠᠬᠢ ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠵᠡᠷᠭᠡ ᠣᠨᠴᠣᠭᠤᠢ ᠢᠳᠡᠭᠡᠨ ᠤ ᠬᠦᠷᠢᠶᠡᠨ ᠤ ᠠᠶᠤᠯ ᠥᠬᠡᠢ ᠶᠢᠨ ᠪᠠᠶᠢᠳᠠᠯ ᠢ ᠵᠠᠳᠠᠯᠤᠨ ᠡᠵᠡᠮᠰᠢᠵᠦ᠂ ᠡᠷᠡᠭᠦᠯᠵᠢᠯ ᠤᠨ ᠢᠳᠡᠭᠡᠨ᠂ ᠣᠨᠴᠣᠭᠤᠢ ᠠᠨᠠᠭᠠᠬᠤ ᠤᠬᠠᠭᠠᠨ ᠤ ᠬᠡᠷᠡᠭᠯᠡᠭᠡ ᠳᠠᠬᠢ ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠵᠡᠷᠭᠡ ᠣᠨᠴᠣᠭᠤᠢ ᠢᠳᠡᠭᠡᠨ ᠢ ᠳᠠᠩᠰᠠᠯᠠᠭᠤᠯᠬᠤ᠂ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢᠨ ᠬᠠᠮᠲᠤ ᠵᠢᠯᠣᠭᠤᠳᠤᠨ ᠥᠷᠨᠢᠭᠦᠯᠦᠨ᠎ᠡ       ᠠᠷᠪᠠᠨ ᠳᠥᠷᠪᠡ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠡᠰᠦᠭ᠃ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠡᠵᠡᠮᠳᠡᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠪᠠ ᠬᠤᠭᠤᠯᠠ ᠤᠮᠳᠠᠭᠠᠨ ᠤ ᠦᠢᠯᠡᠴᠢᠯᠡᠭᠡ ᠬᠠᠩᠭᠠᠭᠴᠢᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠬᠤ ᠠᠵᠢᠯ ᠥᠷᠨᠢᠭᠦᠯᠬᠦ ᠶᠢ ᠵᠢᠯᠣᠭᠤᠳᠬᠤ ᠬᠡᠷᠡᠭᠲᠡᠢ᠃ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤ ᠠᠶᠤᠯ ᠥᠬᠡᠢ ᠶᠢ ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢᠨ ᠬᠠᠮᠲᠤ ᠵᠢᠯᠣᠭᠤᠳᠤᠨ᠎ᠠ᠃        (ᠠᠷᠪᠠᠨ ᠲᠠᠪᠤ ) ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠠᠰᠤᠭ᠃ᠪᠦᠬᠦ ᠬᠤᠰᠢᠭᠤᠨ ᠤ ᠣᠨᠴᠠᠭᠠᠢ ᠲᠥᠬᠦᠭᠡᠷᠦᠮᠵᠢ ᠶᠢᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠶᠡᠭᠡ ᠣᠨᠴᠠᠭᠠᠢ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ᠂ ᠭᠦᠸᠧᠯᠦ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠬᠡᠷᠡᠭᠲᠡᠢ᠃ᠲᠣᠭᠲᠠᠭᠠᠭᠰᠠᠨ ᠡᠷᠬᠡ ᠮᠠᠲᠠᠯ ᠤᠨ ᠶᠣᠰᠣᠭᠠᠷ ᠣᠨᠴᠠ ᠲᠥᠷᠥᠯ ᠤᠨ ᠲᠥᠬᠦᠭᠡᠷᠦᠮᠵᠢ ᠶᠢᠨ ᠠᠳᠡᠯ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠪᠦᠷᠢᠳᠬᠡᠨ ᠵᠠᠳᠠᠯᠤᠯᠲᠠ ᠬᠢᠨ᠎ᠡ᠃ᠣᠨᠴᠠ ᠲᠥᠷᠥᠯ ᠤᠨ ᠲᠥᠬᠦᠭᠡᠷᠦᠮᠵᠢ ᠶᠢ ᠪᠠᠶᠢᠴᠠᠭᠠᠨ ᠰᠢᠯᠭᠠᠬᠤ ᠪᠠᠶᠢᠴᠠᠭᠠᠨ ᠬᠡᠮᠵᠢᠬᠦ ᠪᠠᠶᠢᠭᠤᠯᠤᠮᠵᠢ ᠪᠣᠯᠤᠨ ᠪᠠᠶᠢᠴᠠᠭᠠᠨ ᠰᠢᠯᠭᠠᠬᠤ ᠪᠠᠶᠢᠴᠠᠭᠠᠨ ᠬᠡᠮᠵᠢᠬᠦ ᠠᠵᠢᠯᠲᠠᠨ᠂ ᠠᠵᠢᠯᠯᠠᠭᠰᠠᠳ ᠲᠤ ᠬᠢᠨᠠᠯᠲᠠ ᠲᠠᠯᠪᠢᠨ ᠬᠠᠮᠢᠶᠠᠷᠤᠨ᠎ᠠ᠃ᠣᠨᠴᠠᠭᠠᠢ ᠲᠥᠬᠦᠭᠡᠷᠦᠮᠵᠢ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠢ ᠠᠬᠢᠭᠤᠯᠵᠤ ᠳᠡᠯᠭᠡᠷᠡᠭᠦᠯᠦᠨ ᠬᠡᠷᠡᠭᠯᠡᠨ᠎ᠡ᠃       (ᠠᠷᠪᠠᠨ  ᠵᠢᠷᠭᠤᠭ᠎ᠠ ) ᠪᠠᠷᠢᠮᠵᠢᠶᠠᠵᠢᠭᠤᠯᠤᠭᠰᠠᠨ ᠬᠡᠮᠵᠢᠯᠲᠡ ᠶᠢᠨ ᠲᠠᠰᠤᠭ᠃ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠡ ᠪᠠ ᠤᠯᠤᠰ ᠤᠨ ᠬᠡᠮᠵᠢᠯᠲᠡ ᠶᠢᠨ ᠳᠦᠷᠢᠮ ᠢ ᠬᠡᠷᠡᠭᠵᠢᠭᠦᠯᠵᠦ᠂ ᠨᠡᠶᠢᠭᠡᠮ ᠤᠨ ᠣᠯᠠᠨ ᠨᠡᠶᠢᠲᠡ ᠶᠢᠨ ᠬᠡᠮᠵᠢᠯᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠮᠤᠭ ᠤᠨ ᠳᠡᠭᠡᠳᠦ ᠬᠡᠮᠵᠢᠯᠲᠡ ᠶᠢᠨ ᠪᠠᠷᠢᠮᠵᠢᠶ᠎ᠠ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠂ ᠲᠤᠭ᠎ᠠ ᠬᠡᠮᠵᠢᠶ᠎ᠡ ᠶᠢᠨ ᠳᠠᠮᠵᠢᠭᠤᠯᠬᠤ ᠢᠷᠡᠯᠲᠡ ᠶᠢ ᠨᠢ ᠡᠷᠢᠬᠦ ᠪᠠ ᠬᠡᠮᠵᠢᠯᠲᠡ ᠶᠢᠨ ᠬᠠᠷᠢᠴᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ᠎ᠠ᠃ᠲᠠᠸᠠᠷ ᠤᠨ ᠬᠡᠮᠵᠢᠶ᠎ᠡ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠦᠢᠯᠡ ᠠᠵᠢᠯᠯᠠᠭ᠎ᠠ᠂ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠵᠢᠴᠢ ᠠᠵᠢᠯᠲᠠᠨ ᠢ ᠬᠢᠨᠠᠨ ᠬᠠᠮᠢᠶᠠᠷᠬᠤ ᠠᠵᠢᠯ ᠢ ᠡᠭᠦᠷᠭᠡᠯᠡᠬᠦ᠂ ᠬᠡᠮᠵᠢᠯᠲᠡ ᠶᠢᠨ ᠬᠥᠨᠳᠡᠯᠡᠨ᠋‌‍ᠡᠴᠡ ᠲᠠᠰᠤᠯᠬᠤ ᠶᠢ ᠬᠢᠨᠠᠨ ᠲᠣᠭᠲᠠᠭᠠᠬᠤ᠂ ᠬᠡᠮᠵᠢᠯᠲᠡ ᠶᠢᠨ ᠵᠢᠭᠤᠷᠠᠯᠳᠤᠭᠠᠨ ᠢ ᠡᠶᠡᠳᠡᠭᠦᠯᠬᠦ ᠶᠢ ᠵᠣᠬᠢᠶᠠᠨ ᠪᠠᠶᠢᠭᠤᠯᠤᠨ᠎ᠠ᠃ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠵᠢᠷᠤᠮᠵᠢᠭᠤᠯᠤᠨ᠎ᠠ᠃ᠪᠦᠬᠦ ᠬᠤᠰᠢᠭᠤᠨ ᠤ ᠪᠠᠷᠢᠮᠵᠢᠶᠠᠵᠢᠭᠰᠠᠨ ᠠᠵᠢᠯ ᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠳᠥᠷᠪᠡᠳ ᠬᠤᠰᠢᠭᠤᠨ ᠤ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠲᠣᠭᠲᠠᠭᠠᠬᠤ᠃ᠬᠢᠨᠠᠨ ᠬᠠᠮᠢᠶᠠᠷᠬᠤ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠥᠪᠡᠷ ᠢᠶᠠᠨ ᠢᠯᠡᠷᠬᠡᠶᠢᠯᠡᠨ ᠢᠯᠡ ᠪᠣᠯᠭᠠᠬᠤ ᠶᠢᠨ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠨ᠎ᠠ᠃ᠬᠠᠮᠢᠶ᠎ᠠ ᠪᠦᠬᠦᠢ ᠪᠠᠷᠢᠮᠵᠢᠶ᠎ᠠ ᠲᠣᠭᠲᠠᠭᠠᠬᠤ ᠶᠢ ᠬᠠᠤᠯᠢ ᠶᠣᠰᠣᠭᠠᠷ ᠵᠢᠯᠣᠭᠤᠳᠬᠤ ᠪᠠ ᠬᠢᠨᠠᠯᠲᠠ ᠲᠠᠯᠪᠢᠬᠤ ᠶᠢᠨ ᠬᠠᠮᠲᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ᠲᠠᠸᠠᠷ ᠤᠨ ᠵᠢᠷᠤᠭᠠᠰᠤᠨ ᠲᠡᠮᠳᠡᠭ ᠵᠢᠴᠢ ᠢᠯᠭᠠᠬᠤ ᠲᠡᠮᠳᠡᠭ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ᠪᠠᠷᠢᠮᠵᠢᠶᠠᠵᠢᠭᠤᠯᠵᠤ ᠵᠣᠬᠢᠴᠠᠭᠤᠯᠬᠤ ᠲᠣᠭᠲᠠᠴᠠ ᠶᠢᠨ ᠡᠳᠦᠷ ᠳᠣᠳᠣᠮ ᠤᠨ ᠠᠵᠢᠯ ᠢ ᠬᠠᠷᠢᠭᠤᠴᠠᠨ᠎ᠠ᠃       ( ᠠᠷᠪᠠᠨ ᠳᠣᠯᠤᠭ᠎ᠠ ) ᠡᠮ ᠤᠨ ᠵᠦᠢᠯ ᠡᠮᠴᠢᠯᠡᠭᠡ ᠶᠢᠨ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠲᠠᠰᠤᠭ᠃ᠪᠦᠬᠦ ᠬᠤᠰᠢᠭᠤᠨ ᠤ ᠡᠮ ᠤᠨ ᠵᠦᠢᠯᠡᠰ ᠤᠨ ᠶᠠᠰᠤ ᠴᠢᠨᠠᠷ ᠤᠨ ᠠᠮᠤᠷ ᠲᠦᠪᠰᠢᠨ ᠪᠠ ᠡᠮ ᠤᠨ ᠵᠦᠢᠯᠡᠰ ᠤᠨ ᠭᠦᠢᠯᠭᠡᠭᠡᠨ ᠤ ᠬᠦᠷᠢᠶ᠎ᠡ ᠬᠡᠪᠴᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠡᠮ ᠤᠨ ᠵᠦᠢᠯ ᠢ ᠡᠵᠡᠩᠨᠡᠬᠦ᠂ ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠯᠠᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠨ ᠵᠢᠯᠣᠭᠤᠳᠴᠤ᠂ ᠡᠮ ᠤᠨ ᠵᠦᠢᠯ ᠢ ᠲᠥᠷᠥᠯ ᠬᠤᠪᠢᠶᠠᠨ ᠬᠠᠮᠢᠶᠠᠷᠬᠤ ᠳᠦᠷᠢᠮ ᠢ ᠬᠡᠷᠡᠭᠵᠢᠭᠦᠯᠬᠦ ᠳᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠦᠨᠳᠦᠰᠦᠨ ᠡᠮ ᠤᠨ ᠵᠦᠢᠯ ᠢ ᠬᠡᠷᠡᠭᠵᠢᠭᠦᠯᠬᠦ ᠬᠡᠷᠡᠭᠲᠡᠢ᠃ᠡᠷᠬᠡ ᠮᠠᠲᠠᠯ ᠤᠨ ᠬᠡᠪᠴᠢᠶ᠎ᠡ ᠪᠠᠷ ᠢᠶᠠᠨ ᠰᠠᠴᠤᠷᠠᠭ ᠴᠢᠨᠠᠷᠲᠠᠢ ᠡᠮ ᠤᠨ ᠵᠦᠢᠯ᠂ ᠮᠢᠨᠴᠦᠷᠡᠭᠦᠯᠬᠦ ᠡᠮ ᠤᠨ ᠵᠦᠢᠯ᠂ ᠬᠤᠣᠷᠲᠤ ᠴᠢᠨᠠᠷᠲᠠᠢ ᠡᠮ ᠤᠨ ᠵᠦᠢᠯ ᠵᠢᠴᠢ ᠮᠡᠳᠡᠷᠡᠯ ᠤᠨ ᠡᠮ ᠤᠨ ᠵᠦᠢᠯ᠂ ᠡᠮ ᠤᠨ ᠵᠦᠢᠯ ᠤᠨ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠵᠦᠢᠯ ᠤᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃ᠡᠮ ᠤᠨ ᠵᠦᠢᠯ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ᠡᠮ ᠤᠨ ᠵᠦᠢᠯ ᠤᠨ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠠᠵᠢᠯ ᠤᠨ ᠰᠠᠨᠠᠭᠤᠯᠭ᠎ᠠ ᠳᠤᠷᠠᠳᠬᠤ ᠶᠢᠨ ᠬᠠᠮᠲᠤ ᠬᠤᠶᠢᠰᠢᠳᠠ ᠶᠢᠨ ᠰᠢᠢᠳᠪᠦᠷᠢᠯᠡᠬᠦ ᠠᠵᠢᠯ ᠳᠤ ᠣᠷᠣᠯᠴᠠᠨ᠎ᠠ᠃ᠡᠮ ᠤᠨ ᠵᠦᠢᠯ ᠢ ᠵᠢᠵᠢᠭᠯᠡᠨ ᠬᠤᠳᠠᠯᠳᠤᠬᠤ᠂ ᠡᠮᠴᠢᠯᠡᠭᠡᠨ ᠤ ᠮᠠᠰᠢᠨ ᠪᠠᠭᠠᠵᠢ ᠡᠵᠡᠩᠨᠡᠬᠦ ᠬᠦᠷᠢᠶᠡᠨ ᠤ ᠠᠶᠤᠯ ᠥᠬᠡᠢ ᠶᠢᠨ ᠬᠠᠤᠯᠢ ᠶᠣᠰᠣᠨ ᠤ ᠴᠢᠨᠠᠷᠲᠠᠢ᠂ ᠲᠣᠭᠲᠠᠭᠠᠯ ᠳᠤ ᠨᠡᠶᠢᠴᠡᠬᠦ ᠴᠢᠨᠠᠷᠲᠠᠢ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠤᠶᠤ ᠲᠠᠰᠢᠷᠠᠮ ᠳᠠᠭᠠᠤ ᠵᠣᠬᠢᠶᠠᠨ ᠪᠠᠶᠢᠭᠤᠯᠵᠤ ᠬᠢᠨ᠎ᠡ᠃ᠳᠡᠭᠡᠳᠦ ᠱᠠᠲᠤᠨ ᠤ ᠪᠠᠶᠢᠭᠤᠯᠤᠯᠭ᠎ᠠ ᠲᠠᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠰᠤᠮᠤ ᠰᠢᠶᠠᠩ ᠪᠠᠯᠭᠠᠰᠤ ᠶᠢᠨ ᠠᠵᠢᠯ ᠮᠡᠷᠭᠡᠵᠢᠭᠰᠡᠨ ᠪᠠᠶᠢᠴᠠᠭᠠᠬᠤ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠬᠤ ᠬᠡᠷᠡᠭᠲᠡᠢ᠃ᠡᠮᠴᠢᠯᠡᠭᠡ ᠶᠢᠨ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠬᠤᠰᠢᠭᠤᠨ ᠤ ᠭᠦᠢᠯᠭᠡᠭᠡᠨ ᠤ ᠬᠦᠷᠢᠶ᠎ᠡ ᠬᠡᠪᠴᠢᠶᠡᠨ ᠳᠠᠬᠢ ᠡᠮᠴᠢᠯᠡᠭᠡ ᠶᠢᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ᠂ ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠠ ᠬᠠᠮᠢᠶᠠᠷᠤᠯᠲᠠ ᠶᠢᠨ ᠠᠷᠭ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠲᠡᠭᠦᠨ ᠢ ᠵᠢᠯᠣᠭᠤᠳᠤᠨ᠎ᠠ᠃ᠡᠮᠴᠢᠯᠡᠭᠡᠨ ᠤ ᠪᠠᠭᠠᠵᠢ ᠬᠡᠷᠡᠭᠰᠡᠯ ᠢ ᠲᠥᠷᠥᠯ ᠬᠤᠪᠢᠶᠠᠨ ᠬᠠᠮᠢᠶᠠᠷᠬᠤ ᠳᠦᠷᠢᠮ ᠢ ᠬᠡᠷᠡᠭᠵᠢᠭᠦᠯᠵᠦ ᠪᠠᠶᠢᠭ᠎ᠠ ᠳᠤ ᠬᠢᠨᠠᠯᠲᠠ ᠲᠠᠯᠪᠢᠨ᠂ ᠡᠮᠴᠢᠯᠡᠭᠡᠨ ᠤ ᠮᠠᠰᠢᠨ ᠪᠠᠭᠠᠵᠢ ᠶᠢᠨ ᠮᠠᠭᠤ ᠬᠡᠷᠡᠭ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃       (ᠠᠷᠪᠠᠨ ᠨᠠᠢᠮᠠ ) ᠵᠠᠰᠠᠯ ᠴᠢᠮᠡᠭ ᠤᠨ ᠣᠨ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠃ᠭᠦᠢᠯᠭᠡᠭᠡᠨ ᠤ ᠬᠦᠷᠢᠶᠡᠨ ᠤ ᠵᠠᠰᠠᠯ ᠴᠢᠮᠡᠭ ᠤᠨ ᠡᠳ᠋ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠂ ᠵᠠᠰᠠᠯ ᠴᠢᠮᠡᠭ ᠤᠨ ᠣᠨ ᠤᠨ ᠠᠶᠤᠯ ᠥᠬᠡᠢ ᠳᠤ ᠪᠦᠬᠦ ᠲᠠᠯ᠎ᠠ ᠪᠠᠷ ᠬᠢᠨᠠᠨ ᠬᠠᠮᠢᠶᠠᠷᠬᠤ ᠪᠠ ᠵᠠᠳᠠᠯᠤᠯᠲᠠ ᠬᠢᠵᠦ᠂ ᠬᠢᠨᠠᠨ ᠬᠠᠮᠢᠶᠠᠷᠬᠤ ᠳᠦᠷᠢᠮ ᠲᠣᠭᠲᠠᠴᠠ ᠶᠢ ᠬᠠᠯᠠᠨ ᠰᠠᠶᠢᠵᠢᠷᠠᠭᠤᠯᠬᠤ ᠪᠠ ᠲᠡᠭᠦᠯᠳᠡᠷᠵᠢᠭᠦᠯᠬᠦ ᠰᠠᠨᠠᠭᠤᠯᠭ᠎ᠠ ᠳᠤᠷᠠᠳᠤᠨ᠎ᠠ᠃ᠵᠠᠰᠠᠯ ᠴᠢᠮᠡᠭ ᠤᠨ ᠣᠨ ᠢ ᠡᠵᠡᠩᠨᠡᠨ ᠬᠡᠷᠡᠭᠯᠡᠬᠦ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠣᠯᠤᠨ ᠮᠡᠷᠭᠡᠵᠢᠯ ᠤᠨ ᠵᠢᠷᠤᠮᠵᠢᠯ ᠢ ᠬᠡᠷᠡᠭᠵᠢᠭᠦᠯᠬᠦ ᠶᠢ ᠡᠭᠦᠷᠭᠡᠯᠡᠬᠦ ᠪᠠ ᠵᠢᠯᠣᠭᠤᠳᠴᠤ᠂ ᠵᠠᠰᠠᠯ ᠴᠢᠮᠡᠭ ᠤᠨ ᠣᠨ ᠤᠨ ᠪᠠᠷᠢᠮᠵᠢᠶ᠎ᠠ ᠶᠢᠨ ᠲᠥᠷᠥᠯ ᠬᠤᠪᠢᠶᠠᠬᠤ ᠳᠦᠷᠢᠮ ᠪᠣᠯᠤᠨ ᠮᠡᠷᠭᠡᠵᠢᠯ ᠤᠨ ᠵᠢᠯᠣᠭᠤᠳᠬᠤ ᠵᠠᠷᠴᠢᠮ ᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠬᠡᠷᠡᠭᠲᠡᠢ᠃ᠡᠵᠡᠩᠨᠡᠵᠦ ᠬᠡᠷᠡᠭᠯᠡᠬᠦ ᠭᠤᠭᠴᠤᠭ᠎ᠠ ᠶᠢᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠶᠢ ᠬᠠᠷᠢᠭᠤᠴᠠᠨ ᠬᠡᠷᠡᠭᠵᠢᠭᠦᠯᠬᠦ ᠪᠠ ᠵᠢᠯᠣᠭᠤᠳᠬᠤ ᠶᠢᠨ ᠬᠠᠮᠲᠤ ᠬᠠᠤᠯᠢ᠊_‍ᠠ᠋ᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠠᠷᠪᠠ ᠵᠢᠰᠦ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠲᠠᠰᠤᠭ᠃ᠪᠦᠬᠦ ᠲᠠᠯ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠵᠡᠷᠭᠡ ᠠᠵᠢᠯ ᠢ ᠬᠠᠷᠢᠭᠤᠴᠠᠨ᠎ᠠ ;ᠦᠨᠳᠦᠰᠦᠨ ᠱᠠᠲᠤᠨ ᠤ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯ ᠳᠤ᠂ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠤᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠴᠤ᠃ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠶᠡᠷᠦᠩᠬᠡᠶᠢᠯᠡᠨ ᠵᠠᠰᠠᠵᠤ ᠲᠣᠭᠲᠠᠭᠤᠨ ᠢ ᠬᠠᠮᠠᠭᠠᠯᠠᠬᠤ᠂ ᠣᠶᠤᠨ ᠤ ᠪᠣᠯᠪᠠᠰᠤᠨ᠂ ᠠᠵᠢᠯᠴᠢᠨ ᠤ ᠡᠪᠯᠡᠯ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭ᠎ᠠ ᠵᠡᠷᠭᠡ ᠠᠵᠢᠯ ᠢ ᠬᠠᠷᠢᠭᠤᠴᠠᠨ᠎ᠠ᠃ᠶᠠᠰᠤ ᠴᠢᠨᠠᠷ ᠤᠨ ᠠᠮᠤᠷ ᠲᠦᠪᠰᠢᠨ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠦᠢᠯᠡᠴᠢᠯᠡᠭᠡᠨ ᠤ ᠬᠥᠭᠵᠢᠯᠲᠡ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠨᠡᠶᠢᠲᠡᠯᠡᠬᠦ ᠳᠦᠷᠢᠮ ᠢ ᠲᠤᠭᠤᠷᠪᠢᠵᠤ᠂ ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠪᠠᠶᠢᠭᠤᠯᠤᠯᠭ᠎ᠠ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠡᠩᠨᠡᠭᠡᠨ ᠤ ᠪᠠᠶᠢᠭᠤᠯᠤᠯᠲᠠ᠂ ᠬᠥᠮᠦᠵᠢᠯ ᠪᠣᠯᠪᠠᠰᠣᠷᠠᠭᠤᠯᠤᠯ ᠵᠡᠷᠭᠡ ᠠᠵᠢᠯ ᠢ ᠡᠭᠦᠷᠭᠡᠯᠡᠵᠦ᠂ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠢ ᠬᠠᠷᠢᠭᠤᠴᠠᠬᠤ ᠬᠡᠷᠡᠭᠲᠡᠢ᠃ᠬᠠᠷᠢᠶ᠎ᠠ ᠨᠢᠭᠡᠴᠡ ᠶᠢᠨ ᠢᠶᠠᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ ᠠᠵᠢᠯᠯᠠᠬᠤ ᠭᠠᠵᠠᠷ᠄ ᠤᠯᠠᠭᠠᠨ ᠬᠤᠸᠠ ᠪᠠᠯᠭᠠᠰᠤ ᠶᠢᠨ ᠰᠢᠨ᠎ᠡ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ ᠠᠵᠢᠯᠯᠠᠬᠤ ᠴᠠᠭ᠄ ᠠᠵᠢᠯ ᠤᠨ ᠡᠳᠦᠷ 9 : 00—12 : 00 ;14 : 30 —18 : 00 ( ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠪᠠᠭᠲᠠᠬᠤ ᠥᠬᠡᠢ ) ᠠᠯᠪᠠᠨ ᠤᠲᠠᠰᠤ᠄ 0474 - 5211611᠃ ᠰᠢᠤᠳᠠᠨ ᠤ ᠬᠠᠶᠢᠷᠴᠠᠭ᠄ szwqscjdglj@163. com ᠰᠢᠤᠳᠠᠨ ᠨᠣᠮᠧᠷ᠄ 011800 ᠬᠠᠷᠢᠭᠤᠴᠠᠯᠭᠠᠲᠠᠨ᠄ ᠳ᠋ᠤᠸᠠᠨ ᠵᠦᠸᠧ ᠵᠢᠶᠦ᠋ᠨᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2