ᠳᠥᠷᠪᠡᠳ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ | | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠳᠥᠷᠪᠡᠳ ᠬᠤᠰᠢᠭᠤᠨ ᠤ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠭᠡᠪᠡᠯ᠄ | ( ᠨᠢᠭᠡ ) ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠬᠡᠷᠡᠭᠵᠢᠭᠦᠯᠬᠦ ᠶᠢ ᠬᠠᠷᠢᠭᠤᠴᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ | ᠤᠯᠤᠰ ᠲᠥᠷᠥ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ( ᠬᠤᠶᠠᠷ ) ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠦᠬᠦᠢ | ᠭᠠᠶᠢᠯᠢ ᠶᠢᠨ ᠪᠤᠰᠤ ᠣᠷᠣᠯᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠣᠳᠠᠲᠠᠢ | ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠃ᠤᠯᠤᠰ᠊_ᠠ᠋ᠴᠠ ᠲᠣᠭᠲᠠᠭᠠᠭᠰᠠᠨ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ( ᠭᠤᠷᠪᠠ ) ᠲᠤᠰ ᠨᠢᠭᠡᠴᠡ ᠶᠢᠨ ᠢᠶᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ | ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠤᠷᠲᠤ ᠰᠢᠭ᠋ ᠪᠠ ᠤᠷᠲᠤ ᠬᠤᠭᠤᠴᠠᠭᠠᠨ ᠤ | ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠭᠠᠶᠢᠯᠢ ᠲᠠᠲᠠᠪᠤᠷᠢ᠂ ᠨᠡᠶᠢᠭᠡᠮ ᠤᠨ | ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠲᠥᠰᠥᠪ ᠤᠨ | ᠬᠠᠷᠠᠯᠲᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠬᠠᠤᠯᠢ ᠶᠣᠰᠣᠭᠠᠷ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ᠲᠤᠰ ᠨᠢᠭᠡᠴᠡ ᠶᠢᠨ ᠢᠶᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠠ | ᠭᠠᠶᠢᠯᠢ ᠶᠢᠨ ᠪᠤᠰᠤ ᠣᠷᠣᠯᠭ᠎ᠠ ᠳᠤ ᠬᠤᠯᠪᠣᠭᠳᠠᠬᠤ ᠨᠡᠶᠢᠭᠡᠮᠯᠢᠭ ᠤᠨ ᠨᠢᠭᠡᠳᠦᠯᠲᠡᠢ ᠲᠣᠭᠠᠴᠠᠭ᠎ᠠ ᠬᠢᠬᠦ ᠠᠵᠢᠯ ᠢ | ᠬᠠᠷᠢᠭᠤᠴᠠᠨ᠎ᠠ᠃ᠣᠷᠣᠯᠭ᠎ᠠ ᠶᠢ ᠵᠠᠳᠠᠯᠤᠨ ᠲᠥᠰᠦᠭᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ( ᠳᠥᠷᠪᠡ ) ᠭᠠᠶᠢᠯᠢ ᠲᠠᠲᠠᠪᠤᠷᠢ ᠶᠢᠨ ᠠᠵᠤ ᠠᠬᠤᠢ ᠶᠢᠨ ᠵᠠᠳᠠᠯᠤᠯᠲᠠ ᠪᠠ ᠭᠠᠶᠢᠯᠢ ᠲᠠᠲᠠᠪᠤᠷᠢ ᠶᠢᠨ | ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠢ ᠵᠠᠳᠠᠯᠬᠤ ᠠᠵᠢᠯ ᠢ ᠬᠠᠷᠢᠭᠤᠴᠠᠨ ᠥᠷᠨᠢᠭᠦᠯᠵᠦ᠂ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠪᠠ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠢ᠃ | ( ᠲᠠᠪᠤ ) ᠬᠠᠷᠢᠶ᠎ᠠ ᠣᠷᠣᠨ ᠤ ᠪᠠᠨ ᠳᠣᠲᠣᠷᠠᠬᠢ ᠡᠯ᠎ᠡ ᠵᠦᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ | ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ | ᠬᠠᠮᠢᠶᠠᠷᠬᠤ ᠠᠵᠢᠯ ᠢ ᠬᠠᠷᠢᠭᠤᠴᠠᠨ᠎ᠠ᠃ᠭᠠᠶᠢᠯᠢ ᠰᠦᠢᠳᠬᠡᠯ ᠤᠨ ᠢᠷᠡᠯᠲᠡ ᠶᠢ ᠬᠢᠨᠠᠨ ᠡᠵᠡᠮᠳᠡᠬᠦ ᠪᠠ | ᠲᠦᠭᠰᠢᠭᠦᠷᠢ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠮᠣ ᠠᠵᠤ ᠠᠬᠤᠶᠢᠯᠠᠯ ᠪᠠ | ᠪᠠᠶᠢᠭᠠᠯᠢ ᠬᠥᠮᠦᠨ ᠤ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ( ᠵᠢᠷᠭᠤᠭ᠎ᠠ ) ᠲᠤᠰ ᠨᠢᠭᠡᠴᠡ ᠶᠢᠨ ᠢᠶᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ | ᠪᠣᠯᠤᠨ ᠭᠠᠶᠢᠯᠢ ᠶᠢᠨ ᠪᠤᠰᠤ ᠣᠷᠣᠯᠭ᠎ᠠ ᠶᠢᠨ ᠬᠤᠯᠪᠣᠭᠳᠠᠯ ᠪᠦᠬᠦᠢ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ᠭᠠᠶᠢᠯᠢ ᠲᠤᠰᠢᠶᠠᠬᠤ ᠦᠢᠯᠡᠴᠢᠯᠡᠭᠡ᠂ | ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ᠂ | ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ᠭᠠᠶᠢᠯᠢ ᠲᠠᠲᠠᠪᠤᠷᠢ᠂ | ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠳᠤ | ᠬᠤᠯᠪᠣᠭᠳᠠᠬᠤ ᠵᠠᠰᠠᠭ ᠵᠠᠬᠢᠷᠭᠠᠨ ᠤ ᠰᠢᠳᠬᠡᠯ ᠤᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠ ᠵᠠᠰᠠᠭ ᠵᠠᠬᠢᠷᠭᠠᠨ ᠤ ᠵᠠᠷᠭᠤ ᠶᠢᠨ ᠵᠦᠢᠯᠡᠰ ᠢ ᠡᠭᠦᠷᠭᠡᠯᠡᠨ᠎ᠡ᠃ | ( ᠳᠣᠯᠤᠭ᠎ᠠ ) ᠬᠠᠷᠢᠶ᠎ᠠ ᠣᠷᠣᠨ ᠤ ᠪᠠᠨ ᠳᠣᠲᠣᠷᠠᠬᠢ ᠣᠯᠠᠨ ᠤᠯᠤᠰ ᠤᠨ ᠭᠠᠶᠢᠯᠢ ᠲᠠᠲᠠᠪᠤᠷᠢ ᠪᠣᠯᠤᠨ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ | ᠂ ᠭᠠᠶᠢᠯᠢ ᠠᠴᠠ ᠵᠠᠶᠢᠯᠠᠬᠤ ᠪᠠᠶᠢᠴᠠᠭᠠᠯᠲᠠ ᠪᠠ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠶᠠᠪᠤᠳᠠᠯ ᠢ | ᠵᠣᠬᠢᠶᠠᠨ ᠪᠠᠶᠢᠭᠤᠯᠤᠨ ᠭᠦᠢᠴᠡᠳᠬᠡᠬᠦ ᠬᠡᠷᠡᠭᠲᠡᠢ᠃ | ( ᠨᠠᠢᠮᠠ ) ᠥᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠢ ᠪᠠᠷᠢᠮᠲᠠ᠂ ᠡᠩ ᠤᠨ ᠪᠠᠷᠢᠮᠲᠠ ᠪᠠ ᠪᠤᠰᠤᠳ | ᠡᠯ᠎ᠡ ᠲᠥᠷᠥᠯ ᠤᠨ ᠪᠠᠷᠢᠮᠲᠠ ᠶᠢ ᠬᠠᠮᠢᠶᠠᠷᠬᠤ ᠶᠢ ᠬᠠᠷᠢᠭᠤᠴᠠᠨ᠎ᠠ᠃ᠭᠠᠶᠢᠯᠢ ᠲᠠᠲᠠᠪᠤᠷᠢ᠂ ᠨᠡᠶᠢᠭᠡᠮ ᠤᠨ | ᠳᠠᠭᠠᠳᠬᠠᠯ ᠤᠨ ᠵᠠᠷᠤᠳᠠᠯ ᠪᠣᠯᠤᠨ ᠭᠠᠶᠢᠯᠢ ᠶᠢᠨ ᠪᠤᠰᠤ ᠣᠷᠣᠯᠭ᠎ᠠ ᠶᠢᠨ ᠬᠤᠯᠪᠣᠭᠳᠠᠯ ᠪᠦᠬᠦᠢ ᠪᠢᠯᠧᠲ ᠪᠠᠷᠢᠮᠲᠠ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ | ( ᠶᠢᠰᠣ ) ᠲᠤᠰ ᠨᠢᠭᠡᠴᠡ ᠶᠢᠨ ᠢᠶᠠᠨ ᠡᠯ᠎ᠡ ᠵᠦᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ | ᠵᠠᠷᠤᠳᠠᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠪᠣᠯᠤᠨ ᠲᠤᠭ᠎ᠠ ᠪᠠᠷᠢᠮᠲᠠ ᠶᠢ ᠵᠠᠰᠠᠬᠤ ᠠᠵᠢᠯ ᠢ ᠬᠠᠷᠢᠭᠤᠴᠠᠨ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | ( ᠠᠷᠪᠠ ) ᠲᠤᠰ ᠨᠢᠭᠡᠴᠡ ᠶᠢᠨ ᠢᠶᠠᠨ ᠳᠣᠲᠣᠭᠠᠳᠤ ᠡᠵᠡᠮᠳᠡᠯ ᠤᠨ ᠲᠣᠭᠲᠠᠴᠠ ᠶᠢᠨ ᠪᠠᠶᠢᠭᠤᠯᠤᠯᠲᠠ ᠶᠢᠨ | ᠠᠵᠢᠯ ᠢ ᠬᠠᠷᠢᠭᠤᠴᠠᠵᠤ᠂ ᠲᠤᠰ ᠨᠢᠭᠡᠴᠡ ᠶᠢᠨ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠵᠢᠴᠢ ᠳᠡᠭᠡᠳᠦ ᠱᠠᠲᠤᠨ ᠤ ᠠᠵᠢᠯ ᠤᠨ | ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠭᠦᠢᠴᠡᠳᠬᠡᠬᠦ ᠶᠢ ᠥᠷᠨᠢᠭᠦᠯᠦᠨ᠂ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | (ᠠᠷᠪᠠᠨ ᠨᠢᠭᠡ ) ᠲᠤᠰ ᠨᠢᠭᠡᠴᠡ ᠶᠢᠨ ᠢᠶᠠᠨ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠪᠠ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠤᠳᠤᠷᠢᠳᠬᠤ ᠪᠠᠭ ᠪᠣᠯᠤᠨ ᠪᠡᠯᠡᠳᠬᠡᠯ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠭᠠᠶᠢᠯᠢ ᠶᠢᠨ ᠶᠠᠪᠤᠳᠠᠯ ᠤᠨ ᠴᠢᠳᠠᠪᠤᠷᠢᠲᠠᠨ ᠢ | ᠬᠥᠮᠦᠵᠢᠭᠦᠯᠬᠦ ᠪᠠ ᠺᠠᠳ᠋ᠷ ᠤᠨ ᠬᠥᠮᠦᠵᠢᠯ ᠪᠣᠯᠪᠠᠰᠣᠷᠠᠭᠤᠯᠤᠯ ᠤᠨ ᠠᠵᠢᠯ ᠢ ᠡᠭᠦᠷᠭᠡᠯᠡᠨ᠎ᠡ᠃ᠲᠤᠰ ᠨᠢᠭᠡᠴᠡ ᠶᠢᠨ ᠢᠶᠠᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠣᠯᠤᠨ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ | (ᠠᠷᠪᠠᠨ ᠬᠤᠶᠠᠷ ) ᠲᠤᠰ ᠨᠢᠭᠡᠴᠡ ᠶᠢᠨ ᠢᠶᠠᠨ ᠪᠠᠶᠢᠭᠤᠯᠤᠮᠵᠢ᠂ ᠣᠷᠣᠨ ᠲᠤᠭ᠎ᠠ᠂ ᠵᠠᠷᠤᠳᠠᠯ ᠪᠠ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | (ᠠᠷᠪᠠᠨ ᠭᠤᠷᠪᠠ ) ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠤᠯᠠᠭᠠᠨᠴᠠᠪ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠤᠨ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠠᠶᠢᠯᠪᠤᠷᠢ᠄ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠬᠠᠮᠢᠶ᠎ᠠ ᠪᠦᠬᠦᠢ ᠭᠠᠶᠢᠯᠢ ᠶᠢᠨ | ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ ᠰᠢᠯᠵᠢᠭᠦᠯᠬᠦ | ᠪᠡᠯᠡᠳᠬᠡᠯ ᠠᠵᠢᠯ ᠪᠠᠰᠠ ᠦᠷᠭᠦᠯᠵᠢᠯᠡᠭᠰᠡᠭᠡᠷ ᠪᠣᠢ᠃ | ᠳᠣᠲᠣᠭᠠᠳᠤ ᠪᠠᠶᠢᠭᠤᠯᠤᠮᠵᠢ | ᠠᠯᠪᠠᠨ ᠭᠡᠷ ( ᠨᠠᠮ ᠤᠨ ᠬᠤᠷᠢᠶ᠎ᠠ ᠶᠢᠨ ᠠᠯᠪᠠᠨ ᠭᠡᠷ ) | ᠭᠤᠣᠯ ᠡᠭᠦᠷᠭᠡ ᠬᠠᠷᠢᠭᠤᠴᠠᠯᠭ᠎ᠠ᠄ ᠪᠠᠶ᠋ᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠳᠠᠭᠠᠭᠠᠨ | ᠠᠪᠴᠤ᠂ ᠨᠠᠷᠢᠨ ᠪᠢᠴᠢᠭ ᠤᠨ᠂ ᠮᠡᠳᠡᠭᠡ ᠵᠠᠩᠭᠢ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠤᠷᠠᠯ ᠤᠨ ᠶᠠᠪᠤᠳᠠᠯ | ᠂ ᠵᠠᠬᠢᠳᠠᠯ ᠰᠤᠷᠪᠤᠯᠵᠢᠯᠠᠯ᠂ ᠴᠢᠬᠤᠯᠠ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠭᠦᠢᠴᠡᠳᠬᠡᠬᠦ ᠠᠵᠢᠯ ᠢ ᠳᠠᠭᠠᠭᠠᠨ ᠭᠦᠢᠴᠡᠳᠬᠡᠨ᠎ᠡ ;ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ | ᠲᠣᠭᠠᠨ ᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ ;ᠪᠠᠶᠢᠭᠤᠯᠤᠯᠭ᠎ᠠ ᠶᠢᠨ ᠠᠷᠤ ᠲᠠᠯ᠎ᠠ ᠶᠢᠨ | ᠠᠵᠢᠯ ᠤᠨ ᠶᠠᠪᠤᠳᠠᠯ ᠤᠨ ᠬᠠᠮᠢᠶᠠᠷᠤᠯᠲᠠ ᠵᠢᠴᠢ ᠪᠠᠶᠢᠭᠤᠯᠤᠯᠭ᠎ᠠ ᠶᠢᠨ ᠠᠯᠪᠠᠨ ᠠᠵᠢᠯ ᠤᠨ ᠬᠡᠷᠡᠭᠰᠡᠯ ᠬᠤᠳᠠᠯᠳᠤᠨ | ᠠᠪᠬᠤ ᠶᠢ ᠡᠭᠦᠷᠭᠡᠯᠡᠨ᠎ᠡ᠃ ᠠᠯᠪᠠᠨ ᠭᠡᠷ ᠨᠠᠮ ᠤᠨ ᠬᠤᠷᠢᠶᠠᠨ ᠤ ᠠᠯᠪᠠᠨ ᠭᠡᠷ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠢ ᠬᠠᠷᠢᠭᠤᠴᠠᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯ ᠵᠠᠩ ᡁᠢ ᠫᠧᠩ ᠳᠡᠳ᠋ | ᠲᠣᠪᠴᠢᠶᠠᠨ ᠳᠠᠷᠤᠭ᠎ᠠ ᠪᠣᠯᠤᠨ᠎ᠠ᠃ | ᠬᠠᠷᠢᠯᠴᠠᠬᠤ ᠠᠷᠭ᠎ᠠ ᠮᠠᠶ᠋ᠢᠭ᠄ 0474 —5208922 | ᠬᠠᠤᠯᠢ ᠳᠦᠷᠢᠮ ᠤᠨ ᠲᠠᠰᠤᠭ | ᠭᠤᠣᠯ ᠡᠭᠦᠷᠭᠡ ᠬᠠᠷᠢᠭᠤᠴᠠᠯᠭ᠎ᠠ᠄ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠬᠠᠷᠢᠭᠤᠴᠠᠨ᠎ᠠ ;ᠬᠤᠯᠪᠣᠭᠳᠠᠯ ᠪᠥᠬᠦᠢ ᠭᠠᠶᠢᠯᠢ ᠶᠢᠨ ᠵᠦᠢᠯ᠂ ᠨᠡᠶᠢᠭᠡᠮ ᠤᠨ ᠳᠠᠭᠠᠳᠬᠠᠯ ᠤᠨ | ᠵᠠᠷᠤᠳᠠᠯ ᠪᠠ ᠭᠠᠶᠢᠯᠢ ᠶᠢᠨ ᠪᠤᠰᠤ ᠣᠷᠣᠯᠭ᠎ᠠ ᠶᠢᠨ ᠲᠤᠬᠠᠢ ᠶᠡᠷᠦᠩᠬᠡᠶᠢᠯᠡᠭᠰᠡᠨ ᠴᠢᠨᠠᠷᠲᠠᠢ ᠲᠥᠷᠥ ᠶᠢᠨ | ᠪᠣᠳᠣᠯᠭ᠎ᠠ ᠶᠢᠨ ᠪᠢᠴᠢᠭ ᠮᠠᠲᠧᠷᠢᠶᠠᠯ ᠢ ᠲᠤᠭᠤᠷᠪᠢᠨ ᠪᠢᠴᠢᠨ᠎ᠡ ;ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠬᠠᠤᠯᠢ ᠶᠣᠰᠣᠨ ᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠬᠦ ᠬᠡᠷᠡᠭᠲᠡᠢ ;ᠴᠢᠬᠤᠯᠠ ᠶᠡᠭᠡ ᠬᠠᠤᠯᠢ | ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠵᠢᠯ ᠢ ᠡᠭᠦᠷᠭᠡᠯᠡᠨ᠎ᠡ ;ᠭᠠᠶᠢᠯᠢ | ᠲᠠᠲᠠᠪᠤᠷᠢ ᠶᠢᠨ ᠬᠦᠨᠳᠦ ᠶᠡᠭᠡ ᠬᠡᠷᠡᠭ ᠢ ᠰᠢᠭᠦᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ ; | ᠵᠠᠰᠠᠭ ᠵᠠᠬᠢᠷᠭᠠᠨ ᠤ ᠳᠠᠬᠢᠨ ᠵᠥᠪᠳᠡᠬᠦ᠂ ᠵᠠᠰᠠᠭ ᠵᠠᠬᠢᠷᠭᠠᠨ ᠤ ᠵᠠᠷᠭᠤ ᠬᠢᠬᠦ ᠵᠡᠷᠭᠡ ᠵᠦᠢᠯᠡᠰ ᠢ ᠵᠣᠬᠢᠶᠠᠨ ᠪᠠᠶᠢᠭᠤᠯᠵᠤ | ᠭᠦᠢᠴᠡᠳᠬᠡᠨ᠎ᠡ᠃ | ᠬᠠᠷᠢᠯᠴᠠᠬᠤ ᠠᠷᠭ᠎ᠠ ᠮᠠᠶ᠋ᠢᠭ᠄ 0474 —5200212 | ᠭᠠᠶᠢᠯᠢ ᠶᠢᠨ ᠶᠠᠪᠤᠳᠠᠯ ᠨᠢᠭᠡ ᠲᠠᠰᠤᠭ | ᠭᠤᠣᠯ ᠡᠭᠦᠷᠭᠡ ᠬᠠᠷᠢᠭᠤᠴᠠᠯᠭ᠎ᠠ᠄ ᠥᠷᠲᠡᠭ ᠨᠡᠮᠡᠭᠳᠡᠯ ᠤᠨ ᠭᠠᠶᠢᠯᠢ᠂ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ᠂ ᠬᠡᠷᠡᠭᠯᠡᠭᠡᠨ ᠤ ᠭᠠᠶᠢᠯᠢ᠂ ᠲᠡᠷᠭᠡ | ᠬᠥᠰᠬᠡ ᠬᠤᠳᠠᠯᠳᠤᠨ ᠠᠪᠬᠤ ᠭᠠᠶᠢᠯᠢ ᠵᠡᠷᠭᠡ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢᠨ | ᠠᠵᠢᠯ ᠢ ᠡᠭᠦᠷᠭᠡᠯᠡᠨ᠎ᠡ ;ᠬᠤᠯᠪᠣᠭᠳᠠᠯ ᠪᠥᠬᠦᠢ ᠭᠠᠶᠢᠯᠢ ᠶᠢᠨ ᠲᠥᠷᠥᠯ ᠤᠨ ᠪᠣᠳᠠᠲᠠᠢ ᠲᠤᠬᠠᠶᠢᠯᠠᠭᠰᠠᠨ ᠠᠵᠢᠯ ᠢ | ᠡᠭᠦᠷᠭᠡᠯᠡᠬᠦ ᠠᠰᠠᠭᠤᠳᠠᠯ ᠤᠨ ᠲᠤᠬᠠᠢ ᠲᠠᠶᠢᠯᠪᠤᠷᠢᠯᠠᠯᠲᠠ ᠪᠠ ᠰᠢᠢᠳᠪᠦᠷᠢᠯᠡᠯᠲᠡ ;ᠬᠤᠯᠪᠣᠭᠳᠠᠯ ᠪᠦᠬᠦᠢ ᠭᠠᠶᠢᠯᠢ ᠶᠢᠨ | ᠲᠥᠷᠥᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ | ᠬᠠᠷᠢᠯᠴᠠᠬᠤ ᠠᠷᠭ᠎ᠠ᠄ 0474 —5210181 | ᠭᠠᠶᠢᠯᠢ ᠶᠢᠨ ᠶᠠᠪᠤᠳᠠᠯ ᠤᠨ ᠬᠤᠶᠠᠳᠤᠭᠠᠷ ᠲᠠᠰᠤᠭ | ᠭᠤᠣᠯ ᠡᠭᠦᠷᠭᠡ ᠬᠠᠷᠢᠭᠤᠴᠠᠯᠭ᠎ᠠ᠄ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠢ | ᠬᠡᠷᠡᠭᠯᠡᠬᠦ ᠭᠠᠶᠢᠯᠢ᠂ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠭᠠᠶᠢᠯᠢ᠂ ᠭᠡᠷ᠎ᠡ ᠶᠢᠨ ᠭᠠᠶᠢᠯᠢ᠂ ᠬᠤᠲᠠ ᠶᠢᠨ | ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠲᠡᠮᠳᠡᠭᠲᠦ ᠶᠢᠨ ᠭᠠᠶᠢᠯᠢ᠂ ᠡᠬᠢ ᠪᠠᠶᠠᠯᠢᠭ ᠤᠨ ᠭᠠᠶᠢᠯᠢ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠲᠡᠷᠭᠡ ᠣᠩᠭᠤᠴᠠ ᠶᠢᠨ ᠭᠠᠶᠢᠯᠢ᠂ ᠲᠠᠷᠢᠶᠠᠨ ᠭᠠᠵᠠᠷ ᠢ | ᠡᠵᠡᠯᠡᠨ ᠬᠡᠷᠡᠭᠯᠡᠬᠦ ᠭᠠᠶᠢᠯᠢ ᠪᠠ ᠨᠠᠪᠴᠢᠨ ᠲᠠᠮᠠᠬᠢ ᠶᠢᠨ ᠭᠠᠶᠢᠯᠢ ᠵᠡᠷᠭᠡ ᠶᠢᠨ ᠲᠠᠲᠠᠪᠤᠷᠢᠯᠠᠯᠲᠠ ᠬᠠᠮᠢᠶᠠᠷᠤᠯᠲᠠ ᠶᠢᠨ | ᠠᠵᠢᠯ ᠢ ᠡᠭᠦᠷᠭᠡᠯᠡᠨ᠎ᠡ ;ᠬᠤᠯᠪᠣᠭᠳᠠᠯ ᠪᠥᠬᠦᠢ ᠭᠠᠶᠢᠯᠢ ᠶᠢᠨ ᠲᠥᠷᠥᠯ ᠤᠨ ᠪᠣᠳᠠᠲᠠᠢ ᠲᠤᠬᠠᠶᠢᠯᠠᠭᠰᠠᠨ ᠠᠵᠢᠯ ᠤᠨ | ᠠᠰᠠᠭᠤᠳᠠᠯ ᠢ ᠲᠠᠶᠢᠯᠪᠤᠷᠢᠯᠠᠬᠤ ᠪᠠ ᠰᠢᠢᠳᠪᠦᠷᠢᠯᠡᠬᠦ ᠠᠵᠢᠯ ᠢ ᠬᠠᠷᠢᠭᠤᠴᠠᠨ᠎ᠠ ;ᠬᠤᠯᠪᠣᠭᠳᠠᠯ ᠪᠦᠬᠦᠢ ᠭᠠᠶᠢᠯᠢ ᠶᠢᠨ | ᠲᠥᠷᠥᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ | ᠬᠠᠷᠢᠯᠴᠠᠬᠤ ᠠᠷᠭ᠎ᠠ᠄ 0474 —5210181 ᠨ᠊ | ᠡᠶᠢᠭᠡᠮ ᠤᠨ ᠳᠠᠭᠠᠳᠬᠠᠯ ᠤᠨ ᠵᠠᠷᠤᠳᠠᠯ ᠪᠠ ᠭᠠᠶᠢᠯᠢ ᠶᠢᠨ ᠪᠤᠰᠤ ᠣᠷᠣᠯᠭ᠎ᠠ ᠶᠢᠨ ᠬᠤᠪᠢ | ᠭᠤᠣᠯ ᠡᠭᠦᠷᠭᠡ ᠬᠠᠷᠢᠭᠤᠴᠠᠯᠭ᠎ᠠ᠄ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ᠂ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠦᠢᠳᠬᠡᠯ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ᠂ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ᠂ ᠦᠷᠡᠵᠢᠯ ᠤᠨ ᠳᠠᠭᠠᠳᠬᠠᠯ ᠤᠨ ᠰᠦᠢᠳᠬᠡᠯ ᠵᠡᠷᠭᠡ | ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠰᠣᠶᠣᠯ ᠤᠨ ᠠᠵᠢᠯ ᠦᠢᠯᠡᠰ ᠤᠨ ᠪᠠᠶᠢᠭᠤᠯᠤᠯᠲᠠ ᠶᠢᠨ | ᠰᠦᠢᠳᠬᠡᠯ᠂ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠪᠣᠯᠤᠨ ᠣᠷᠣᠨ ᠨᠤᠲᠤᠭ ᠤᠨ ᠰᠤᠷᠭᠠᠨ ᠬᠥᠮᠦᠵᠢᠯ ᠤᠨ | ᠨᠡᠮᠡᠯᠲᠡ ᠵᠡᠷᠭᠡ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠠᠵᠢᠯ ᠢ | ᠡᠭᠦᠷᠭᠡᠯᠡᠨ᠎ᠡ᠃ | ᠬᠠᠷᠢᠯᠴᠠᠬᠤ ᠠᠷᠭ᠎ᠠ ᠮᠠᠶ᠋ᠢᠭ᠄ 0474 —5203047 | ᠣᠷᠣᠯᠭ᠎ᠠ ᠶᠢᠨ ᠲᠣᠭᠠᠴᠠᠭᠠᠨ ᠤ ᠲᠠᠰᠤᠭ | ᠭᠤᠣᠯ ᠡᠭᠦᠷᠭᠡ ᠬᠠᠷᠢᠭᠤᠴᠠᠯᠭ᠎ᠠ᠄ ᠲᠤᠰ ᠲᠣᠪᠴᠢᠶᠠᠨ ᠤ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ | ᠵᠠᠷᠤᠳᠠᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠤᠷᠲᠤᠪᠲᠤᠷ ᠪᠠ ᠤᠷᠲᠤ | ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ᠂ ᠣᠷᠣᠯᠭ᠎ᠠ ᠶᠢᠨ ᠵᠣᠬᠢᠶᠠᠨ ᠪᠠᠶᠢᠭᠤᠯᠬᠤ | ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠣᠷᠣᠯᠭ᠎ᠠ ᠶᠢ ᠲᠥᠰᠦᠭᠡᠯᠡᠨ ᠵᠠᠳᠠᠯᠬᠤ᠂ | ᠤᠷᠢᠳᠴᠢᠯᠠᠨ ᠰᠡᠷᠡᠮᠵᠢᠯᠡᠭᠦᠯᠵᠦ ᠵᠠᠳᠠᠯᠬᠤ ᠪᠠ ᠣᠷᠣᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠥᠷᠨᠢᠭᠦᠯᠦᠨ᠎ᠡ | ᠃ ᠲᠠᠲᠠᠪᠤᠷᠢᠯᠠᠬᠤ ᠬᠠᠮᠢᠶᠠᠷᠤᠯᠲᠠ ᠶᠢᠨ ᠲᠠᠰᠤᠭ ᠭᠤᠣᠯ ᠡᠭᠦᠷᠭᠡ ᠬᠠᠷᠢᠭᠤᠴᠠᠯᠭ᠎ᠠ᠄ ᠶᠡᠷᠦᠩᠬᠡᠶᠢᠯᠡᠭᠰᠡᠨ ᠴᠢᠨᠠᠷᠲᠠᠢ | ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠡᠭᠦᠷᠭᠡᠯᠡᠨ᠎ᠡ ; | ᠭᠠᠶᠢᠯᠢ ᠶᠢᠨ ᠶᠠᠪᠤᠳᠠᠯ ᠢ ᠳᠠᠩᠰᠠᠯᠠᠬᠤ᠂ ᠭᠠᠶᠢᠯᠢ ᠲᠤᠰᠢᠶᠠᠬᠤ ᠪᠠᠷ ᠮᠡᠳᠡᠭᠦᠯᠬᠦ᠂ ᠡᠩ ᠤᠨ ᠪᠠᠷᠢᠮᠲᠠ ᠶᠢᠨ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ;ᠲᠤᠰ ᠲᠣᠪᠴᠢᠶᠠᠨ ᠤ ᠮᠡᠳᠡᠭᠡ | ᠵᠠᠩᠭᠢᠵᠢᠯᠲᠡ ᠶᠢᠨ ᠪᠠᠶᠢᠭᠤᠯᠤᠯᠲᠠ ᠶᠢ ᠬᠡᠷᠡᠭᠵᠢᠭᠦᠯᠵᠦ᠃ | ᠬᠠᠷᠢᠯᠴᠠᠬᠤ ᠠᠷᠭ᠎ᠠ ᠮᠠᠶ᠋ᠢᠭ᠄ 0474 —52002111 | ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠠᠰᠤᠭ | ᠭᠤᠣᠯ ᠡᠭᠦᠷᠭᠡ ᠬᠠᠷᠢᠭᠤᠴᠠᠯᠭ᠎ᠠ᠄ ᠲᠥᠰᠥᠪ ᠪᠠ ᠲᠥᠰᠥᠪ ᠤᠨ ᠭᠦᠢᠴᠡᠳᠬᠡᠯ᠂ ᠦᠨᠳᠦᠰᠦᠨ ᠪᠦᠲᠦᠭᠡᠨ | ᠪᠠᠶᠢᠭᠤᠯᠤᠯᠲᠠ᠂ ᠨᠢᠭᠲᠡᠯᠠᠨ ᠪᠣᠳᠣᠵᠤ ᠲᠣᠭᠠᠴᠠᠭ᠎ᠠ ᠬᠢᠬᠦ᠂ ᠡᠳ᠋ ᠤᠨ ᠶᠠᠪᠤᠳᠠᠯ ᠤᠨ ᠳᠣᠲᠣᠭᠠᠳᠤ ᠡᠵᠡᠮᠰᠢᠯ ᠪᠠ | ᠲᠣᠭᠲᠠᠮᠠᠯ ᠬᠥᠷᠥᠩᠭᠡ ᠵᠡᠷᠭᠡ ᠠᠵᠢᠯ ᠢ ᠡᠭᠦᠷᠭᠡᠯᠡᠨ᠎ᠡ᠃ | ᠬᠠᠷᠢᠯᠴᠠᠬᠤ ᠠᠷᠭ᠎ᠠ ᠮᠠᠶ᠋ᠢᠭ᠄ 0474 —5200206 | ᠵᠣᠬᠢᠶᠠᠨ ᠪᠠᠶᠢᠭᠤᠯᠬᠤ ᠠᠵᠢᠯᠲᠠᠨ ᠶᠢᠨ ᠶᠠᠪᠤᠳᠠᠯ ᠤᠨ ᠲᠠᠰᠤᠭ | ᠭᠤᠣᠯ ᠡᠭᠦᠷᠭᠡ ᠬᠠᠷᠢᠭᠤᠴᠠᠯᠭ᠎ᠠ᠄ ᠺᠠᠳ᠋ᠷ ᠠᠵᠢᠯᠲᠠᠨ ᠤ ᠳᠦᠷᠢᠮ ᠵᠢᠴᠢ ᠭᠠᠶᠢᠯᠢ ᠶᠢᠨ ᠶᠠᠪᠤᠳᠠᠯ ᠤᠨ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠢ ᠡᠭᠦᠷᠭᠡᠯᠡᠨ᠎ᠡ ; | ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠠᠯᠪᠠᠲᠠᠨ ᠤ ᠬᠠᠮᠢᠶᠠᠷᠤᠯᠲᠠ᠂ ᠺᠠᠳ᠋ᠷ ᠢ ᠬᠢᠨᠠᠨ | ᠰᠢᠯᠭᠠᠬᠤ᠂ ᠴᠠᠯᠢᠩ᠂ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ᠂ ᠲᠤᠰᠬᠠᠢ ᠮᠡᠷᠭᠡᠵᠢᠯ ᠤᠨ ᠲᠤᠰᠢᠶᠠᠯ ᠤᠨ | ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ ;ᠺᠠᠳ᠋ᠷ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ ;ᠲᠤᠰ | ᠲᠣᠪᠴᠢᠶᠠᠨ ᠤ ᠠᠬᠠᠮᠠᠳ ᠺᠠᠳ᠋ᠷ ᠤᠨ ᠦᠢᠯᠡᠴᠢᠯᠡᠭᠡ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠠᠷᠢᠯᠴᠠᠬᠤ ᠠᠷᠭ᠎ᠠ ᠮᠠᠶ᠋ᠢᠭ᠄ 0474 —5202234 | ᠪᠠᠶᠢᠭᠤᠯᠭ᠎ᠠ ᠶᠢᠨ ᠨᠠᠮ ᠤᠨ ᠬᠤᠷᠢᠶ᠎ᠠ ( ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠰᠤᠭ ) | ᠭᠤᠣᠯ ᠡᠭᠦᠷᠭᠡ ᠬᠠᠷᠢᠭᠤᠴᠠᠯᠭ᠎ᠠ᠄ ᠨᠠᠮ ᠪᠠ ᠣᠯᠠᠨ ᠲᠦᠮᠡᠨ ᠤ ᠠᠵᠢᠯ ᠢ ᠡᠭᠦᠷᠭᠡᠯᠡᠵᠦ᠂ ᠨᠠᠮ ᠤᠨ ᠱᠤᠭᠤᠮ | ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠤᠨ ᠬᠡᠷᠡᠭᠵᠢᠭᠦᠯᠦᠨ᠎ᠡ᠃ᠪᠠᠶᠢᠭᠤᠯᠤᠯᠭ᠎ᠠ ᠶᠢᠨ ᠠᠵᠢᠯᠴᠢᠨ ᠤ ᠡᠪᠯᠡᠯ | ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠵᠥᠪᠯᠡᠯ ᠢ ᠵᠣᠬᠢᠴᠠᠭᠤᠯᠤᠨ ᠪᠠᠶᠢᠭᠤᠯᠤᠯᠭ᠎ᠠ ᠶᠢᠨ | ᠣᠯᠠᠨ ᠲᠦᠮᠡᠨ ᠤ ᠪᠦᠯᠬᠦᠮ ᠤᠨ ᠠᠵᠢᠯ ᠢ ᠥᠷᠨᠢᠭᠦᠯᠬᠦ ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠨᠠᠮ ᠤᠨ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠨᠠᠮ ᠤᠨ | ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠡᠭᠦᠷᠭᠡᠯᠡᠬᠦ ᠬᠡᠷᠡᠭᠲᠡᠢ᠃ ᠠᠵᠢᠯᠯᠠᠬᠤ ᠬᠠᠶᠠᠭ᠄ ᠥᠪᠥᠷ ᠮᠣᠩᠭᠤᠯ ᠤᠨ | ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠪᠡᠶ᠎ᠡ ᠶᠢᠨ ᠲᠠᠮᠢᠷ ᠤᠨ ᠵᠡᠭᠦᠨ | ᠵᠠᠮ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠳᠥᠷᠪᠡᠳ ᠬᠤᠰᠢᠭᠤᠨ ᠤ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠡᠮᠦᠨᠡᠲᠦ ᠬᠡᠰᠡᠭ ᠤᠨ ᠠᠯᠪᠠᠯᠠᠬᠤ ᠲᠣᠭᠤᠷᠢᠭ᠃ | ᠬᠠᠷᠢᠯᠴᠠᠬᠤ ᠤᠲᠠᠰᠤ᠄ 0474 —5200216 | ᠲᠣᠮᠢᠯᠠᠭᠰᠠᠨ ᠪᠠᠶᠢᠭᠤᠯᠤᠮᠵᠢ ᠨᠢᠭᠡᠳᠦᠭᠡᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ( ᠭᠠᠶᠢᠯᠢ | ᠭᠦᠢᠴᠡᠳᠬᠡᠬᠦ ᠦᠢᠯᠡᠴᠢᠯᠡᠭᠡᠨ ᠤ ᠲᠢᠩᠬᠢᠮ ) | ᠭᠤᠣᠯ ᠡᠭᠦᠷᠭᠡ ᠬᠠᠷᠢᠭᠤᠴᠠᠯᠭ᠎ᠠ᠄ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ | ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠲᠠᠲᠠᠪᠤᠷᠢᠯᠠᠬᠤ ᠪᠠ ᠦᠢᠯᠡᠴᠢᠯᠡᠬᠦ ᠠᠵᠢᠯ ᠢ | ᠬᠠᠷᠢᠭᠤᠴᠠᠨ᠎ᠠ᠃ | ᠬᠠᠷᠢᠯᠴᠠᠬᠤ ᠤᠲᠠᠰᠤ᠄ 0474 —52057510474 —5212366 | ᠠᠵᠢᠯᠯᠠᠬᠤ ᠬᠠᠶᠠᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠤᠯᠠᠭᠠᠨᠬᠤᠸᠠ | ᠪᠠᠯᠭᠠᠰᠤ ᠶᠢᠨ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠃ | ᠬᠤᠶᠠᠳᠤᠭᠠᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ | ᠭᠤᠣᠯ ᠡᠭᠦᠷᠭᠡ ᠬᠠᠷᠢᠭᠤᠴᠠᠯᠭ᠎ᠠ᠄ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢ ᠲᠥᠪᠯᠡᠷᠡᠭᠦᠯᠦᠨ ᠬᠠᠮᠢᠶᠠᠷᠬᠤ᠂ | ᠲᠦᠭᠰᠢᠭᠦᠷᠢ ᠶᠢ ᠠᠷᠭᠠᠴᠠᠬᠤ ᠪᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠤᠨ | ᠳᠠᠭᠠᠳᠬᠠᠯ ᠤᠨ ᠵᠠᠷᠤᠳᠠᠯ ᠪᠠ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ᠬᠠᠷᠢᠯᠴᠠᠬᠤ ᠤᠲᠠᠰᠤ᠄ 0474 —5200202 | ᠤᠯᠠᠭᠠᠨ ᠬᠤᠸᠠ ᠪᠠᠯᠭᠠᠰᠤᠨ ᠤ ᠭᠠᠶᠢᠯᠢ ᠶᠢᠨ ᠶᠠᠪᠤᠳᠠᠯ ᠤᠨ ᠭᠠᠵᠠᠷ | ᠭᠤᠣᠯ ᠡᠭᠦᠷᠭᠡ ᠬᠠᠷᠢᠭᠤᠴᠠᠯᠭ᠎ᠠ᠄ ᠬᠠᠷᠢᠶ᠎ᠠ ᠣᠷᠣᠨ ᠤ ᠪᠠᠨ ᠳᠣᠲᠣᠷᠠᠬᠢ ᠭᠠᠶᠢᠯᠢ ᠲᠠᠲᠠᠪᠤᠷᠢ ᠵᠢᠴᠢ ᠨᠡᠶᠢᠭᠡᠮ ᠤᠨ | ᠳᠠᠭᠠᠳᠬᠠᠯ ᠤᠨ ᠵᠠᠷᠤᠳᠠᠯ ᠪᠣᠯᠤᠨ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ ᠬᠠᠮᠢᠶᠠᠷᠤᠯᠲᠠ ᠪᠠ | ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ ᠠᠵᠢᠯᠯᠠᠬᠤ ᠬᠠᠶᠠᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ | ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠾᠧ ᠫᠢᠩ ᠵᠠᠮ ᠤᠨ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠳᠥᠷᠪᠡᠳ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | ᠠᠯᠪᠠᠨ ᠠᠰᠠᠷ᠃ | ᠬᠠᠷᠢᠯᠴᠠᠬᠤ ᠤᠲᠠᠰᠤ᠄ 0474 —520026 | ᠳ᠋ᠦᠩ ᠪᠠ ᠬᠤᠣ ᠰᠢᠶᠠᠩ ᠭᠠᠶᠢᠯᠢ ᠶᠢᠨ ᠶᠠᠪᠤᠳᠠᠯ ᠤᠨ ᠭᠠᠵᠠᠷ | ᠭᠤᠣᠯ ᠡᠭᠦᠷᠭᠡ ᠬᠠᠷᠢᠭᠤᠴᠠᠯᠭ᠎ᠠ᠄ ᠬᠠᠷᠢᠶ᠎ᠠ ᠣᠷᠣᠨ ᠤ ᠪᠠᠨ ᠳᠣᠲᠣᠷᠠᠬᠢ ᠭᠠᠶᠢᠯᠢ ᠲᠠᠲᠠᠪᠤᠷᠢ ᠵᠢᠴᠢ ᠨᠡᠶᠢᠭᠡᠮ ᠤᠨ | ᠳᠠᠭᠠᠳᠬᠠᠯ ᠤᠨ ᠵᠠᠷᠤᠳᠠᠯ ᠪᠣᠯᠤᠨ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ ᠬᠠᠮᠢᠶᠠᠷᠤᠯᠲᠠ ᠪᠠ | ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | ᠠᠵᠢᠯᠯᠠᠬᠤ ᠬᠠᠶᠠᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠤᠯᠠᠭᠠᠨ ᠬᠤᠸᠠ | ᠪᠠᠯᠭᠠᠰᠤᠨ ᠤ ᠾᠧ ᠫᠢᠩ ᠵᠠᠮ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠳᠥᠷᠪᠡᠳ | ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠠᠰᠠᠷ᠃ | ᠬᠠᠷᠢᠯᠴᠠᠬᠤ ᠤᠲᠠᠰᠤ᠄ 0474 —5213813 | ᠴᠠᠭᠠᠨᠪᠤᠯᠠᠭ ᠰᠤᠮᠤ ᠶᠢᠨ ᠭᠠᠶᠢᠯᠢ ᠶᠢᠨ ᠶᠠᠪᠤᠳᠠᠯ ᠤᠨ ᠭᠠᠵᠠᠷ | ᠭᠤᠣᠯ ᠡᠭᠦᠷᠭᠡ ᠬᠠᠷᠢᠭᠤᠴᠠᠯᠭ᠎ᠠ᠄ ᠬᠠᠷᠢᠶ᠎ᠠ ᠣᠷᠣᠨ ᠤ ᠪᠠᠨ ᠳᠣᠲᠣᠷᠠᠬᠢ ᠭᠠᠶᠢᠯᠢ ᠲᠠᠲᠠᠪᠤᠷᠢ ᠵᠢᠴᠢ ᠨᠡᠶᠢᠭᠡᠮ ᠤᠨ | ᠳᠠᠭᠠᠳᠬᠠᠯ ᠤᠨ ᠵᠠᠷᠤᠳᠠᠯ ᠪᠣᠯᠤᠨ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ ᠬᠠᠮᠢᠶᠠᠷᠤᠯᠲᠠ ᠪᠠ | ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | ᠠᠵᠢᠯᠯᠠᠬᠤ ᠬᠠᠶᠠᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠤᠯᠠᠭᠠᠨ ᠬᠤᠸᠠ | ᠪᠠᠯᠭᠠᠰᠤᠨ ᠤ ᠾᠧ ᠫᠢᠩ ᠵᠠᠮ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠳᠥᠷᠪᠡᠳ | ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠠᠰᠠᠷ᠃ | ᠬᠠᠷᠢᠯᠴᠠᠬᠤ ᠤᠲᠠᠰᠤ᠄ 0474—5207755 | ᠠᠵᠢᠯ ᠦᠢᠯᠡᠰ ᠤᠨ ᠨᠢᠭᠡᠴᠡ ᠮᠡᠳᠡᠭᠡ ᠵᠠᠩᠭᠢ ᠶᠢᠨ ᠲᠥᠪ | ᠭᠤᠣᠯ ᠡᠭᠦᠷᠭᠡ ᠬᠠᠷᠢᠭᠤᠴᠠᠯᠭ᠎ᠠ᠄ ᠲᠤᠰ ᠨᠢᠭᠡᠴᠡ ᠶᠢᠨ ᠢᠶᠠᠨ ᠮᠡᠳᠡᠭᠡ ᠵᠠᠩᠭᠢᠵᠢᠯ ᠤᠨ ᠪᠦᠲᠦᠭᠡᠨ | ᠪᠠᠶᠢᠭᠤᠯᠤᠯᠲᠠ ᠶᠢᠨ ᠮᠡᠷᠭᠡᠵᠢᠯ ᠤᠨ ᠳᠡᠮᠵᠢᠯᠭᠡ᠂ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ ;ᠭᠠᠶᠢᠯᠢ ᠲᠠᠲᠠᠪᠤᠷᠢ ᠶᠢᠨ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲᠧᠮ ᠤᠨ ᠠᠵᠢᠯᠯᠠᠭᠠᠨ ᠢ ᠬᠠᠮᠠᠭᠠᠯᠠᠬᠤ ᠠᠵᠢᠯ ᠢ ᠡᠭᠦᠷᠭᠡᠯᠡᠨ᠎ᠡ ;ᠲᠤᠰ | ᠨᠢᠭᠡᠴᠡ ᠶᠢᠨ ᠢᠶᠠᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠠᠵᠢᠯᠯᠠᠬᠤ ᠬᠠᠶᠠᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠳᠥᠷᠪᠡᠳ | ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠾᠧ ᠫᠢᠩ ᠵᠠᠮ ᠤᠨ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠶᠢᠨ ᠳᠥᠷᠪᠡᠳ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠠᠰᠠᠷ᠃ | | ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ᠄ 0474 —52027688 | ᠭᠠᠶᠢᠯᠢ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠄ 0474 —52027688 | ᠭᠠᠶᠢᠯᠢ ᠰᠦᠢᠳᠬᠡᠯ ᠤᠨ ᠬᠠᠮᠵᠢᠯᠴᠠᠭᠠᠨ ᠤ ᠲᠤᠰᠬᠠᠢ ᠱᠤᠭᠤᠮ᠄ 0474 —5212366 | ᠵᠢᠵᠢᠭᠦᠷ ᠤᠨ ᠲᠠᠰᠤᠯᠭ᠎ᠠ᠄ 0474 —5200210 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠵᠢᠰᠦᠨ ᠴᠠᠭ ᠪᠣᠯᠲᠠᠯ᠎ᠠ 12᠄ 00 - 18᠄ | 00 ( ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠢ ᠭᠠᠷᠭᠠᠪᠠᠯ ) | ᠪᠠᠶᠢᠭᠤᠯᠭ᠎ᠠ ᠶᠢᠨ ᠬᠠᠶᠢᠭ ᠄ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠾᠧ ᠫᠢᠩ ᠵᠠᠮ ᠤᠨ | ᠳᠥᠷᠪᠡᠳ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ | ᠬᠠᠷᠢᠭᠤᠴᠠᠯᠭᠠᠲᠠᠨ᠄ ᠵᠢᠢ ᠯᠢ ᠪᠢᠶᠣᠤ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |