ᠳᠥᠷᠪᠡᠳ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/11/1
      ᠳᠥᠷᠪᠡᠳ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ           ᠳᠥᠷᠪᠡᠳ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠣᠯ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠬᠤᠷ ᠵᠢᠩᠬᠢᠨᠢ ᠠᠩᠭᠢ ᠶᠢᠨ ᠳᠡᠰ ᠪᠣᠯᠤᠨ᠎ᠠ᠃      ᠨᠢᠭᠡ᠂ ᠭᠤᠣᠯ ᠡᠭᠦᠷᠭᠡ ᠬᠠᠷᠢᠭᠤᠴᠠᠯᠭ᠎ᠠ ᠪᠣᠯ᠄      ( ᠨᠢᠭᠡ )ᠡᠯ᠎ᠡ  ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃       ( ᠬᠤᠶᠠᠷ ) ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠰᠢᠢᠳᠪᠦᠷᠢᠯᠡᠭᠦᠯᠬᠦ ᠪᠠᠷ ᠲᠤᠰᠢᠶᠠᠨ ᠦᠭᠭᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠡᠷᠬᠢᠯᠡᠨ᠎ᠡ᠃ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠯ ᠤᠨ ᠵᠦᠢᠯ ᠤᠨ ᠳᠡᠰ ᠳᠠᠷᠠᠭᠠᠯᠠᠯ ᠤᠨ ᠴᠢᠨᠠᠷᠲᠠᠢ ᠬᠦᠯᠢᠶᠡᠨ ᠠᠪᠴᠤ ᠰᠢᠢᠳᠪᠦᠷᠢᠯᠡᠬᠦ᠂ ᠭᠦᠢᠴᠡᠳᠬᠡᠬᠦ ᠠᠵᠢᠯ ᠢ ᠬᠠᠷᠢᠭᠤᠴᠠᠨ᠎ᠠ᠃ᠵᠠᠬᠢᠳᠠᠯ ᠰᠤᠷᠪᠤᠯᠵᠢᠯᠠᠯ ᠤᠨ ᠬᠠᠷᠠᠭᠠᠨ ᠳᠠᠪᠲᠠᠮᠵᠢ ᠪᠠᠷ ᠵᠠᠬᠢᠳᠠᠯ ᠰᠤᠷᠪᠤᠯᠵᠢᠯᠠᠭ᠎ᠠ ᠬᠦᠯᠢᠶᠡᠬᠦ᠂ ᠰᠢᠭᠤᠳ ᠬᠠᠷᠢᠯᠴᠠᠬᠤ ᠳ᠋ᠢᠶᠠᠩᠬᠤᠸᠠ᠂ ᠰᠦᠯᠵᠢᠶᠡᠨ ᠳᠡᠭᠡᠷ᠎ᠡ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃ᠠᠷᠠᠳ ᠣᠯᠠᠨ ᠤ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠬᠤ ᠬᠡᠷᠡᠭᠲᠡᠢ᠃       ( ᠭᠤᠷᠪᠠ ) ᠮᠠᠨ ᠤ ᠬᠤᠰᠢᠭᠤᠨ ᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠶᠢᠨ ᠬᠠᠮᠲᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠥᠭᠴᠦ ᠰᠢᠢᠳᠪᠦᠷᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠨ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠪᠠᠶᠢᠴᠠᠭᠠᠨ᠎ᠠ᠃ᠬᠤᠰᠢᠭᠤ ᠱᠠᠲᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ᠂ ᠪᠡᠭᠡᠵᠢᠩ ᠳᠤ ᠣᠴᠢᠬᠤ᠂ ᠲᠣᠭᠤᠷᠢᠭ ᠲᠤ ᠣᠴᠢᠬᠤ᠂ ᠬᠤᠲᠠ ᠳᠤ ᠢᠷᠡᠬᠦ ᠵᠢᠴᠢ ᠬᠤᠰᠢᠭᠤᠨ ᠳᠤ ᠣᠴᠢᠨ ᠢᠷᠡᠪᠡᠯ ᠬᠡᠪ ᠤᠨ ᠪᠤᠰᠤ ᠪᠠᠶᠢᠳᠠᠯ ᠲᠠᠢ ᠳᠡᠭᠡᠭᠰᠢ ᠰᠤᠷᠪᠤᠯᠵᠢᠯᠠᠬᠤ ᠠᠵᠢᠯ ᠢ ᠰᠢᠢᠳᠪᠦᠷᠢᠯᠡᠨ᠎ᠡ᠃ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠬᠤ᠂ ᠬᠢᠨᠠᠨ ᠵᠢᠯᠣᠭᠤᠳᠬᠤ᠂ ᠠᠬᠢᠭᠤᠯᠬᠤ᠂ ᠰᠢᠢᠳᠪᠦᠷᠢᠯᠡᠬᠦ ᠠᠵᠢᠯ ᠢ ᠬᠠᠷᠢᠭᠤᠴᠠᠬᠤ ᠪᠥᠭᠡᠳ ᠰᠠᠶᠢᠲᠤᠷ ᠨᠠᠶᠢᠳᠠᠪᠤᠷᠢᠵᠢᠭᠤᠯᠤᠨ᠎ᠠ᠃ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠯ ᠤᠨ ᠵᠦᠢᠯ ᠤᠳ ᠢ ᠵᠣᠬᠢᠴᠠᠭᠤᠯᠤᠨ ᠰᠢᠮᠳᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃       ( ᠳᠥᠷᠪᠡ ) ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠬᠤᠰᠢᠭᠤ ᠳᠡᠰ ᠤᠨ ᠵᠥᠷᠢᠴᠡᠯ ᠵᠢᠭᠤᠷᠠᠭᠠᠨ ᠢ ᠵᠢᠭᠰᠡᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠵᠠᠳᠠᠯᠤᠨ ᠰᠢᠨᠵᠢᠬᠦ ᠶᠢ ᠬᠠᠷᠢᠭᠤᠴᠠᠵᠤ᠂ ᠪᠠᠶᠢᠴᠠᠭᠠᠨ ᠰᠤᠳᠤᠯᠤᠯᠲᠠ ᠬᠢᠵᠦ᠂ ᠲᠤᠷᠰᠢᠯᠭ᠎ᠠ ᠬᠢᠳᠡᠯ ᠢ ᠳ᠋ᠦ᠋ᠩᠨᠡᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠣᠭᠲᠠᠭᠠᠬᠤ ᠂ ᠵᠠᠰᠠᠪᠤᠷᠢ ᠣᠷᠣᠭᠤᠯᠬᠤ᠂ ᠲᠡᠭᠦᠯᠳᠡᠷᠵᠢᠭᠦᠯᠬᠦ ᠵᠢᠴᠢ ᠵᠠᠬᠢᠳᠠᠯ ᠰᠤᠷᠪᠤᠯᠵᠢᠯᠠᠯ ᠤᠨ ᠠᠵᠢᠯ ᠢ ᠬᠠᠯᠠᠨ ᠰᠠᠶᠢᠵᠢᠷᠠᠭᠤᠯᠬᠤ ᠪᠠ ᠴᠢᠩᠭᠠᠳᠬᠠᠬᠤ ᠰᠠᠨᠠᠯ ᠪᠣᠯᠤᠨ ᠰᠠᠨᠠᠭᠤᠯᠭ᠎ᠠ ᠶᠢ ᠳᠤᠷᠠᠳᠤᠨ᠎ᠠ᠃ᠣᠯᠠᠨ ᠲᠦᠮᠡᠨ ᠤ ᠢᠷᠡᠭᠦᠯᠦᠭᠰᠡᠨ ᠵᠠᠬᠢᠳᠠᠯ᠂ ᠤᠲᠠᠰᠤ᠂ ᠠᠶᠢᠯᠴᠢᠯᠠᠷ᠎ᠠ ᠢᠷᠡᠭᠰᠡᠨ ᠪᠠᠶᠢᠳᠠᠯ ᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠤᠳᠤᠷᠢᠳᠬᠤ ᠨᠥᠬᠦᠳ ᠲᠤ ᠴᠠᠭ ᠲᠤᠬᠠᠢ ᠳᠤᠨᠢ ᠲᠤᠰᠬᠠᠬᠤ ᠲᠠᠯ᠎ᠠ ᠪᠠᠷ ᠳᠤᠷᠠᠳᠤᠭᠰᠠᠨ ᠴᠢᠬᠤᠯᠠ ᠰᠠᠨᠠᠯ ᠰᠠᠨᠠᠭᠤᠯᠭ᠎ᠠ ᠶᠢ ᠰᠠᠶᠢᠲᠤᠷ ᠲᠤᠰᠬᠠᠨ᠎ᠠ᠃       ( ᠲᠠᠪᠤ ) ᠵᠠᠬᠢᠳᠠᠯ ᠰᠤᠷᠪᠤᠯᠵᠢᠯᠠᠯ ᠤᠨ ᠬᠠᠤᠯᠢᠵᠢᠭᠤᠯᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠰᠤᠷᠠᠭ ᠵᠠᠩᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃       ( ᠵᠢᠷᠭᠤᠭ᠎ᠠ ) ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠪᠣᠯᠪᠠᠰᠤᠷᠠᠯ ᠤᠨ ᠠᠵᠢᠯ ᠢ ᠬᠠᠷᠢᠭᠤᠴᠠᠨ ᠵᠢᠯᠣᠭᠤᠳᠤᠨ᠎ᠠ᠃       ( ᠳᠣᠯᠤᠭ᠎ᠠ ) ᠳᠥᠷᠪᠡᠳ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠡᠳᠦᠷ ᠳᠣᠳᠣᠮ ᠤᠨ ᠠᠵᠢᠯ ᠢ ᠬᠠᠷᠢᠭᠤᠴᠠᠵᠤ᠂ ᠬᠤᠰᠢᠭᠤ ᠬᠠᠮᠲᠤᠷᠠᠭᠰᠠᠨ ᠬᠤᠷᠠᠯᠳᠤᠭᠠᠨ ᠢᠶᠠᠷ ᠲᠣᠭᠲᠠᠭᠠᠭᠰᠠᠨ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠨ᠎ᠠ᠃ᠡᠯ᠎ᠡ ᠰᠤᠮᠤ ᠰᠢᠶᠠᠩ ᠪᠠᠯᠭᠠᠰᠤ ( ᠲᠠᠯᠠᠪᠠᠢ ) ᠶᠢᠨ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠳᠣᠪᠤᠶᠢᠮ᠎ᠠ ᠠᠰᠠᠭᠤᠳᠠᠯ ᠵᠢᠴᠢ ᠣᠯᠠᠨ ᠲᠦᠮᠡᠨᠴᠢ ᠴᠢᠨᠠᠷᠲᠠᠢ ᠬᠡᠷᠡᠭ ᠢ ᠰᠢᠢᠳᠪᠦᠷᠢᠯᠡᠬᠦ ᠠᠵᠢᠯ ᠢ ᠶᠡᠷᠦᠩᠬᠡᠶᠢᠯᠡᠨ ᠵᠠᠳᠠᠯᠵᠤ᠂ ᠵᠣᠬᠢᠶᠠᠨ ᠪᠠᠶᠢᠭᠤᠯᠤᠨ ᠵᠣᠬᠢᠴᠠᠭᠤᠯᠵᠤ᠂ ᠱᠠᠭᠠᠷᠳᠠᠨ ᠪᠠᠶᠢᠴᠠᠭᠠᠵᠤ᠂ ᠠᠮᠵᠢᠯᠲᠠ ᠲᠠᠢ ᠲᠤᠷᠰᠢᠯᠭ᠎ᠠ ᠶᠢ ᠳ᠋ᠦ᠋ᠩᠨᠡᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠭᠦᠨᠵᠡᠭᠡᠢ ᠥᠷᠨᠢᠬᠦ ᠶᠢ ᠲᠦᠯᠬᠢᠨ ᠠᠬᠢᠭᠤᠯᠤᠨ᠎ᠠ᠃       ( ᠨᠠᠢᠮᠠ ) ᠵᠠᠬᠢᠳᠠᠯ ᠰᠤᠷᠪᠤᠯᠵᠢᠯᠠᠯ ᠤᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠰᠣᠯᠢᠯᠴᠠᠭ᠎ᠠ ᠶᠢ ᠵᠣᠬᠢᠴᠠᠭᠤᠯᠤᠨ᠎ᠠ᠃       ( ᠵᠢᠰᠦ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ      ( ᠨᠢᠭᠡ ) ᠶᠡᠷᠦᠩᠬᠡᠶᠢᠯᠡᠭᠰᠡᠨ ᠠᠯᠪᠠᠨ ᠭᠡᠷ᠃ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠠᠶᠤᠯ ᠥᠬᠡᠢ᠂ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠵᠢᠯᠣᠭᠤᠳᠬᠤ ᠰᠠᠨᠠᠯ ᠳᠤᠷᠠᠳᠤᠨ᠎ᠠ᠃ᠲᠤᠰ ᠰᠠᠯᠠᠭ᠎ᠠ ᠮᠥᠴᠢᠷ ᠤᠨ ᠢᠶᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠬᠤ᠂ ᠮᠡᠳᠡᠭᠦᠯᠦᠨ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ᠪᠦᠬᠦ ᠲᠠᠯ᠎ᠠ ᠶᠢᠨ ᠵᠠᠬᠢᠳᠠᠯ ᠰᠤᠷᠪᠤᠯᠵᠢᠯᠠᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠵᠠᠬᠢᠳᠠᠯ ᠰᠤᠷᠪᠤᠯᠵᠢᠯᠠᠯ ᠤᠨ ᠡᠩᠨᠡᠭᠡᠨ ᠤ ᠬᠥᠮᠦᠵᠢᠯ ᠪᠣᠯᠪᠠᠰᠣᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠵᠠᠬᠢᠳᠠᠯ ᠰᠤᠷᠪᠤᠯᠵᠢᠯᠠᠯ ᠤᠨ ᠠᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠡᠭᠦᠷᠭᠡᠯᠡᠨ᠂ ᠵᠠᠬᠢᠳᠠᠯ ᠰᠤᠷᠪᠤᠯᠵᠢᠯᠠᠯ ᠤᠨ ᠠᠵᠢᠯ ᠢ ᠬᠠᠯᠠᠨ ᠰᠠᠶᠢᠵᠢᠷᠠᠭᠤᠯᠬᠤ ᠪᠠ ᠴᠢᠩᠭᠠᠳᠬᠠᠬᠤ ᠰᠠᠨᠠᠯ ᠰᠠᠨᠠᠭᠤᠯᠭ᠎ᠠ ᠶᠢ ᠳᠤᠷᠠᠳᠤᠨ᠎ᠠ᠃ᠵᠠᠬᠢᠳᠠᠯ ᠰᠤᠷᠪᠤᠯᠵᠢᠯᠠᠭ᠎ᠠ ᠶᠢᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠥᠷᠨᠢᠭᠦᠯᠦᠨ᠎ᠡ᠃ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ ᠵᠢᠴᠢ ᠠᠵᠢᠯ‌‍ᠠ᠋ᠴᠠ ᠪᠠᠨ ᠠᠮᠠᠷᠠᠭᠰᠠᠳ ᠪᠠᠭᠤᠭᠰᠠᠳ ᠲᠤ ᠦᠢᠯᠡᠴᠢᠯᠡᠬᠦ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ᠳᠥᠷᠪᠡᠳ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠡᠳᠦᠷ ᠳᠣᠳᠣᠮ ᠤᠨ ᠠᠵᠢᠯ ᠢ ᠬᠠᠷᠢᠭᠤᠴᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠵᠢᠯᠣᠭᠤᠳᠤᠨ ᠪᠠᠶᠢᠴᠠᠭᠠᠨ᠎ᠠ᠃        ( ᠬᠤᠶᠠᠷ ) ᠵᠠᠬᠢᠳᠠᠯ ᠪᠢᠴᠢᠵᠦ ᠬᠡᠷᠡᠭ ᠰᠢᠢᠳᠪᠦᠷᠢᠯᠡᠬᠦ ᠬᠤᠪᠢ᠃ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠬᠢᠳᠠᠯ ᠪᠢᠴᠢᠬᠦ᠂ ᠤᠳᠤᠷᠢᠳᠤᠯᠭ᠎ᠠ ᠶᠢᠨ ᠵᠠᠬᠢᠳᠠᠯ ᠤᠨ ᠬᠠᠶᠢᠷᠴᠠᠭ ᠬᠢᠭᠡᠳ ᠬᠤᠰᠢᠭᠤ ᠡᠭᠦᠳᠡ ᠡᠷᠦᠬᠡ ᠶᠢᠨ ᠰᠦᠯᠵᠢᠶᠡᠨ ᠤ ᠥᠷᠲᠡᠭᠡ ᠵᠡᠷᠭᠡ ᠲᠣᠣᠷ ᠰᠦᠯᠵᠢᠶ᠎ᠡ ᠪᠠᠷ ᠳᠠᠮᠵᠢᠭᠤᠯᠤᠨ ᠳᠤᠷᠠᠳᠤᠭᠰᠠᠨ ᠵᠠᠬᠢᠳᠠᠯ ᠰᠤᠷᠪᠤᠯᠵᠢᠯᠠᠯ ᠤᠨ ᠵᠦᠢᠯ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠲᠤ ᠳᠠᠮᠵᠢᠭᠤᠯᠤᠨ ᠬᠦᠷᠭᠡᠵᠦ᠂ ᠲᠤᠰᠢᠶᠠᠨ ᠭᠦᠢᠴᠡᠳᠬᠡᠯᠭᠡᠬᠦ ᠪᠠ ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠢ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠵᠥᠪᠰᠢᠶᠡᠷᠡᠭᠦᠯᠦᠨ ᠭᠦᠢᠴᠡᠳᠬᠡᠭᠰᠡᠨ ᠵᠠᠬᠢᠳᠠᠯ ᠵᠢᠴᠢ ᠲᠣᠣᠷ ᠰᠦᠯᠵᠢᠶ᠎ᠡ ᠶᠢᠨ ᠵᠠᠬᠢᠳᠠᠯ ᠰᠤᠷᠪᠤᠯᠵᠢᠯᠠᠯ ᠤᠨ ᠵᠦᠢᠯ ᠢ ᠳᠠᠭᠠᠭᠠᠨ ᠭᠦᠢᠴᠡᠳᠬᠡᠨ᠎ᠡ᠃ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠳᠠᠮᠵᠢᠭᠤᠯᠤᠨ ᠬᠦᠷᠭᠡᠭᠰᠡᠨ᠂ ᠲᠤᠰᠢᠶᠠᠨ ᠭᠦᠢᠴᠡᠳᠬᠡᠯᠭᠡᠬᠦ ᠵᠠᠬᠢᠳᠠᠯ ᠬᠢᠭᠡᠳ ᠲᠣᠣᠷ ᠰᠦᠯᠵᠢᠶᠡᠨ ᠤ ᠵᠠᠬᠢᠳᠠᠯ ᠰᠤᠷᠪᠤᠯᠵᠢᠯᠠᠯ ᠤᠨ ᠵᠦᠢᠯ ᠤᠳ ᠢ ᠳᠠᠭᠠᠭᠠᠨ ᠭᠦᠢᠴᠡᠳᠬᠡᠬᠦ ᠬᠡᠷᠡᠭᠲᠡᠢ᠃ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠨ ᠯᠠᠪᠯᠠᠬᠤ ᠤᠲᠠᠰᠤ ᠶᠢ ᠬᠠᠷᠢᠭᠤᠴᠠᠨ᠎ᠠ᠃ᠢᠷᠡᠭᠦᠯᠦᠭᠰᠡᠨ ᠵᠠᠬᠢᠳᠠᠯ ᠴᠢᠮᠡᠭᠡ ᠢᠷᠡᠭᠦᠯᠦᠭᠰᠡᠨ ᠴᠠᠬᠢᠯᠭᠠᠨ ᠵᠢᠴᠢ ᠲᠣᠣᠷ ᠰᠦᠯᠵᠢᠶᠡᠨ ᠤ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠪᠦᠷᠢᠳᠬᠡᠨ ᠵᠠᠳᠠᠯᠵᠤ᠂ ᠴᠢᠬᠤᠯᠠ ᠢᠷᠡᠭᠦᠯᠦᠭᠰᠡᠨ ᠵᠠᠬᠢᠳᠠᠯ ᠤᠲᠠᠰᠤ ᠵᠢᠴᠢ ᠲᠣᠣᠷ ᠰᠦᠯᠵᠢᠶᠡᠨ ᠤ ᠵᠠᠬᠢᠳᠠᠯ ᠰᠤᠷᠪᠤᠯᠵᠢᠯᠠᠯ ᠤᠨ ᠵᠦᠢᠯ ᠳᠤ ᠰᠢᠮᠳᠠᠭᠤᠯᠤᠨ ᠪᠠᠶᠢᠴᠠᠭᠠᠬᠤ ᠲᠠᠰᠤᠭ ᠳᠡᠪᠰᠢᠭᠦᠯᠵᠦ ᠰᠢᠮᠳᠠᠭᠤᠯᠤᠨ ᠪᠠᠶᠢᠴᠠᠭᠠᠯᠭᠠᠵᠤ ᠪᠠᠶᠢᠴᠠᠭᠠᠨ ᠰᠤᠳᠤᠯᠤᠯᠲᠠ ᠬᠢᠯᠭᠡᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ᠡᠯ᠎ᠡ ᠰᠤᠮᠤ ᠰᠢᠶᠠᠩ ᠪᠠᠯᠭᠠᠰᠤ ( ᠲᠠᠯᠠᠪᠤᠷ ) ᠪᠣᠯᠤᠨ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ ᠢᠷᠡᠭᠦᠯᠦᠭᠰᠡᠨ ᠵᠠᠬᠢᠳᠠᠯ ᠪᠠ ᠳ᠋ᠢᠶᠠᠩᠬᠤᠸᠠ ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠵᠦᠢᠯ ᠢ ᠳᠠᠮᠵᠢᠭᠤᠯᠤᠨ ᠬᠦᠷᠭᠡᠬᠦ᠂ ᠲᠤᠰᠢᠶᠠᠨ ᠭᠦᠢᠴᠡᠳᠬᠡᠯᠭᠡᠬᠦ᠂ ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠢ᠃ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠰᠤᠷᠠᠭ ᠵᠠᠩᠭᠢᠵᠢᠯᠲᠠ ᠶᠢᠨ ᠪᠠᠶᠢᠭᠤᠯᠤᠯᠲᠠ ᠪᠠ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠰᠤᠷᠠᠭ ᠵᠠᠩᠭᠢ ᠶᠢᠨ ᠰᠢᠰᠲ᠋ᠧᠮ ᠤᠨ ᠠᠵᠢᠯᠯᠠᠭᠠᠨ᠂ ᠵᠢᠯᠣᠭᠤᠳᠤᠯᠭ᠎ᠠ ᠵᠢᠴᠢ ᠳᠡᠯᠭᠡᠷᠡᠭᠦᠯᠦᠯᠲᠡ ᠂ ᠲᠦᠯᠬᠢᠨ ᠠᠬᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠡᠭᠦᠳᠡᠨ ᠰᠦᠯᠵᠢᠶᠡᠨ ᠥᠷᠲᠡᠭᠡ᠂ ᠸᠢᠴᠠᠲ ᠤᠨ ᠣᠯᠠᠨ ᠨᠡᠶᠢᠲᠡ ᠶᠢᠨ ᠨᠣᠮᠧᠷ ᠢ ᠪᠦᠲᠦᠭᠡᠨ ᠪᠠᠶᠢᠭᠤᠯᠬᠤ᠂ ᠬᠠᠮᠠᠭᠠᠯᠠᠬᠤ ᠵᠢᠴᠢ ᠠᠭᠤᠯᠭ᠎ᠠ ᠶᠢ ᠰᠢᠨᠡᠳᠬᠡᠬᠦ᠂ ᠬᠦᠷᠭᠡᠬᠦ ᠠᠵᠢᠯ ᠢ ᠬᠠᠷᠢᠭᠤᠴᠠᠨ᠎ᠠ᠃ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠳᠣᠲᠣᠨ᠎ᠠ ᠭᠠᠳᠠᠨᠠᠬᠢ ᠰᠦᠯᠵᠢᠶᠡᠨ ᠤ ᠮᠡᠷᠭᠡᠵᠢᠯ ᠤᠨ ᠳᠡᠮᠵᠢᠯᠭᠡ᠂ ᠬᠡᠮᠵᠢᠨ ᠲᠣᠭᠲᠠᠭᠠᠬᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠤᠭᠯᠠᠭᠤᠯᠬᠤ᠂ ᠰᠢᠢᠳᠪᠦᠷᠢᠯᠡᠬᠦ᠂ ᠰᠤᠳᠤᠯᠬᠤ᠂ ᠮᠡᠳᠡᠭᠦᠯᠬᠦ᠃ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠠᠶᠢᠴᠠᠭᠠᠨ ᠵᠢᠯᠣᠭᠤᠳᠤᠨ᠎ᠠ᠃       3᠃ ᠠᠶᠢᠯᠴᠢᠯᠠᠬᠤ ᠪᠠᠷ ᠢᠷᠡᠭᠰᠡᠨ ᠬᠦᠯᠢᠶᠡᠨ ᠠᠪᠬᠤ ᠬᠤᠪᠢᠴᠠᠭ᠎ᠠ᠃ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠬᠦᠯᠢᠶᠡᠨ ᠠᠪᠬᠤ ᠶᠢ ᠬᠠᠷᠢᠭᠤᠴᠠᠬᠤ ᠬᠡᠷᠡᠭᠲᠡᠢ᠃ᠤᠳᠤᠷᠢᠳᠬᠤ ᠨᠥᠬᠦᠳ ᠤᠨ ᠰᠢᠢᠳᠪᠦᠷᠢᠯᠡᠭᠦᠯᠬᠦ ᠪᠠᠷ ᠵᠥᠪᠰᠢᠶᠡᠷᠡᠵᠦ᠂ ᠰᠢᠢᠳᠪᠦᠷᠢᠯᠡᠭᠦᠯᠬᠦ ᠪᠠᠷ ᠰᠢᠯᠵᠢᠭᠦᠯᠦᠨ ᠢᠷᠡᠭᠰᠡᠨ ᠵᠠᠬᠢᠶ᠎ᠠ ᠰᠤᠷᠪᠤᠯᠵᠢᠯᠠᠭ᠎ᠠ ᠶᠢᠨ ᠵᠦᠢᠯ ᠢ ᠳᠠᠩ ᠰᠢᠢᠳᠪᠦᠷᠢᠯᠡᠬᠦ ᠬᠡᠷᠡᠭᠲᠡᠢ᠃ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠳᠠᠮᠵᠢᠭᠤᠯᠤᠨ ᠬᠦᠷᠭᠡᠬᠦ᠂ ᠲᠤᠰᠢᠶᠠᠨ ᠭᠦᠢᠴᠡᠳᠬᠡᠯᠭᠡᠬᠦ ᠵᠠᠬᠢᠳᠠᠯ ᠰᠤᠷᠪᠤᠯᠵᠢᠯᠠᠯ ᠤᠨ ᠵᠦᠢᠯ ᠤᠳ ᠢ ᠳᠡᠰ ᠳᠠᠷᠠᠭᠠᠯᠠᠯ ᠤᠨ ᠴᠢᠨᠠᠷᠲᠠᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ᠃ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯ ᠢ ᠳᠠᠮᠵᠢᠭᠤᠯᠤᠨ ᠬᠦᠷᠭᠡᠬᠦ᠂ ᠲᠤᠰᠢᠶᠠᠨ ᠰᠢᠢᠳᠪᠦᠷᠢᠯᠡᠭᠦᠯᠬᠦ ᠪᠠ ᠬᠢᠨᠠᠨ ᠰᠢᠢᠳᠪᠦᠷᠢᠯᠡᠨ᠎ᠡ᠃ᠬᠤᠰᠢᠭᠤᠨ ᠤ ᠤᠳᠤᠷᠢᠳᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠡᠳᠦᠷ ᠤᠨ ᠠᠵᠢᠯ ᠢ ᠬᠠᠷᠢᠭᠤᠴᠠᠬᠤ ᠶᠢᠨ ᠵᠡᠷᠭᠡᠪᠡᠷ ᠤᠳᠤᠷᠢᠳᠤᠯᠭ᠎ᠠ ᠴᠣᠬᠤᠯᠠᠪᠤᠷᠢᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠲᠤᠰᠬᠠᠢ ᠮᠡᠳᠡᠭᠦᠯᠦᠨ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠤᠯᠪᠣᠭᠠᠲᠤ ᠠᠯᠪᠠᠨ ᠭᠡᠷ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠨ᠎ᠡ᠃ᠮᠠᠨ ᠤ ᠬᠤᠰᠢᠭᠤᠨ ᠤ ᠪᠡᠭᠡᠵᠢᠩ ᠳᠤ ᠣᠷᠣᠬᠤ᠂ ᠲᠣᠭᠤᠷᠢᠭ ᠲᠤ ᠣᠴᠢᠬᠤ᠂ ᠬᠤᠲᠠ ᠳᠤ ᠣᠴᠢᠬᠤ ᠪᠤᠰᠤ ᠬᠦᠯᠢᠶᠡᠨ ᠠᠪᠬᠤ ᠲᠠᠯᠠᠪᠤᠷ ᠭᠠᠵᠠᠷ ᠲᠤ ᠣᠴᠢᠬᠤ ᠬᠥᠮᠦᠰ ᠢ ᠢᠳᠬᠠᠨ ᠪᠤᠴᠠᠭᠠᠯᠭᠠᠨ᠎ᠠ᠃ᠬᠤᠰᠢᠭᠤ ᠨᠠᠮ ᠵᠠᠰᠠᠭ ᠤᠨ ᠠᠯᠪᠠᠨ ᠭᠡᠷ ᠤᠨ ᠲᠣᠭᠤᠷᠢᠭ ᠲᠤ ᠰᠤᠷᠪᠤᠯᠵᠢᠯᠠᠭᠴᠢᠳ ᠲᠣᠭᠲᠠᠭᠰᠠᠨ ᠭᠠᠵᠠᠷ ᠲᠤ ᠬᠦᠷᠴᠦ ᠠᠰᠠᠭᠤᠳᠠᠯ ᠢ ᠲᠤᠰᠬᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠥᠲᠥᠯᠦᠨ ᠵᠢᠯᠣᠭᠤᠳᠤᠨ᠎ᠠ᠃ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠯᠠᠪᠤᠷ ᠤᠨ ᠡᠮᠬᠢ ᠳᠢᠭᠯᠢᠮ ᠢ ᠳᠦᠷᠢᠮᠵᠢᠭᠦᠯᠬᠦ ᠶᠢ ᠬᠠᠷᠢᠭᠤᠴᠠᠨ᠎ᠠ᠃ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠬᠠᠤᠯᠢ ᠶᠣᠰᠣᠭᠠᠷ ᠬᠠᠤᠯᠢ ᠪᠤᠰᠤ ᠠᠵᠢᠯᠯᠠᠭ᠎ᠠ ᠶᠢ ᠨᠢ ᠰᠢᠢᠳᠪᠦᠷᠢᠯᠡᠵᠦ᠃ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠢ ᠮᠡᠳᠡᠭᠦᠯᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠤ᠃ᠵᠠᠬᠢᠶ᠎ᠠ ᠰᠤᠷᠪᠤᠯᠵᠢᠯᠠᠭ᠎ᠠ ᠶᠢᠨ ᠬᠠᠤᠯᠢᠵᠢᠭᠰᠠᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠃ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠳᠦᠷᠢᠮ ᠤᠨ ᠤᠬᠠᠭᠤᠯᠭ᠎ᠠ᠂ ᠬᠠᠤᠯᠢ ᠶᠣᠰᠣᠭᠠᠷ ᠱᠠᠲᠤ ᠳᠠᠷᠠᠭᠠᠯᠠᠨ ᠵᠠᠬᠢᠳᠠᠯ ᠰᠤᠷᠪᠤᠯᠵᠢᠯᠠᠭ᠎ᠠ ᠬᠢᠬᠦ᠂ ᠵᠠᠭᠠᠯᠳᠤᠯᠭ᠎ᠠ ᠪᠠ ᠰᠤᠷᠪᠤᠯᠵᠢᠯᠠᠯ ᠢ ᠰᠠᠯᠭᠠᠬᠤ᠂ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ᠂ ᠬᠠᠤᠯᠢᠴᠢ ᠵᠠᠬᠢᠳᠠᠯ ᠰᠤᠷᠪᠤᠯᠵᠢᠯᠠᠯ ᠳᠤ ᠣᠷᠣᠯᠴᠠᠬᠤ ᠵᠡᠷᠭᠡ ᠠᠵᠢᠯ ᠢ ᠵᠣᠬᠢᠴᠠᠭᠤᠯᠤᠨ ᠠᠬᠢᠭᠤᠯᠪᠠ ᠃ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ᠣᠯᠠᠨ ᠲᠦᠮᠡᠨ ᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠮᠥᠷᠲᠡᠭᠡᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠳᠤ ᠰᠢᠯᠵᠢᠭᠦᠯᠦᠨ ᠬᠦᠷᠭᠡᠵᠦ ᠪᠠᠶᠢᠨ᠎ᠠ᠃ᠡᠯ᠎ᠡ ᠵᠦᠢᠯ ᠤᠨ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠨ᠂ ᠴᠤᠭᠯᠠᠭᠤᠯᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ ᠳᠤᠨᠢ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠡᠷᠡᠮᠵᠢᠯᠡᠭᠦᠯᠬᠦ ᠮᠡᠳᠡᠭᠦᠯᠦᠯᠲᠡ ᠶᠢ ᠳᠣᠷᠣᠭᠰᠢ ᠪᠠᠭᠤᠯᠭᠠᠨ᠎ᠠ᠃ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠦᠯᠵᠢᠶᠡᠨ ᠳᠡᠭᠡᠷ᠎ᠡ ᠵᠠᠬᠢᠳᠠᠯ ᠰᠤᠷᠪᠤᠯᠵᠢᠯᠠᠭ᠎ᠠ ᠬᠢᠯᠭᠡᠨ᠎ᠡ᠃ᠪᠦᠬᠦ ᠬᠤᠰᠢᠭᠤᠨ ᠤ ᠨᠡᠶᠢᠭᠡᠮ ᠤᠨ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠵᠣᠬᠢᠴᠠᠭᠤᠯᠤᠨ᠎ᠠ᠃ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠲᠣᠭᠠᠴᠢᠯᠲᠠ ᠶᠢᠨ ᠲᠣᠳᠣᠷᠬᠠᠢ ᠬᠠᠭᠤᠳᠠᠰᠤ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠵᠦ᠂ ᠬᠠᠷ᠎ᠠ ᠪᠦᠯᠦᠭᠲᠡᠨ ᠳᠤ ᠬᠤᠯᠪᠣᠭᠳᠠᠭᠰᠠᠨ ᠬᠠᠷᠭᠢᠰ ᠬᠡᠷᠴᠡᠭᠡᠢ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠰᠦᠪᠡᠭᠴᠢ ᠶᠢ ᠰᠢᠯᠵᠢᠭᠦᠯᠦᠨ ᠲᠤᠰᠢᠶᠠᠨ᠎ᠠ᠃ᠪᠦᠬᠦ ᠬᠤᠰᠢᠭᠤᠨ ᠤ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯᠲᠠᠳ ᠤᠨ ᠰᠤᠷᠠᠭ ᠵᠠᠩᠭᠢ ᠶᠢ ᠲᠠᠰᠤᠷᠠᠯᠲᠠ ᠥᠬᠡᠢ ᠵᠢᠭᠰᠡᠭᠠᠨ ᠪᠠᠶᠢᠴᠠᠭᠠᠵᠤ ᠴᠤᠭᠯᠠᠭᠤᠯᠬᠤ ᠶᠢᠨ ᠬᠠᠮᠲᠤ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠣᠶᠤᠨᠲᠤ ᠵᠠᠳᠠᠯᠤᠯᠲᠠ ᠶᠢᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠳᠤ ᠣᠷᠣᠭᠤᠯᠪᠠ᠃ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠶᠢᠯᠴᠢᠯᠠᠯ ᠢᠶᠠᠷ ᠢᠷᠡᠭᠰᠡᠨ ᠬᠦᠯᠢᠶᠡᠨ ᠠᠪᠬᠤ ᠠᠵᠢᠯ ᠢ ᠵᠢᠯᠣᠭᠤᠳᠤᠨ ᠪᠠᠶᠢᠴᠠᠭᠠᠵᠤ᠃       ( ᠳᠥᠷᠪᠡ ) ᠬᠤᠪᠢ ᠣᠷᠣᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠬᠡᠷᠡᠭᠲᠡᠢ᠃ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠲᠥᠪ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠠ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ᠵᠠᠬᠢᠳᠠᠯ ᠰᠤᠷᠪᠤᠯᠵᠢᠯᠠᠯ ᠤᠨ ᠬᠦᠴᠢᠷ ᠲᠦᠪᠡᠭᠲᠡᠢ ᠵᠠᠬᠢᠳᠠᠯ ᠰᠤᠷᠪᠤᠯᠵᠢᠯᠠᠯ ᠤᠨ ᠵᠦᠢᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠨ᠎ᠡ᠃ᠠᠵᠢᠯ ᠢᠶᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠨᠡᠬᠡᠮᠵᠢᠯᠡᠬᠦ ᠳᠤ ᠰᠠᠨᠠᠯ ᠢᠶᠠᠨ ᠳᠤᠷᠠᠳᠬᠤ ᠬᠡᠷᠡᠭᠲᠡᠢ᠃ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠯ ᠤᠨ ᠵᠦᠢᠯ ᠤᠳ ᠢ ᠵᠣᠬᠢᠴᠠᠭᠤᠯᠤᠨ ᠰᠢᠮᠳᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ᠵᠠᠬᠢᠶ᠎ᠠ ᠰᠤᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠬᠤ ᠠᠵᠢᠯ ᠢ ᠡᠭᠦᠷᠭᠡᠯᠡᠵᠦ᠃ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠵᠢᠭᠰᠡᠭᠠᠨ ᠪᠠᠶᠢᠴᠠᠭᠠᠵᠤ ᠠᠷᠢᠯᠭᠠᠬᠤ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠭᠤᠣᠯ ᠴᠢᠬᠤᠯᠠ ᠵᠠᠬᠢᠶ᠎ᠠ ᠰᠤᠷᠪᠤᠯᠵᠢᠯᠠᠭ᠎ᠠ ᠶᠢᠨ ᠵᠦᠢᠯ ᠢ ᠨᠠᠶᠢᠳᠠᠪᠤᠷᠢᠵᠢᠭᠤᠯᠬᠤ ᠶᠢ ᠤᠳᠤᠷᠢᠳᠤᠯᠭ᠎ᠠ ᠬᠡᠷᠡᠭ ᠢ ᠳᠠᠭᠠᠭᠠᠵᠤ᠃ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠲᠠᠯ᠎ᠠ ᠶᠢᠨ ᠪᠢᠴᠢᠭ ᠮᠠᠲ᠋ᠧᠷᠢᠶᠠᠯ ᠤᠨ ᠵᠣᠬᠢᠶᠠᠨ ᠪᠠᠶᠢᠭᠤᠯᠤᠨ ᠲᠤᠭᠤᠷᠪᠢᠬᠤ ᠠᠵᠢᠯ ᠵᠢᠴᠢ ᠳᠠᠩᠰᠠ ᠡᠪᠬᠡᠮᠡᠯ ᠤᠨ ᠬᠠᠮᠢᠶᠠᠷᠤᠯᠲᠠ ᠵᠢᠴᠢ ᠨᠢᠭᠤᠴᠠ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ᠵᠠᠬᠢᠳᠠᠯ ᠰᠤᠷᠪᠤᠯᠵᠢᠯᠠᠯ ᠤᠨ ᠲᠤᠭ᠎ᠠ ᠪᠠᠷᠢᠮᠲᠠ ᠶᠢ ᠪᠦᠷᠢᠳᠬᠡᠬᠦ᠂ ᠵᠠᠬᠢᠳᠠᠯ ᠰᠤᠷᠪᠤᠯᠵᠢᠯᠠᠯ ᠤᠨ ᠨᠡᠪᠲᠡᠷᠡᠭᠦᠯᠬᠦ᠂ ᠲᠤᠰᠬᠠᠢ ᠮᠡᠳᠡᠭᠦᠯᠬᠦ ᠠᠵᠢᠯ ᠢ ᠲᠤᠭᠤᠷᠪᠢᠬᠤ ᠶᠢ ᠬᠠᠷᠢᠭᠤᠴᠠᠨ᠎ᠠ᠃ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ᠃ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠭᠦᠯᠬᠦ ᠠᠵᠢᠯ ᠢ ᠵᠢᠯᠣᠭᠤᠳᠤᠨ ᠪᠠᠶᠢᠴᠠᠭᠠᠨ᠎ᠠ᠃ ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ᠄ 0474 —5208990 ᠬᠦᠯᠢᠶᠡᠨ ᠠᠪᠬᠤ ᠬᠤᠪᠢ᠄ 0474 —5200263 ᠠᠵᠢᠯᠯᠠᠬᠤ ᠴᠠᠭ᠄ ᠬᠠᠤᠯᠢ ᠳᠤ ᠲᠣᠭᠲᠠᠭᠠᠭᠰᠠᠨ ᠠᠵᠢᠯ ᠤᠨ ᠡᠳᠦᠷ ᠤᠨ ᠦᠳᠡ ᠶᠢᠨ ᠡᠮᠦᠨᠡᠬᠢ 9᠄ 00 — 12᠄ 00 ᠦᠳᠡ ᠶᠢᠨ ᠬᠤᠶᠢᠨᠠᠬᠢ 14 : 30 —18 : 00 ( ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠣᠯᠤᠨ ᠭᠠᠷᠠᠭ ᠤᠨ ᠠᠮᠠᠷᠠᠯᠲᠠ ᠶᠢᠨ ᠡᠳᠦᠷ ᠪᠠᠭᠲᠠᠬᠤ ᠦᠭᠡᠢ ) ᠪᠠᠶᠢᠭᠤᠯᠭ᠎ᠠ ᠶᠢᠨ ᠬᠠᠶᠢᠭ ᠄ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠨᠢᠭᠡᠳᠦᠯᠲᠡᠢ ᠪᠦᠲᠦᠭᠡᠨ ᠪᠠᠶᠢᠭᠤᠯᠬᠤ ᠵᠡᠭᠦᠨ ᠵᠠᠮ ᠤᠨ ᠨᠠᠮ ᠵᠠᠰᠠᠭ ᠤᠨ ᠶᠡᠭᠡ ᠬᠦᠷᠢᠶᠡᠨ ᠤ ᠬᠠᠷᠢᠶᠠᠲᠤ ᠶᠡᠷᠦᠩᠬᠡᠶᠢᠯᠡᠭᠰᠡᠨ ᠠᠰᠠᠷ ᠨᠢᠭᠡᠴᠢ ᠰᠢᠤᠳᠠᠨ ᠬᠠᠶᠢᠷᠴᠠᠭ᠄ szwqxfj2010 @163. com ᠬᠠᠷᠢᠭᠤᠴᠠᠯᠭᠠᠲᠠᠨ᠄ ᠯᠶᠤᠶ᠋ᠢ ᠰᠢᠦᠢ ᠲᠦᠩᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2