ᠳᠥᠷᠪᠡᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | | ᠳᠥᠷᠪᠡᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ( ᠳᠣᠷᠣᠭᠰᠢ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠡᠵᠦ ᠲᠣᠪᠴᠢᠯᠠᠨ᠎ᠠ ) ᠪᠣᠯ ᠬᠤᠰᠢᠭᠤ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠠᠩᠭᠢ ᠪᠣᠯᠤᠨ᠎ᠠ᠃ᠬᠤᠰᠢᠭᠤᠨ ᠤ ᠣᠢ ᠰᠢᠭᠤᠢ | ᠪᠣᠯᠤᠨ ᠲᠠᠯ᠎ᠠ ᠨᠤᠲᠤᠭ ᠤᠨ ᠲᠣᠪᠴᠢᠶ᠎ᠠ ᠶᠢ ᠨᠢᠭᠡᠳᠦᠯᠲᠡᠢ ᠬᠠᠮᠢᠶᠠᠷᠤᠨ ᠵᠣᠬᠢᠴᠠᠭᠤᠯᠤᠨ᠎ᠠ᠃ | | ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ | ( ᠨᠢᠭᠡ )ᠠᠷᠠᠤᠨ ᠨᠡᠶᠢᠲᠡ ᠶᠢᠨ ᠥᠮᠴᠢᠯᠡᠯ ᠤᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠣᠢ | ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠢ ᠪᠦᠬᠦᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠬᠡᠷᠡᠭᠴᠡᠭᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ᠤᠯᠤᠰ᠂ ᠥᠪᠡᠷᠲᠡᠭᠡᠨ | ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠡᠷᠬᠡ ᠮᠠᠲᠠᠯ ᠤᠨ | ᠶᠣᠰᠣᠭᠠᠷ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ | ᠪᠣᠯᠤᠨ ᠬᠡᠮᠵᠢᠨ ᠵᠢᠷᠤᠬᠤ ᠵᠡᠷᠭᠡ ᠠᠷᠭ᠎ᠠ ᠬᠡᠮᠵᠢᠶ᠎ᠡ᠂ ᠲᠥᠰᠦᠯ ᠢ ᠲᠤᠭᠤᠷᠪᠢᠨ ᠲᠣᠭᠲᠠᠭᠠᠨ᠎ᠠ᠃ | ( ᠬᠤᠶᠠᠷ ) ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠢᠨᠠᠨ ᠬᠡᠮᠵᠢᠵᠦ | ᠦᠨᠡᠯᠡᠬᠦ ᠶᠢ ᠬᠠᠷᠢᠭᠤᠴᠠᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ | ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠬᠢᠨᠠᠨ ᠬᠡᠮᠵᠢᠯᠲᠡ᠂ ᠦᠨᠡᠯᠡᠯᠲᠡ ᠬᠢᠬᠦ ᠭᠦᠢᠴᠡᠳᠬᠡᠬᠦ ᠲᠣᠭᠠᠨ ᠤ | ᠰᠢᠰᠲ᠋ᠧᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠳᠦᠷᠢᠮ ᠲᠣᠭᠲᠠᠭᠠᠯ ᠶᠣᠰᠣᠭᠠᠷ᠂ ᠪᠦᠬᠦ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠬᠢᠨᠠᠨ ᠦᠨᠡᠯᠡᠯᠲᠡ ᠬᠢᠬᠦ ᠨᠢᠭᠡᠳᠦᠯᠲᠡᠢ ᠳᠦᠷᠢᠮᠵᠢᠭᠰᠡᠨ ᠳᠦᠷᠢᠮ ᠢ | ᠪᠠᠶᠢᠭᠤᠯᠤᠨ᠎ᠠ᠃ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠢ ᠲᠥᠷᠥᠯ ᠤᠨ ᠪᠠᠶᠢᠴᠠᠭᠠᠯᠲᠠ | ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ | ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠤᠨ ᠬᠢᠨᠠᠯᠲᠠ ᠲᠠᠯᠪᠢᠵᠤ ᠬᠠᠮᠢᠶᠠᠷᠬᠤ ᠪᠠ ᠮᠡᠳᠡᠭᠡ ᠵᠠᠩᠭᠢ | ᠨᠡᠶᠢᠲᠡᠯᠡᠬᠦ ᠶᠢ ᠬᠠᠷᠢᠭᠤᠴᠠᠨ᠎ᠠ᠃ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠢᠨᠠᠨ ᠬᠡᠮᠵᠢᠵᠦ ᠦᠨᠡᠯᠡᠬᠦ ᠠᠵᠢᠯ ᠢ | ᠥᠷᠨᠢᠭᠦᠯᠦᠨ᠎ᠡ᠃ | ( ᠭᠤᠷᠪᠠ ) ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠲᠣᠭᠲᠠᠭᠠᠨ ᠳᠠᠩᠰᠠᠯᠠᠬᠤ | ᠠᠵᠢᠯ ᠢ ᠬᠠᠷᠢᠭᠤᠴᠠᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ ᠡᠯ᠎ᠡ | ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠢ | ᠲᠣᠭᠲᠠᠭᠠᠨ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠦᠯᠦ ᠬᠥᠳᠡᠯᠬᠦ ᠬᠥᠷᠥᠩᠭᠡ ᠶᠢ ᠬᠡᠮᠵᠢᠨ | ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ | ᠂ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ | ᠲᠣᠭᠲᠠᠮᠠᠯ ᠬᠥᠷᠥᠩᠭᠡ ᠶᠢ ᠳᠠᠩᠰᠠᠯᠠᠬᠤ ᠰᠤᠷᠠᠭ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ | ᠪᠠᠶᠢᠭᠤᠯᠤᠨ ᠪᠦᠷᠢᠨᠰᠢᠭᠦᠯᠦᠨ᠎ᠡ᠃ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢ ᠳᠠᠩᠰᠠᠯᠠᠬᠤ | ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ ᠬᠤᠷᠢᠶᠠᠩᠭᠤᠶᠢᠯᠠᠨ ᠲᠤᠰᠢᠶᠠᠬᠤ | ᠬᠠᠮᠢᠶᠠᠷᠤᠯᠲᠠ ᠵᠡᠷᠭᠡ ᠶᠢ ᠬᠠᠷᠢᠭᠤᠴᠠᠨ᠎ᠠ᠃ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠲᠣᠭᠲᠠᠮᠠᠯ | ᠬᠥᠷᠥᠩᠭᠡ ᠶᠢᠨ ᠡᠷᠬᠡ ᠶᠢ ᠲᠣᠳᠣᠷᠬᠠᠶᠢᠯᠠᠨ ᠳᠠᠩᠰᠠᠯᠠᠬᠤ ᠠᠵᠢᠯ ᠢ ᠥᠷᠨᠢᠭᠦᠯᠦᠨ᠎ᠡ᠃ | ( ᠳᠥᠷᠪᠡ ) ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ | ᠠᠵᠢᠯ ᠢ ᠬᠠᠷᠢᠭᠤᠴᠠᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ ᠠᠷᠠᠳ | ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠪᠦᠷᠢᠳᠬᠡᠬᠦ ᠳᠦᠷᠢᠮ ᠶᠣᠰᠣᠭᠠᠷ᠂ | ᠪᠦᠬᠦ ᠬᠤᠰᠢᠭᠤᠨ ᠤ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠲᠣᠭᠠᠴᠠᠭ᠎ᠠ ᠬᠢᠬᠦ ᠶᠢ ᠬᠠᠷᠢᠭᠤᠴᠠᠨ᠎ᠠ᠃ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ | ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠃ᠠᠷᠠᠳ ᠨᠡᠶᠢᠲᠡ ᠶᠢᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠤᠪᠢᠶᠠᠷᠢᠯᠠᠨ ᠥᠭᠬᠦ᠂ ᠬᠤᠳᠠᠯᠳᠤᠬᠤ᠂ | ᠲᠦᠷᠢᠶᠡᠰᠦᠯᠡᠭᠦᠯᠬᠦ᠂ ᠬᠠᠩᠰᠢᠯᠠᠵᠤ ᠪᠡᠯᠡ ᠭᠠᠷᠭᠠᠬᠤ ᠪᠠ ᠭᠠᠵᠠᠷ ᠰᠢᠷᠣᠢ ᠨᠥᠭᠡᠴᠡᠯᠡᠬᠦ ᠲᠥᠷᠥ ᠶᠢᠨ ᠪᠣᠳᠣᠯᠭ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢ ᠵᠦᠢ ᠵᠣᠬᠢᠰᠲᠠᠢ ᠲᠣᠬᠢᠷᠠᠭᠤᠯᠤᠨ᠎ᠠ᠃ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ | ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ | ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ ᠲᠤᠰᠢᠶᠠᠯᠭᠠᠬᠤ ᠬᠡᠷᠡᠭᠲᠡᠢ᠃ | ( ᠲᠠᠪᠤ ) ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠡᠶᠢᠲᠡ ᠳᠤ ᠵᠠᠷᠯᠠᠬᠤ ᠪᠠᠶᠢᠭᠠᠯᠢ ᠶᠢᠨ ᠡᠬᠢ | ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮᠵᠢ ᠶᠢ ᠪᠠᠶᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠢ ᠳᠡᠰ ᠬᠤᠪᠢᠶᠠᠨ | ᠳᠡᠰ ᠲᠣᠭᠲᠠᠭᠠᠭᠰᠠᠨ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠪᠠᠶᠢᠭᠠᠯᠢ ᠶᠢᠨ ᠡᠬᠢ ᠪᠠᠶᠠᠯᠢᠭ ᠢ ᠠᠰᠢᠭᠯᠠᠬᠤ ᠦᠨᠡᠯᠡᠯᠲᠡ ᠪᠠ ᠬᠢᠨᠠᠨ ᠰᠢᠯᠭᠠᠬᠤ ᠶᠢ ᠥᠷᠨᠢᠭᠦᠯᠦᠨ᠂ ᠠᠷᠪᠢᠲᠠᠢ | ᠪᠥᠭᠡᠳ ᠳᠣᠷᠪᠢᠯᠢᠭ ᠢᠶᠠᠷ ᠠᠰᠢᠭᠯᠠᠬᠤ ᠶᠢ ᠵᠢᠯᠣᠭᠤᠳᠤᠨ᠎ᠠ᠃ᠪᠠᠶᠢᠭᠠᠯ ᠤᠨ ᠡᠬᠢ ᠪᠠᠶᠠᠯᠢᠭ ᠤᠨ ᠵᠠᠬ᠎ᠠ ᠵᠡᠭᠡᠯᠢ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ᠪᠠᠶᠢᠭᠠᠯᠢ ᠶᠢᠨ ᠡᠬᠢ ᠪᠠᠶᠠᠯᠢᠭ ᠤᠨ ᠪᠠᠶᠢᠳᠠᠯ ᠤᠨ ᠵᠠᠳᠠᠯᠤᠯᠲᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠠᠩᠭᠠᠯᠭ᠎ᠠ ᠶᠢ ᠬᠠᠮᠢᠶᠠᠷᠤᠨ ᠬᠢᠨᠠᠯᠲᠠ ᠲᠠᠯᠪᠢᠨ᠎ᠠ᠃ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ | ᠨᠢ ᠬᠤᠷᠸ᠎ᠠ ᠲᠣᠬᠢᠷᠠᠭᠤᠯᠭ᠎ᠠ ᠡᠵᠡᠮᠰᠢᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠲᠠ ᠬᠥᠳᠡᠭᠡ ᠶᠢᠨ | ᠨᠢᠭᠡᠳᠦᠯᠲᠡᠢ ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ | ᠪᠠᠶᠢᠭᠤᠯᠤᠨ ᠰᠤᠳᠤᠯᠤᠨ᠎ᠠ᠃ | ( ᠵᠢᠷᠭᠤᠭ᠎ᠠ ) ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠠᠶᠢᠭᠤᠯᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ᠭᠤᠣᠯ ᠴᠣᠭᠴᠠ ᠶᠢᠨ ᠴᠢᠳᠠᠮᠵᠢᠲᠤ ᠣᠷᠣᠨ ᠤ | ᠪᠠᠶᠢᠯᠳᠤᠬᠤ ᠪᠣᠳᠣᠯᠭ᠎ᠠ ᠪᠣᠯᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠲᠤᠰᠬᠠᠢ ᠵᠦᠢᠯ ᠤᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠢ᠃ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠡᠭᠡᠭᠡᠯᠲᠡ ᠬᠢᠬᠦ ᠳᠤ ᠲᠣᠬᠢᠷᠠᠮᠵᠢᠲᠤ ᠴᠢᠨᠠᠷᠲᠠᠢ ᠦᠨᠡᠯᠡᠯᠲᠡ | ᠬᠢᠬᠦ ᠶᠢ ᠥᠷᠨᠢᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ | ᠪᠠᠶᠢᠭᠤᠯᠤᠨ᠎ᠠ᠃ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠬᠢᠵᠠᠭᠠᠷᠯᠠᠯ ᠤᠨ ᠱᠤᠭᠤᠮ ᠢ | ᠵᠣᠬᠢᠶᠠᠨ ᠪᠠᠶᠢᠭᠤᠯᠤᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ | ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠶᠢ ᠪᠠᠶᠢᠭᠤᠯᠤᠨ᠎ᠠ᠃ᠪᠦᠬᠦ | ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠥᠷᠥ ᠶᠢᠨ | ᠪᠣᠳᠣᠯᠭ᠎ᠠ ᠶᠢ ᠰᠤᠳᠤᠯᠤᠨ ᠲᠣᠭᠲᠠᠭᠠᠬᠤ ᠪᠥᠭᠡᠳ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠭᠠᠵᠠᠷ ᠰᠢᠷᠣᠢ ᠵᠡᠷᠭᠡ | ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ | ᠬᠠᠮᠲᠤ ᠬᠡᠷᠡᠭᠵᠢᠭᠦᠯᠵᠦ᠂ ᠭᠠᠵᠠᠷ ᠰᠢᠷᠣᠢ ᠵᠡᠷᠭᠡ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢ | ᠰᠢᠯᠵᠢᠭᠦᠯᠦᠨ ᠬᠡᠷᠡᠭᠯᠡᠬᠦ ᠠᠵᠢᠯ ᠢ ᠬᠠᠷᠢᠭᠤᠴᠠᠬᠤ ᠬᠡᠷᠡᠭᠲᠡᠢ᠃ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ | ᠬᠠᠮᠢᠶᠠᠷᠤᠯᠲᠠ ᠶᠢ ᠬᠠᠷᠢᠭᠤᠴᠠᠨ᠎ᠠ᠃ᠲᠣᠰᠬᠤᠨ ᠪᠠᠯᠭᠠᠰᠤ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ | ᠬᠠᠮᠢᠶᠠᠷᠬᠤ ᠠᠵᠢᠯ ᠢ ᠬᠠᠷᠢᠭᠤᠴᠠᠨ᠎ᠠ᠃ | ( ᠳᠣᠯᠤᠭ᠎ᠠ ) ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠶᠢ | ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠨ᠎ᠠ᠃ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ | ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠠᠮᠢ ᠠᠬᠤᠢ ᠶᠢ ᠰᠡᠷᠭᠦᠭᠡᠬᠦ | ᠬᠤᠯᠪᠣᠭᠳᠠᠯ ᠪᠦᠬᠦᠢ ᠴᠢᠬᠤᠯᠠ ᠶᠡᠭᠡ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠵᠠᠰᠠᠭ ᠤᠨ | ᠣᠷᠳᠣᠨ ᠤ ᠪᠡᠯᠡ ᠣᠷᠣᠭᠤᠯᠤᠭᠰᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠵᠠᠰᠠᠬᠤ᠂ | ᠭᠠᠵᠠᠷ ᠰᠢᠷᠣᠢ ᠶᠢ ᠡᠮᠬᠢᠯᠡᠨ ᠲᠡᠭᠰᠢᠯᠡᠵᠦ ᠳᠠᠬᠢᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠤᠨ ᠣᠷᠴᠢᠨ | ᠲᠣᠭᠤᠷᠢᠨ ᠢ ᠰᠡᠷᠭᠦᠭᠡᠨ ᠵᠠᠰᠠᠬᠤ ᠲᠥᠷᠥᠯ ᠵᠦᠢᠯ ᠤᠨ ᠬᠠᠮᠢᠶᠠᠷᠤᠯᠲᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠠᠵᠢᠯ ᠢ ᠵᠣᠬᠢᠶᠠᠨ ᠪᠠᠶᠢᠭᠤᠯᠤᠨ᠎ᠠ᠃ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠪᠡᠯᠡ ᠮᠥᠩᠭᠦ ᠶᠢ ᠵᠦᠢ | ᠵᠣᠬᠢᠰᠲᠠᠢ ᠠᠰᠢᠭᠯᠠᠨ ᠠᠮᠢ ᠠᠬᠤᠢ ᠶᠢᠨ ᠰᠡᠯᠭᠦᠨ ᠰᠡᠷᠭᠦᠬᠦ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠨ᠂ ᠴᠢᠬᠤᠯᠠ ᠶᠡᠭᠡ ᠪᠡᠯᠡᠳᠬᠡᠯ ᠲᠥᠷᠥᠯ ᠵᠦᠢᠯ ᠢ ᠳᠤᠷᠠᠳᠤᠨ᠎ᠠ᠃ | ( ᠨᠠᠢᠮᠠ ) ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠠᠷᠢᠭᠤᠴᠠᠨ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ | ᠬᠡᠷᠡᠭᠵᠢᠭᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ᠬᠠᠮᠠᠭᠠᠯᠠᠯᠲᠠ ᠶᠢ | ᠬᠠᠷᠢᠭᠤᠴᠠᠨ᠎ᠠ᠃ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠣᠨᠴᠣᠭᠤᠢ ᠬᠠᠮᠠᠭᠠᠯᠠᠬᠤ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ᠲᠠᠷᠢᠶᠠᠨ ᠭᠠᠵᠠᠷ ᠢ ᠡᠵᠡᠯᠡᠬᠦ ᠨᠥᠬᠦᠪᠥᠷᠢ ᠶᠢ ᠲᠡᠩᠴᠡᠭᠦᠯᠬᠦ ᠳᠦᠷᠢᠮ ᠢ ᠲᠡᠭᠦᠯᠳᠡᠷᠵᠢᠭᠦᠯᠵᠦ᠂ | ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠳᠤ ᠨᠥᠬᠦᠪᠥᠷᠢ ᠥᠭᠬᠦ ᠳᠦᠷᠢᠮ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ᠃ | ( ᠵᠢᠰᠦ ) ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ ᠬᠠᠮᠢᠶᠠᠷᠤᠨ᠎ᠠ᠃ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ | ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠃ᠭᠠᠵᠠᠷ ᠰᠢᠨᠵᠢᠯᠡᠭᠡᠨ ᠤ | ᠬᠠᠶᠢᠨ ᠪᠠᠶᠢᠴᠠᠭᠠᠬᠤ ᠲᠥᠷᠥᠯ ᠵᠦᠢᠯ ᠢ ᠬᠠᠮᠢᠶᠠᠷᠬᠤ ᠳᠤ ᠪᠠᠨ᠃ᠪᠦᠬᠦ ᠬᠤᠰᠢᠭᠤᠨ ᠤ ᠰᠠᠭᠤᠷᠢ ᠴᠢᠨᠠᠷᠲᠠᠢ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ | ᠨᠠᠶᠢᠳᠠᠪᠤᠷᠢᠵᠢᠭᠤᠯᠤᠨ᠎ᠠ᠃ᠭᠠᠵᠠᠷ ᠤᠨ ᠭᠠᠮᠰᠢᠭ ᠢ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ᠂ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠮᠠᠯᠲᠠᠬᠤ ᠵᠢᠴᠢ ᠭᠠᠵᠠᠷ ᠤᠨ ᠭᠠᠳᠠᠷᠭᠤ ᠰᠠᠭᠤᠭᠳᠠᠬᠤ ᠵᠡᠷᠭᠡ ᠭᠠᠵᠠᠷ ᠰᠢᠨᠵᠢᠯᠡᠭᠡᠨ ᠤ | ᠠᠰᠠᠭᠤᠳᠠᠯ ᠢ ᠬᠢᠨᠠᠯᠲᠠ ᠲᠠᠯᠪᠢᠨ ᠬᠠᠮᠢᠶᠠᠷᠤᠨ᠎ᠠ᠃ᠡᠷᠲᠡᠨ ᠤ ᠪᠢᠣᠯᠣᠭᠢ ᠶᠢᠨ ᠴᠢᠯᠠᠭᠤᠵᠢᠮᠠᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ( ᠠᠷᠪᠠ ) ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ | ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠭᠠᠵᠠᠷ ᠤᠨ ᠭᠠᠮᠰᠢᠭ ᠢ ᠰᠡᠷᠭᠡᠶᠢᠯᠡᠨ | ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠬᠦ ᠬᠡᠷᠡᠭᠲᠡᠢ᠃ᠭᠠᠵᠠᠷ ᠤᠨ ᠭᠠᠮᠰᠢᠭ ᠢ ᠪᠠᠶᠢᠴᠠᠭᠠᠵᠤ ᠦᠨᠡᠯᠡᠬᠦ ᠵᠢᠴᠢ ᠳᠠᠯᠳᠠ ᠭᠡᠮ ᠢ ᠨᠡᠶᠢᠳᠡᠮ | ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠡᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ | ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ | ᠬᠢᠨᠠᠨ ᠬᠡᠮᠵᠢᠬᠦ ᠪᠠ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ | ᠭᠠᠵᠠᠷ ᠤᠨ ᠭᠠᠮᠰᠢᠭ ᠤᠨ ᠪᠠᠷᠢᠯᠭ᠎ᠠ ᠶᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠬᠦ ᠬᠡᠷᠡᠭᠲᠡᠢ᠃ᠭᠠᠵᠠᠷ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ | ᠡᠭᠦᠷᠭᠡᠯᠡᠨ᠎ᠡ᠃ | ( ᠠᠷᠪᠠᠨ ᠨᠢᠭᠡ ) ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠢᠴᠢ | ᠳᠠᠷᠤᠭᠳᠠᠭᠰᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠶᠢᠴᠠᠭᠠᠨ ᠯᠠᠪᠯᠠᠬᠤ ᠬᠢᠨᠠᠨ ᠬᠠᠷᠭᠤᠭᠤᠯᠬᠤ | ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠬᠤ ᠬᠡᠷᠡᠭᠲᠡᠢ᠃ᠪᠦᠬᠦ ᠬᠤᠰᠢᠭᠤᠨ ᠤ ᠠᠭᠤᠷᠬᠠᠢ ᠶᠢᠨ | ᠦᠢᠯᠡᠰ ᠤᠨ ᠡᠷᠬᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠢ ᠮᠠᠯᠲᠠᠬᠤ ᠣᠨᠴᠠ ᠲᠣᠭᠲᠠᠭᠰᠠᠨ ᠠᠭᠤᠷᠬᠠᠢ ᠶᠢᠨ ᠲᠥᠷᠥᠯ᠂ ᠳᠠᠪᠠᠭᠤᠯᠢᠭ | ᠠᠭᠤᠷᠬᠠᠢ ᠶᠢᠨ ᠭᠠᠷᠤᠯᠲᠠ ᠶᠢ ᠲᠣᠬᠢᠷᠠᠭᠤᠯᠤᠨ ᠡᠵᠡᠮᠳᠡᠬᠦ ᠵᠢᠴᠢ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠬᠤ | ᠬᠡᠷᠡᠭᠲᠡᠢ᠃ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠬᠠᠮᠠᠭᠠᠯᠠᠬᠤ ᠳᠤ | ᠬᠢᠨᠠᠯᠲᠠ ᠲᠠᠯᠪᠢᠨ ᠵᠢᠯᠣᠭᠤᠳᠤᠨ᠎ᠠ᠃ | (ᠠᠷᠪᠠᠨ ᠬᠤᠶᠠᠷ ) ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ᠰᠠᠭᠤᠷᠢ ᠬᠡᠮᠵᠢᠨ ᠵᠢᠷᠤᠭᠯᠠᠯ ᠪᠣᠯᠤᠨ ᠬᠡᠮᠵᠢᠨ ᠵᠢᠷᠤᠬᠤ ᠠᠵᠢᠯ ᠲᠥᠷᠥᠯ ᠤᠨ | ᠬᠠᠮᠢᠶᠠᠷᠤᠯᠲᠠ ᠶᠢ ᠬᠠᠷᠢᠭᠤᠴᠠᠨ᠎ᠠ᠃ᠬᠡᠮᠵᠢᠨ ᠵᠢᠷᠤᠬᠤ ᠬᠢᠷᠢ ᠭᠡᠮ ᠪᠠ ᠢᠲᠡᠭᠡᠮᠵᠢ ᠶᠢᠨ ᠬᠠᠮᠢᠶᠠᠷᠤᠯᠲᠠ ᠶᠢ | ᠬᠠᠷᠢᠭᠤᠴᠠᠵᠤ᠂ ᠪᠦᠬᠦ ᠬᠤᠰᠢᠭᠤᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠴᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠠᠵᠢᠯ ᠢ | ᠬᠠᠷᠢᠭᠤᠴᠠᠨ᠎ᠠ᠃ | (ᠠᠷᠪᠠᠨ ᠭᠤᠷᠪᠠ ) ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠪᠠ ᠴᠢᠳᠠᠪᠤᠷᠢᠲᠠᠨ ᠢ ᠬᠥᠮᠦᠵᠢᠭᠦᠯᠬᠦ ᠪᠠᠶᠢᠯᠳᠤᠬᠤ | ᠪᠣᠳᠣᠯᠭ᠎ᠠ᠂ ᠲᠥᠯᠥᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ᠮᠡᠷᠭᠡᠵᠢᠯ ᠤᠨ ᠪᠠᠷᠢᠮᠵᠢᠶ᠎ᠠ᠂ | ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠃ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠪᠠ ᠮᠡᠳᠡᠭᠡ ᠵᠠᠩᠭᠢ ᠶᠢᠨ | ᠮᠠᠲ᠋ᠧᠷᠢᠶᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃ | (ᠠᠷᠪᠠᠨ ᠳᠥᠷᠪᠡ ) ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠲᠥᠯᠥᠪᠵᠢᠭᠦᠯᠭᠡ ᠶᠢᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠢᠬᠤᠯᠠ ᠶᠡᠭᠡ | ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ | ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠰᠢᠮᠳᠠᠭᠤᠯᠤᠨ ᠪᠠᠶᠢᠴᠠᠭᠠᠭᠰᠠᠨ ᠰᠠᠨᠠᠯ ᠢ | ᠨᠠᠶᠢᠳᠠᠪᠤᠷᠢᠵᠢᠭᠤᠯᠤᠨ᠎ᠠ᠃ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠭᠯᠠᠬᠤ ᠬᠠᠤᠯᠢ ᠠᠴᠠ ᠵᠥᠷᠢᠴᠡᠭᠰᠡᠨ ᠬᠦᠨᠳᠦ | ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ | (ᠠᠷᠪᠠᠨ ᠲᠠᠪᠤ ) ᠣᠷᠣᠨ ᠨᠤᠲᠤᠭ ᠤᠨ ᠴᠢᠨᠠᠷᠲᠠᠢ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠮᠡᠷᠭᠡᠵᠢᠯ ᠤᠨ ᠲᠣᠭᠲᠠᠭᠠᠯ ᠢ ᠲᠤᠭᠤᠷᠪᠢᠬᠤ ᠶᠢ ᠬᠠᠷᠢᠭᠤᠴᠠᠨ᠎ᠠ᠃ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠭᠠᠵᠠᠷ ᠰᠣᠩᠭᠤᠬᠤ ᠪᠣᠯᠤᠮᠵᠢᠲᠤ ᠴᠢᠨᠠᠷ ᠤᠨ ᠰᠤᠳᠤᠯᠤᠨ ᠨᠤᠲᠠᠯᠠᠬᠤ ᠶᠢ ᠵᠣᠬᠢᠶᠠᠨ | ᠪᠠᠶᠢᠭᠤᠯᠤᠨ᠎ᠠ᠃ᠬᠠᠮ ᠨᠦᠬᠡᠨ ᠬᠤᠩᠭᠢᠯ ᠤᠨ ᠲᠥᠯᠥᠪᠵᠢᠭᠦᠯᠭᠡ ᠪᠣᠯᠤᠨ ᠭᠠᠵᠠᠷ ᠳᠣᠣᠷᠠᠬᠢ ᠣᠷᠣᠨ ᠵᠠᠢ ᠶᠢ | ᠠᠰᠢᠭᠯᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ᠪᠦᠬᠦ ᠬᠤᠰᠢᠭᠤᠨ ᠤ ᠲᠣᠰᠬᠤᠨ ᠪᠠᠯᠭᠠᠰᠤᠨ ᠤ ᠰᠢᠰᠲ᠋ᠧᠮ ᠤᠨ | ᠲᠥᠯᠥᠪᠵᠢᠭᠦᠯᠭᠡ᠂ ᠬᠤᠰᠢᠭᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠬᠤᠲᠠ ᠪᠠᠯᠭᠠᠰᠤᠨ ᠤ ᠶᠡᠷᠦᠩᠬᠡᠢ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠡᠯ᠎ᠡ ᠰᠤᠮᠤ ᠰᠢᠶᠠᠩ ᠪᠠᠯᠭᠠᠰᠤᠨ ᠤ ᠶᠡᠷᠦᠩᠬᠡᠢ | ᠲᠥᠯᠥᠪᠵᠢᠭᠦᠯᠭᠡ ᠵᠢᠴᠢ ᠠᠶᠢᠯ ᠲᠣᠰᠬᠤᠨ ᠤ ᠲᠥᠯᠥᠪᠵᠢᠭᠦᠯᠭᠡ ᠶᠢ ᠬᠢᠨᠠᠨ ᠲᠣᠭᠲᠠᠭᠠᠨ᠎ᠠ᠃ | ( ᠠᠷᠪᠠᠨ ᠵᠢᠷᠭᠤᠭ᠎ᠠ ) ᠬᠢᠵᠠᠭᠠᠷᠯᠠᠬᠤ ᠴᠢᠨᠠᠷᠲᠠᠢ ᠨᠠᠷᠢᠨ ᠲᠥᠯᠥᠪᠵᠢᠭᠦᠯᠭᠡ ᠵᠢᠴᠢ ᠴᠢᠬᠤᠯᠠ ᠭᠠᠵᠠᠷ | ᠣᠷᠣᠨ ᠤ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ᠂ ᠬᠤᠲᠠ ᠶᠢᠨ ᠵᠢᠷᠤᠭ ᠲᠥᠯᠥᠪᠯᠡᠭᠡ᠂ ᠦᠵᠡᠮᠵᠢ ᠶᠢᠨ | ᠣᠷᠴᠢᠨ ᠲᠣᠭᠤᠷᠢᠨ ᠤ ᠲᠥᠯᠥᠪᠵᠢᠭᠦᠯᠭᠡ ᠪᠣᠯᠤᠨ ᠬᠤᠲᠠ ᠶᠢᠨ ᠶᠠᠪᠤᠳᠠᠯ ᠤᠨ ᠲᠤᠰᠬᠠᠢ ᠵᠦᠢᠯ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠬᠤ ᠠᠵᠢᠯ ᠢ ᠵᠣᠬᠢᠶᠠᠨ ᠪᠠᠶᠢᠭᠤᠯᠬᠤ | ᠪᠥᠭᠡᠳ ᠳᠡᠭᠡᠷ᠎ᠡ ᠳᠤᠷᠠᠳᠤᠭᠰᠠᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠪᠠ | ᠨᠢᠭᠡᠨᠲᠡ ᠵᠥᠪᠰᠢᠶᠡᠷᠡᠭᠰᠡᠨ ᠡᠯ᠎ᠡ ᠵᠦᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠠ ᠬᠠᠮᠢᠶᠠᠷᠬᠤ ᠠᠵᠢᠯ ᠢ | ᠬᠠᠷᠢᠭᠤᠴᠠᠨ᠎ᠠ ;ᠡᠯ᠎ᠡ ᠲᠥᠷᠥᠯ ᠤᠨ ᠲᠤᠰᠬᠠᠢ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠵᠣᠬᠢᠴᠠᠭᠤᠯᠤᠨ ᠣᠷᠣᠯᠴᠠᠨ᠎ᠠ᠃ | (ᠠᠷᠪᠠᠨ ᠳᠣᠯᠤᠭ᠎ᠠ ) ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠡᠯ᠎ᠡ ᠲᠥᠷᠥᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠬᠤᠲᠠ ᠶᠢᠨ | ᠶᠠᠪᠤᠳᠠᠯ ᠤᠨ ᠪᠠᠷᠢᠯᠭ᠎ᠠ ( ᠲᠦᠷ ᠴᠠᠭ ᠬᠡᠷᠡᠭᠯᠡᠬᠦ ᠭᠠᠵᠠᠷ ᠪᠣᠯᠤᠨ ᠲᠦᠷ ᠴᠠᠭ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠪᠠᠭᠲᠠᠨ᠎ᠠ ) ᠶᠢ ᠬᠠᠤᠯᠢ ᠶᠣᠰᠣᠭᠠᠷ ᠲᠥᠯᠥᠪᠵᠢᠭᠦᠯᠦᠨ ᠬᠠᠮᠢᠶᠠᠷᠤᠨ᠎ᠠ᠃《 ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠰᠠᠨᠠᠯ ᠤᠨ ᠪᠢᠴᠢᠭ 》 ᠪᠠ 《 ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠨᠥᠬᠦᠴᠡᠯ ᠤᠨ ᠪᠢᠴᠢᠭ 》᠂ 《 ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ 》᠂ 《 | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ 》 ᠪᠠ 《 | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ 》 ᠢ | ᠬᠢᠨᠠᠨ ᠣᠯᠭᠤᠨ᠎ᠠ᠃ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠠᠯᠪᠢᠬᠤ᠂ ᠤᠲᠠᠰᠤ ᠰᠢᠯᠭᠠᠬᠤ ᠬᠠᠮᠢᠶᠠᠷᠤᠯᠲᠠ ᠪᠣᠯᠤᠨ | ᠲᠥᠯᠥᠪᠵᠢᠭᠦᠯᠭᠡ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠵᠤ᠂ 《 ᠪᠦᠲᠦᠭᠡᠨ ᠪᠠᠶᠢᠭᠤᠯᠬᠤ ᠪᠠᠷᠢᠯᠭ᠎ᠠ ᠶᠢᠨ | ᠠᠵᠢᠯ ᠳᠠᠭᠤᠰᠤᠭᠰᠠᠨ ᠤ ᠲᠥᠯᠥᠪᠵᠢᠭᠦᠯᠭᠡ ᠶᠢ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠨᠡᠮᠯᠡᠯ 》 ᠬᠢᠨᠠᠨ | ᠣᠯᠭᠤᠬᠤ ᠬᠡᠷᠡᠭᠲᠡᠢ᠃ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠲᠣᠭᠲᠠᠭᠠᠵᠤ | ᠨᠤᠲᠠᠯᠠᠬᠤ ᠠᠵᠢᠯ ᠢ ᠬᠠᠷᠢᠭᠤᠴᠠᠨ᠎ᠠ᠃ᠪᠠᠷᠢᠯᠭ᠎ᠠ ᠶᠢᠨ ᠵᠢᠷᠤᠭ ᠲᠥᠯᠦᠪᠯᠡᠭᠡᠨ ᠤ ᠲᠥᠰᠦᠯ ᠤᠨ ᠮᠡᠷᠭᠡᠵᠢᠯ ᠤᠨ ᠬᠢᠨᠠᠨ | ᠪᠠᠶᠢᠴᠠᠭᠠᠯᠲᠠ ᠶᠢ ᠬᠠᠷᠢᠭᠤᠴᠠᠨ᠎ᠠ᠃ᠲᠥᠯᠥᠪᠵᠢᠭᠦᠯᠭᠡ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠬᠤᠰᠢᠭᠤᠨ ᠤ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ ᠡᠳᠦᠷ ᠳᠣᠳᠣᠮ ᠤᠨ ᠠᠵᠢᠯ ᠢ | ᠬᠠᠷᠢᠭᠤᠴᠠᠨ᠎ᠠ᠃ | (ᠠᠷᠪᠠᠨ ᠨᠠᠢᠮᠠ ) ᠪᠠᠶᠢᠭᠠᠯᠢ ᠶᠢᠨ ᠡᠬᠢ ᠪᠠᠶᠠᠯᠢᠭ ᠤᠨ ᠳᠠᠩᠰᠠ ᠡᠪᠬᠡᠮᠡᠯ ᠤᠨ ᠬᠠᠮᠢᠶᠠᠷᠤᠯᠲᠠ ᠪᠠ | ᠶᠡᠷᠦᠩᠬᠡᠶᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃ | (ᠠᠷᠪᠠ ᠶᠢᠰᠤ ) ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠳᠤᠮᠳᠠ ᠠᠶᠤᠯ | ᠥᠬᠡᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯ ᠥᠬᠡᠢ ᠦᠢᠯᠡᠳᠪᠦᠷᠢᠯᠡᠯ ᠤᠨ | ᠠᠵᠢᠯ ᠢ ᠡᠭᠦᠷᠭᠡᠯᠡᠨ᠎ᠡ᠃ | ( ᠬᠤᠷᠢ ) ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠠᠮᠢ | ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ ;ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ᠂ ᠪᠣᠬᠢᠷᠲᠤᠯ ᠢ ᠵᠠᠰᠠᠵᠤ ᠰᠡᠷᠭᠦᠭᠡᠬᠦ ᠵᠡᠷᠭᠡ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ( ᠬᠤᠷᠢᠨ ᠨᠢᠭᠡ ) ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ | ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ | ᠤᠬᠠᠮᠰᠠᠷ ᠤᠨ ᠬᠡᠯᠪᠡᠷᠢ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠪᠠᠶᠢᠬᠤ ᠶᠢ ᠬᠠᠮᠠᠭᠠᠯᠠᠬᠤ᠂ ᠢᠳᠡᠭᠡᠨ ᠤ ᠠᠶᠤᠯ | ᠥᠬᠡᠢ᠂ ᠶᠠᠳᠠᠭᠤ᠋_ᠠ᠋ᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃ | ( ᠬᠤᠷᠢᠨ ᠬᠤᠶᠠᠷ ) ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ( ᠬᠤᠷᠢᠨ ᠭᠤᠷᠪᠠ ) ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠨᠢ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠵᠦ᠂ ᠪᠣᠢ ᠪᠦᠬᠦᠢ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠬᠠᠮᠢᠶᠠᠷᠤᠨ | ᠡᠵᠡᠮᠳᠡᠬᠦ ᠦᠢᠯᠡᠳᠦᠯ ᠢ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ | ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠬᠠᠩᠭᠠᠬᠤ ᠬᠡᠷᠡᠭᠲᠡᠢ᠃ᠪᠠᠶᠢᠭᠠᠯᠢ ᠶᠢᠨ ᠡᠬᠢ | ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ | ᠡᠬᠢ ᠡᠭᠦᠰᠦᠯᠡᠴᠡ ᠨᠢ ᠬᠠᠮᠠᠭᠠᠯᠠᠬᠤ ᠪᠠ ᠪᠦᠬᠦ ᠶᠠᠪᠤᠴᠠ ᠶᠢ ᠵᠠᠰᠠᠨ ᠰᠡᠷᠭᠦᠭᠡᠬᠦ ᠶᠢ ᠤᠶᠠᠯᠳᠤᠭᠤᠯᠤᠭᠰᠠᠨ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠢ ᠰᠡᠷᠭᠦᠭᠡᠬᠦ᠂ | ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠢ᠃ᠤᠷᠮᠠᠰᠢᠭᠤᠯᠤᠨ ᠬᠢᠵᠠᠭᠠᠷᠯᠠᠬᠤ ᠶᠢᠨ ᠵᠡᠷᠭᠡᠪᠡᠷ ᠠᠳᠬᠤᠬᠤ | ᠳᠦᠷᠢᠮ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ | ᠠᠰᠢᠭᠯᠠᠬᠤ ᠶᠢ ᠲᠦᠯᠬᠢᠨ ᠠᠬᠢᠭᠤᠯᠤᠨ᠎ᠠ᠃ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠢᠯᠡᠰ ᠢ ᠴᠢᠨᠠᠭᠰᠢᠳᠠ ᠴᠣᠮᠬᠠᠳᠬᠠᠨ ᠳᠣᠷᠣᠭᠰᠢ ᠪᠠᠭᠤᠯᠭᠠᠵᠤ᠂ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ᠂ ᠪᠠᠷᠢᠮᠵᠢᠶ᠎ᠠ᠂ ᠳᠦᠷᠢᠮ ᠤᠨ | ᠬᠢᠵᠠᠭᠠᠷᠯᠠᠬᠤ ᠴᠢᠨᠠᠷᠲᠠᠢ ᠦᠢᠯᠡᠳᠦᠯ ᠢ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ | ᠳᠠᠩᠰᠠᠯᠠᠬᠤ ᠪᠠ ᠦᠨᠡᠯᠡᠨ ᠵᠢᠱᠢᠬᠦ ᠳᠤ ᠳᠥᠭᠦᠮ ᠦᠵᠡᠭᠦᠯᠬᠦ ᠥᠨᠳᠥᠷ ᠪᠦᠲᠦᠮᠵᠢᠲᠡᠢ ᠪᠠᠶᠢᠬᠤ ᠶᠢ ᠲᠦᠯᠬᠢᠨ | ᠠᠬᠢᠭᠤᠯᠤᠨ᠎ᠠ᠃ | ( ᠬᠤᠷᠢᠨ ᠳᠥᠷᠪᠡ ) ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ | ( 1 ) ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠭᠠᠵᠠᠷ | ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ᠭᠠᠵᠠᠷ ᠤᠨ ᠭᠠᠮᠰᠢᠭ ᠢ ᠪᠠᠶᠢᠴᠠᠭᠠᠵᠤ ᠦᠨᠡᠯᠡᠬᠦ ᠵᠢᠴᠢ | ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠡᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ | ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ | ᠂ ᠲᠤᠰᠬᠠᠢ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠵᠡᠷᠭᠡ ᠠᠵᠢᠯ ᠢ ᠥᠷᠨᠢᠭᠦᠯᠵᠦ᠂ | ᠭᠠᠵᠠᠷ ᠤᠨ ᠭᠠᠮᠰᠢᠭ ᠤᠨ ᠪᠠᠷᠢᠯᠭ᠎ᠠ ᠶᠢ ᠵᠠᠰᠠᠬᠤ ᠠᠵᠢᠯ ᠢ ᠥᠷᠨᠢᠭᠦᠯᠬᠦ ᠬᠡᠷᠡᠭᠲᠡᠢ᠃ᠭᠠᠵᠠᠷ ᠤᠨ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | (2) ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠭᠠᠵᠠᠷ ᠤᠨ | ᠭᠠᠮᠰᠢᠭ ᠤᠨ ᠲᠥᠷᠥᠯ ᠤᠨ ᠲᠤᠰᠬᠠᠢ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ | ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ | ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠶᠢ ᠵᠣᠬᠢᠶᠠᠨ | ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ ;ᠬᠦᠨᠳᠦ ᠶᠡᠭᠡ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠥᠪᠡᠷᠲᠡᠭᠡᠨ | ᠵᠠᠰᠠᠬᠤ ᠣᠷᠣᠨ᠂ ᠤᠯᠠᠭᠠᠨᠴᠠᠪ ᠬᠤᠲᠠ ᠪᠣᠯᠤᠨ ᠲᠤᠰ ᠬᠤᠰᠢᠭᠤᠨ ᠤ ᠲᠣᠭᠲᠠᠭᠠᠭᠰᠠᠨ ᠬᠠᠷᠢᠭᠤᠴᠠᠯᠭ᠎ᠠ ᠲᠠᠢ | ᠨᠥᠬᠦᠳ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ | ᠪᠠᠶᠢᠭᠤᠯᠤᠨ᠎ᠠ᠃ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠨᠢᠭᠡᠳᠦᠯᠲᠡᠢ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠤᠨ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ | ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ ᠡᠳ᠋ᠯᠡᠬᠦ | ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠬᠢᠭᠡᠳ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠢ᠃ᠭᠠᠵᠠᠷ ᠤᠨ ᠭᠠᠮᠰᠢᠭ ᠢ ᠬᠢᠨᠠᠨ ᠬᠡᠮᠵᠢᠵᠦ | ᠰᠡᠷᠡᠮᠵᠢᠯᠡᠭᠦᠯᠬᠦ ᠠᠵᠢᠯ ᠥᠷᠨᠢᠭᠦᠯᠦᠨ᠂ ᠭᠠᠵᠠᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ | ᠵᠢᠱᠢᠬᠦ ᠠᠵᠢᠯ ᠥᠷᠨᠢᠭᠦᠯᠬᠦ ᠶᠢ ᠵᠢᠯᠣᠭᠤᠳᠤᠨ᠎ᠠ᠃ | | 2. ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠ ᠬᠤᠰᠢᠭᠤᠨ ᠤ ᠠᠷᠠᠳ ᠤᠨ | ᠶᠠᠪᠤᠳᠠᠯ ᠤᠨ ᠲᠣᠪᠴᠢᠶ᠎ᠠ ᠬᠠᠮᠲᠤᠷᠠᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠮᠡᠳᠡᠭᠡ ᠵᠠᠩᠭᠢ ᠶᠢ | ᠵᠣᠬᠢᠶᠠᠨ ᠪᠠᠶᠢᠭᠤᠯᠵᠤ ᠨᠡᠶᠢᠲᠡᠯᠡᠭᠰᠡᠨ ᠳᠥᠷᠪᠡᠳ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢ ᠶᠢᠨ | ᠵᠢᠷᠤᠭ ᠢ ᠨᠠᠶᠢᠷᠠᠭᠤᠯᠤᠨ ᠵᠣᠬᠢᠶᠠᠵᠤ᠃ | ᠬᠤᠶᠠᠷ᠂ ᠳᠣᠲᠣᠭᠠᠳᠤ ᠪᠠᠶᠢᠭᠤᠯᠤᠮᠵᠢ᠄ | ( ᠨᠢᠭᠡ ) ᠠᠯᠪᠠᠨ ᠭᠡᠷ ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠤ ᠠᠵᠢᠯ ᠢ | ᠬᠠᠷᠢᠭᠤᠴᠠᠨ᠎ᠠ᠃ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠪᠠᠶᠢᠭᠤᠯᠭ᠎ᠠ ᠶᠢᠨ ᠪᠢᠴᠢᠭ ᠮᠠᠲᠧᠷᠢᠶᠠᠯ ᠴᠠᠬᠢᠯᠭᠠᠨ᠂ | ᠮᠡᠳᠡᠭᠡ ᠵᠠᠩᠭᠢ᠂ ᠬᠤᠷᠠᠯ ᠤᠨ ᠶᠠᠪᠤᠳᠠᠯ᠂ ᠵᠢᠵᠢᠭᠦᠷ ᠤᠨ᠂ ᠳᠠᠩᠰᠠ ᠡᠪᠬᠡᠮᠡᠯ ᠵᠡᠷᠭᠡ ᠠᠵᠢᠯ ᠢ ᠡᠭᠦᠷᠭᠡᠯᠡᠵᠦ᠂ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠤᠬᠠᠭᠤᠯᠭ᠎ᠠ᠂ ᠵᠠᠰᠠᠭ ᠤᠨ ᠶᠠᠪᠤᠳᠠᠯ ᠤᠨ | ᠰᠢᠪᠠᠳᠠᠨ ᠰᠢᠢᠳᠪᠦᠷᠢᠯᠡᠭᠦᠯᠬᠦ᠂ ᠪᠠᠶᠢᠭᠤᠯᠭ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ | ᠵᠡᠷᠭᠡ ᠠᠵᠢᠯ ᠢ ᠡᠭᠦᠷᠭᠡᠯᠡᠨ᠎ᠡ᠃ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ | ᠴᠢᠬᠤᠯᠠ ᠪᠢᠴᠢᠭ ᠮᠠᠲ᠋ᠧᠷᠢᠶᠠᠯ ᠤᠨ ᠡᠬᠡ ᠨᠣᠣᠷᠠᠭ ᠢ ᠬᠠᠷᠢᠭᠤᠴᠠᠨ ᠲᠤᠭᠤᠷᠪᠢᠵᠤ᠂ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ᠃ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠬᠤ ᠪᠠ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠠᠵᠢᠯ ᠢ | ᠵᠣᠬᠢᠴᠠᠭᠤᠯᠤᠨ᠎ᠠ᠃ᠶᠡᠷᠦᠩᠬᠡᠶᠢᠯᠡᠨ ᠪᠦᠷᠢᠳᠬᠡᠨ ᠵᠠᠳᠠᠯᠬᠤ ᠪᠠ ᠬᠤᠯᠪᠣᠭᠳᠠᠬᠤ ᠲᠤᠰᠬᠠᠢ ᠮᠡᠷᠭᠡᠵᠢᠯ ᠤᠨ ᠲᠤᠭ᠎ᠠ | ᠪᠦᠷᠢᠳᠬᠡᠯ ᠢ ᠰᠢᠰᠲ᠋ᠧᠮᠵᠢᠭᠦᠯᠦᠨ ᠬᠠᠮᠢᠶᠠᠷᠬᠤ ᠶᠠᠪᠤᠳᠠᠯ ᠢ ᠵᠣᠬᠢᠴᠠᠭᠤᠯᠬᠤ ᠬᠡᠷᠡᠭᠲᠡᠢ᠃ ᠪᠠᠶᠢᠭᠠᠯᠢ ᠶᠢᠨ ᠡᠬᠢ | ᠪᠠᠶᠠᠯᠢᠭ ᠤᠨ ᠲᠤᠰᠬᠠᠢ ᠵᠦᠢᠯ ᠤᠨ ᠣᠷᠣᠯᠭ᠎ᠠ ᠶᠢ ᠬᠤᠷᠢᠶᠠᠨ ᠠᠪᠴᠤ ᠲᠤᠰᠢᠶᠠᠬᠤ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ᠲᠤᠰᠬᠠᠢ ᠵᠦᠢᠯ ᠤᠨ ᠪᠡᠯᠡ ᠮᠥᠩᠭᠦ᠂ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ | ᠭᠦᠢᠴᠡᠳᠬᠡᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ | ᠥᠭᠬᠦ᠂ ᠳᠣᠲᠣᠭᠠᠳᠤ ᠳᠠᠭᠠᠨ ᠬᠢᠨᠠᠨ ᠪᠣᠳᠣᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠳᠠᠩᠰᠠᠨ ᠳᠠᠬᠢ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠵᠣᠬᠢᠶᠠᠨ | ᠪᠠᠶᠢᠭᠤᠯᠬᠤ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠺᠠᠳ᠋ᠷ ᠤᠨ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠶᠢ ᠬᠠᠷᠢᠭᠤᠴᠠᠨ᠂ ᠪᠠᠶᠢᠭᠤᠯᠤᠯᠭ᠎ᠠ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ | ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠬᠥᠮᠦᠵᠢᠯ ᠪᠣᠯᠪᠠᠰᠣᠷᠠᠭᠤᠯᠤᠯ ᠪᠣᠯᠤᠨ ᠰᠢᠯᠭᠠᠨ | ᠲᠣᠭᠲᠠᠭᠠᠬᠤ ᠠᠵᠢᠯ ᠢ ᠡᠭᠦᠷᠭᠡᠯᠡᠵᠦ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ | ᠵᠢᠯᠣᠭᠤᠳᠤᠨ᠎ᠠ᠃ᠪᠠᠶᠢᠭᠤᠯᠤᠯᠭ᠎ᠠ ᠶᠢᠨ ᠠᠵᠢᠯᠠ᠋ᠴᠠ ᠪᠠᠨ ᠳᠠᠷᠬᠠᠯᠠᠭᠳᠠᠭᠰᠠᠨ ᠪᠠ ᠠᠵᠢᠯᠠ᠋ᠴᠠ ᠪᠠᠨ ᠠᠮᠠᠷᠠᠭᠰᠠᠨ | ᠠᠵᠢᠯᠲᠠᠨ ᠤ ᠠᠵᠢᠯ ᠢ ᠬᠠᠷᠢᠭᠤᠴᠠᠨ᠎ᠠ᠃ᠪᠠᠶᠢᠭᠤᠯᠤᠯᠭ᠎ᠠ ᠶᠢᠨ ᠨᠠᠮ ᠤᠨ ᠣᠯᠠᠨ ᠲᠦᠮᠡᠨ᠂ ᠰᠠᠬᠢᠯᠭ᠎ᠠ ᠪᠠᠲᠤ | ᠪᠠᠶᠢᠴᠠᠭᠠᠬᠤ ᠠᠵᠢᠯ ᠢ ᠬᠠᠷᠢᠭᠤᠴᠠᠨ᠎ᠠ᠃ | ( ᠬᠤᠶᠠᠷ ) ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ | ᠲᠠᠰᠤᠭ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ | ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ᠂ | ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠶᠢᠨ ᠡᠷᠬᠡ ᠮᠠᠲᠠᠯ ᠤᠨ ᠬᠡᠪᠴᠢᠶ᠎ᠡ ᠶᠣᠰᠣᠭᠠᠷ ᠪᠠᠶᠢᠭᠠᠯᠢ ᠶᠢᠨ ᠡᠬᠢ ᠪᠠᠶᠠᠯᠢᠭ ᠪᠠ ᠬᠤᠲᠠ | ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ | ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠲᠣᠭᠲᠠᠭᠠᠨ᠎ᠠ᠃ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ᠤ ᠪᠠᠶᠢᠭᠠᠯᠢ ᠶᠢᠨ ᠡᠬᠢ ᠪᠠᠶᠠᠯᠢᠭ ᠪᠣᠯᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ᠂ ᠪᠠᠶᠢᠴᠠᠭᠠᠬᠤ ᠪᠠ ᠵᠢᠯᠣᠭᠤᠳᠬᠤ | ᠠᠵᠢᠯ ᠢ ᠬᠠᠷᠢᠭᠤᠴᠠᠨ᠎ᠠ᠃ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠠ | ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ | ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠴᠠᠭᠤᠯᠤᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ ᠪᠠᠶᠢᠭᠤᠯᠤᠮᠵᠢ ᠲᠠᠢ ᠬᠠᠮᠵᠢᠯᠴᠠᠨ | ᠠᠵᠢᠯ ᠢᠶᠠᠨ ᠥᠷᠨᠢᠭᠦᠯᠦᠨ᠎ᠡ᠃ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ | ᠶᠣᠰᠣᠨ ᠤ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ᠂ ᠮᠡᠳᠡᠭᠦᠯᠦᠨ ᠬᠦᠷᠭᠡᠵᠦ ᠳᠠᠩᠰᠠᠯᠠᠭᠤᠯᠬᠤ ᠪᠠ | ᠢᠯᠭᠠᠷᠠᠭᠤᠯᠬᠤ ᠠᠵᠢᠯ ᠢ ᠡᠭᠦᠷᠭᠡᠯᠡᠵᠦ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ | ᠥᠷᠨᠢᠭᠦᠯᠬᠦ ᠬᠡᠷᠡᠭᠲᠡᠢ᠃ᠪᠦᠬᠦ ᠲᠠᠯ᠎ᠠ ᠶᠢᠨ ᠵᠠᠬᠢᠳᠠᠯ ᠰᠤᠷᠪᠤᠯᠵᠢᠯᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ | ᠵᠠᠰᠠᠭ ᠵᠠᠬᠢᠷᠭᠠᠨ ᠤ ᠵᠠᠷᠭᠤ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠵᠡᠷᠭᠡ ᠬᠤᠯᠪᠣᠭᠳᠠᠯ ᠪᠦᠬᠦᠢ ᠠᠵᠢᠯ ᠢ ᠳᠠᠭᠠᠭᠠᠨ ᠠᠪᠴᠤ ᠰᠢᠢᠳᠪᠦᠷᠢᠯᠡᠪᠡ᠃ | ( ᠭᠤᠷᠪᠠ ) ᠪᠠᠶᠢᠭᠠᠯᠢ ᠶᠢᠨ ᠡᠬᠢ ᠪᠠᠶᠠᠯᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠥᠪᠵᠢᠭᠦᠯᠭᠡ ᠶᠢᠨ ᠲᠠᠰᠤᠭ ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠥᠪᠵᠢᠭᠦᠯᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠪᠦᠬᠦ ᠬᠤᠰᠢᠭᠤᠨ ᠤ ᠣᠷᠣᠨ | ᠵᠠᠢ ᠶᠢᠨ ᠲᠥᠯᠥᠪᠵᠢᠭᠦᠯᠭᠡ ᠶᠢᠨ ᠲᠣᠭᠲᠠᠯᠴᠠᠭ᠎ᠠ ᠶᠢ ᠪᠠᠶᠢᠭᠤᠯᠵᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠲᠤᠰᠬᠠᠢ ᠵᠦᠢᠯ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠵᠢᠯᠣᠭᠤᠳᠬᠤ᠂ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ᠪᠦᠬᠦ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤᠨ ᠤ ᠨᠡᠭᠡᠭᠡᠨ ᠠᠰᠢᠭᠯᠠᠯᠲᠠ ᠶᠢᠨ ᠵᠠᠭᠠᠭ ᠬᠢᠵᠠᠭᠠᠷ ᠵᠡᠷᠭᠡ ᠡᠯ᠎ᠡ | ᠲᠥᠷᠥᠯ ᠤᠨ ᠣᠷᠣᠨ ᠵᠠᠢ ᠶᠢᠨ ᠡᠵᠡᠮᠳᠡᠯ ᠤᠨ ᠱᠤᠭᠤᠮ ᠢ ᠢᠯᠭᠠᠨ ᠲᠣᠭᠲᠠᠭᠠᠨ᠎ᠠ᠃ᠲᠣᠭᠲᠠᠭᠠᠭᠰᠠᠨ ᠡᠷᠬᠡ | ᠮᠠᠲᠠᠯ ᠤᠨ ᠬᠡᠪᠴᠢᠶ᠎ᠡ ᠶᠣᠰᠣᠭᠠᠷ ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠥᠪᠵᠢᠭᠦᠯᠭᠡ ᠶᠢ ᠬᠢᠨᠠᠨ ᠲᠣᠭᠲᠠᠭᠠᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠬᠤ ᠬᠡᠷᠡᠭᠲᠡᠢ᠃ | ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠠᠰᠢᠭᠯᠠᠬᠤ ᠴᠢᠬᠤᠯᠠ ᠲᠤᠰᠬᠠᠢ | ᠲᠥᠯᠥᠪᠵᠢᠭᠦᠯᠭᠡ ᠶᠢ ᠵᠢᠯᠣᠭᠤᠳᠤᠨ ᠬᠢᠨᠠᠨ ᠲᠣᠭᠲᠠᠭᠠᠬᠤ ᠬᠡᠷᠡᠭᠲᠡᠢ᠃ᠪᠦᠬᠦ ᠬᠤᠰᠢᠭᠤᠨ ᠤ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢ ᠨᠡᠭᠡᠭᠡᠨ ᠠᠰᠢᠭᠯᠠᠬᠤ ᠳᠤ ᠲᠣᠬᠢᠷᠠᠮᠵᠢᠲᠠᠢ ᠦᠨᠡᠯᠡᠯᠲᠡ ᠪᠠ ᠡᠬᠢ ᠪᠠᠶᠠᠯᠢᠭ ᠣᠷᠴᠢᠨ | ᠲᠣᠭᠤᠷᠢᠨ ᠤ ᠳᠠᠭᠠᠭᠠᠴᠠ ᠶᠢᠨ ᠦᠨᠡᠯᠡᠯᠲᠡ ᠶᠢ ᠥᠷᠨᠢᠭᠦᠯᠵᠦ᠂ ᠪᠦᠬᠦ ᠬᠤᠰᠢᠭᠤᠨ ᠤ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠬᠡᠮᠵᠢᠬᠦ᠂ | ᠦᠨᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ᠭᠤᠣᠯ ᠬᠤᠲᠠ ᠪᠠᠯᠭᠠᠰᠤ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠪᠠᠶᠢᠭᠤᠯᠬᠤ ᠴᠢᠨᠠᠷᠲᠠᠢ ᠨᠠᠷᠢᠨ | ᠲᠥᠯᠥᠪᠵᠢᠭᠦᠯᠭᠡ ᠪᠣᠯᠤᠨ ᠪᠠᠷᠢᠯᠭ᠎ᠠ ᠶᠢᠨ ᠠᠵᠢᠯ ᠤᠨ ᠵᠢᠷᠤᠭ ᠲᠥᠯᠥᠪᠯᠡᠭᠡ ᠶᠢᠨ ᠲᠥᠰᠦᠯ ᠤᠨ ᠶᠡᠷᠦᠩᠬᠡᠢ | ᠬᠠᠪᠲᠠᠭᠠᠢ ᠵᠢᠷᠤᠭ ᠢ ᠬᠢᠨᠠᠨ ᠪᠠᠶᠢᠴᠠᠭᠠᠬᠤ ᠨᠡᠶᠢᠲᠡᠯᠡᠬᠦ ᠵᠢᠴᠢ ᠬᠠᠮᠢᠶᠠᠷᠬᠤ ᠠᠵᠢᠯ ᠢ ᠬᠠᠷᠢᠭᠤᠴᠠᠨ᠎ᠠ᠃ᠪᠦᠬᠦ | ᠬᠤᠰᠢᠭᠤᠨ ᠤ ᠲᠥᠯᠥᠪᠵᠢᠭᠦᠯᠭᠡ ᠶᠢ ᠨᠠᠶᠢᠷᠠᠭᠤᠯᠬᠤ ᠨᠢᠭᠡᠴᠡ ᠶᠢᠨ ᠬᠢᠷᠢ ᠭᠡᠮ ᠤᠨ ᠠᠩᠬᠠᠨ ᠤ ᠬᠢᠨᠠᠯᠲᠠ ᠶᠢᠨ | ᠠᠵᠢᠯ ᠢ ᠬᠠᠷᠢᠭᠤᠴᠠᠨ᠎ᠠ᠃ᠬᠤᠰᠢᠭᠤᠨ ᠤ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠡᠯ ᠤᠨ ᠡᠳᠦᠷ | ᠳᠣᠳᠣᠮ ᠤᠨ ᠠᠵᠢᠯ ᠢ ᠬᠠᠷᠢᠭᠤᠴᠠᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢᠨ ᠳᠦᠷᠢᠮ ᠤᠨ ᠵᠢᠷᠤᠮᠵᠢᠯ | ᠪᠠ ᠮᠡᠷᠭᠡᠵᠢᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ᠬᠤᠰᠢᠭᠤ ᠱᠠᠲᠤᠨ ᠤ ᠬᠠᠮᠢᠶ᠎ᠠ ᠪᠦᠬᠦᠢ ᠢᠵᠢ | ᠪᠦᠷᠢᠳᠦᠭᠰᠡᠨ ᠳᠦᠷᠢᠮᠵᠢᠯ ᠪᠠ ᠪᠠᠷᠢᠮᠵᠢᠶ᠎ᠠ ᠶᠢ ᠲᠣᠭᠲᠠᠭᠠᠨ᠎ᠠ᠃ᠭᠠᠵᠠᠷ ᠰᠢᠷᠦ᠋ᠢᠨ ᠣᠨ ᠤ ᠠᠰᠢᠭᠯᠠᠬᠤ | ᠲᠥᠯᠥᠪᠯᠡᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ᠪᠦᠬᠦ ᠬᠤᠰᠢᠭᠤᠨ ᠤ | ᠲᠠᠷᠢᠶᠠᠨ ᠭᠠᠵᠠᠷ᠂ ᠣᠶᠢᠲᠤ ᠭᠠᠵᠠᠷ᠂ ᠪᠡᠯᠴᠢᠭᠡᠷ᠂ ᠨᠤᠭᠤ ᠭᠠᠵᠠᠷ ᠵᠡᠷᠭᠡ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠬᠡᠷᠡᠭᠴᠡᠭᠡ ᠶᠢᠨ ᠰᠢᠯᠵᠢᠭᠦᠯᠦᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢ ᠬᠠᠷᠢᠭᠤᠴᠠᠵᠤ᠂ | ᠲᠣᠭᠲᠠᠭᠰᠠᠨ ᠡᠷᠬᠡ ᠮᠠᠲᠠᠯ ᠤᠨ ᠬᠡᠪᠴᠢᠶ᠎ᠡ ᠶᠣᠰᠣᠭᠠᠷ ᠪᠦᠬᠦ ᠬᠤᠰᠢᠭᠤᠨ ᠤ ᠡᠯ᠎ᠡ ᠲᠥᠷᠥᠯ ᠤᠨ ᠭᠠᠵᠠᠷ ᠰᠢᠷᠣᠢ ᠶᠢᠨ | ᠬᠡᠷᠡᠭᠯᠡᠯᠲᠡ ᠶᠢ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠠᠵᠢᠯ ᠳᠠᠭᠤᠰᠤᠭᠰᠠᠨ ᠤ | ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠬᠠᠮᠢᠶᠠᠷᠤᠯᠲᠠ ᠵᠡᠷᠭᠡ ᠬᠡᠷᠡᠭᠴᠡᠭᠡᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ | ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ᠭᠤᠣᠯ ᠬᠤᠲᠠ ᠲᠣᠭᠤᠷᠢᠭ ᠤᠨ ᠬᠤᠲᠠ ᠶᠢᠨ ᠵᠢᠷᠤᠭ | ᠲᠥᠯᠥᠪᠯᠡᠭᠡ ᠶᠢᠨ ᠣᠷᠣᠨ ᠲᠤᠭ᠎ᠠ᠂ ᠮᠡᠳᠡᠭᠦᠯᠦᠨ ᠵᠥᠪᠰᠢᠶᠡᠷᠡᠭᠦᠯᠬᠦ᠂ ᠬᠡᠷᠡᠭᠵᠢᠭᠦᠯᠬᠦ ᠪᠠ ᠬᠠᠮᠢᠶᠠᠷᠬᠤ ᠠᠵᠢᠯ ᠢ | ᠬᠠᠷᠢᠭᠤᠴᠠᠨ᠎ᠠ᠃ᠭᠤᠣᠯ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠠᠷᠢᠯᠭ᠎ᠠ ᠶᠢᠨ ᠵᠢᠷᠤᠭ ᠲᠥᠯᠥᠪᠯᠡᠭᠡ ᠵᠢᠴᠢ ᠪᠠᠷᠢᠯᠭ᠎ᠠ ᠶᠢᠨ ᠭᠠᠳᠠᠨ᠎ᠠ ᠭᠠᠷᠬᠤ ᠬᠡᠪᠴᠢᠶ᠎ᠡ ᠶᠢ ᠥᠭᠡᠷᠡᠴᠢᠯᠡᠬᠦ ᠵᠢᠷᠤᠭ | ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠬᠤ ᠵᠢᠴᠢ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ 《 ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ | ᠦᠨᠡᠮᠯᠡᠯ 》 ( ᠲᠦᠷ ᠴᠠᠭ ᠤᠨ ᠢᠨᠵᠧᠨᠧᠷᠢᠩ ᠪᠠᠭᠲᠠᠨ᠎ᠠ ) ᠶᠢ ᠬᠢᠨᠠᠨ ᠲᠠᠷᠬᠠᠭᠠᠨ᠎ᠠ᠃ᠭᠤᠣᠯ ᠬᠤᠲᠠ | ᠲᠣᠭᠤᠷᠢᠭ ᠤᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷᠠᠬᠢ | ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠤᠲᠠᠰᠤ ᠰᠢᠯᠭᠠᠬᠤ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ᠭᠤᠣᠯ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠲᠥᠯᠥᠪᠵᠢᠭᠦᠯᠭᠡ ᠶᠢ ᠵᠠᠷᠯᠠᠨ ᠨᠡᠶᠢᠲᠡᠯᠡᠬᠦ ᠠᠵᠢᠯ ᠢ ᠬᠠᠷᠢᠭᠤᠴᠠᠨ᠎ᠠ᠃ᠡᠯ᠎ᠡ ᠲᠥᠷᠥᠯ ᠤᠨ ᠪᠠᠷᠢᠯᠭ᠎ᠠ ᠶᠢᠨ | ᠭᠡᠷᠡᠯᠲᠦᠭᠦᠯᠦᠨ ᠵᠢᠷᠤᠭᠯᠠᠨ ᠲᠥᠯᠥᠪᠯᠡᠬᠦ ᠲᠥᠰᠦᠯ ᠢ ᠬᠢᠨᠠᠨ ᠪᠠᠶᠢᠴᠠᠭᠠᠵᠤ ᠬᠢᠨᠠᠨ ᠲᠣᠭᠲᠠᠭᠠᠬᠤ ᠪᠠ ᠬᠡᠷᠡᠭᠵᠢᠭᠦᠯᠦᠨ | ᠬᠠᠮᠢᠶᠠᠷᠬᠤ ᠶᠢ ᠬᠠᠷᠢᠭᠤᠴᠠᠨ᠎ᠠ᠃ᠬᠤᠲᠠ ᠪᠠᠯᠭᠠᠰᠤ ᠶᠢᠨ ᠬᠤᠭᠤᠯᠠᠢ ᠲᠣᠣᠷ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ᠂ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ | ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠬᠤᠲᠠ ᠶᠢᠨ ᠶᠠᠪᠤᠳᠠᠯ ᠤᠨ ᠡᠯ᠎ᠡ ᠲᠥᠷᠥᠯ ᠤᠨ | ᠪᠠᠷᠢᠯᠭ᠎ᠠ ( ᠲᠦᠷ ᠴᠠᠭ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠪᠠᠭᠲᠠᠨ᠎ᠠ ) ᠶᠢ ᠰᠢᠨ᠎ᠡ ᠪᠠᠷ ᠪᠠᠶᠢᠭᠤᠯᠬᠤ᠂ | ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠶᠢ ᠬᠠᠷᠢᠭᠤᠴᠠᠨ᠎ᠠ᠂ ᠡᠭᠦᠨ ᠳᠤ ᠬᠤᠲᠠ ᠶᠢᠨ ᠶᠠᠪᠤᠳᠠᠯ ᠤᠨ | ᠪᠡᠯᠡᠳᠬᠡᠮᠵᠢ᠂ ᠵᠠᠮ ᠬᠥᠭᠦᠷᠭᠡ᠂ ᠭᠤᠯᠳᠤᠩ ᠵᠡᠷᠭᠡ ᠪᠠᠷᠢᠯᠭ᠎ᠠ ᠶᠢᠨ ᠲᠥᠯᠥᠪᠵᠢᠭᠦᠯᠭᠡ ᠶᠢᠨ ᠬᠢᠨᠠᠨ ᠬᠠᠷᠭᠤᠭᠤᠯᠤᠯᠲᠠ | ᠪᠠᠭᠲᠠᠨ᠎ᠠ᠃ᠭᠠᠵᠠᠷ ᠳᠣᠣᠷᠠᠬᠢ ᠬᠤᠭᠤᠯᠠᠢ ᠱᠤᠭᠤᠮ ᠤᠨ ᠮᠡᠳᠡᠭᠡ ᠵᠠᠩᠭᠢ ᠶᠢᠨ ᠰᠢᠰᠲ᠋ᠧᠮ ᠤᠨ ᠰᠢᠨᠡᠳᠬᠡᠨ | ᠬᠠᠮᠠᠭᠠᠯᠠᠬᠤ ᠰᠠᠭᠤᠷᠢ ᠲᠤᠭ᠎ᠠ ᠪᠠᠷᠢᠮᠲᠠ ᠶᠢ ᠴᠤᠭᠯᠠᠭᠤᠯᠤᠨ ᠪᠦᠷᠢᠳᠬᠡᠬᠦ ᠠᠵᠢᠯ ᠢ ᠬᠠᠷᠢᠭᠤᠴᠠᠨ᠎ᠠ᠃ᠬᠤᠲᠠ ᠶᠢᠨ | ᠶᠠᠪᠤᠳᠠᠯ᠂ ᠬᠤᠭᠤᠯᠠᠢ ᠱᠤᠭᠤᠮ ᠤᠨ ᠢᠨᠵᠧᠨᠧᠷᠢᠩ ᠯᠦᠭᠡ ᠬᠤᠯᠪᠣᠭᠳᠠᠬᠤ ᠡᠯ᠎ᠡ ᠲᠥᠷᠥᠯ ᠤᠨ ᠪᠠᠷᠢᠯᠭ᠎ᠠ ᠪᠠᠶᠢᠭᠤᠯᠬᠤ | ᠵᠦᠢᠯ ᠤᠨ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ ᠪᠠ ᠬᠤᠲᠠ ᠶᠢᠨ ᠶᠠᠪᠤᠳᠠᠯ ᠤᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠤᠲᠠᠰᠤ ᠰᠢᠯᠭᠠᠬᠤ ᠠᠵᠢᠯ ᠢ ᠬᠠᠷᠢᠭᠤᠴᠠᠨ᠎ᠠ᠃ᠬᠤᠲᠠ ᠶᠢᠨ ᠶᠠᠪᠤᠳᠠᠯ᠂ ᠲᠣᠣᠷ | ᠰᠦᠯᠵᠢᠶᠡᠨ ᠤ ᠢᠨᠵᠧᠨᠧᠷᠢᠩ ᠤᠨ 《 ᠨᠢᠭᠡ ᠦᠨᠡᠮᠯᠡᠯ ᠬᠤᠶᠠᠷ ᠦᠨᠡᠮᠯᠡᠯ 》 ᠬᠢᠨᠠᠨ ᠣᠯᠭᠤᠬᠤ ᠶᠢ ᠬᠠᠷᠢᠭᠤᠴᠠᠨ᠎ᠠ | ᠃ᠪᠦᠬᠦ ᠬᠤᠰᠢᠭᠤᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ᠂ ᠬᠤᠲᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ᠂ ᠭᠠᠵᠠᠷ ᠳᠣᠣᠷᠠᠬᠢ ᠣᠷᠣᠨ ᠵᠠᠢ ᠶᠢᠨ | ᠢᠨᠵᠧᠨᠧᠷᠢᠩ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠶᠢ | ᠬᠠᠷᠢᠭᠤᠴᠠᠨ᠎ᠠ᠃ᠭᠤᠣᠯ ᠬᠤᠲᠠ ᠲᠣᠭᠤᠷᠢᠭ ᠤᠨ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ᠂ ᠴᠢᠬᠤᠯᠠ | ᠶᠡᠭᠡ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ᠂ ᠬᠡᠷᠡᠭᠵᠢᠭᠦᠯᠬᠦ᠂ | ᠬᠠᠮᠢᠶᠠᠷᠬᠤ ᠠᠵᠢᠯ ᠢ ᠬᠠᠷᠢᠭᠤᠴᠠᠨ᠎ᠠ᠃ᠭᠤᠣᠯ ᠬᠤᠲᠠ ᠲᠣᠭᠤᠷᠢᠭ ᠤᠨ ᠣᠶᠢᠷ᠎ᠠ ᠶᠢᠨ ᠬᠤᠭᠤᠴᠠᠭᠠᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠬᠤᠲᠠ ᠶᠢᠨ ᠰᠢᠨᠡᠳᠬᠡᠨ ᠥᠭᠡᠷᠡᠴᠢᠯᠡᠬᠦ ᠲᠥᠯᠥᠪᠵᠢᠭᠦᠯᠭᠡ ᠵᠡᠷᠭᠡ | ᠬᠡᠷᠡᠭᠵᠢᠭᠦᠯᠬᠦ ᠴᠢᠨᠠᠷᠲᠠᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ᠂ ᠲᠥᠯᠥᠪᠯᠡᠭᠡ ᠲᠣᠭᠲᠠᠭᠠᠬᠤ | ᠂ ᠵᠠᠰᠠᠪᠤᠷᠢ ᠣᠷᠣᠭᠤᠯᠬᠤ ᠪᠠ ᠦᠨᠡᠯᠡᠯᠲᠡ ᠬᠢᠬᠦ ᠶᠢ ᠬᠠᠷᠢᠭᠤᠴᠠᠨ᠎ᠠ᠃ᠭᠠᠵᠠᠷ ᠰᠢᠷᠣᠢ ᠨᠥᠭᠡᠴᠡᠯᠡᠬᠦ᠂ ᠬᠠᠩᠭᠠᠬᠤ | ᠵᠡᠷᠭᠡ ᠲᠤᠰᠬᠠᠢ ᠲᠥᠯᠥᠪᠯᠡᠭᠡ ᠶᠢ ᠲᠣᠭᠲᠠᠭᠠᠬᠤ ᠳᠤ ᠣᠷᠣᠯᠴᠠᠨ᠎ᠠ᠃ᠭᠤᠣᠯ ᠬᠤᠲᠠ ᠲᠣᠭᠤᠷᠢᠭ ᠤᠨ | ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠲᠥᠯᠥᠪᠵᠢᠭᠦᠯᠦᠨ ᠬᠠᠮᠢᠶᠠᠷᠬᠤ ᠠᠵᠢᠯ ᠢ ᠬᠠᠷᠢᠭᠤᠴᠠᠵᠤ᠂ 《 ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ 》 ( ᠲᠦᠷ ᠴᠠᠭ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠭᠲᠠᠭᠠᠨ᠎ᠠ ) ᠶᠢ ᠬᠢᠨᠠᠨ ᠣᠯᠭᠤᠨ᠎ᠠ᠃ᠭᠤᠣᠯ ᠬᠤᠲᠠ ᠲᠣᠭᠤᠷᠢᠭ ᠤᠨ | ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠭᠠᠵᠠᠷ ᠰᠣᠩᠭᠤᠬᠤ | ᠰᠤᠳᠤᠯᠭᠠᠨ ᠤ ᠠᠵᠢᠯ ᠢ ᠬᠠᠷᠢᠭᠤᠴᠠᠨ᠎ᠠ᠃ᠬᠤᠪᠢᠶᠠᠷᠢᠯᠠᠨ ᠣᠯᠭᠤᠬᠤ ᠬᠡᠯᠪᠡᠷᠢ ᠪᠠᠷ ᠤᠯᠤᠰ ᠤᠨ ᠥᠮᠴᠢᠯᠡᠯᠲᠦ | ᠭᠠᠵᠠᠷ ᠰᠢᠷᠣᠢ ᠶᠢᠨ ᠬᠡᠷᠡᠭᠯᠡᠬᠦ ᠡᠷᠬᠡ ᠬᠠᠩᠭᠠᠬᠤ ᠪᠦᠲᠦᠭᠡᠨ ᠪᠠᠶᠢᠭᠤᠯᠬᠤ ᠲᠥᠷᠥᠯ ᠵᠦᠢᠯ ᠳᠤ 《 ᠪᠦᠲᠦᠭᠡᠨ | ᠪᠠᠶᠢᠭᠤᠯᠬᠤ ᠲᠥᠷᠥᠯ ᠵᠦᠢᠯ ᠤᠨ ᠭᠠᠵᠠᠷ ᠰᠣᠩᠭᠤᠬᠤ ᠰᠠᠨᠠᠯ ᠤᠨ ᠪᠢᠴᠢᠭ 》 ᠬᠢᠨᠠᠨ ᠣᠯᠭᠤᠬᠤ ᠶᠢ ᠬᠠᠷᠢᠭᠤᠴᠠᠨ᠎ᠠ | ᠃ᠬᠤᠳᠠᠯᠳᠤᠬᠤ ᠭᠡᠵᠦ ᠪᠠᠶᠢᠭ᠎ᠠ ᠭᠠᠵᠠᠷ ᠤᠨ ᠬᠡᠰᠡᠭ ᠲᠤ ᠬᠢᠨᠠᠨ ᠣᠯᠭᠤᠬᠤ 《 ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠨᠥᠬᠦᠴᠡᠯ ᠤᠨ ᠪᠢᠴᠢᠭ 》 ᠢ ᠬᠢᠵᠠᠭᠠᠷᠯᠠᠬᠤ ᠴᠢᠨᠠᠷᠲᠠᠢ ᠨᠠᠷᠢᠨ | ᠲᠥᠯᠥᠪᠵᠢᠭᠦᠯᠭᠡ ᠶᠢ ᠦᠨᠳᠦᠰᠦᠯᠡᠨ ᠬᠡᠷᠡᠭᠵᠢᠭᠦᠯᠬᠦ ᠶᠢ ᠬᠠᠷᠢᠭᠤᠴᠠᠨ᠎ᠠ᠃ᠪᠠᠯᠭᠠᠰᠤ᠂ ᠰᠢᠶᠠᠩ᠂ ᠲᠣᠰᠬᠤᠨ ᠤ | ᠲᠥᠯᠥᠪᠵᠢᠭᠦᠯᠭᠡ ᠶᠢᠨ ᠠᠵᠢᠯ ᠤᠨ ᠲᠤᠬᠠᠢ ᠤᠯᠤᠰ ᠤᠨ ᠴᠢᠭᠯᠡᠯᠲᠡ ᠪᠠ ᠬᠥᠭᠵᠢᠯᠲᠡ ᠶᠢᠨ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ᠪᠠᠯᠭᠠᠰᠤ᠂ ᠭᠠᠴᠠᠭᠠᠨ ᠤ ᠰᠢᠨ᠎ᠡ ᠪᠠᠷ ᠬᠥᠭᠵᠢᠭᠰᠡᠨ | ᠲᠥᠯᠥᠪᠵᠢᠭᠦᠯᠭᠡ ᠶᠢᠨ ᠣᠶᠢᠯᠠᠭᠠᠭᠳᠠᠬᠤᠨ ᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠰᠤᠳᠤᠯᠵᠤ᠂ ᠪᠠᠯᠭᠠᠰᠤ | ᠂ ᠰᠢᠶᠠᠩ᠂ ᠭᠠᠴᠠᠭᠠᠨ ᠤ ᠲᠥᠯᠥᠪᠵᠢᠭᠦᠯᠭᠡ ᠶᠢᠨ ᠠᠵᠢᠯ ᠤᠨ ᠲᠤᠬᠠᠢ ᠬᠡᠷᠡᠭᠵᠢᠭᠦᠯᠬᠦ ᠠᠷᠭ᠎ᠠ ᠪᠠ ᠬᠤᠯᠪᠣᠭᠳᠠᠯ | ᠪᠦᠬᠦᠢ ᠳᠦᠷᠢᠮ ᠢ ᠲᠣᠭᠲᠠᠭᠠᠨ᠎ᠠ ;ᠪᠠᠯᠭᠠᠰᠤ᠂ ᠰᠢᠶᠠᠩ᠂ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠬᠠᠮᠢᠶ᠎ᠠ ᠪᠦᠬᠦᠢ ᠳᠦᠷᠢᠮ ᠲᠣᠭᠲᠠᠭᠠᠯ ᠤᠨ ᠲᠥᠰᠦᠯ ᠪᠣᠯᠤᠨ ᠮᠡᠷᠭᠡᠵᠢᠯ ᠤᠨ ᠵᠢᠷᠤᠮᠵᠢᠯ ᠢ ᠬᠠᠷᠢᠭᠤᠴᠠᠨ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠲᠣᠰᠬᠤᠨ ᠪᠠᠯᠭᠠᠰᠤ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠤᠯᠲᠠ ᠶᠢᠨ ᠠᠵᠢᠯ ᠢ ᠲᠤᠤᠱᠯᠠᠭᠤᠯᠤᠨ ᠬᠡᠷᠡᠭᠵᠢᠭᠦᠯᠵᠦ | ᠂ ᠪᠠᠯᠭᠠᠰᠤ᠂ ᠰᠢᠶᠠᠩ᠂ ᠲᠣᠰᠬᠤᠨ ᠤ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ᠂ ᠪᠠᠶᠢᠴᠠᠭᠠᠯᠲᠠ ᠬᠢᠬᠦ ᠬᠡᠷᠡᠭᠲᠡᠢ᠃ᠬᠤᠰᠢᠭᠤ ᠲᠥᠪ ᠬᠤᠲᠠ ᠪᠠᠯᠭᠠᠰᠤᠨ ᠤ ᠲᠥᠯᠥᠪᠵᠢᠭᠦᠯᠭᠡ ᠶᠢᠨ | ᠲᠣᠭᠤᠷᠢᠭ ᠳᠣᠲᠣᠷᠠᠬᠢ ᠪᠠᠯᠭᠠᠰᠤ᠂ ᠰᠢᠶᠠᠩ᠂ ᠲᠣᠰᠬᠤᠨ ᠤ 《 ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ 》 ᠢ ᠬᠢᠨᠠᠨ ᠲᠠᠷᠬᠠᠭᠠᠨ᠎ᠠ᠃ | ᠬᠤᠰᠢᠭᠤᠨ ᠤ ᠴᠢᠬᠤᠯᠠ ᠶᠡᠭᠡ ᠪᠠᠷᠢᠯᠭ᠎ᠠ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ | ᠭᠤᠣᠯᠳᠠᠯᠭ᠎ᠠ ᠲᠠᠢ ᠭᠠᠵᠠᠷ ᠤᠨ ᠲᠥᠯᠥᠪᠵᠢᠭᠦᠯᠭᠡ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ᠬᠡᠮᠵᠢᠨ | ᠵᠢᠷᠤᠬᠤ ᠠᠵᠢᠯᠯᠠᠭ᠎ᠠ᠂ ᠶᠠᠰᠤ ᠴᠢᠨᠠᠷ᠂ ᠠᠷᠠᠳ ᠤᠨ ᠬᠡᠷᠡᠭᠯᠡᠭᠡᠨ ᠤ ᠬᠡᠮᠵᠢᠨ ᠵᠢᠷᠤᠭᠯᠠᠯᠲᠠ ᠠᠭᠠᠷ ᠭᠡᠷᠡᠯ ᠵᠢᠷᠤᠭ | ᠬᠢᠭᠡᠳ ᠳᠠᠭᠠᠭᠤᠯᠢ ᠣᠳᠣᠨ ᠤ ᠠᠯᠤᠰ ᠰᠠᠷᠠᠯ ᠢ ᠬᠢᠨᠠᠨ ᠬᠠᠮᠢᠶᠠᠷᠤᠨ᠎ᠠ᠃ᠬᠡᠮᠵᠢᠨ ᠵᠢᠷᠤᠬᠤ ᠬᠢᠷᠢ ᠭᠡᠮ ᠢ | ᠤᠳᠤᠷᠢᠳᠬᠤ᠃ᠪᠦᠬᠦ ᠬᠤᠰᠢᠭᠤᠨ ᠤ ᠬᠡᠮᠵᠢᠨ ᠵᠢᠷᠤᠬᠤ ᠰᠠᠭᠤᠷᠢ ᠪᠠᠷᠢᠮᠵᠢᠶ᠎ᠠ᠂ ᠬᠡᠮᠵᠢᠨ ᠵᠢᠷᠤᠬᠤ ᠰᠢᠰᠲ᠋ᠧᠮ ᠢ | ᠪᠠᠶᠢᠭᠤᠯᠵᠤ ᠤᠳᠤᠷᠢᠳᠬᠤ᠃ᠪᠦᠬᠦ ᠬᠤᠰᠢᠭᠤᠨ ᠤ ᠰᠠᠭᠤᠷᠢ ᠬᠡᠮᠵᠢᠨ ᠵᠢᠷᠤᠭᠯᠠᠯᠲᠠ ᠶᠢᠨ ᠲᠥᠯᠥᠪᠵᠢᠭᠦᠯᠭᠡ᠂ | ᠣᠨ ᠤ ᠲᠥᠯᠥᠪᠯᠡᠭᠡ ᠵᠢᠴᠢ ᠴᠢᠬᠤᠯᠠ ᠶᠡᠭᠡ ᠲᠥᠷᠥᠯ ᠵᠦᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ | ᠪᠥᠭᠡᠳ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠭᠠᠵᠠᠷ ᠵᠦᠢ ᠶᠢᠨ ᠮᠡᠳᠡᠭᠡ ᠵᠠᠩᠭᠢ ᠶᠢᠨ ᠦᠷ᠎ᠡ ᠪᠦᠲᠦᠭᠡᠯ ᠤᠨ | ᠬᠠᠮᠢᠶᠠᠷᠤᠯᠲᠠ᠂ ᠠᠶᠤᠯᠭᠦᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠭᠠᠵᠠᠷ ᠤᠨ ᠵᠢᠷᠤᠭ ᠤᠨ ᠬᠠᠮᠢᠶᠠᠷᠤᠯᠲᠠ ᠪᠠ | ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ᠴᠢᠬᠤᠯᠠ ᠭᠠᠵᠠᠷ ᠵᠦᠢ ᠶᠢᠨ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ | ᠨᠡᠶᠢᠲᠡ ᠶᠢᠨ ᠦᠢᠯᠡᠴᠢᠯᠡᠭᠡ ᠶᠢ ᠵᠢᠯᠣᠭᠤᠳᠤᠨ ᠬᠢᠨᠠᠯᠲᠠ ᠲᠠᠯᠪᠢᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠪᠠᠴᠢᠮ | ᠪᠠᠶᠢᠳᠠᠯ ᠢ ᠠᠷᠭᠠᠴᠠᠬᠤ ᠪᠠᠲᠤᠯᠠᠭ᠎ᠠ ᠬᠠᠩᠭᠠᠨ᠎ᠠ᠃ᠪᠠᠶᠢᠭᠠᠯ ᠤᠨ ᠡᠬᠢ ᠪᠠᠶᠠᠯᠢᠭ ᠤᠨ ᠬᠦᠷᠢᠶᠡᠨ ᠳᠤ ᠰᠢᠨᠵᠢᠯᠡᠬᠦ | ᠤᠬᠠᠭᠠᠨ ᠮᠡᠷᠭᠡᠵᠢᠯ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠲᠥᠯᠥᠪᠯᠡᠭᠡ ᠶᠢ | ᠲᠣᠭᠲᠠᠭᠠᠵᠤ᠃ᠬᠤᠯᠪᠣᠭᠳᠠᠯ ᠪᠥᠬᠦᠢ ᠮᠡᠷᠭᠡᠵᠢᠯ ᠤᠨ ᠪᠠᠷᠢᠮᠵᠢᠶ᠎ᠠ᠂ ᠳᠦᠷᠢᠮ ᠤᠨ ᠵᠢᠷᠤᠮᠵᠢᠯ ᠢ ᠲᠣᠭᠲᠠᠭᠠᠨ᠂ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ᠂ ᠵᠦᠢᠯᠡᠰ ᠵᠢᠴᠢ ᠰᠢᠨ᠎ᠡ ᠶᠢ ᠡᠭᠦᠳᠬᠦ | ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠬᠡᠷᠡᠭᠯᠡᠯᠲᠡ ᠪᠠ ᠬᠠᠮᠢᠶᠠᠷᠤᠯᠲᠠ ᠶᠢ ᠡᠭᠦᠷᠭᠡᠯᠡᠨ᠎ᠡ᠃ᠳᠠᠭᠠᠭᠤᠯᠢ ᠣᠳᠣᠨ ᠤ ᠠᠯᠤᠰ ᠰᠠᠷᠠᠯ | ᠵᠡᠷᠭᠡ ᠳᠡᠭᠡᠳᠦ ᠰᠢᠨ᠎ᠡ ᠮᠡᠷᠭᠡᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠥᠷᠨᠢᠭᠦᠯᠦᠨ᠎ᠡ᠃ᠪᠠᠶᠢᠭᠠᠯᠢ ᠶᠢᠨ ᠡᠬᠢ | ᠪᠠᠶᠠᠯᠢᠭ ᠤᠨ ᠡᠯᠧᠺᠳ᠋ᠷᠣᠨ ᠵᠠᠰᠠᠭ ᠤᠨ ᠶᠠᠪᠤᠳᠠᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ( ᠳᠥᠷᠪᠡ ) ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ ᠪᠠᠶᠢᠭᠤᠯᠤᠯᠭ᠎ᠠ ᠶᠢᠨ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠡᠭᠦᠷᠭᠡᠯᠡᠵᠦ᠂ ᠪᠠᠶᠢᠭᠤᠯᠤᠯᠭ᠎ᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠠᠤᠯᠢ ᠶᠣᠰᠣᠭᠠᠷ | ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠭᠦᠢᠴᠡᠳᠬᠡᠬᠦ ᠬᠡᠷᠡᠭᠲᠡᠢ᠃ᠪᠦᠬᠦ ᠲᠠᠯ᠎ᠠ ᠶᠢᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠦᠢᠯᠡᠴᠢᠯᠡᠬᠦ ᠵᠦᠢᠯᠡᠰ ᠢ ᠵᠣᠬᠢᠶᠠᠨ ᠪᠠᠶᠢᠭᠤᠯᠤᠨ ᠲᠣᠭᠲᠠᠭᠠᠬᠤ ᠭᠦᠢᠴᠡᠳᠬᠡᠬᠦ ᠴᠤᠪᠤᠷᠠᠯ ᠢ | ᠡᠭᠦᠷᠭᠡᠯᠡᠨ᠎ᠡ᠃ᠲᠣᠭᠲᠠᠭᠠᠭᠰᠠᠨ ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠦᠢᠯᠡᠴᠢᠯᠡᠭᠡᠨ ᠤ ᠵᠦᠢᠯ ᠤᠨ ᠪᠠᠷᠢᠮᠵᠢᠶᠠᠵᠢᠭᠤᠯᠤᠯᠲᠠ ᠶᠢᠨ ᠬᠢᠨᠠᠨ ᠵᠥᠪᠰᠢᠶᠡᠷᠡᠬᠦ ᠳᠦᠷᠢᠮ ᠢ ᠡᠭᠦᠷᠭᠡᠯᠡᠨ᠎ᠡ᠃ | ᠪᠠᠶᠢᠭᠤᠯᠤᠯᠭ᠎ᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠣᠩᠬᠤ ᠶᠢᠨ ᠠᠵᠢᠯᠯᠠᠭᠠᠨ ᠪᠣᠯᠤᠨ ᠡᠳᠦᠷ ᠳᠣᠳᠣᠮ ᠤᠨ | ᠬᠠᠮᠢᠶᠠᠷᠤᠯᠲᠠ ᠶᠢ ᠡᠭᠦᠷᠭᠡᠯᠡᠬᠦ ᠬᠡᠷᠡᠭᠲᠡᠢ᠃《 ᠡᠷᠬᠡ ᠶᠢᠨ ᠨᠠᠷᠢᠨ ᠬᠠᠭᠤᠳᠠᠰᠤ 》 ᠳᠡᠭᠡᠷ᠎ᠡ ᠪᠠᠷᠢᠮᠵᠢᠶᠠᠵᠢᠭᠤᠯᠬᠤ | ᠵᠦᠢᠯᠡᠰ ᠲᠠᠬᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯ ᠢ ᠡᠭᠦᠷᠭᠡᠯᠡᠨ᠎ᠡ᠃ᠪᠦᠬᠦ ᠲᠠᠯ᠎ᠠ ᠶᠢᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠭᠡᠷᠡᠴᠢᠯᠡᠭᠡ ᠣᠯᠭᠤᠬᠤ ᠪᠠ ᠮᠡᠳᠡᠭᠡ ᠵᠠᠩᠭᠢ ᠶᠢ ᠢᠯᠡ ᠪᠣᠯᠭᠠᠬᠤ ᠶᠢᠨ | ᠰᠢᠰᠲ᠋ᠧᠮᠵᠢᠭᠦᠯᠦᠨ ᠬᠠᠮᠢᠶᠠᠷᠬᠤ ᠶᠢ ᠡᠭᠦᠷᠭᠡᠯᠡᠨ᠎ᠡ᠃ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠢ | ᠲᠣᠳᠣᠷᠬᠠᠶᠢᠯᠠᠨ ᠳᠠᠩᠰᠠᠯᠠᠬᠤ᠂ ᠡᠷᠬᠡ ᠶᠢᠨ ᠬᠠᠷᠢᠶ᠎ᠠ ᠶᠢ ᠨᠢ ᠪᠠᠶᠢᠴᠠᠭᠠᠨ ᠰᠢᠯᠭᠠᠬᠤ᠂ ᠦᠯᠦ ᠬᠥᠳᠡᠯᠬᠦ | ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ | ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠨᠠᠶᠢᠳᠠᠪᠤᠷᠢᠵᠢᠭᠤᠯᠤᠨ᠎ᠠ᠃ᠪᠦᠬᠦ ᠬᠤᠰᠢᠭᠤᠨ ᠤ ᠪᠠᠶᠢᠭᠠᠯᠢ ᠶᠢᠨ | ᠡᠬᠢ ᠪᠠᠶᠠᠯᠢᠭ ᠪᠠ ᠲᠣᠭᠲᠠᠮᠠᠯ ᠬᠥᠷᠥᠩᠭᠡ ᠶᠢᠨ ᠡᠷᠬᠡ ᠶᠢ ᠲᠣᠳᠣᠷᠬᠠᠶᠢᠯᠠᠨ ᠳᠠᠩᠰᠠᠯᠠᠬᠤ ᠠᠵᠢᠯ ᠢ ᠳᠠᠭᠠᠭᠠᠴᠢᠯᠠᠨ | ᠵᠢᠯᠣᠭᠤᠳᠤᠨ᠎ᠠ᠃ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠲᠣᠭᠲᠠᠮᠠᠯ ᠬᠥᠷᠥᠩᠭᠡ ᠶᠢ ᠳᠠᠩᠰᠠᠯᠠᠬᠤ | ᠰᠤᠷᠠᠭ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠳᠠᠩᠰᠠᠯᠠᠭᠰᠠᠨ | ᠮᠠᠲ᠋ᠧᠷᠢᠶᠠᠯ ᠢ ᠬᠠᠮᠢᠶᠠᠷᠤᠨ᠎ᠠ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠢᠨᠠᠨ ᠦᠨᠡᠯᠡᠬᠦ | ᠭᠦᠢᠴᠡᠳᠬᠡᠬᠦ ᠲᠣᠭᠠᠨ ᠤ ᠰᠢᠰᠲ᠋ᠧᠮ ᠪᠠ ᠪᠦᠷᠢᠳᠬᠡᠬᠦ ᠪᠠᠷᠢᠮᠵᠢᠶ᠎ᠠ ᠶᠣᠰᠣᠭᠠᠷ᠂ ᠪᠦᠬᠦ ᠬᠤᠰᠢᠭᠤᠨ ᠤ ᠪᠠᠶᠢᠭᠠᠯᠢ ᠶᠢᠨ | ᠡᠬᠢ ᠪᠠᠶᠠᠯᠢᠭ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠢᠨᠠᠨ ᠦᠨᠡᠯᠡᠬᠦ ᠳᠦᠷᠢᠮ ᠢ ᠪᠠᠶᠢᠭᠤᠯᠤᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠬᠤᠪᠢᠷᠠᠭᠤᠯᠤᠯᠲᠠ ᠶᠢᠨ ᠪᠠᠶᠢᠴᠠᠭᠠᠯᠲᠠ᠂ | ᠬᠥᠳᠡᠯᠦᠩᠭᠦᠢ ᠬᠢᠨᠠᠨ ᠬᠡᠮᠵᠢᠯᠲᠡ ᠪᠠ ᠵᠠᠳᠠᠯᠤᠯᠲᠠ ᠦᠨᠡᠯᠡᠯᠲᠡ ᠬᠢᠬᠦ ᠠᠵᠢᠯ ᠢ ᠵᠣᠬᠢᠶᠠᠨ ᠪᠠᠶᠢᠭᠤᠯᠤᠨ | ᠶᠠᠪᠤᠭᠳᠠᠭᠤᠯᠵᠤ᠂ ᠤᠰᠤ᠂ ᠣᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ ᠤᠨ ᠡᠬᠢ ᠪᠠᠶᠠᠯᠢᠭ ᠪᠠ ᠭᠠᠵᠠᠷ | ᠵᠦᠢ ᠶᠢᠨ ᠤᠯᠤᠰ ᠤᠨ ᠪᠠᠶᠢᠳᠠᠯ ᠵᠡᠷᠭᠡ ᠲᠤᠰᠬᠠᠢ ᠲᠥᠷᠥᠯ ᠤᠨ ᠪᠠᠶᠢᠴᠠᠭᠠᠯᠲᠠ ᠬᠢᠨᠠᠨ ᠬᠡᠮᠵᠢᠯᠲᠡ᠂ ᠦᠨᠡᠯᠡᠯᠲᠡ | ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠪᠠᠶᠢᠴᠠᠭᠠᠯᠲᠠ᠂ ᠬᠢᠨᠠᠨ ᠬᠡᠮᠵᠢᠯᠲᠡ᠂ ᠦᠨᠡᠯᠡᠯᠲᠡ ᠬᠢᠭᠰᠡᠨ ᠦᠷ᠎ᠡ ᠪᠦᠲᠦᠮᠵᠢ ᠶᠢᠨ ᠬᠤᠷᠢᠶᠠᠩᠭᠤᠶᠢᠯᠠᠯ᠂ | ᠬᠠᠮᠢᠶᠠᠷᠤᠯᠲᠠ᠂ ᠬᠠᠮᠠᠭᠠᠯᠠᠯᠲᠠ᠂ ᠨᠡᠶᠢᠲᠡᠯᠡᠯᠲᠡ᠂ ᠬᠠᠮᠲᠤ ᠪᠠᠷ ᠡᠳ᠋ᠯᠡᠬᠦ ᠪᠠ ᠠᠰᠢᠭᠯᠠᠯᠲᠠ ᠶᠢᠨ ᠬᠢᠨᠠᠯᠲᠠ ᠶᠢ | ᠡᠭᠦᠷᠭᠡᠯᠡᠨ᠎ᠡ᠃ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠪᠠᠶᠢᠭᠠᠯᠢ ᠶᠢᠨ | ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠳᠦᠷᠢᠮ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠷᠠᠯᠵᠢᠶᠠᠯᠠᠬᠤ ᠳᠦᠷᠢᠮ ᠪᠣᠯᠤᠨ | ᠠᠷᠠᠯᠵᠢᠶᠠᠯᠠᠬᠤ ᠲᠠᠪᠴᠠᠩ ᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠰᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠪᠠ ᠬᠥᠳᠡᠯᠦᠩᠭᠦᠢ ᠬᠢᠨᠠᠨ ᠬᠡᠮᠵᠢᠯᠲᠡ ᠶᠢ ᠬᠠᠷᠢᠭᠤᠴᠠᠨ᠎ᠠ᠃ᠪᠠᠶᠢᠭᠠᠯᠢ ᠶᠢᠨ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ᠎ᠠ᠃ᠪᠠᠶᠢᠭᠠᠯᠢ ᠶᠢᠨ ᠡᠬᠢ | ᠪᠠᠶᠠᠯᠢᠭ ᠢ ᠳᠡᠰ ᠬᠤᠪᠢᠶᠠᠨ ᠳᠡᠰ ᠲᠣᠭᠲᠠᠭᠠᠭᠰᠠᠨ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ᠪᠦᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠬᠠᠩᠭᠠᠬᠤ ᠠᠵᠢᠯ ᠢ | ᠬᠢᠨᠠᠨ ᠬᠠᠮᠢᠶᠠᠷᠤᠨ᠎ᠠ᠃ᠬᠤᠲᠠ ᠶᠢᠨ ᠳᠣᠣᠷ᠎ᠠ ᠦᠷ᠎ᠡ ᠠᠰᠢᠭ ᠲᠠᠢ ᠬᠡᠷᠡᠭᠯᠡᠬᠦ ᠭᠠᠵᠠᠷ ᠢ ᠴᠡᠭᠴᠡᠯᠡᠨ ᠵᠠᠰᠠᠬᠤ ᠠᠵᠢᠯ ᠢ | ᠬᠠᠷᠢᠭᠤᠴᠠᠨ᠎ᠠ᠃ᠲᠤᠰ ᠬᠤᠰᠢᠭᠤᠨ ᠤ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠭᠠᠵᠠᠷ ᠬᠡᠷᠡᠭᠯᠡᠬᠦ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠦᠨᠡᠯᠡᠵᠦ ᠬᠢᠨᠠᠨ ᠰᠢᠯᠭᠠᠬᠤ ᠠᠵᠢᠯ ᠥᠷᠨᠢᠭᠦᠯᠦᠨ᠂ ᠠᠷᠪᠢᠲᠠᠢ | ᠡᠷᠴᠢᠮᠯᠢᠭ ᠬᠡᠷᠡᠭᠯᠡᠬᠦ ᠶᠢ ᠵᠢᠯᠣᠭᠤᠳᠤᠨ᠎ᠠ᠃ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠲᠤᠭ᠎ᠠ ᠪᠦᠷᠢᠳᠬᠡᠯ᠂ ᠡᠬᠢ ᠪᠠᠶᠠᠯᠢᠭ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠪᠠ ᠡᠳ᠋ | ᠬᠥᠷᠥᠩᠭᠡ ᠶᠢᠨ ᠲᠣᠭᠠᠴᠠᠭ᠎ᠠ ᠬᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠠᠷᠠᠳ ᠨᠡᠶᠢᠲᠡ ᠶᠢᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭᠲᠦ ᠶᠢ | ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠢ ᠬᠢᠨᠠᠨ ᠰᠢᠯᠭᠠᠬᠤ ᠪᠠᠷᠢᠮᠵᠢᠶ᠎ᠠ ᠶᠢ ᠲᠣᠭᠲᠠᠭᠠᠨ᠎ᠠ᠃ᠠᠷᠠᠳ ᠨᠡᠶᠢᠲᠡ ᠶᠢᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠤᠪᠢᠶᠠᠷᠢᠯᠠᠨ ᠥᠭᠬᠦ᠂ ᠰᠢᠯᠵᠢᠭᠦᠯᠦᠨ ᠥᠭᠬᠦ᠂ | ᠲᠦᠷᠢᠶᠡᠰᠦᠯᠡᠭᠦᠯᠬᠦ᠂ ᠬᠠᠩᠰᠢᠯᠠᠵᠤ ᠪᠡᠯᠡ ᠭᠠᠷᠭᠠᠬᠤ ᠪᠠ ᠭᠠᠵᠠᠷ ᠰᠢᠷᠣᠢ ᠶᠢᠨ ᠨᠥᠭᠡᠴᠡᠯᠡᠯ ᠤᠨ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ᠬᠤᠰᠢᠭᠤᠨ ᠤ ᠵᠠᠬᠢᠷᠭᠠᠨ᠋ᠠ᠋ᠴᠠ ᠬᠢᠨᠠᠨ | ᠵᠥᠪᠰᠢᠶᠡᠷᠡᠬᠦ ᠲᠣᠭᠲᠠᠯᠴᠠᠭᠠᠨ ᠳᠤ ᠥᠭᠡᠷᠡᠴᠢᠯᠡᠯᠲᠡ ᠬᠢᠬᠦ ᠠᠵᠤ ᠠᠬᠤᠢ ᠶᠢᠨ ᠨᠢᠭᠡᠴᠡ ᠶᠢᠨ ᠲᠥᠷᠥ ᠶᠢᠨ ᠥᠮᠴᠢᠲᠦ | ᠭᠠᠵᠠᠷ ᠰᠢᠷᠦ᠋ᠢᠨ ᠬᠥᠷᠥᠩᠭᠡ ᠶᠢ ᠰᠢᠢᠳᠪᠦᠷᠢᠯᠡᠬᠦ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ | ᠬᠢᠨᠠᠨ ᠰᠢᠯᠭᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠣᠨᠴᠠᠭᠠᠢ ᠬᠠᠮᠠᠭᠠᠯᠠᠬᠤ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠢᠯᠭᠠᠨ | ᠲᠣᠭᠲᠠᠭᠠᠬᠤ᠂ ᠡᠵᠡᠯᠡᠨ ᠬᠡᠷᠡᠭᠯᠡᠬᠦ ᠪᠠ ᠨᠥᠬᠦᠪᠥᠷᠢᠯᠡᠨ ᠬᠤᠪᠢᠶᠠᠷᠢᠯᠠᠬᠤ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ᠲᠠᠷᠢᠶᠠᠨ ᠭᠠᠵᠠᠷ ᠢ ᠡᠵᠡᠯᠡᠬᠦ ᠨᠥᠬᠦᠪᠥᠷᠢ ᠶᠢ ᠲᠡᠩᠴᠡᠭᠦᠯᠦᠨ ᠬᠠᠮᠢᠶᠠᠷᠬᠤ ᠠᠵᠢᠯ ᠢ ᠬᠠᠷᠢᠭᠤᠴᠠᠨ᠎ᠠ | ᠃ᠪᠦᠬᠦ ᠬᠤᠰᠢᠭᠤᠨ ᠤ ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠣᠢ ᠰᠢᠭᠤᠢ ᠶᠢᠨ ᠭᠠᠵᠠᠷ᠂ ᠬᠠᠳᠤᠯᠠᠩ ᠪᠡᠯᠴᠢᠭᠡᠷ᠂ | ᠤᠰᠤᠯᠢᠭ ᠨᠤᠭᠤ ᠭᠠᠵᠠᠷ ᠵᠡᠷᠭᠡ ᠭᠠᠵᠠᠷ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ | ᠯᠤᠭ᠎ᠠ ᠵᠣᠯᠭᠠᠭᠤᠯᠬᠤ ᠶᠢ ᠬᠠᠷᠢᠭᠤᠴᠠᠬᠤ ᠬᠡᠷᠡᠭᠲᠡᠢ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠠᠮᠢ | ᠠᠬᠤᠢ ᠶᠢ ᠰᠡᠷᠭᠦᠭᠡᠬᠦ᠂ ᠲᠠᠷᠢᠶᠠᠨ ᠭᠠᠵᠠᠷ ᠢ ᠨᠥᠬᠦᠪᠥᠷᠢᠯᠡᠬᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠳᠠᠬᠢᠨ ᠬᠠᠭᠠᠯᠪᠤᠷᠢᠯᠠᠬᠤ ᠪᠠ ᠬᠤᠲᠠ ᠶᠢᠨ ᠳᠣᠣᠷ᠎ᠠ ᠦᠷ᠎ᠡ ᠠᠰᠢᠭᠲᠤ ᠬᠡᠷᠡᠭᠯᠡᠬᠦ ᠭᠠᠵᠠᠷ ᠢ ᠡᠮᠬᠢᠯᠡᠵᠦ ᠤᠯᠤᠰ | ᠲᠥᠷᠥ ᠵᠡᠷᠭᠡ ᠲᠥᠷᠥᠯ ᠵᠦᠢᠯ ᠢ ᠬᠡᠷᠡᠭᠵᠢᠭᠦᠯᠵᠦ ᠰᠢᠯᠭᠠᠨ ᠬᠤᠷᠢᠶᠠᠬᠤ ᠠᠵᠢᠯ ᠢ ᠵᠣᠬᠢᠶᠠᠨ ᠪᠠᠶᠢᠭᠤᠯᠬᠤ ᠪᠠ | ᠵᠣᠬᠢᠴᠠᠭᠤᠯᠬᠤ ᠬᠡᠷᠡᠭᠲᠡᠢ᠃ᠬᠤᠰᠢᠭᠤ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ | ᠶᠡᠷᠦᠩᠬᠡᠶᠢᠯᠡᠨ ᠵᠠᠰᠠᠬᠤ( ᠠᠭᠤᠯᠠ᠂ ᠤᠰᠤᠨ ᠴᠣᠭᠴᠠ᠂ ᠣᠢ ᠮᠣᠳᠣᠨ ᠤ ᠭᠠᠵᠠᠷ ᠪᠠ ᠭᠠᠵᠠᠷ ᠰᠢᠷᠣᠢ ᠵᠡᠷᠭᠡ | ᠪᠠᠭᠲᠠᠨ᠎ᠠ )᠂ ᠭᠠᠵᠠᠷ ᠰᠢᠷᠣᠢ ᠶᠢ ᠡᠮᠬᠢᠯᠡᠵᠦ ᠳᠠᠬᠢᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠤᠨ ᠣᠷᠴᠢᠨ | ᠲᠣᠭᠤᠷᠢᠨ ᠢ ᠰᠡᠷᠭᠦᠭᠡᠨ ᠵᠠᠰᠠᠬᠤ ᠪᠠ ᠠᠮᠢ ᠠᠬᠤᠢ ᠶᠢ ᠬᠠᠮᠠᠭᠠᠯᠠᠬᠤ ᠨᠥᠬᠦᠪᠥᠷᠢ ᠥᠭᠬᠦ ᠵᠡᠷᠭᠡ ᠲᠥᠷᠥᠯ ᠵᠦᠢᠯ ᠢ | ᠰᠢᠯᠭᠠᠨ ᠬᠤᠷᠢᠶᠠᠬᠤ ᠠᠵᠢᠯ ᠢ ᠬᠠᠷᠢᠭᠤᠴᠠᠨ᠎ᠠ᠃ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ᠭᠤᠣᠯ | ᠬᠤᠲᠠ ᠲᠣᠭᠤᠷᠢᠭ ᠤᠨ ᠬᠤᠲᠠ ᠶᠢᠨ ᠶᠡᠷᠦᠩᠬᠡᠢ ᠲᠥᠯᠥᠪᠵᠢᠭᠦᠯᠭᠡ᠂ ᠬᠢᠵᠠᠭᠠᠷᠯᠠᠬᠤ ᠴᠢᠨᠠᠷᠲᠠᠢ ᠨᠠᠷᠢᠨ | ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠤᠰᠬᠠᠢ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠭᠰᠠᠨ ᠦᠷ᠎ᠡ ᠪᠦᠲᠦᠭᠡᠯ ᠢ ᠰᠢᠯᠭᠠᠨ ᠠᠪᠬᠤ ᠶᠢ ᠬᠠᠷᠢᠭᠤᠴᠠᠨ᠎ᠠ᠃ᠲᠣᠪᠴᠢᠶ᠎ᠠ ᠶᠢᠨ ᠵᠠᠰᠠᠭ ᠵᠠᠬᠢᠷᠭᠠᠨ ᠤ | ᠵᠥᠪᠰᠢᠶᠡᠷᠡᠯ ᠢ ᠬᠠᠷᠢᠭᠤᠴᠠᠵᠤ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠬᠤᠲᠠ ᠶᠢᠨ ᠶᠠᠪᠤᠳᠠᠯ ᠤᠨ | ᠪᠠᠷᠢᠯᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠬᠢᠨᠠᠨ | ᠬᠠᠷᠭᠤᠭᠤᠯᠬᠤ ᠳᠤ 《 ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠴᠤ ᠲᠥᠯᠥᠪᠵᠢᠭᠦᠯᠭᠡ ᠶᠢ | ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠨᠡᠮᠯᠡᠯ 》 ᠢ ᠬᠢᠨᠠᠨ ᠲᠠᠷᠬᠠᠭᠠᠨ᠎ᠠ᠃ | (ᠲᠠᠪᠤ) ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠠᠮᠢ ᠠᠬᠤᠢ ᠶᠢ ᠰᠡᠷᠭᠦᠭᠡᠬᠦ ᠪᠠ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠠᠭᠠᠯᠠᠬᠤ ᠳᠤ ᠬᠢᠨᠠᠯᠲᠠ ᠲᠠᠯᠪᠢᠬᠤ ᠲᠠᠰᠤᠭ ᠪᠦᠬᠦ | ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ | ᠲᠥᠯᠥᠪᠵᠢᠭᠦᠯᠭᠡ ᠶᠢ ᠲᠣᠭᠲᠠᠭᠠᠨ᠎ᠠ᠃ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠵᠠᠰᠠᠬᠤ᠂ | ᠭᠠᠵᠠᠷ ᠰᠢᠷᠣᠢ ᠶᠢ ᠡᠮᠬᠢᠯᠡᠨ ᠨᠡᠶᠢᠯᠡᠭᠦᠯᠵᠦ ᠳᠠᠬᠢᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠤᠨ ᠣᠷᠴᠢᠨ | ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ᠂ ᠪᠣᠬᠢᠷᠲᠤᠯ ᠢ | ᠵᠠᠰᠠᠵᠤ ᠰᠡᠷᠭᠦᠭᠡᠬᠦ ᠵᠡᠷᠭᠡ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠬᠡᠷᠡᠭᠲᠡᠢ᠃ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠶᠢᠨ ᠳᠦᠷᠢᠮ ᠢ ᠪᠠᠶᠢᠭᠤᠯᠤᠨ ᠬᠡᠷᠡᠭᠵᠢᠭᠦᠯᠦᠨ᠎ᠡ᠃ᠠᠮᠢ ᠠᠬᠤᠢ ᠶᠢ ᠰᠡᠷᠭᠦᠭᠡᠬᠦ | ᠬᠤᠯᠪᠣᠭᠳᠠᠯ ᠪᠦᠬᠦᠢ ᠴᠢᠬᠤᠯᠠ ᠶᠡᠭᠡ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠠᠭᠤᠷᠬᠠᠢ ᠶᠢᠨ | ᠦᠯᠡᠳᠡᠭᠳᠡᠯ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ ᠬᠠᠷᠢᠭᠤᠴᠠᠨ᠎ᠠ᠃ᠪᠣᠬᠢᠷᠲᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ᠪᠦᠬᠦ ᠬᠤᠰᠢᠭᠤᠨ ᠤ ᠠᠭᠤᠷᠬᠠᠢ ᠶᠢᠨ ᠡᠬᠢ ᠪᠠᠶᠠᠯᠢᠭ ᠤᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ ᠬᠡᠷᠡᠭᠵᠢᠭᠦᠯᠦᠨ᠂ ᠠᠭᠤᠷᠬᠠᠢ ᠶᠢᠨ ᠡᠬᠢ ᠪᠠᠶᠠᠯᠢᠭ ᠢ | ᠵᠣᠬᠢᠰᠲᠠᠢ ᠠᠰᠢᠭᠯᠠᠬᠤ ᠪᠠ ᠬᠠᠮᠠᠭᠠᠯᠠᠬᠤ ᠳᠤ ᠬᠢᠨᠠᠯᠲᠠ ᠲᠠᠯᠪᠢᠨ ᠵᠢᠯᠣᠭᠤᠳᠤᠨ᠎ᠠ᠃ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ᠂ ᠳᠠᠩᠰᠠᠯᠠᠭᠤᠯᠬᠤ᠂ ᠲᠡᠮᠳᠡᠭᠯᠡᠬᠦ᠂ ᠲᠤᠭ᠎ᠠ | ᠪᠦᠷᠢᠳᠬᠡᠯ ᠪᠣᠯᠤᠨ ᠮᠡᠳᠡᠭᠡ ᠵᠠᠩᠭᠢ ᠨᠡᠶᠢᠲᠡᠯᠡᠬᠦ ᠵᠢᠴᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠳᠠᠷᠤᠵᠤ | ᠨᠤᠭᠤᠯᠤᠨ ᠪᠣᠳᠬᠠᠵᠢᠭᠤᠯᠬᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠠᠭᠤᠷᠬᠠᠢ ᠶᠢᠨ ᠨᠥᠭᠡᠴᠡ ᠶᠢᠨ ᠬᠥᠳᠡᠯᠦᠩᠭᠦᠢ ᠬᠠᠮᠢᠶᠠᠷᠤᠯᠲᠠ ᠶᠢ ᠵᠢᠯᠣᠭᠤᠳᠤᠨ᠎ᠠ᠃ᠭᠠᠵᠠᠷ ᠤᠨ ᠭᠠᠮᠰᠢᠭ ᠢ ᠬᠢᠨᠠᠨ | ᠬᠡᠮᠵᠢᠬᠦ᠂ ᠰᠡᠷᠭᠡᠶᠢᠯᠡᠬᠦ ᠪᠠ ᠵᠠᠰᠠᠬᠤ ᠠᠵᠢᠯ ᠳᠤ ᠬᠢᠨᠠᠯᠲᠠ ᠲᠠᠯᠪᠢᠨ᠎ᠠ᠃ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ᠭᠠᠵᠠᠷ ᠰᠢᠨᠵᠢᠯᠡᠭᠡᠨ ᠤ | ᠮᠠᠲ᠋ᠧᠷᠢᠶᠠᠯ ᠢ ᠡᠮᠬᠢᠳᠬᠡᠨ ᠲᠤᠰᠢᠶᠠᠬᠤ᠂ ᠬᠠᠳᠠᠭᠠᠯᠠᠨ ᠬᠠᠮᠢᠶᠠᠷᠬᠤ ᠪᠠ ᠠᠰᠢᠭᠯᠠᠬᠤ ᠳᠤ ᠬᠢᠨᠠᠯᠲᠠ ᠲᠠᠯᠪᠢᠵᠤ᠂ | ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠵᠡᠷᠭᠡ ᠭᠠᠵᠠᠷ ᠰᠢᠨᠵᠢᠯᠡᠭᠡᠨ ᠤ ᠦᠯᠡᠳᠡᠭᠳᠡᠯ ᠢ ᠬᠢᠨᠠᠨ ᠬᠠᠮᠢᠶᠠᠷᠤᠨ᠎ᠠ᠃ | ᠪᠦᠬᠦ ᠬᠤᠰᠢᠭᠤᠨ ᠤ ᠭᠠᠵᠠᠷ ᠰᠢᠨᠵᠢᠯᠡᠭᠡᠨ ᠤ ᠠᠵᠢᠯ ᠢ ᠬᠠᠷᠢᠭᠤᠴᠠᠵᠤ᠂ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠭᠰᠡᠨ ᠪᠠᠶᠢᠳᠠᠯ ᠳᠤ | ᠬᠢᠨᠠᠯᠲᠠ ᠲᠠᠯᠪᠢᠵᠤ ᠪᠠᠶᠢᠴᠠᠭᠠᠨ᠎ᠠ᠃ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠠᠮᠢᠶᠠᠷᠬᠤ ᠳᠤ | ᠪᠠᠨ᠃ᠰᠠᠭᠤᠷᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡᠨ ᠤ ᠪᠠᠶᠢᠴᠠᠭᠠᠯᠲᠠ | ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠬᠠᠶᠢᠨ | ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠤᠨ᠎ᠠ᠃ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠨᠡᠭᠡᠭᠡᠨ ᠮᠠᠯᠲᠠᠬᠤ | ᠵᠢᠴᠢ ᠭᠠᠵᠠᠷ ᠤᠨ ᠭᠠᠳᠠᠷᠭᠤ ᠶᠢ ᠳᠣᠷᠣᠭᠰᠢ ᠪᠠᠭᠤᠯᠭᠠᠬᠤ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠳᠤ ᠬᠢᠨᠠᠯᠲᠠ | ᠲᠠᠯᠪᠢᠨ ᠬᠠᠮᠢᠶᠠᠷᠤᠨ᠎ᠠ᠃ ᠪᠦᠬᠦ ᠬᠤᠰᠢᠭᠤᠨ ᠤ ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤ | ᠱᠠᠲᠤᠨ ᠤ ᠡᠷᠬᠡ ᠮᠠᠲᠠᠯ ᠤᠨ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠬᠦ ᠪᠠ ᠬᠢᠨᠠᠨ ᠵᠥᠪᠰᠢᠶᠡᠷᠡᠵᠦ | ᠳᠠᠩᠰᠠᠯᠠᠬᠤ ᠠᠵᠢᠯ ᠢ ᠬᠠᠮᠢᠶᠠᠷᠤᠨ᠎ᠠ᠃ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠬᠢᠨᠠᠨ | ᠵᠥᠪᠰᠢᠶᠡᠷᠡᠵᠦ ᠳᠠᠩᠰᠠᠯᠠᠬᠤ ᠶᠠᠪᠤᠳᠠᠯ ᠢ ᠬᠠᠷᠢᠭᠤᠴᠠᠵᠤ᠂ ᠴᠢᠬᠤᠯᠠ ᠶᠡᠭᠡ ᠡᠷᠬᠡ ᠶᠢᠨ ᠬᠠᠷᠢᠶ᠎ᠠ ᠶᠢᠨ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠬᠡᠷᠡᠭᠲᠡᠢ᠃ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ | ᠣᠨᠴᠠ ᠲᠣᠭᠲᠠᠭᠰᠠᠨ ᠠᠭᠤᠷᠬᠠᠢ ᠶᠢᠨ ᠲᠥᠷᠥᠯ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢ ᠨᠡᠭᠡᠭᠡᠨ ᠮᠠᠯᠲᠠᠬᠤ | ᠶᠡᠷᠦᠩᠬᠡᠢ ᠬᠡᠮᠵᠢᠶ᠎ᠡ ᠶᠢ ᠡᠵᠡᠮᠳᠡᠬᠦ ᠵᠡᠷᠭᠡ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ | ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ | ᠪᠦᠬᠦᠢ ᠠᠶᠤᠯ ᠥᠬᠡᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ ᠶᠢᠨ ᠬᠠᠮᠲᠤ | ᠡᠭᠦᠷᠭᠡᠯᠡᠬᠦ ᠶᠢ ᠬᠠᠷᠢᠭᠤᠴᠠᠨ᠎ᠠ᠃ | ᠠᠯᠪᠠᠯᠠᠬᠤ ᠬᠠᠶ᠋ᠢᠭ᠄ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠰᠢᠨ᠎ᠡ ᠲᠣᠭᠤᠷᠢᠭ | ᠠᠵᠢᠯᠯᠠᠬᠤ ᠴᠠᠭ᠄ 9᠄ 00—12᠄ 00 ;14 : 30 — 18 : 00 ( ᠭᠠᠷᠠᠭ ᠤᠨ ᠨᠢᠭᠡᠨ ᠠᠴᠠ | ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ | ᠪᠠᠭᠲᠠᠬᠤ ᠥᠬᠡᠢ ) | ᠬᠠᠷᠢᠯᠴᠠᠬᠤ ᠠᠷᠭ᠎ᠠ ᠮᠠᠶ᠋ᠢᠭ᠄ 0474 —52024677 | ᠬᠠᠷᠢᠭᠤᠴᠠᠯᠭᠠᠲᠠᠨ᠄ ᠵᠧᠦ ᡁᠢ ᠭᠤᠸᠠᠩ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠤᠪᠢᠳᠠᠨ ᠬᠠᠮᠢᠶᠠᠷᠴᠤ | ᠪᠠᠶᠢᠭ᠎ᠠ ᠤᠳᠤᠷᠢᠳᠤᠯᠭ᠎ᠠ᠄ ᠰᠦ᠋ ᠵᠢᠶᠠᠨ ᠬᠤᠸᠠ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |