ᠳᠥᠷᠪᠡᠳ ᠬᠤᠰᠢᠭᠤᠨ ᠤ ᠲᠠᠷᠢᠶᠠᠯᠠᠩ ᠮᠠᠯᠵᠢᠯ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/11/1
        ᠳᠥᠷᠪᠡᠳ ᠬᠤᠰᠢᠭᠤᠨ ᠤ ᠲᠠᠷᠢᠶᠠᠯᠠᠩ ᠮᠠᠯᠵᠢᠯ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ       ᠳᠥᠷᠪᠡᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠳᠡᠰ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ᠄      ( ᠨᠢᠭᠡ ) ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠵᠢᠴᠢ ᠶᠡᠷᠦᠩᠬᠡᠶᠢᠯᠡᠭᠰᠡᠨ ᠵᠣᠬᠢᠴᠠᠭᠤᠯᠭ᠎ᠠ ᠶᠢ ᠬᠠᠷᠢᠭᠤᠴᠠᠨ᠎ᠠ᠃ᠨᠠᠮ ᠪᠠ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠲᠠᠷᠢᠮᠠᠯ ᠤᠨ ᠦᠢᠯᠡᠰ᠂ ᠮᠠᠯ ᠠᠵᠤ ᠠᠬᠤᠢ᠂ ᠵᠢᠭᠠᠰᠤᠨ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠵᠡᠷᠭᠡ ᠡᠯ᠎ᠡ ᠠᠵᠤ ᠦᠢᠯᠡᠰ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠷᠲᠤ ᠰᠢᠭ᠋ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ;ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢ ᠤᠷᠢᠳᠴᠢᠯᠠᠨ ᠵᠢᠱᠢᠬᠦ ᠵᠢᠴᠢ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠵᠦ᠂ ᠲᠠᠷᠢᠶᠠᠯᠠᠩ ᠮᠠᠯ ᠠᠵᠤ ᠠᠬᠤᠢ ᠵᠢᠴᠢ ᠮᠠᠯᠵᠢᠬᠤ ᠲᠠᠷᠢᠶᠠᠯᠠᠬᠤ ᠣᠷᠣᠨ ᠤ ᠠᠵᠢᠯ᠂ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠨ᠎ᠡ ;ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠪᠠ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠵᠠᠷᠴᠢᠮ ᠪᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠤᠨ᠎ᠠ ;ᠲᠠᠷᠢᠶᠠᠯᠠᠩ ᠳᠤ ᠬᠤᠯᠪᠣᠭᠳᠠᠭᠰᠠᠨ ᠡᠳ᠋ ᠤᠨ ᠵᠠᠰᠠᠭ ᠭᠠᠶᠢᠯᠢ᠂ ᠦᠨ᠎ᠡ ᠬᠠᠩᠰᠢ᠂ ᠮᠥᠩᠭᠦᠨ ᠭᠦᠢᠯᠭᠡᠭᠡᠨ ᠤ ᠳᠠᠭᠠᠳᠬᠠᠯ᠂ ᠬᠢᠯᠢ ᠪᠠᠷ ᠣᠷᠣᠭᠤᠯᠵᠤ ᠭᠠᠷᠭᠠᠬᠤ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠠᠵᠢᠯ ᠳᠤ ᠣᠷᠣᠯᠴᠠᠨ᠎ᠠ ;ᠬᠤᠰᠢᠭᠤᠨ ᠤ ᠨᠠᠮ ᠤᠨ ᠬᠤᠷᠢᠶᠠᠨ ᠤ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠳᠣᠳᠣᠮ ᠤᠨ ᠠᠵᠢᠯ ᠢ ᠡᠭᠦᠷᠭᠡᠯᠡᠨ᠎ᠡ᠃         ( ᠬᠤᠶᠠᠷ ) ᠲᠠᠷᠢᠶᠠᠯᠠᠬᠤ ᠮᠠᠯᠵᠢᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠲᠠᠷᠢᠶᠠᠯᠠᠬᠤ ᠮᠠᠯᠵᠢᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ ( ᠬᠠᠳᠤᠯᠠᠩ ᠪᠡᠯᠴᠢᠭᠡᠷ ) ᠤᠨ ᠳᠠᠭᠠᠭᠠᠴᠢᠯᠠᠯᠲᠠ᠂ ᠲᠠᠷᠢᠶᠠᠨ ᠭᠠᠵᠠᠷ ( ᠨᠤᠲᠤᠭ ᠪᠡᠯᠴᠢᠭᠡᠷ ) ᠤᠨ ᠬᠡᠷᠡᠭᠯᠡᠬᠦ ᠡᠷᠬᠡ ᠶᠢ ᠰᠢᠯᠵᠢᠭᠦᠯᠬᠦ ᠪᠠ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ᠋‌‍ᠡᠴᠡ ᠲᠠᠰᠤᠯᠬᠤ ᠠᠵᠢᠯ ᠢ ᠵᠢᠯᠣᠭᠤᠳᠤᠨ᠎ᠠ ;ᠮᠠᠯᠴᠢᠨ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ ;ᠲᠠᠷᠢᠶᠠᠯᠠᠩ ᠮᠠᠯ ᠠᠵᠤ ᠠᠬᠤᠢ ᠶᠢᠨ ᠠᠵᠤ ᠦᠶ᠋ᠯᠡᠰᠴᠢᠯᠡᠭᠰᠡᠨ ᠡᠵᠡᠩᠨᠡᠯᠲᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠲᠠᠷᠢᠶᠠᠯᠠᠬᠤ ᠮᠠᠯᠵᠢᠬᠤ ᠣᠷᠣᠨ ᠤ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠨ ᠮᠠᠯᠴᠢᠳ ᠤᠨ ᠲᠤᠰᠬᠠᠢ ᠠᠵᠢᠯ ᠤᠨ ᠬᠤᠷᠰᠢᠶ᠎ᠠ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠢᠯ ᠲᠥᠷᠥᠯ ᠤᠨ ᠨᠡᠶᠢᠭᠡᠮᠯᠢᠭ ᠤᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ ᠲᠡᠳᠬᠦᠬᠦ ᠬᠡᠷᠡᠭᠲᠡᠢ᠃        ( ᠭᠤᠷᠪᠠ ) ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠵᠢᠯᠣᠭᠤᠳᠤᠨ᠎ᠠ᠃ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠠᠨ ᠪᠠ ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ ᠰᠠᠶᠢᠵᠢᠷᠠᠭᠤᠯᠬᠤ ᠶᠢ ᠬᠥᠲᠥᠯᠦᠨ ᠵᠢᠯᠣᠭᠤᠳᠤᠨ᠎ᠠ ;ᠲᠠᠷᠢᠶᠠᠯᠠᠩ ᠮᠠᠯ ᠠᠵᠤ ᠠᠬᠤᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠬᠤᠰᠢᠭᠤ ᠱᠠᠲᠤᠨ ᠤ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠲᠣᠬᠢᠷᠠᠭᠤᠯᠬᠤ ᠰᠠᠨᠠᠭᠤᠯᠭ᠎ᠠ ᠶᠢ ᠳᠤᠷᠠᠳᠤᠨ᠎ᠠ ;ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠮᠡᠳᠡᠭᠦᠯᠬᠦ ᠪᠥᠭᠡᠳ ᠵᠣᠬᠢᠶᠠᠨ ᠪᠠᠶᠢᠭᠤᠯᠵᠤ ᠭᠦᠢᠴᠡᠳᠬᠡᠨ᠎ᠡ ;ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠤᠨ ᠰᠠᠨᠠᠭᠤᠯᠭ᠎ᠠ ᠳᠤᠷᠠᠳᠤᠨ᠎ᠠ ;ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠪᠠ ᠦᠨᠳᠦᠰᠦᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃        ᠳᠥᠷᠪᠡ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠬᠦ ᠠᠴᠠ  ᠡᠮᠦᠨᠡᠬᠢ᠂ ᠦᠢᠯᠡᠳᠪᠦᠷᠢᠯᠡᠵᠦ ᠪᠠᠶᠢᠬᠤ ᠪᠠ ᠦᠢᠯᠡᠳᠪᠦᠷᠢᠯᠡᠭᠰᠡᠨ ᠤ ᠳᠠᠷᠠᠭᠠᠬᠢ ᠨᠢᠭᠡ ᠴᠣᠭᠴᠠᠵᠢᠨ ᠬᠥᠭᠵᠢᠬᠦ ᠶᠢ ᠠᠬᠢᠭᠤᠯᠬᠤ ᠬᠡᠷᠡᠭᠲᠡᠢ᠃ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠪᠠᠰᠤᠷᠠᠭᠤᠯᠬᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ;ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ ;ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠪᠠᠰᠤᠷᠠᠭᠤᠯᠬᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ ;ᠶᠡᠭᠡ ᠬᠡᠮᠵᠢᠶᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠲᠥᠷᠥ ᠶᠢᠨ ᠪᠣᠳᠣᠯᠭ᠎ᠠ ᠪᠠ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠢᠯᠢ ᠪᠠᠷ ᠣᠷᠣᠭᠤᠯᠵᠤ ᠭᠠᠷᠭᠠᠬᠤ ᠰᠠᠨᠠᠭᠤᠯᠭ᠎ᠠ ᠶᠢ ᠳᠤᠷᠠᠳᠤᠨ᠎ᠠ ;ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ᠂ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ ;ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠥᠷᠥᠯ ᠲᠡᠮᠳᠡᠭ ᠢ ᠪᠤᠶᠢᠵᠢᠭᠤᠯᠤᠨ ᠬᠠᠮᠠᠭᠠᠯᠠᠵᠤ ᠬᠥᠭᠵᠢᠭᠦᠯᠬᠦ ᠬᠡᠷᠡᠭᠲᠡᠢ᠃        ᠲᠠᠪᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠬᠡᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠬᠡᠢ ᠶᠢᠨ ᠲᠦᠭᠰᠢᠭᠦᠷᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠬᠡᠢ ᠶᠢᠨ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠵᠤ᠂ ᠶᠠᠰᠤ ᠴᠢᠨᠠᠷ ᠤᠨ ᠠᠶᠤᠯ ᠥᠬᠡᠢ ᠶᠢᠨ ᠲᠤᠬᠠᠢ ᠣᠷᠣᠨ ᠨᠤᠲᠤᠭ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠬᠡᠢ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ ;ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠭᠰᠡᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠢ ᠮᠠᠭᠠᠳᠯᠠᠨ ᠲᠣᠭᠲᠠᠭᠠᠬᠤ ᠪᠠ ᠪᠦᠲᠦᠭᠡᠭᠳᠡᠬᠦᠨ ᠤ ᠭᠡᠷᠡᠴᠢ ᠶᠢ ᠬᠠᠤᠯᠢ ᠶᠣᠰᠣᠭᠠᠷ ᠭᠤᠶᠤᠴᠢᠯᠠᠬᠤ ᠬᠡᠷᠡᠭᠲᠡᠢ ;ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠬᠡᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠣᠬᠢᠶᠠᠨ ᠪᠠᠶᠢᠭᠤᠯᠤᠨ᠎ᠠ᠃        ᠵᠢᠷᠭᠤᠭ᠎ᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠵᠢᠴᠢ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠢ᠃ᠲᠠᠷᠢᠮᠠᠯ ᠤᠨ ᠦᠷ᠎ᠡ (ᠦᠷ᠎ᠡ ᠴᠢ)᠂ ᠡᠪᠡᠰᠦᠨ ᠦᠷ᠎ᠡ᠂ ᠦᠷ᠎ᠡ ᠶᠢᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠤᠭ᠎ᠠ᠂ ᠪᠣᠷᠳᠣᠭᠠᠨ ᠤ ᠨᠡᠮᠡᠯᠲᠡ ᠡᠳ᠋ ᠤᠨ ᠵᠥᠪᠰᠢᠶᠡᠷᠡᠯ ᠵᠢᠴᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ ;ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ ;ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠤᠨ ᠲᠤᠬᠠᠢ ᠣᠷᠣᠨ ᠨᠤᠲᠤᠭ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠮᠠᠯ ᠡᠮᠨᠡᠯᠭᠡ ᠶᠢᠨ ᠪᠠᠭᠠᠵᠢ ᠬᠡᠷᠡᠭᠯᠡᠭᠦᠷ ᠪᠠ ᠬᠤᠯᠪᠣᠭᠳᠠᠯ ᠪᠦᠬᠦᠢ ᠪᠣᠷᠳᠣᠭᠤᠷ ᠤᠨ ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠎ᠡ ;ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠥᠭᠵᠢᠯᠲᠡ ᠪᠣᠯᠤᠨ ᠲᠠᠷᠢᠶᠠᠯᠠᠩ ᠤᠨ ᠮᠠᠰᠢᠨ ᠤ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃         ᠳᠣᠯᠤᠭ᠎ᠠ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠵᠢᠴᠢ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠶᠢ ᠬᠠᠷᠢᠭᠤᠴᠠᠬᠤ ᠬᠡᠷᠡᠭᠲᠡᠢ᠃ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠥᠭᠡᠳ ᠲᠡᠭᠦᠨ ᠢ ᠵᠢᠯᠣᠭᠤᠳᠤᠨ ᠬᠡᠷᠡᠭᠵᠢᠭᠦᠯᠵᠦ᠂ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ ᠬᠢᠵᠢᠭ ᠢ ᠪᠠᠶᠢᠴᠠᠭᠠᠬᠤ ᠰᠢᠰᠲᠧᠮ ᠤᠨ ᠪᠠᠶᠢᠭᠤᠯᠤᠯᠲᠠ ᠶᠢ ᠵᠢᠯᠣᠭᠤᠳᠤᠨ᠎ᠠ ;ᠲᠤᠰ ᠬᠤᠰᠢᠭᠤᠨ ᠤ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠲᠡᠭᠦᠨ ᠳᠤ ᠬᠢᠨᠠᠯᠲᠠ ᠲᠠᠯᠪᠢᠵᠤ᠂ ᠬᠢᠵᠢᠭ ᠤᠨ ᠪᠠᠶᠢᠳᠠᠯ ᠢ ᠨᠡᠶᠢᠲᠡᠯᠡᠨ᠂ ᠵᠣᠬᠢᠶᠠᠨ ᠪᠠᠶᠢᠭᠤᠯᠵᠤ ᠤᠰᠠᠳᠬᠠᠨ᠎ᠠ ;ᠲᠤᠰ ᠬᠤᠰᠢᠭᠤᠨ ᠤ ᠤᠷᠭᠤᠮᠠᠯ ᠤᠨ ᠬᠢᠵᠢᠭ ᠪᠠᠶᠢᠴᠠᠭᠠᠯᠲᠠ ᠶᠢᠨ ᠴᠢᠨᠠᠷᠲᠠᠢ ᠬᠥᠨᠥᠭᠡᠯᠲᠦ ᠠᠮᠢᠳᠤ ᠪᠣᠳᠠᠰ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ ;ᠬᠤᠰᠢᠭᠤᠨ ᠤ  ᠭᠠᠳᠠᠨ᠎ᠠ  ᠠᠴᠠ ᠣᠷᠣᠭᠤᠯᠤᠭᠰᠠᠨ ᠲᠠᠷᠢᠮᠠᠯ ᠤᠨ ᠦᠷ᠎ᠡ ( ᠦᠷ᠎ᠡ ) ᠶᠢᠨ ᠬᠢᠵᠢᠭ ᠪᠠᠶᠢᠴᠠᠭᠠᠬᠤ ᠠᠵᠢᠯ ᠢ ᠡᠭᠦᠷᠭᠡᠯᠡᠨ᠎ᠡ ;ᠮᠠᠯ ᠡᠮᠨᠡᠯᠭᠡ ᠶᠢᠨ ᠶᠠᠪᠤᠳᠠᠯ ᠤᠨ ᠬᠠᠮᠢᠶᠠᠷᠤᠯᠲᠠ᠂ ᠮᠠᠯ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ( ᠨᠠᠢᠮᠠ ) ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠡᠭᠦᠷᠭᠡᠯᠡᠨ᠎ᠡ᠃ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠵᠦ ᠨᠡᠶᠢᠲᠡᠯᠡᠨ᠎ᠡ ;ᠦᠷ᠎ᠡ ᠂ ᠬᠢᠮᠢ ᠶᠢᠨ ᠪᠣᠷᠳᠣᠭᠤᠷ᠂ ᠲᠡᠵᠢᠭᠡᠯ ᠪᠣᠷᠳᠤᠭ᠎ᠠ ᠵᠡᠷᠭᠡ  ᠭᠠᠮᠰᠢᠭ  ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ ᠰᠢᠯᠵᠢᠭᠦᠯᠦᠨ ᠥᠭᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠭᠠᠮᠰᠢᠭ  ᠠᠴᠠ ᠠᠪᠤᠷᠠᠬᠤ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ ᠶᠢ ᠳᠤᠷᠠᠳᠤᠨ᠎ᠠ ;ᠲᠠᠷᠢᠶᠠᠯᠠᠩ ᠮᠠᠯ ᠠᠵᠤ ᠠᠬᠤᠢ ᠶᠢᠨ ᠪᠠᠴᠢᠮ  ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠶᠢ ᠵᠢᠯᠣᠭᠤᠳᠤᠨ᠎ᠠ᠃        ᠵᠢᠰᠦ ᠲᠠᠷᠢᠶᠠᠯᠠᠩ ᠮᠠᠯ ᠠᠵᠤ ᠠᠬᠤᠢ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠶᠢ ᠬᠠᠮᠢᠶᠠᠷᠤᠨ᠎ᠠ᠃ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠡᠷᠭᠢᠯᠲᠡ ᠶᠢ ᠬᠢᠨᠠᠨ ᠬᠡᠮᠵᠢᠵᠦ ᠵᠠᠳᠠᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠶᠢ ᠨᠡᠶᠢᠲᠡᠯᠡᠨ᠎ᠡ ;ᠬᠠᠮᠢᠶ᠎ᠠ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠦᠨ᠎ᠡ ;ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ᠠᠷᠪᠠ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠳᠡᠯᠭᠡᠷᠡᠭᠦᠯᠬᠦ ᠶᠠᠪᠤᠳᠠᠯ ᠢ ᠵᠢᠯᠣᠭᠤᠳᠤᠨ᠎ᠠ᠃ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲᠧᠮ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠮᠡᠷᠭᠡᠵᠢᠯ ᠤᠨ ᠰᠢᠰᠲᠧᠮ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ ;ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠢ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ;ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠲᠡᠷᠢᠭᠦᠨ ᠤ ᠮᠡᠷᠭᠡᠵᠢᠯ ᠢ ᠵᠣᠬᠢᠶᠠᠨ ᠪᠠᠶᠢᠭᠤᠯᠤᠨ ᠣᠷᠣᠭᠤᠯᠵᠤ ᠢᠷᠡᠬᠦ ᠬᠡᠷᠡᠭᠲᠡᠢ ;ᠲᠠᠷᠢᠶᠠᠯᠠᠩ ᠮᠠᠯ ᠠᠵᠤ ᠠᠬᠤᠢ ᠶᠢᠨ ᠠᠮᠢᠲᠠᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠦᠢᠯᠡᠳᠪᠦᠷᠢᠯᠡᠨ ᠡᠳ᠋ᠰᠢᠭᠦᠯᠬᠦ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ;ᠬᠥᠳᠡᠭᠡ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠪᠣᠯᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠃        ᠠᠷᠪᠠᠨ ᠨᠢᠭᠡ 《 ᠲᠠᠷᠢᠶᠠᠯᠠᠩ ᠤᠨ ᠮᠠᠰᠢᠨ ᠤ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ 》᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠶᠤᠯ ᠥᠬᠡᠢ ᠶᠢᠨ ᠬᠠᠤᠯᠢ 》᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠮᠠᠰᠢᠨᠴᠢᠯᠠᠯᠲᠠ ᠶᠢ ᠠᠬᠢᠭᠤᠯᠬᠤ ᠬᠠᠤᠯᠢ 》᠂ 《 ᠭᠦᠢᠵᠧᠦ ᠮᠣᠵᠢ ᠶᠢᠨ ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢᠨ ᠳᠦᠷᠢᠮ 》 ᠤᠨ ᠡᠷᠬᠡ ᠣᠯᠭᠤᠭᠰᠠᠨ ᠪᠠᠶᠢᠳᠠᠯ ᠢ ᠦᠨᠳᠦᠰᠦᠯᠡᠨ᠂ ᠣᠯᠠᠨ ᠨᠡᠶᠢᠲᠡ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠠᠳᠠᠭᠰᠢ ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃       ᠠᠷᠪᠠᠨ ᠬᠤᠶᠠᠷ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠨ᠎ᠠ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠨᠡᠭᠡᠭᠡᠯᠲᠡ ᠬᠢᠬᠦ ᠶᠢ ᠵᠢᠯᠣᠭᠤᠳᠴᠤ᠂ ᠲᠠᠷᠢᠶᠠᠯᠠᠬᠤ ᠮᠠᠯᠵᠢᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠲᠠᠷᠢᠶᠠᠯᠠᠩ ᠮᠠᠯ ᠠᠵᠤ ᠠᠬᠤᠢ ᠶᠢᠨ ᠤᠷ᠎ᠠ ᠴᠢᠳᠠᠪᠤᠷᠢ ᠶᠢᠨ ᠪᠣᠯᠪᠠᠰᠣᠷᠠᠭᠤᠯᠤᠯ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ ;ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠭᠡᠮ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠮᠡᠷᠭᠡᠵᠢᠯ ᠤᠨ ᠠᠵᠢᠯᠴᠢᠨ ᠤ ᠵᠡᠷᠭᠡ ᠳᠡᠰ ᠢ ᠬᠢᠨᠠᠨ ᠰᠢᠯᠭᠠᠬᠤ ᠪᠠ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠮᠠᠯ ᠠᠵᠤ ᠠᠬᠤᠢ ᠶᠢᠨ ᠬᠠᠮᠢᠶᠠᠷᠤᠯᠲᠠ ᠶᠢᠨ ᠺᠠᠳ᠋ᠷ ᠪᠣᠯᠤᠨ ᠮᠡᠷᠭᠡᠵᠢᠯ ᠤᠨ ᠠᠵᠢᠯᠲᠠᠨ ᠤ ᠬᠥᠮᠦᠵᠢᠯ ᠪᠣᠯᠪᠠᠰᠣᠷᠠᠭᠤᠯᠤᠯ ᠢ ᠵᠣᠬᠢᠶᠠᠨ ᠪᠠᠶᠢᠭᠤᠯᠤᠨ᠎ᠠ ;ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠡᠷᠬᠢᠯᠡᠬᠦ ᠬᠢᠷᠢ ᠭᠡᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠠᠷᠢᠶᠠᠴᠢᠨ ᠮᠠᠯᠴᠢᠳ ᠤᠨ ᠮᠡᠷᠭᠡᠵᠢᠯ ᠤᠨ ᠠᠩᠬ᠎ᠠ ᠵᠡᠷᠭᠡ ᠶᠢᠨ ᠲᠤᠰᠢᠶᠠᠯ ᠤᠨ ᠴᠣᠯᠠ ᠲᠣᠭᠲᠠᠭᠠᠬᠤ ᠪᠠ ᠳᠤᠮᠳᠠ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠬᠤ ᠬᠡᠷᠡᠭᠲᠡᠢ᠃        ( ᠠᠷᠪᠠᠨ ᠭᠤᠷᠪᠠ ) ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠣᠷᠣᠨ ᠤ ᠬᠤᠪᠢᠶᠠᠷᠢᠯᠠᠯ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃ᠲᠠᠷᠢᠶᠠᠯᠠᠩ ᠮᠠᠯ ᠠᠵᠤ ᠠᠬᠤᠢ ᠳᠤ ᠬᠡᠷᠡᠭᠯᠡᠬᠦ ᠭᠠᠵᠠᠷ᠂ ᠵᠢᠭᠠᠰᠤᠨ ᠠᠵᠤ ᠠᠬᠤᠢ ᠶᠢᠨ ᠤᠰᠤᠨ ᠣᠷᠣᠨ᠂ ᠨᠤᠲᠤᠭ ᠪᠡᠯᠴᠢᠭᠡᠷ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ ;ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ ;ᠲᠠᠷᠢᠶᠠᠨ ᠭᠠᠵᠠᠷ ᠵᠢᠴᠢ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠥᠭᠡᠳ ᠵᠢᠯᠣᠭᠤᠳᠤᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠤᠯᠢ ᠶᠣᠰᠣᠭᠠᠷ ᠬᠠᠮᠢᠶᠠᠷᠬᠤ ᠬᠡᠷᠡᠭᠲᠡᠢ ;ᠢᠨᠵᠧᠨᠧᠷᠢᠩ᠂ ᠲᠠᠷᠢᠶᠠᠯᠠᠩ ᠤᠨ ᠮᠡᠷᠭᠡᠰᠢᠯ᠂ ᠲᠠᠷᠢᠶᠠᠯᠠᠩ ᠤᠨ ᠮᠠᠰᠢᠨ᠂ ᠠᠮᠢᠳᠤ ᠪᠣᠳᠠᠰ ᠵᠡᠷᠭᠡ ᠠᠷᠭ᠎ᠠ ᠬᠡᠮᠵᠢᠶ᠎ᠡ ᠶᠢ ᠬᠡᠷᠡᠭᠯᠡᠨ᠂ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ ᠣᠷᠴᠢᠨ ᠲᠣᠭᠤᠷᠢᠨ ᠨᠥᠬᠦᠷᠰᠡᠭ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠦᠨ᠎ᠡ ;ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠤᠨ ᠴᠢᠬᠤᠯᠠ ᠶᠡᠭᠡ ᠵᠢᠭᠤᠷᠠᠯᠳᠤᠭᠠᠨ ᠢ ᠰᠢᠢᠳᠪᠦᠷᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠡᠷᠬᠡ ᠠᠰᠢᠭ ᠢ ᠬᠠᠮᠠᠭᠠᠯᠠᠨ᠎ᠠ᠃        ᠠᠷᠪᠠᠨ ᠳᠥᠷᠪᠡ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠡᠨᠧᠷᠭᠢ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨ᠎ᠡ ;ᠮᠠᠯᠵᠢᠬᠤ ᠲᠠᠷᠢᠶᠠᠯᠠᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠪᠠ ᠠᠰᠢᠭᠯᠠᠬᠤ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠴᠢᠨᠠᠷ ᠪᠦᠬᠦᠢ ᠠᠵᠤ ᠦᠢᠯᠡᠰ ᠤᠨ ᠬᠥᠭᠵᠢᠯᠲᠡ ᠪᠠ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠵᠢᠯᠣᠭᠤᠳᠤᠨ᠎ᠠ ;ᠲᠠᠷᠢᠶᠠᠯᠠᠩ ᠮᠠᠯ ᠠᠵᠤ ᠠᠬᠤᠢ ᠶᠢᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠵᠢᠯᠣᠭᠤᠳᠤᠨ᠎ᠠ ;ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠬᠦ ᠴᠠᠭᠠᠵᠠᠯᠠᠬᠤ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ᠂ ᠡᠷᠭᠢᠯᠲᠡᠲᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠵᠢᠯᠣᠭᠤᠳᠤᠨ᠎ᠠ ;ᠵᠢᠭᠠᠰᠤᠨ ᠠᠵᠤ ᠠᠬᠤᠢ ᠶᠢᠨ ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠬᠠᠷᠢᠭᠤᠴᠠᠨ᠎ᠠ ;ᠭᠠᠳᠠᠨ᠎ᠠ ᠶᠢᠨ ᠳᠦᠷᠰᠦ ᠶᠢ ᠲᠦᠷᠦᠭᠦᠯᠡᠨ ᠤᠳᠤᠷᠢᠳᠬᠤ᠃        ( ᠠᠷᠪᠠᠨ ᠲᠠᠪᠤ ) ᠲᠠᠷᠢᠶᠠᠯᠠᠩ ᠮᠠᠯ ᠠᠵᠤ ᠠᠬᠤᠢ ᠶᠢᠨ ᠡᠯ᠎ᠡ ᠠᠵᠤ ᠦᠢᠯᠡᠰ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢ ᠵᠣᠬᠢᠴᠠᠭᠤᠯᠤᠨ᠎ᠠ ;ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠪᠣᠯᠤᠨ ᠲᠠᠷᠢᠶᠠᠯᠠᠬᠤ ᠮᠠᠯᠵᠢᠬᠤ ᠣᠷᠣᠨ ᠤ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠭᠦᠢᠯᠭᠡᠭᠡᠨ ᠤ ᠦᠢᠯᠡᠰ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠵᠡᠷᠭᠡ ᠦᠢᠯᠡᠴᠢᠯᠡᠭᠡᠨ ᠤ ᠦᠢᠯᠡᠰ ᠢ ᠲᠡᠳᠬᠦᠨ ᠬᠥᠭᠵᠢᠭᠦᠯᠦᠨ᠎ᠡ᠃         ᠠᠷᠪᠠᠨ ᠵᠢᠷᠭᠤᠭ᠎ᠠ ᠪᠦᠬᠦ ᠬᠤᠰᠢᠭᠤᠨ ᠤ ᠨᠡᠶᠢᠭᠡᠮ ᠵᠢᠷᠤᠮ ᠤᠨ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠨ᠎ᠠ᠃ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠬᠠᠮᠢᠶ᠎ᠠ ᠪᠦᠬᠦᠢ ᠵᠦᠢᠯᠡᠰ ᠢ ᠵᠣᠬᠢᠴᠠᠭᠤᠯᠬᠤ ;ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠬᠥᠭᠵᠢᠯᠲᠡ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠳᠤ ᠣᠷᠣᠯᠴᠠᠨ᠎ᠠ᠃         ( ᠠᠷᠪᠠᠨ ᠳᠣᠯᠤᠭ᠎ᠠ ) ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠳᠤ ᠬᠤᠯᠪᠣᠭᠳᠠᠬᠤ ᠤᠴᠢᠷ ᠶᠠᠪᠤᠳᠠᠯ ᠢ ᠳᠠᠭᠠᠭᠠᠨ ᠬᠢᠨ᠎ᠡ᠃ᠭᠠᠳᠠᠭᠠᠳᠤ ᠲᠠᠷᠢᠶᠠᠯᠠᠩ ᠮᠠᠯ ᠠᠵᠤ ᠠᠬᠤᠢ ᠶᠢᠨ ᠠᠷᠠᠯᠵᠢᠶ᠎ᠠ ᠪᠠ ᠠᠵᠤ ᠠᠬᠤᠢ᠂ ᠮᠡᠷᠭᠡᠵᠢᠯ ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ;ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠲᠠᠷᠢᠶᠠᠯᠠᠩ ᠮᠠᠯ ᠠᠵᠤ ᠠᠬᠤᠢ ᠶᠢ  ᠭᠠᠳᠠᠨ᠎ᠠ  ᠠᠴᠠ ᠲᠤᠰᠠᠯᠠᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃        ( ᠠᠷᠪᠠᠨ ᠨᠠᠢᠮᠠ ) ᠤᠤᠯ ᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢ ᠤᠳᠤᠷᠢᠳᠤᠨ ᠬᠠᠮᠢᠶᠠᠷᠴᠤ᠂ ᠬᠠᠷᠢᠶ᠎ᠠ ᠡᠯ᠎ᠡ ᠨᠢᠭᠡᠴᠡ ᠶᠢᠨ ᠠᠵᠢᠯ ᠤᠨ ᠳᠤᠮᠳᠠ ᠬᠤᠯᠪᠣᠭᠳᠠᠭᠰᠠᠨ ᠬᠥᠭᠵᠢᠯᠲᠡ ᠶᠢᠨ ᠲᠥᠯᠥᠪᠵᠢᠭᠦᠯᠭᠡ᠂ ᠬᠡᠷᠡᠭᠯᠡᠬᠦ ᠪᠠᠷ ᠪᠠᠶᠢᠭ᠎ᠠ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠳ᠋ ᠬᠥᠷᠥᠩᠭᠡ ᠶᠢᠨ ᠬᠤᠪᠢᠷᠠᠯᠲᠠ᠂ ᠣᠨ ᠤ ᠠᠵᠢᠯ ᠤᠨ ᠲᠥᠯᠥᠪᠯᠡᠭᠡ ᠵᠢᠴᠢ ᠪᠥᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠶᠠᠪᠤᠳᠠᠯ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ ;        (ᠠᠷᠪᠠ  ᠶᠢᠰᠣ ) ᠬᠤᠰᠢᠭᠤ ᠵᠠᠰᠠᠭ ᠤᠨ ᠣᠷᠳᠣᠨ᠋‌‍ᠠ᠋ᠴᠠ ᠲᠤᠰᠢᠶᠠᠭᠰᠠᠨ ᠪᠤᠰᠤᠳ ᠵᠦᠢᠯ ᠢ ᠳᠠᠭᠠᠭᠠᠨ ᠭᠦᠢᠴᠡᠳᠬᠡᠨ᠎ᠡ᠃       ᠬᠤᠶᠠᠷ᠂ ᠳᠣᠲᠣᠭᠠᠳᠤ ᠪᠠᠶᠢᠭᠤᠯᠤᠮᠵᠢ     ( ᠨᠢᠭᠡ ) ᠠᠯᠪᠠᠨ ᠭᠡᠷ᠃ᠤᠲᠠᠰᠤ᠄ 0474 —5213962᠃ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠮᠡᠳᠡᠭᠡ ᠵᠠᠩᠭᠢ᠂ ᠨᠢᠭᠤᠴᠠ᠂ ᠳᠠᠩᠰᠠ ᠡᠪᠬᠡᠮᠡᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ ᠮᠡᠳᠡᠭᠡ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠠᠶᠤᠯ ᠥᠬᠡᠢ ᠦᠢᠯᠡᠳᠪᠦᠷᠢᠯᠡᠯ ᠤᠨ ᠠᠵᠢᠯ ᠢ ᠲᠦᠷᠦᠭᠦᠯᠡᠨ ᠵᠢᠯᠣᠭᠤᠳᠤᠨ ᠵᠣᠬᠢᠴᠠᠭᠤᠯᠬᠤ ᠬᠡᠷᠡᠭᠲᠡᠢ᠃ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ᠲᠤᠰ ᠰᠠᠯᠠᠭ᠎ᠠ ᠮᠥᠴᠢᠷ ᠤᠨ ᠢᠶᠠᠨ ᠺᠣᠮᠫᠢᠦ᠋ᠲ᠋ᠧᠷ ᠤᠨ ᠲᠣᠣᠷ ᠰᠦᠯᠵᠢᠶ᠎ᠡ ᠪᠠ ᠡᠭᠦᠳᠡ ᠡᠷᠦᠬᠡ ᠶᠢᠨ ᠲᠣᠣᠷ ᠰᠦᠯᠵᠢᠶ᠎ᠡ ᠶᠢ ᠬᠠᠷᠢᠭᠤᠴᠠᠨ ᠬᠠᠮᠢᠶᠠᠷᠤᠨ᠎ᠠ᠃       ( ᠬᠤᠶᠠᠷ )ᠠᠵᠢᠯᠲᠠᠨ  ᠤ ᠶᠠᠪᠤᠳᠠᠯ ᠤᠨ ᠬᠠᠤᠯᠢ ᠲᠣᠭᠲᠠᠭᠠᠯ ᠤᠨ ᠰᠲ᠋ᠣᠺ ( ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ )᠃ᠤᠲᠠᠰᠤ᠄ 0474 —5211855᠃ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠺᠠᠳ᠋ᠷ ᠤᠨ ᠬᠠᠮᠢᠶᠠᠷᠤᠯᠲᠠ᠂ ᠬᠢᠨᠠᠨ ᠰᠢᠯᠭᠠᠵᠤ ᠲᠣᠮᠢᠯᠠᠬᠤ᠂ ᠪᠠᠶᠢᠭᠤᠯᠤᠮᠵᠢ ᠣᠷᠣᠨ ᠲᠤᠭ᠎ᠠ᠂ ᠴᠠᠯᠢᠩ ᠠᠰᠠᠷᠠᠮᠵᠢ᠂ ᠨᠡᠶᠢᠭᠡᠮ ᠤᠨ ᠳᠠᠭᠠᠳᠬᠠᠯ ᠢ ᠨᠢᠭᠡᠳᠦᠯᠲᠡᠢ ᠲᠥᠯᠥᠪᠯᠡᠬᠦ ᠪᠠ ᠬᠥᠮᠦᠵᠢᠯ ᠪᠣᠯᠪᠠᠰᠣᠷᠠᠭᠤᠯᠤᠯ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠠᠷᠢᠶᠠᠯᠠᠩ ᠮᠠᠯ ᠠᠵᠤ ᠠᠬᠤᠢ ᠪᠣᠯᠤᠨ ᠲᠠᠷᠢᠶᠠᠯᠠᠬᠤ ᠮᠠᠯᠵᠢᠬᠤ ᠣᠷᠣᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠪᠣᠯᠪᠠᠰᠣᠷᠠᠭᠤᠯᠤᠯ ᠢ ᠥᠷᠨᠢᠭᠦᠯᠬᠦ ᠬᠡᠷᠡᠭᠲᠡᠢ᠃ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠬᠠᠷᠢᠭᠤᠴᠠᠨ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ ;ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠴᠢᠨᠠᠷᠲᠠᠢ ᠬᠢᠨᠠᠨ ᠬᠠᠷᠭᠤᠭᠤᠯᠬᠤ᠂ ᠮᠡᠳᠡᠭᠦᠯᠦᠨ ᠳᠠᠩᠰᠠᠯᠠᠭᠤᠯᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ ;ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠢᠯᠣᠭᠤᠳᠴᠤ᠂ ᠰᠢᠰᠲ᠋ᠧᠮ ᠤᠨ ᠳᠣᠲᠣᠷᠠᠬᠢ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠪᠣᠯᠪᠠᠰᠣᠷᠠᠭᠤᠯᠤᠯ ᠢ ᠥᠷᠨᠢᠭᠦᠯᠦᠨ᠎ᠡ ;ᠲᠣᠭᠲᠠᠭᠠᠭᠰᠠᠨ ᠡᠷᠬᠡ ᠮᠠᠲᠠᠯ ᠤᠨ ᠬᠡᠪᠴᠢᠶ᠎ᠡ ᠶᠣᠰᠣᠭᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃        ( ᠭᠤᠷᠪᠠ ) ᠲᠥᠯᠥᠪᠯᠡᠭᠡᠲᠦ ᠡᠳ᠋ ᠤᠨ ᠶᠠᠪᠤᠳᠠᠯ ᠤᠨ ᠲᠠᠰᠤᠭ᠃ᠤᠲᠠᠰᠤ᠄ 0474 —5205604᠃ᠲᠠᠷᠢᠶᠠᠯᠠᠩ ᠮᠠᠯ ᠠᠵᠤ ᠠᠬᠤᠢ ᠪᠣᠯᠤᠨ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠣᠯᠤᠨ ᠲᠥᠷᠥᠯ ᠵᠦᠢᠯ ᠤᠨ ᠲᠤᠬᠠᠢ ᠰᠠᠨᠠᠭᠤᠯᠭ᠎ᠠ ᠳᠤᠷᠠᠳᠴᠤ᠂ ᠣᠨ ᠤ ᠲᠥᠷᠥᠯ ᠵᠦᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠴᠢᠭᠯᠡᠯ ᠤᠨ ᠲᠤᠬᠠᠢ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠮᠡᠳᠡᠭᠦᠯᠬᠦ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ᠲᠠᠷᠢᠶᠠᠯᠠᠬᠤ ᠮᠠᠯᠵᠢᠬᠤ ᠣᠷᠣᠨ ᠤ ᠮᠥᠩᠭᠦᠨ ᠭᠦᠢᠯᠭᠡᠭᠡᠨ᠂ ᠢᠲᠡᠭᠡᠮᠵᠢᠲᠦ ᠵᠢᠭᠡᠯᠡᠯᠭᠡ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠲᠣᠭᠲᠠᠭᠠᠬᠤ ᠬᠡᠷᠡᠭᠲᠡᠢ᠃ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠬᠤ ᠬᠡᠷᠡᠭᠲᠡᠢ᠃     ( ᠳᠥᠷᠪᠡ ) ᠲᠤᠬᠠᠶᠢᠯᠠᠭᠰᠠᠨ ᠠᠵᠢᠯ ᠤᠨ ᠲᠠᠰᠤᠭ᠃ᠤᠲᠠᠰᠤ᠄ 0474 —5202486᠃ᠲᠠᠷᠢᠶᠠᠯᠠᠩ ᠮᠠᠯ ᠠᠵᠤ ᠠᠬᠤᠢ ᠪᠣᠯᠤᠨ ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ᠲᠠᠷᠢᠶᠠᠯᠠᠩ ᠮᠠᠯ ᠠᠵᠤ ᠠᠬᠤᠢ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠢᠨᠠᠨ ᠵᠢᠯᠣᠭᠤᠳᠴᠤ᠃ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠡᠭᠦᠷᠭᠡᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ᠲᠠᠷᠢᠶᠠᠯᠠᠩ ᠮᠠᠯ ᠠᠵᠤ ᠠᠬᠤᠢ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ ᠪᠢᠴᠢᠨ᠎ᠡ᠃ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠣᠷᠣᠨ ᠬᠤᠪᠢᠶᠠᠷᠢᠯᠠᠯ ᠪᠣᠯᠤᠨ ᠠᠯᠤᠰ ᠰᠠᠷᠠᠯ ᠤᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠪᠣᠬᠢᠷᠲᠤᠯ ᠥᠬᠡᠢ ᠬᠥᠭᠵᠢᠯᠲᠡ ᠪᠣᠯᠤᠨ ᠪᠦᠲᠦᠴᠡ ᠶᠢᠨ ᠲᠣᠬᠢᠷᠠᠭᠤᠯᠤᠯᠲᠠ ᠶᠢ ᠵᠢᠯᠣᠭᠤᠳᠤᠨ᠎ᠠ᠃ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠯᠤᠭ᠎ᠠ ᠬᠤᠷᠰᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠠᠷ ᠣᠷᠣᠨ ᠤ ᠬᠤᠭᠤᠷᠣᠨᠳᠣᠬᠢ ᠲᠠᠷᠢᠶᠠᠯᠠᠩ ᠮᠠᠯ ᠠᠵᠤ ᠠᠬᠤᠢ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠮᠡᠷᠭᠡᠵᠢᠯ ᠤᠨ ᠰᠣᠯᠢᠯᠴᠠᠭ᠎ᠠ ᠬᠢᠭᠡᠳ ᠬᠤᠷᠰᠢᠯᠴᠠᠬᠤ ᠬᠡᠷᠡᠭ ᠶᠠᠪᠤᠳᠠᠯ ᠢ ᠡᠭᠦᠷᠭᠡᠯᠡᠨ᠎ᠡ᠃ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠤᠬᠢᠷᠠᠯ ᠤᠨ ᠪᠠᠶᠢᠴᠠᠭᠠᠯᠲᠠ᠂ ᠠᠷᠠᠯᠵᠢᠶᠠᠨ ᠤ ᠲᠡᠳᠬᠦᠮᠵᠢ᠂ ᠭᠠᠳᠠᠭᠠᠳᠤ ᠶᠢᠨ ᠲᠤᠰᠠᠯᠠᠮᠵᠢ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠠᠷᠢᠭᠤᠴᠠᠨ᠎ᠠ᠃ᠬᠤᠯᠪᠣᠭᠳᠠᠯ ᠪᠦᠬᠦᠢ ᠣᠯᠠᠨ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠢ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠯᠤᠭ᠎ᠠ ᠣᠶᠢᠯᠠᠭᠠᠯᠴᠠᠨ ᠬᠤᠷᠰᠢᠯᠴᠠᠬᠤ ᠬᠡᠷᠡᠭ ᠶᠠᠪᠤᠳᠠᠯ ᠢ ᠬᠠᠷᠢᠭᠤᠴᠠᠨ᠎ᠠ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ᠲᠠᠷᠢᠶᠠᠴᠢᠨ ᠮᠠᠯᠴᠢᠳ ᠤᠨ ᠳᠠᠷᠤᠭᠠᠰᠤ ᠶᠢ ᠬᠥᠩᠭᠡᠷᠡᠭᠦᠯᠬᠦ ᠪᠠ 《 ᠨᠢᠭᠡ ᠶᠠᠪᠤᠳᠠᠯ ᠢ ᠨᠢᠭᠡ ᠵᠥᠪᠯᠡᠬᠦ 》 ᠪᠡᠯᠡ ᠴᠤᠭᠯᠠᠭᠤᠯᠵᠤ ᠬᠥᠳᠡᠯᠮᠦᠷᠢ ᠬᠦᠴᠦ ᠭᠠᠷᠭᠠᠯᠭᠠᠬᠤ ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠲᠠᠷᠢᠶᠠᠴᠢᠨ ᠮᠠᠯᠴᠢᠳ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠢ ᠬᠤᠪᠢᠶᠠᠷᠢᠯᠠᠬᠤ᠂ ᠬᠡᠷᠡᠭᠯᠡᠬᠦ᠂ ᠰᠢᠯᠵᠢᠭᠦᠯᠬᠦ᠂ ᠵᠢᠭᠤᠷᠠᠯᠳᠤᠭᠠᠨ ᠢ ᠬᠥᠨᠳᠡᠯᠡᠨ᠋‌‍ᠡᠴᠡ ᠲᠠᠰᠤᠯᠬᠤ ᠬᠠᠮᠢᠶᠠᠷᠤᠯᠲᠠ ᠪᠣᠯᠤᠨ ᠣᠷᠣᠨ ᠰᠠᠭᠤᠴᠠ ᠶᠢᠨ ᠰᠠᠭᠤᠷᠢ ᠭᠠᠵᠠᠷ ᠢ ᠵᠦᠢ ᠵᠣᠬᠢᠰᠲᠠᠢ ᠪᠠᠶᠢᠷᠢᠯᠠᠭᠤᠯᠬᠤ᠂ ᠭᠠᠵᠠᠷ ᠬᠡᠷᠡᠭᠯᠡᠬᠦ ᠪᠠᠷᠢᠮᠵᠢᠶ᠎ᠠ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠰᠤᠯᠠ ᠪᠠᠶᠢᠭ᠎ᠠ ᠣᠷᠣᠨ ᠰᠠᠭᠤᠴᠠ ᠶᠢᠨ ᠰᠠᠭᠤᠷᠢ ᠭᠠᠵᠠᠷ ᠪᠣᠯᠤᠨ ᠰᠤᠯᠠ ᠪᠠᠶᠢᠭ᠎ᠠ ᠬᠥᠳᠡᠭᠡ ᠲᠣᠰᠬᠤᠨ ᠤ ᠭᠡᠷ ᠪᠠᠶᠢᠰᠢᠩ ᠢ ᠠᠰᠢᠭᠯᠠᠬᠤ ᠶᠢ ᠵᠢᠯᠣᠭᠤᠳᠬᠤ ᠬᠡᠷᠡᠭᠲᠡᠢ᠃ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ᠠᠲᠠᠷ ᠬᠠᠭᠠᠯᠪᠤᠷᠢᠯᠠᠯᠲᠠ ᠶᠢᠨ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠪᠠᠶᠢᠭᠤᠯᠬᠤ ᠲᠥᠯᠥᠪᠯᠡᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠶᠢᠨ ᠰᠢᠰᠲ᠋ᠧᠮ᠂ ᠪᠦᠬᠦ ᠬᠤᠰᠢᠭᠤᠨ ᠤ ᠶᠡᠭᠡ ᠬᠡᠮᠵᠢᠶᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ᠂ ᠦᠨ᠎ᠡ ᠬᠠᠩᠰᠢ ᠶᠢ ᠵᠠᠳᠠᠯᠬᠤ ᠪᠠ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ᠲᠠᠷᠢᠶᠠᠯᠠᠩ ᠮᠠᠯ ᠠᠵᠤ ᠠᠬᠤᠢ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠵᠢᠯᠣᠭᠤᠳᠤᠨ᠎ᠠ᠃ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠪᠣᠯᠤᠨ ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠥᠷᠥᠯ ᠲᠡᠮᠳᠡᠭ ᠢ ᠪᠦᠲᠦᠭᠡᠨ ᠪᠠᠶᠢᠭᠤᠯᠬᠤ᠂ ᠬᠠᠮᠠᠭᠠᠯᠠᠬᠤ᠂ ᠬᠥᠭᠵᠢᠭᠦᠯᠬᠦ ᠪᠠ ᠵᠠᠬ᠎ᠠ ᠳᠡᠯᠭᠡᠭᠦᠷ ᠤᠨ ᠭᠦᠢᠯᠭᠡᠭᠡᠨ ᠬᠢᠬᠦ᠂ ᠳᠡᠯᠭᠡᠷᠡᠭᠦᠯᠦᠨ ᠪᠣᠷᠣᠯᠠᠭᠤᠯᠬᠤ ᠠᠵᠢᠯ ᠢ ᠡᠭᠦᠷᠭᠡᠯᠡᠨ᠎ᠡ᠃ ᠪᠦᠬᠦ ᠬᠤᠰᠢᠭᠤᠨ ᠤ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠲᠠᠷᠢᠮᠠᠯ ᠤᠨ ᠦᠢᠯᠡᠰ ᠤᠨ ᠪᠦᠲᠦᠴᠡ ᠪᠣᠯᠤᠨ ᠪᠠᠶᠢᠷᠢᠰᠢᠭᠤᠯᠤᠯ ᠤᠨ ᠲᠣᠬᠢᠷᠠᠭᠤᠯᠤᠯᠲᠠ ᠵᠢᠴᠢ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠵᠢᠯᠣᠭᠤᠳᠤᠨ᠂ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢ ᠲᠣᠬᠢᠷᠠᠭᠤᠯᠤᠨ᠎ᠠ᠃ᠪᠣᠷᠳᠣᠭᠤᠷ ᠤᠨ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠵᠢᠴᠢ ᠲᠠᠷᠢᠶᠠᠨ ᠡᠮ ᠤᠨ ᠦᠢᠯᠡᠳᠪᠦᠷᠢᠯᠡᠯ᠂ ᠡᠵᠡᠩᠨᠡᠯᠲᠡ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠵᠦ᠂ ᠬᠢᠮᠢ ᠶᠢᠨ ᠪᠣᠷᠳᠣᠭᠤᠷ ᠪᠣᠯᠤᠨ ᠲᠠᠷᠢᠶᠠᠨ ᠡᠮ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠬᠡᠷᠡᠭᠯᠡᠬᠦ ᠶᠢ ᠵᠢᠯᠣᠭᠤᠳᠤᠨ᠎ᠠ᠃ᠤᠷᠭᠤᠮᠠᠯ ᠤᠨ ᠬᠢᠵᠢᠭ ᠪᠠᠶᠢᠴᠠᠭᠠᠬᠤ᠂ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠮᠠᠯ ᠠᠵᠤ ᠠᠬᠤᠢ ᠪᠣᠯᠤᠨ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ ᠬᠠᠮᠢᠶ᠎ᠠ ᠪᠦᠬᠦᠢ ᠳᠦᠷᠢᠮ ᠤᠨ ᠵᠢᠷᠤᠮᠵᠢᠯ ᠢ ᠲᠤᠭᠤᠷᠪᠢᠵᠠᠢ᠃ᠮᠠᠯ ᠠᠵᠤ ᠠᠬᠤᠢ ( ᠰᠦ ᠶᠢᠨ ᠦᠢᠯᠡᠰ )᠂ ᠵᠢᠭᠠᠰᠤᠨ ᠠᠵᠤ ᠠᠬᠤᠢ᠂ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ᠮᠠᠯ ᠵᠢᠭᠦᠷᠲᠡᠨ ᠤ ᠢᠯᠭᠠᠳᠠᠰᠤ ᠪᠣᠯᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠢᠯᠣᠭᠤᠳᠬᠤ ᠬᠡᠷᠡᠭᠲᠡᠢ᠃ᠮᠠᠯ ᠵᠢᠭᠦᠷᠲᠡᠨ ᠨᠢᠲᠤᠯᠬᠤ᠂ ᠲᠦᠭᠦᠬᠡᠢ ᠰᠢᠨ᠎ᠡ ᠰᠦ᠋ ᠦᠢᠯᠡᠳᠪᠦᠷᠢᠯᠡᠵᠦ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠶᠤᠯ ᠥᠬᠡᠢ ᠳᠤ ᠬᠢᠨᠠᠯᠲᠠ ᠲᠠᠯᠪᠢᠨ ᠬᠠᠮᠢᠶᠠᠷᠤᠨ᠎ᠠ᠃ᠮᠠᠯ ᠠᠵᠤ ᠠᠬᠤᠢ ( ᠰᠦ ᠶᠢᠨ ᠦᠢᠯᠡᠰ )᠂ ᠵᠢᠭᠠᠰᠤᠨ ᠠᠵᠤ ᠠᠬᠤᠢ᠂ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠬᠠᠷᠢᠭᠤᠴᠠᠨ᠎ᠠ᠃ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠪᠣᠯᠤᠨ ᠵᠢᠭᠠᠰᠤᠨ ᠠᠵᠤ ᠠᠬᠤᠢ ᠶᠢᠨ ᠤᠰᠤᠨ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢ ᠵᠢᠯᠣᠭᠤᠳᠤᠨ᠎ᠠ᠃ᠵᠢᠭᠠᠰᠤᠨ ᠤ ᠶᠠᠪᠤᠳᠠᠯ ᠤᠨ ᠬᠢᠨᠠᠯᠲᠠ ᠬᠠᠮᠢᠶᠠᠷᠤᠯᠲᠠ ᠪᠠ ᠠᠶᠤᠯ ᠥᠬᠡᠢ ᠦᠢᠯᠡᠳᠪᠦᠷᠢᠯᠡᠯ ᠵᠡᠷᠭᠡ ᠠᠵᠢᠯ ᠢ ᠬᠠᠷᠢᠭᠤᠴᠠᠨ᠎ᠠ᠃ ᠮᠠᠯ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠣᠭᠲᠠᠭᠠᠨ᠎ᠠ᠃ᠮᠠᠯ ᠡᠮᠨᠡᠯᠭᠡ ᠶᠢᠨ ᠶᠠᠪᠤᠳᠠᠯ᠂ ᠮᠠᠯ ᠤᠨ ᠡᠮ ᠤᠨ ᠡᠮ ᠤᠨ ᠶᠠᠪᠤᠳᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠂ ᠮᠠᠯ ᠤᠨ ᠡᠮ ᠤᠨ ᠠᠵᠢᠯ ᠲᠥᠷᠥᠯ ᠤᠨ ᠠᠶᠤᠯ ᠥᠬᠡᠢ ᠦᠢᠯᠡᠳᠪᠦᠷᠢᠯᠡᠯ ᠢ ᠵᠢᠯᠣᠭᠤᠳᠤᠨ᠎ᠠ ᠃ᠠᠮᠢᠲᠠᠨ ᠤ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ᠂ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠠᠶᠤᠯ ᠥᠬᠡᠢ᠂ ᠠᠮᠢᠲᠠᠨ ᠤ ᠡᠷᠡᠭᠦᠯ ᠬᠠᠮᠠᠭᠠᠯᠠᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠ ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ᠮᠠᠯ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠡᠩᠨᠡᠭᠡᠨ ᠤ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠂ ᠠᠯᠪᠠᠨ ᠤ ᠮᠠᠯ ᠤᠨ ᠡᠮᠴᠢ᠂ ᠠᠵᠢᠯ ᠡᠷᠬᠢᠯᠡᠬᠦ ᠮᠠᠯ ᠤᠨ ᠡᠮᠴᠢ᠂ ᠬᠥᠳᠡᠭᠡ ᠲᠣᠰᠬᠤᠨ ᠤ ᠮᠠᠯ ᠡᠮᠨᠡᠯᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠡᠵᠢᠭᠡᠯ ᠪᠣᠷᠳᠤᠭ᠎ᠠ ᠡᠪᠡᠰᠦ ᠪᠣᠷᠳᠣᠭᠠᠨ ᠤ ᠡᠬᠢ ᠪᠠᠶᠠᠯᠢᠭ ᠢ ᠬᠠᠮᠠᠭᠠᠯᠠᠬᠤ ᠵᠢᠴᠢ ᠵᠦᠢ ᠵᠣᠬᠢᠰᠲᠠᠢ ᠨᠡᠭᠡᠭᠡᠨ ᠠᠰᠢᠭᠯᠠᠬᠤ ᠠᠵᠢᠯ ᠢ ᠵᠣᠬᠢᠶᠠᠨ ᠪᠠᠶᠢᠭᠤᠯᠵᠤ᠂ ᠲᠡᠵᠢᠭᠡᠯ ᠪᠣᠷᠳᠤᠭ᠎ᠠ ᠡᠪᠡᠰᠦᠨ ᠤ ᠦᠢᠯᠡᠳᠬᠦᠨ ᠤ ᠶᠠᠰᠤ ᠴᠢᠨᠠᠷ ᠤᠨ ᠠᠶᠤᠯ ᠥᠬᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠂ ᠪᠣᠷᠳᠤᠭ᠎ᠠ ᠪᠣᠯᠤᠨ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠪᠠ ᠠᠶᠤᠯ ᠥᠬᠡᠢ ᠶᠢᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ᠪᠣᠷᠳᠤᠭ᠎ᠠ ᠪᠣᠯᠤᠨ ᠠᠮᠢᠳᠤ ᠮᠠᠯ ᠲᠡᠵᠢᠭᠡᠨ ᠦᠷᠡᠵᠢᠭᠦᠯᠬᠦ ᠭᠤᠭᠴᠤᠭ᠎ᠠ ᠶᠢᠨ ᠬᠠᠤᠯᠢ ᠪᠤᠰᠤ ᠨᠡᠮᠡᠯᠲᠡ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ᠲᠡᠵᠢᠭᠡᠯ ᠪᠣᠷᠳᠤᠭ᠎ᠠ ᠡᠪᠡᠰᠦ ᠪᠣᠷᠳᠣᠭᠠᠨ ᠤ ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠳᠡᠯᠭᠡᠷᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠥᠷᠨᠢᠭᠦᠯᠬᠦ ᠬᠡᠷᠡᠭᠲᠡᠢ᠃ᠲᠡᠵᠢᠭᠡᠯ ᠪᠣᠷᠳᠤᠭ᠎ᠠ ᠡᠪᠡᠰᠦᠨ ᠤ ᠦᠢᠯᠡᠰ ᠤᠨ ᠠᠵᠤ ᠠᠬᠤᠢ᠂ ᠮᠡᠷᠭᠡᠵᠢᠯ ᠤᠨ ᠮᠡᠳᠡᠭᠡ ᠵᠠᠩᠭᠢ ᠶᠢᠨ ᠠᠵᠢᠯ ᠢ ᠬᠠᠮᠢᠶᠠᠷᠤᠨ᠎ᠠ᠃ᠲᠡᠵᠢᠭᠡᠯ ᠡᠪᠡᠰᠦᠨ ᠤ ᠰᠠᠶᠢᠨ ᠦᠷ᠎ᠡ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠪᠠᠷᠢᠮᠵᠢᠶᠠᠵᠢᠭᠤᠯᠤᠭᠰᠠᠨ ᠬᠡᠪᠴᠢᠶᠡᠵᠢᠭᠦᠯᠦᠭᠰᠡᠨ ᠦᠢᠯᠡᠳᠪᠦᠷᠢᠯᠡᠯ᠂ ᠡᠳᠰᠢᠭᠦᠯᠭᠡ ᠶᠢᠨ ᠭᠦᠢᠯᠭᠡᠭᠡᠨ ᠪᠠ ᠨᠥᠭᠡᠴᠡᠯᠡᠯᠲᠡ ᠶᠢ ᠵᠢᠯᠣᠭᠤᠳᠤᠨ᠎ᠠ᠃ ᠲᠠᠷᠢᠮᠠᠯ᠂ ᠲᠡᠵᠢᠭᠡᠯ ᠡᠪᠡᠰᠦ ᠪᠠ ᠮᠠᠯ ᠵᠢᠭᠦᠷᠲᠡᠨ ᠤᠰᠤᠨ ᠭᠠᠷᠤᠯᠲᠠ ᠶᠢᠨ ᠡᠭᠦᠯᠳᠡᠷ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠣᠭᠲᠠᠭᠠᠨ᠎ᠠ᠃ᠲᠠᠷᠢᠮᠠᠯ᠂ ᠲᠡᠵᠢᠭᠡᠯ ᠡᠪᠡᠰᠦᠨ ᠤ ᠦᠷ᠎ᠡ ᠪᠣᠯᠤᠨ ᠮᠠᠯ ᠵᠢᠭᠦᠷᠲᠡᠨ ᠤ ᠰᠠᠶᠢᠨ ᠡᠭᠦᠯᠳᠡᠷ᠂ ᠬᠥᠯᠳᠡᠮᠡᠯ ᠦᠷ᠎ᠡ᠂ ᠬᠥᠪᠦᠷᠡᠯ ᠤᠨ ᠬᠠᠮᠢᠶᠠᠷᠤᠯᠲᠠ ᠪᠣᠯᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ᠲᠠᠷᠢᠮᠠᠯ᠂ ᠲᠡᠵᠢᠭᠡᠯ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ᠂ ᠠᠮᠢᠲᠠᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ᠂ ᠬᠠᠮᠢᠶᠠᠷᠬᠤ ᠪᠠ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠦᠷ᠎ᠡ ᠶᠢᠨ ᠨᠥᠬᠡᠴᠡᠯᠡᠯ᠂ ᠰᠢᠯᠵᠢᠭᠦᠯᠦᠨ ᠥᠭᠬᠦ ᠶᠢ ᠵᠣᠬᠢᠶᠠᠨ ᠪᠠᠶᠢᠭᠤᠯᠵᠤ᠃ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠲᠥᠯᠥᠪᠵᠢᠭᠦᠯᠭᠡ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠵᠢᠯᠯᠠᠭᠠᠨ ᠤ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠨ ᠪᠢᠴᠢᠨ᠎ᠡ᠃ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠮᠡᠷᠭᠡᠵᠢᠯ ᠳᠡᠯᠭᠡᠷᠡᠭᠦᠯᠦᠨ ᠬᠡᠷᠡᠭᠯᠡᠬᠦ ᠪᠠ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠬᠤ ᠬᠡᠷᠡᠭᠲᠡᠢ᠃ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃ᠬᠡᠷᠡᠭᠯᠡᠵᠦ ᠪᠠᠶᠢᠭ᠎ᠠ ᠣᠨᠴᠠ ᠲᠥᠷᠥᠯ ᠵᠦᠢᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠢᠯᠡᠳᠬᠦᠨ ᠳᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢᠶᠠᠷ ᠠᠵᠢᠯᠯᠠᠬᠤ ᠶᠢᠨ ᠠᠶᠤᠯ ᠥᠬᠡᠢ ᠪᠠᠶᠢᠬᠤ ᠶᠢ ᠵᠢᠯᠣᠭᠤᠳᠬᠤ ᠬᠡᠷᠡᠭᠲᠡᠢ᠃ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠶᠤᠯ ᠥᠬᠡᠢ ᠶᠢᠨ ᠬᠠᠮᠢᠶᠠᠷᠤᠯᠲᠠ ᠵᠡᠷᠭᠡ ᠠᠵᠢᠯ ᠢ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠢ᠃ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠪᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ᠲᠥᠮᠦᠰᠦᠨ ᠤ ᠠᠵᠤ ᠦᠢᠯᠡᠰ ᠢ ᠬᠥᠭᠵᠢᠭᠦᠯᠬᠦ ᠣᠨ ᠤ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠵᠤ᠃ᠪᠦᠬᠦ ᠬᠤᠰᠢᠭᠤᠨ ᠤ ᠲᠥᠮᠦᠰᠦᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠤᠷᠠᠭ ᠵᠠᠩᠭᠢ ᠶᠢ ᠲᠣᠬᠢᠷᠠᠭᠤᠯᠤᠨ᠎ᠠ᠃ᠬᠤᠰᠢᠭᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠪᠠ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠬᠤᠯᠪᠣᠭᠳᠠᠯ ᠪᠦᠬᠦᠢ ᠠᠵᠢᠯ ᠢ ᠳᠠᠭᠠᠭᠠᠨ ᠬᠢᠨ᠎ᠡ᠃       ᠲᠠᠪᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠃ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠨᠡᠭᠡᠭᠡᠯᠲᠡ ᠬᠢᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠵᠢᠴᠢ ᠲᠥᠷᠥᠯ ᠵᠦᠢᠯ᠂ ᠪᠡᠯᠡ ᠮᠥᠩᠭᠦ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠥᠷᠨᠢᠭᠦᠯᠬᠦ ᠳᠤ ᠣᠷᠣᠯᠴᠠᠬᠤ ᠬᠡᠷᠡᠭᠲᠡᠢ᠃ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠨᠡᠭᠡᠭᠡᠯᠲᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃       ᠵᠢᠷᠭᠤᠭ᠎ᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ᠃ᠤᠲᠠᠰᠤ᠄ 0474 —5207664᠃ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠬᠡᠢ ᠳᠤ ᠬᠢᠨᠠᠯᠲᠠ ᠲᠠᠯᠪᠢᠵᠤ ᠬᠠᠮᠢᠶᠠᠷᠬᠤ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠬᠡᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠪᠣᠯᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠬᠡᠢ ᠶᠢᠨ ᠪᠠᠷᠢᠮᠵᠢᠶ᠎ᠠ᠂ ᠬᠢᠨᠠᠨ ᠬᠡᠮᠵᠢᠬᠦ᠂ ᠮᠥᠷᠳᠡᠬᠦ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃       ( ᠳᠣᠯᠤᠭ᠎ᠠ ) ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠲᠠᠰᠤᠭ᠃ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠬᠢᠭᠡᠳ ᠬᠠᠮᠢᠶ᠎ᠠ ᠪᠦᠬᠦᠢ ᠰᠢᠰᠲ᠋ᠧᠮᠵᠢ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠣᠷᠣᠭᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠠᠵᠢᠯ ᠢ ᠲᠦᠯᠬᠢᠨ ᠠᠬᠢᠭᠤᠯᠬᠤ ᠶᠠᠪᠤᠳᠠᠯ ᠢ ᠡᠭᠦᠷᠭᠡᠯᠡᠨ᠎ᠡ ᠃ᠲᠠᠷᠢᠶᠠᠯᠠᠩ ᠮᠠᠯ ᠠᠵᠤ ᠠᠬᠤᠢ ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯ ᠥᠬᠡᠢ ᠪᠠ ᠭᠠᠳᠠᠨ᠎ᠠ  ᠠᠴᠠ ᠢᠷᠡᠭᠰᠡᠨ ᠠᠮᠢᠳᠤ ᠪᠣᠳᠠᠰ ᠤᠨ ᠳᠦᠷᠰᠦ ᠶᠢᠨ ᠬᠠᠮᠢᠶᠠᠷᠤᠯᠲᠠ ᠶᠢᠨ ᠠᠵᠢᠯ ᠢ ᠬᠢᠨᠠᠯᠲᠠ ᠲᠠᠯᠪᠢᠨ ᠬᠠᠮᠢᠶᠠᠷᠤᠨ᠎ᠠ᠃ᠲᠠᠷᠢᠶᠠᠯᠠᠩ ᠮᠠᠯ ᠠᠵᠤ ᠠᠬᠤᠢ ᠳᠤ ᠬᠡᠷᠡᠭᠯᠡᠬᠦ ᠭᠠᠵᠠᠷ᠂ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠬᠢᠭᠡᠳ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ᠲᠠᠷᠢᠶᠠᠯᠠᠬᠤ ᠮᠠᠯᠵᠢᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠠᠰᠢᠭᠯᠠᠬᠤ᠂ ᠡᠨᠧᠷᠭᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠷᠢᠭᠤᠨ ᠴᠡᠪᠡᠷ ᠦᠢᠯᠡᠳᠪᠦᠷᠢᠯᠡᠬᠦ ᠪᠠ ᠠᠮᠢ ᠠᠬᠤᠢ ᠶᠢᠨ ᠡᠷᠭᠢᠯᠲᠡᠲᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ᠲᠠᠷᠢᠶᠠᠯᠠᠩ ᠮᠠᠯ ᠠᠵᠤ ᠠᠬᠤᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠪᠤᠶᠢᠵᠢᠭᠤᠯᠬᠤ ᠶᠢ ᠵᠢᠯᠣᠭᠤᠳᠤᠨ᠎ᠠ᠃ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠤᠰᠢᠭᠤ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠥᠭᠡᠳ ᠬᠢᠨᠠᠨ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ ;ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ ;ᠪᠦᠬᠦ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠤᠯᠠᠮᠵᠢᠯᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠤᠯᠠᠮᠵᠢᠯᠠᠬᠤ ᠠᠵᠢᠯᠯᠠᠭ᠎ᠠ ᠶᠢ ᠥᠷᠨᠢᠭᠦᠯᠦᠨ᠎ᠡ ;ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠡᠰᠢᠵᠢᠭᠦᠯᠦᠯᠲᠡ ᠶᠢᠨ ᠣᠷᠣᠭᠤᠯᠤᠯᠲᠠ ᠶᠢᠨ ᠰᠢᠰᠲᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠤᠰ ᠰᠠᠯᠠᠭ᠎ᠠ ᠮᠥᠴᠢᠷ ᠤᠨ ᠲᠥᠰᠥᠪ ᠤᠨ ᠠᠵᠢᠯ ᠢ ᠬᠠᠷᠢᠭᠤᠴᠠᠨ᠎ᠠ ;ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠴᠢᠯᠠᠬᠤ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ ᠬᠤᠰᠢᠭᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠵᠢᠯ ᠤᠨ ᠲᠥᠯᠥᠪᠯᠡᠭᠡ ᠶᠢ ᠨᠣᠣᠷᠠᠭᠯᠠᠬᠤ ᠪᠥᠭᠡᠳ ᠵᠣᠬᠢᠴᠠᠭᠤᠯᠤᠨ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠶᠢ ᠳᠠᠭᠠᠭᠠᠨ ᠡᠭᠦᠷᠭᠡᠯᠡᠵᠦ᠂ ᠲᠥᠷᠥᠯ ᠵᠦᠢᠯ ᠤᠨ ᠬᠢᠨᠠᠨ ᠪᠠᠶᠢᠴᠠᠭᠠᠬᠤ ᠠᠵᠢᠯ ᠢ ᠵᠣᠬᠢᠴᠠᠭᠤᠯᠤᠨ ᠥᠷᠨᠢᠭᠦᠯᠦᠨ᠎ᠡ ;ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠯᠡᠵᠦ᠂ ᠬᠤᠰᠢᠭᠤ ᠰᠢᠨᠵᠢᠯᠡᠭᠡ ᠮᠡᠷᠭᠡᠵᠢᠯ ᠤᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠦᠨ᠎ᠡ ;ᠰᠢᠨ᠎ᠡ ᠶᠢ ᠡᠭᠦᠳᠬᠦ ᠪᠠᠶᠢᠴᠠᠭᠠᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ ;ᠣᠷᠣᠨ ᠪᠦᠰᠡ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠡᠭᠦᠷᠭᠡᠯᠡᠨ᠂ ᠵᠠᠰᠠᠭ ᠤᠨ ᠣᠷᠳᠣᠨ ᠤ ᠰᠢᠨᠵᠢᠯᠡᠭᠡ ᠮᠡᠷᠭᠡᠵᠢᠯ ᠤᠨ ᠬᠠᠮᠵᠢᠯᠴᠠᠭ᠎ᠠ ᠪᠣᠯᠤᠨ ᠰᠣᠯᠢᠯᠴᠠᠭᠠᠨ ᠤ ᠠᠵᠢᠯ ᠢ ᠬᠠᠷᠢᠭᠤᠴᠠᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠯᠠᠨ ᠤᠯᠤᠰ᠂ ᠤᠯᠤᠰ ᠤᠨ ᠳᠣᠲᠣᠭᠠᠳᠤ ᠪᠠ ᠰᠢᠶᠠᠩᠭᠠᠩ ᠣᠣᠮᠧᠨ ᠤ ᠰᠢᠨᠵᠢᠯᠡᠭᠡ ᠮᠡᠷᠭᠡᠵᠢᠯ ᠤᠨ ᠬᠠᠮᠵᠢᠯᠴᠠᠭ᠎ᠠ ᠪᠣᠯᠤᠨ ᠰᠣᠯᠢᠯᠴᠠᠭᠠᠨ ᠤ ᠠᠵᠢᠯ ᠢ ᠵᠢᠯᠣᠭᠤᠳᠤᠨ᠎ᠠ ;ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ᠂ ᠪᠦᠯᠬᠦᠮ ᠨᠡᠶᠢᠲᠡ ᠶᠢ ᠲᠡᠳᠡᠨ ᠠᠪᠴᠢᠷᠠᠵᠤ ᠲᠥᠪᠯᠡᠷᠡᠭᠦᠯᠬᠦ ᠲᠣᠭᠲᠠᠴᠠ ᠪᠠ ᠭᠠᠳᠠᠭᠠᠳᠤ ᠶᠢᠨ ᠭᠤᠣᠯᠳᠠᠯᠭ᠎ᠠ ᠲᠠᠢ ᠲᠤᠰᠬᠠᠢ ᠮᠡᠷᠭᠡᠵᠢᠯᠲᠡᠨ ᠢ ᠬᠠᠷᠢᠯᠴᠠᠨ ᠬᠠᠷᠢᠯᠴᠠᠭᠤᠯᠵᠤ ᠦᠢᠯᠡᠴᠢᠯᠡᠬᠦ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠵᠤ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠲᠥᠷᠥᠯ ᠵᠦᠢᠯ ᠪᠠ ᠣᠶᠤᠨ ᠮᠡᠳᠡᠯᠭᠡ ᠣᠷᠣᠭᠤᠯᠵᠤ ᠢᠷᠡᠨ ᠦᠷ᠎ᠡ ᠪᠦᠲᠦᠭᠡᠯ ᠢ ᠳᠡᠯᠭᠡᠷᠡᠭᠦᠯᠬᠦ ᠲᠥᠷᠥᠯ ᠵᠦᠢᠯ ᠤᠨ ᠦᠷ᠎ᠡ ᠪᠦᠲᠦᠭᠡᠯ ᠢ ᠦᠨᠡᠯᠡᠨ ᠵᠢᠱᠢᠵᠦ ᠳᠡᠯᠭᠡᠷᠡᠭᠦᠯᠬᠦ ᠶᠢ ᠬᠠᠷᠢᠭᠤᠴᠠᠵᠤ᠂ ᠤᠯᠤᠰ ( ᠬᠢᠯᠢ ) ᠳᠤ ᠭᠠᠷᠴᠤ ᠪᠣᠯᠪᠠᠰᠤᠷᠠᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠲᠦᠷᠦᠭᠦᠯᠡᠨ ᠲᠣᠭᠲᠠᠭᠠᠵᠤ᠂ ᠭᠠᠳᠠᠭᠠᠳᠤ ᠳᠤ ( ᠬᠢᠯᠢ ) ᠭᠠᠷᠴᠤ ᠪᠣᠯᠪᠠᠰᠤᠷᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ ;ᠬᠤᠰᠢᠭᠤ ᠰᠢᠨᠵᠢᠯᠡᠭᠡ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠲᠣᠭᠲᠠᠭᠠᠬᠤ ᠪᠥᠭᠡᠳ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠬᠢᠨᠠᠯᠲᠠ ᠲᠠᠯᠪᠢᠬᠤ ᠦᠨᠡᠯᠡᠬᠦ ᠰᠢᠰᠲ᠋ᠧᠮ ᠤᠨ ᠪᠠᠶᠢᠭᠤᠯᠤᠯᠲᠠ ᠪᠣᠯᠤᠨ ᠬᠠᠮᠢᠶ᠎ᠠ ᠪᠦᠬᠦᠢ ᠰᠢᠨᠵᠢᠯᠡᠭᠡ ᠮᠡᠷᠭᠡᠵᠢᠯ ᠤᠨ ᠦᠨᠡᠯᠡᠯᠲᠡ ᠬᠠᠮᠢᠶᠠᠷᠤᠯᠲᠠ ᠶᠢ ᠬᠠᠷᠢᠭᠤᠴᠠᠨ᠂ ᠰᠢᠨᠵᠢᠯᠡᠭᠡ ᠮᠡᠷᠭᠡᠵᠢᠯ ᠤᠨ ᠦᠨᠡᠯᠡᠯᠲᠡ ᠶᠢᠨ ᠵᠣᠬᠢᠴᠠᠮᠵᠢ ᠶᠢᠨ ᠥᠭᠡᠷᠡᠴᠢᠯᠡᠯᠲᠡ ᠶᠢ ᠵᠢᠯᠣᠭᠤᠳᠴᠤ᠂ ᠰᠢᠨᠵᠢᠯᠡᠭᠡ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠤᠯᠪᠣᠭᠳᠠᠯ ᠪᠥᠬᠦᠢ ᠬᠦᠷᠢᠶ᠎ᠡ ᠬᠡᠪᠴᠢᠶᠡᠨ ᠤ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ ;ᠳᠡᠭᠡᠳᠦ ᠰᠢᠨ᠎ᠡ ᠬᠦᠷᠢᠶᠡᠨ ᠤ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠠᠬᠢᠭᠤᠯᠵᠤ᠂ ᠬᠤᠯᠪᠣᠭᠳᠠᠯ ᠪᠦᠬᠦᠢ ᠳᠡᠭᠡᠳᠦ ᠰᠢᠨ᠎ᠡ ᠬᠦᠷᠢᠶ᠎ᠡ᠂ ᠰᠠᠭᠤᠷᠢ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠵᠦᠢᠯᠡᠰ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ;ᠳᠡᠭᠡᠳᠦ ᠰᠢᠨ᠎ᠡ ᠬᠦᠷᠢᠶᠡᠨ ᠤ ᠲᠠᠪᠴᠠᠩ᠂ ᠰᠠᠭᠤᠷᠢᠨ ᠭᠠᠵᠠᠷ ᠢ ᠲᠥᠯᠥᠪᠵᠢᠭᠦᠯᠦᠨ ᠪᠠᠶᠢᠷᠢᠯᠠᠭᠤᠯᠬᠤ ᠶᠢ ᠳᠤᠷᠠᠳᠴᠤ᠂ ᠪᠦᠲᠦᠭᠡᠨ ᠪᠠᠶᠢᠭᠤᠯᠬᠤ ᠶᠢ ᠵᠢᠯᠣᠭᠤᠳᠤᠨ᠎ᠠ᠃ᠰᠢᠨᠵᠢᠯᠡᠬᠦ ᠤᠬᠠᠭᠠᠨ ᠮᠡᠷᠭᠡᠵᠢᠯ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ ;ᠬᠤᠰᠢᠭᠤᠨ ᠤ ᠰᠠᠭᠤᠷᠢ ᠰᠤᠳᠤᠯᠭᠠᠨ ᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ;ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠢ ᠪᠠᠲᠤᠯᠠᠬᠤ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠤᠨ ᠭᠠᠷᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ ;ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠶᠢ ᠴᠢᠯᠥᠭᠡᠲᠡᠢ ᠪᠣᠯᠭᠠᠨ ᠬᠠᠮᠲᠤᠪᠠᠷ ᠡᠳ᠋ᠯᠡᠬᠦ ᠶᠢ ᠠᠬᠢᠭᠤᠯᠬᠤ ;ᠠᠵᠤ ᠦᠢᠯᠡᠳᠪᠦᠷᠢ ᠶᠢᠨ ᠳᠠᠭᠠᠭᠤᠯᠤᠭᠴᠢ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠳ ᠢ ᠬᠠᠮᠢᠶᠠᠷᠬᠤ ᠠᠵᠢᠯ ᠢ ᠡᠭᠦᠷᠭᠡᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ ;ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠯᠬᠢᠨ ᠠᠬᠢᠭᠤᠯᠤᠨ᠎ᠠ ;ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠲᠠ ᠪᠠ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠠᠵᠢᠯ ᠢ ᠵᠢᠯᠣᠭᠤᠳᠤᠨ᠎ᠠ ;ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ ;ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠬᠡᠪᠴᠢᠶᠡᠨ ᠤ ᠲᠠᠪᠴᠠᠩ᠂ ᠰᠠᠭᠤᠷᠢᠨ ᠭᠠᠵᠠᠷ ᠢ ᠲᠥᠯᠥᠪᠵᠢᠭᠦᠯᠦᠨ ᠪᠠᠶᠢᠷᠢᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠳᠤᠷᠠᠳᠤᠨ᠎ᠠ ;ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠨᠡᠶᠢᠭᠡᠮ ᠤᠨ ᠬᠥᠭᠵᠢᠯᠲᠡ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠨᠡᠶᠢᠭᠡᠮ ᠤᠨ ᠬᠦᠷᠢᠶᠡᠨ ᠳᠠᠬᠢ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡᠨ ᠤ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠤᠨ᠎ᠠ ;ᠨᠡᠶᠢᠭᠡᠮ ᠤᠨ ᠬᠦᠷᠢᠶ᠎ᠡ ᠬᠡᠪᠴᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ ;ᠨᠡᠶᠢᠭᠡᠮ ᠤᠨ ᠬᠦᠷᠢᠶ᠎ᠡ ᠬᠡᠪᠴᠢᠶ᠎ᠡ ᠶᠢ ᠨᠢᠭᠡᠳᠬᠡᠬᠦ᠂ ᠰᠠᠭᠤᠷᠢᠨ ᠭᠠᠵᠠᠷ ᠢ ᠲᠥᠯᠥᠪᠵᠢᠭᠦᠯᠦᠨ ᠪᠠᠶᠢᠷᠢᠯᠠᠭᠤᠯᠬᠤ ᠰᠠᠨᠠᠭᠤᠯᠭ᠎ᠠ ᠶᠢ ᠳᠤᠷᠠᠳᠤᠨ ᠭᠠᠷᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠵᠣᠬᠢᠶᠠᠨ ᠪᠠᠶᠢᠭᠤᠯᠤᠨ᠎ᠠ ;ᠠᠮᠢ ᠠᠬᠤᠢ ᠶᠢᠨ ᠣᠷᠴᠢᠨ ᠨᠥᠬᠦᠴᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠨᠡᠭᠡᠭᠡᠨ ᠬᠥᠭᠵᠢᠭᠦᠯᠦᠯᠲᠡ᠂ ᠬᠡᠷᠡᠭᠯᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ;ᠬᠤᠰᠢᠭᠤᠨ ᠤ ᠮᠡᠷᠭᠡᠵᠢᠯ ᠤᠨ ᠰᠢᠯᠵᠢᠯᠲᠡ ᠶᠢᠨ ᠰᠢᠰᠲ᠋ᠧᠮ ᠤᠨ ᠠᠵᠢᠯ ᠢ ᠳᠠᠭᠠᠭᠠᠨ ᠡᠭᠦᠷᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠴᠢ ᠠᠵᠤ ᠦᠢᠯᠡᠰᠵᠢᠭᠦᠯᠬᠦ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨᠵᠡᠭᠡᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠦᠨ ᠪᠦᠲᠦᠭᠡᠬᠦ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ;ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠵᠣᠬᠢᠶᠠᠨ ᠪᠠᠶᠢᠭᠤᠯᠤᠨ ᠲᠠᠨᠢᠯᠴᠠᠭᠤᠯᠬᠤ ᠪᠥᠭᠡᠳ ᠬᠡᠯᠪᠡᠷᠢ ᠶᠢᠨ ᠲᠠᠯ᠎ᠠ ᠪᠠᠷ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ ;ᠨᠡᠶᠢᠭᠡᠮ ᠤᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃       ( ᠨᠠᠢᠮᠠ ) ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ ᠠᠯᠪᠠᠨ ᠭᠡᠷ᠃ᠲᠠᠷᠢᠶᠠᠯᠠᠬᠤ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ᠬᠥᠳᠡᠭᠡ ᠲᠣᠰᠬᠤᠨ ᠤ ᠵᠢᠭᠤᠯᠴᠢᠯᠠᠯ᠂ ᠣᠨᠴᠠᠯᠢᠭᠲᠤ ᠠᠵᠤ ᠦᠢᠯᠡᠰ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ ᠪᠣᠯᠤᠨ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ᠲᠠᠷᠢᠶᠠᠯᠠᠩ ᠮᠠᠯ ᠠᠵᠤ ᠠᠬᠤᠢ ᠶᠢᠨ ᠠᠵᠤ ᠦᠶ᠋ᠯᠡᠰᠴᠢᠯᠡᠭᠰᠡᠨ ᠡᠵᠡᠩᠨᠡᠯᠲᠡ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ᠲᠠᠷᠢᠶᠠᠯᠠᠩ ᠮᠠᠯ ᠠᠵᠤ ᠠᠬᠤᠢ ᠶᠢᠨ ᠠᠵᠤ ᠦᠶ᠋ᠯᠡᠰᠴᠢᠯᠡᠯᠲᠡ ᠶᠢᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠪᠠᠶᠢᠭᠤᠯᠤᠨ᠎ᠠ᠃ᠲᠠᠷᠢᠶᠠᠯᠠᠬᠤ ᠮᠠᠯᠵᠢᠬᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠵᠢᠰᠦ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠢ ᠠᠬᠢᠭᠤᠯᠬᠤ ᠬᠤᠪᠢ᠃ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠰᠠᠶᠢᠵᠢᠷᠠᠭᠤᠯᠤᠨ᠂ ᠠᠶᠢᠯ ᠲᠣᠰᠬᠤᠨ ᠢ ᠡᠮᠬᠢᠯᠡᠨ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠯᠡᠨ ᠵᠢᠯᠣᠭᠤᠳᠤᠨ᠎ᠠ᠃ᠲᠠᠷᠢᠶᠠᠯᠠᠬᠤ ᠮᠠᠯᠵᠢᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠣᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠣᠶᠤᠨ ᠤ ᠪᠣᠯᠪᠠᠰᠤᠨ ᠪᠣᠯᠤᠨ ᠰᠢᠯᠢᠳᠡᠭ ᠲᠠᠷᠢᠶᠠᠯᠠᠬᠤ ᠰᠣᠶᠣᠯ᠂ ᠨᠤᠲᠤᠭ ᠪᠡᠯᠴᠢᠭᠡᠷ ᠤᠨ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ᠄ 0474 —5213962 ᠠᠵᠢᠯᠯᠠᠬᠤ ᠴᠠᠭ᠄ 900—12᠄ 00᠂ 14᠄ 30—18᠄ 00 ( ᠭᠠᠷᠠᠭ ᠤᠨ ᠨᠢᠭᠡᠨ  ᠠᠴᠠ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠪᠠᠭᠲᠠᠬᠤ ᠦᠭᠡᠢ ) ᠪᠠᠶᠢᠭᠤᠯᠭ᠎ᠠ ᠶᠢᠨ ᠬᠠᠶᠢᠭ ᠄ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤ ᠨᠢᠭᠡᠳᠦᠯᠲᠡᠢ ᠪᠠᠶᠢᠭᠤᠯᠬᠤ ᠵᠠᠮ ᠪᠠ ᠦ᠋ ᠸᠠᠩ ᠵᠠᠮ ᠤᠨ ᠠᠭᠤᠯᠵᠠᠷ ᠤᠨ ᠪᠠᠷᠠᠭᠤᠨ ᠬᠤᠶᠢᠰᠢ 220 ᠮᠧᠳ᠋ᠷ ᠨᠢᠭᠡᠴᠢ ᠰᠢᠤᠳᠠᠨ ᠬᠠᠶᠢᠷᠴᠠᠭ᠄ szwqxmj@163. com ᠬᠠᠷᠢᠭᠤᠴᠠᠯᠭᠠᠲᠠᠨ᠄ ᠭᠦᠸᠧ ᠵᠢᠶᠠᠨ ᠵᠢᠶᠦ᠋ᠨᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2