ᠳᠥᠷᠪᠡᠳ ᠬᠤᠰᠢᠭᠤᠨ ᠤ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ | ᠶᠢᠨ ᠲᠣᠪᠴᠢᠶ᠎ᠠ | | ᠳᠥᠷᠪᠡᠳ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠠᠶᠢᠵᠤ᠂ | ᠵᠢᠩᠬᠢᠨᠢ ᠰᠠᠯᠠᠭᠠᠨ ᠳᠡᠰ ᠤᠨ ᠵᠠᠰᠠᠭ ᠵᠠᠬᠢᠷᠭᠠᠨ ᠤ ᠨᠢᠭᠡᠴᠡ ᠪᠣᠯᠤᠨ᠎ᠠ᠃ ᠳᠣᠲᠣᠭᠠᠳᠤ ᠠᠵᠢᠯ ᠦᠢᠯᠡᠰ ᠤᠨ ᠨᠢᠭᠡᠴᠡ | ᠄ ᠳᠥᠷᠪᠡᠳ ᠬᠤᠰᠢᠭᠤᠨ ᠤ ᠪᠠᠷᠢᠯᠭ᠎ᠠ ᠶᠢᠨ ᠦᠢᠯᠡᠳᠦᠭᠰᠡᠨ ᠦᠨ᠎ᠡ ᠶᠢᠨ ᠦᠢᠯᠡᠴᠢᠯᠡᠭᠡᠨ ᠤ ᠥᠷᠲᠡᠭᠡ᠂ ᠳᠥᠷᠪᠡᠳ | ᠬᠤᠰᠢᠭᠤᠨ ᠤ ᠭᠠᠯ ᠤᠨᠲᠠᠷᠠᠭᠠᠬᠤ ᠪᠠ ᠪᠠᠷᠢᠯᠭ᠎ᠠ ᠶᠢᠨ ᠠᠵᠢᠯ ᠤᠨ ᠮᠡᠷᠭᠡᠵᠢᠯ ᠤᠨ ᠦᠢᠯᠡᠴᠢᠯᠡᠭᠡᠨ ᠤ ᠲᠥᠪ᠂ | ᠳᠥᠷᠪᠡᠳ ᠬᠤᠰᠢᠭᠤᠨ ᠤ ᠭᠠᠵᠠᠷ ᠬᠥᠳᠡᠯᠦᠯᠲᠡ ᠶᠢ ᠲᠥᠰᠦᠭᠡᠯᠡᠬᠦ ᠲᠥᠪ᠂ ᠳᠥᠷᠪᠡᠳ ᠬᠤᠰᠢᠭᠤᠨ ᠤ ᠬᠤᠲᠠ ᠶᠢᠨ | ᠶᠠᠪᠤᠳᠠᠯ ᠤᠨ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ᠂ ᠳᠥᠷᠪᠡᠳ ᠬᠤᠰᠢᠭᠤᠨ ᠤ ᠤᠰᠤ ᠬᠠᠩᠭᠠᠵᠤ | ᠤᠰᠤ ᠲᠠᠲᠠᠷᠠᠭᠤᠯᠬᠤ ᠦᠢᠯᠡᠴᠢᠯᠡᠭᠡᠨ ᠤ ᠲᠥᠪ ;ᠳᠣᠲᠣᠭᠠᠳᠤ ᠳᠠᠭᠠᠨ ᠭᠠᠷᠭᠠᠬᠤ ᠰᠠᠯᠠᠭ᠎ᠠ ᠲᠠᠰᠤᠭ ᠳᠤ᠄ ᠠᠯᠪᠠᠨ ᠭᠡᠷ | ᠂ ᠨᠡᠶᠢᠲᠡ ᠶᠢᠨ ᠦᠢᠯᠡᠰ ᠤᠨ ᠬᠠᠮᠢᠶᠠᠷᠤᠯᠲᠠ ᠶᠢᠨ ᠲᠠᠰᠤᠭ᠂ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠢ ᠶᠢᠨ | ᠬᠠᠮᠢᠶᠠᠷᠤᠯᠲᠠ ᠶᠢᠨ ᠲᠠᠰᠤᠭ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠲᠠᠰᠤᠭ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ ᠪᠣᠯ᠄ | | ( ᠨᠢᠭᠡ ) ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠡᠷᠬᠡ ᠮᠠᠲᠠᠯ ᠤᠨ ᠶᠣᠰᠣᠭᠠᠷ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠳᠤᠷᠠᠳᠴᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠦᠨ᠎ᠡ᠃ | ( ᠬᠤᠶᠠᠷ ) ᠤᠯᠤᠰ᠂ ᠥᠪᠡᠷᠲᠡᠭᠡᠨ ᠵᠠᠰᠠᠬᠤ ᠣᠷᠣᠨ ᠬᠢᠭᠡᠳ ᠤᠯᠠᠭᠠᠨᠴᠠᠪ ᠬᠤᠲᠠ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ | ᠬᠢᠨᠠᠯᠲᠠ ᠲᠠᠯᠪᠢᠨ ᠬᠡᠷᠡᠭᠵᠢᠭᠦᠯᠦᠨ᠎ᠡ᠃ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠣᠷᠣᠨ | ᠨᠤᠲᠤᠭ ᠤᠨ ᠪᠠᠷᠢᠮᠵᠢᠶ᠎ᠠ ;ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠤᠭ᠎ᠠ ᠨᠣᠷᠮ᠎ᠠ ᠶᠢᠨ ᠬᠢᠨᠠᠯᠲᠠ ᠲᠠᠯᠪᠢᠬᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠃ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ | ᠦᠨ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠪᠦᠲᠦᠭᠡᠨ ᠪᠠᠶᠢᠭᠤᠯᠬᠤ ᠪᠠᠷᠢᠮᠵᠢᠶ᠎ᠠ ᠪᠣᠯᠤᠨ | ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠡᠭᠦᠷᠭᠡ ᠲᠤᠰᠢᠶᠠᠯ ᠢ ᠭᠦᠢᠴᠡᠳᠬᠡᠵᠦ | ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ( ᠴᠢᠮᠡᠭᠡ ᠬᠤᠯᠪᠣᠭᠠᠨ ᠤ ᠪᠡᠯᠡᠳᠬᠡᠮᠵᠢ ᠪᠠᠭᠲᠠᠬᠤ ᠥᠬᠡᠢ ) | ᠪᠦᠲᠦᠭᠡᠨ ᠪᠠᠶᠢᠭᠤᠯᠬᠤ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠡᠷᠡᠭᠲᠡᠢ᠃ᠡᠯ᠎ᠡ ᠲᠥᠷᠥᠯ ᠤᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠲᠣᠭᠲᠠᠭᠠᠨ | ᠬᠡᠷᠡᠭᠵᠢᠭᠦᠯᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ | ( ᠭᠤᠷᠪᠠ ) ᠪᠠᠷᠢᠯᠭ᠎ᠠ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠨ ᠬᠠᠮᠢᠶᠠᠷᠴᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ᠳᠡᠭᠡᠳᠦ ᠱᠠᠲᠤᠨ ᠤ ᠪᠠᠷᠢᠯᠭ᠎ᠠ ᠶᠢᠨ | ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢᠨ ᠲᠤᠬᠠᠢ ᠳᠦᠷᠢᠮ ᠲᠣᠭᠲᠠᠭᠠᠯ ᠢ ᠬᠢᠨᠠᠵᠤ ᠬᠡᠷᠡᠭᠵᠢᠭᠦᠯᠦᠨ᠎ᠡ ;ᠭᠡᠷ ᠳᠣᠲᠣᠷᠠᠬᠢ ᠵᠠᠰᠠᠯ ᠴᠢᠮᠡᠭᠯᠡᠯ ᠤᠨ | ᠦᠢᠯᠡᠰ ᠢ ᠬᠠᠮᠢᠶᠠᠷᠬᠤ ᠪᠠ ᠵᠢᠯᠣᠭᠤᠳᠬᠤ᠃ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ | ᠪᠠᠶᠢᠭᠠᠳ ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠤᠷᠰᠢᠯᠴᠠᠭ᠎ᠠ ᠳᠤ | ᠣᠷᠣᠯᠴᠠᠭᠤᠯᠬᠤ ᠬᠡᠷᠡᠭᠲᠡᠢ᠃ | ( ᠳᠥᠷᠪᠡ ) ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠤᠯ ᠥᠬᠡᠢ ᠶᠢᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ᠳᠡᠭᠡᠳᠦ ᠱᠠᠲᠤᠨ ᠤ ᠪᠠᠷᠢᠯᠭ᠎ᠠ ᠶᠢᠨ | ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯ ᠥᠬᠡᠢ ᠦᠢᠯᠡᠳᠪᠦᠷᠢᠯᠡᠯ᠂ ᠠᠶᠤᠩᠭ᠎ᠠ ᠰᠡᠷᠭᠡᠶᠢᠯᠡᠬᠦ ᠲᠣᠨᠣᠭᠯᠠᠯ | ᠪᠣᠯᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ ᠳᠠᠩᠰᠠᠯᠠᠭᠤᠯᠬᠤ ᠲᠤᠬᠠᠢ ᠲᠥᠷᠥ ᠶᠢᠨ | ᠪᠣᠳᠣᠯᠭ᠎ᠠ᠂ ᠳᠦᠷᠢᠮ ᠲᠣᠭᠲᠠᠭᠠᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠪᠦᠬᠦ ᠬᠤᠰᠢᠭᠤᠨ ᠤ ᠭᠠᠯ | ᠤᠨᠲᠠᠷᠠᠭᠠᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ᠂ ᠪᠠᠷᠢᠯᠭ᠎ᠠ | ᠳᠠᠭᠤᠰᠴᠤ ᠰᠢᠯᠭᠠᠨ ᠠᠪᠬᠤ᠂ ᠳᠠᠩᠰᠠᠯᠠᠬᠤ ᠪᠠ ᠳᠠᠩᠰᠠ ᠡᠪᠬᠡᠮᠡᠯ ᠪᠠᠶᠢᠭᠤᠯᠬᠤ ᠠᠵᠢᠯ ᠢ ᠵᠢᠯᠣᠭᠤᠳᠴᠤ᠂ | ᠢᠨᠵᠧᠨᠧᠷᠢᠩ ᠤᠨ ᠶᠠᠰᠤ ᠴᠢᠨᠠᠷ᠂ ᠠᠮᠤᠷ ᠲᠦᠪᠰᠢᠨ ᠤ ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠳᠤ | ᠣᠷᠣᠯᠴᠠᠨ᠎ᠠ ;ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠵᠤ ᠰᠢᠯᠭᠠᠨ ᠠᠪᠬᠤ ᠳᠤ ᠬᠢᠨᠠᠯᠲᠠ ᠲᠠᠯᠪᠢᠨ᠎ᠠ᠃ | ( ᠲᠠᠪᠤ ) ᠬᠤᠲᠠ ᠶᠢᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ ᠪᠠ ᠬᠤᠲᠠ ᠶᠢᠨ | ᠱᠤᠭᠤᠮᠠᠯ ᠤᠨ ᠠᠵᠢᠯ ᠢ ᠵᠢᠯᠣᠭᠤᠳᠤᠨ᠎ᠠ᠃ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ᠪᠠᠯᠭᠠᠰᠤ᠂ ᠲᠣᠰᠬᠤᠨ ᠵᠢᠴᠢ | ᠤᠯᠠᠮᠵᠢᠯᠠᠯᠲᠤ ᠲᠣᠰᠬᠤᠨ᠂ ᠤᠯᠠᠮᠵᠢᠯᠠᠯᠲᠤ ᠪᠠᠷᠢᠯᠭ᠎ᠠ ᠶᠢᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ ᠶᠢᠨ | ᠠᠵᠢᠯ ᠢ ᠵᠢᠯᠣᠭᠤᠳᠤᠨ᠎ᠠ᠃ | ᠵᠢᠷᠭᠤᠭ᠎ᠠ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠶᠠᠪᠤᠳᠠᠯ ᠤᠨ ᠨᠡᠶᠢᠲᠡ ᠶᠢᠨ | ᠬᠡᠷᠡᠭᠯᠡᠭᠡᠨ ᠤ ᠦᠢᠯᠡᠰ ᠤᠨ ᠳᠤᠮᠳᠠ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠬᠡᠷᠡᠭᠲᠡᠢ᠃ᠬᠤᠲᠠ | ᠪᠠᠯᠭᠠᠰᠤ ᠶᠢᠨ ᠤᠰᠤ ᠬᠠᠩᠭᠠᠬᠤ᠂ ᠤᠰᠤ ᠵᠠᠯᠠᠬᠤ᠂ ᠪᠣᠬᠢᠷ ᠤᠰᠤ ᠰᠢᠢᠳᠪᠦᠷᠢᠯᠡᠬᠦ᠂ ᠤᠰᠤᠲᠤᠯ ᠢ ᠰᠡᠷᠭᠡᠶᠢᠯᠡᠨ | ᠦᠶᠡᠷ ᠵᠠᠯᠠᠬᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠢᠯᠴᠢ ᠶᠢᠨ ᠬᠦᠴᠦᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠠᠮᠢᠶᠠᠷᠤᠨ᠎ᠠ᠃ | ( ᠳᠣᠯᠤᠭ᠎ᠠ ) ᠪᠦᠬᠦ ᠬᠤᠰᠢᠭᠤᠨ ᠤ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ ᠬᠢᠨᠠᠯᠲᠠ ᠲᠠᠯᠪᠢᠵᠤ ᠬᠠᠮᠢᠶᠠᠷᠴᠤ᠂ ᠪᠦᠬᠦ ᠬᠤᠰᠢᠭᠤᠨ ᠤ ᠲᠣᠰᠬᠤᠨ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢ ᠳᠦᠷᠢᠮᠵᠢᠭᠦᠯᠬᠦ ᠶᠢ ᠬᠠᠷᠢᠭᠤᠴᠠᠨ᠎ᠠ᠃ᠠᠶᠢᠯ ᠲᠣᠰᠬᠤᠨ ᠪᠠ ᠵᠢᠵᠢᠭ ᠬᠤᠲᠠ ᠪᠠᠯᠭᠠᠰᠤ ᠶᠢ | ᠪᠦᠲᠦᠭᠡᠨ ᠪᠠᠶᠢᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠲᠤᠬᠠᠢ ᠵᠢᠯᠣᠭᠤᠳᠬᠤ ᠰᠠᠨᠠᠯ ᠢ ᠲᠤᠭᠤᠷᠪᠢᠨ | ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ;ᠬᠥᠳᠡᠭᠡ ᠲᠣᠰᠬᠤᠨ ᠤ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠪᠠ ᠠᠮᠤᠷ ᠲᠦᠪᠰᠢᠨ ᠠᠶᠤᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ | ᠬᠠᠷᠢᠭᠤᠴᠠᠵᠤ᠂ ᠪᠦᠬᠦ ᠬᠤᠰᠢᠭᠤᠨ ᠤ ᠲᠣᠰᠬᠤᠨ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠵᠢᠴᠢ ᠪᠠᠭ᠎ᠠ ᠬᠤᠲᠠ ᠪᠠᠯᠭᠠᠰᠤ ᠪᠠ ᠠᠶᠢᠯ ᠲᠣᠰᠬᠤᠨ ᠤ ᠣᠷᠣᠰᠢᠨ | ᠰᠠᠭᠤᠬᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠢ ᠵᠢᠯᠣᠭᠤᠳᠤᠨ᠎ᠠ᠃ | ( ᠨᠠᠢᠮᠠ ) ᠪᠦᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠪᠠ ᠵᠥᠪᠰᠢᠶᠡᠷᠡᠭᠰᠡᠨ ᠤ ᠳᠠᠷᠠᠭᠠᠬᠢ ᠬᠠᠮᠢᠶᠠᠷᠤᠯᠲᠠ ᠶᠢ ᠬᠠᠷᠢᠭᠤᠴᠠᠨ᠎ᠠ᠃ | ( ᠶᠢᠰᠤ ) ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ | ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ | ᠤᠬᠠᠮᠰᠠᠷ ᠤᠨ ᠬᠡᠯᠪᠡᠷᠢ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠲᠣᠭᠲᠠᠭᠤᠨ ᠪᠠᠶᠢᠳᠠᠯ ᠢ | ᠬᠠᠮᠠᠭᠠᠯᠠᠬᠤ ᠵᠠᠬᠢᠳᠠᠯ ᠰᠤᠷᠪᠤᠯᠵᠢᠯᠠᠯ᠂ ᠢᠳᠡᠭᠡᠨ ᠤ ᠠᠶᠤᠯ ᠥᠬᠡᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ | ( ᠠᠷᠪᠠ ) ᠭᠠᠵᠠᠷ ᠬᠥᠳᠡᠯᠦᠯᠲᠡ᠊_ᠡᠴᠡ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠷᠭᠡᠵᠢᠯ ᠤᠨ ᠳᠡᠮᠵᠢᠯᠭᠡ | ᠪᠣᠯᠤᠨ ᠦᠢᠯᠡᠴᠢᠯᠡᠭᠡᠨ ᠢ ᠪᠠᠲᠤᠯᠠᠬᠤ ᠠᠵᠢᠯ ᠢ ᠡᠭᠦᠷᠭᠡᠯᠡᠨ᠎ᠡ᠃ | ( ᠠᠷᠪᠠᠨ ᠨᠢᠭᠡ ) ᠬᠤᠰᠢᠭᠤᠨ ᠤ ᠴᠡᠴᠡᠷᠯᠢᠭ ᠤᠨ ᠦᠢᠯᠡᠴᠢᠯᠡᠭᠡᠨ ᠤ ᠲᠥᠪ᠂ ᠬᠤᠰᠢᠭᠤᠨ ᠤ ᠣᠷᠣᠨ | ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ( ᠠᠷᠪᠠᠨ ᠬᠤᠶᠠᠷ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ( ᠨᠢᠭᠡ ) ᠠᠯᠪᠠᠨ ᠭᠡᠷ ᠲᠤᠰ ᠰᠠᠯᠠᠭ᠎ᠠ ᠮᠥᠴᠢᠷ ᠤᠨ ᠢᠶᠠᠨ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠤᠨ ᠬᠠᠤᠯᠢ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠬᠤ᠂ ᠮᠡᠳᠡᠭᠦᠯᠦᠨ ᠳᠠᠩᠰᠠᠯᠠᠭᠤᠯᠬᠤ ᠠᠵᠢᠯ ᠢ | ᠬᠠᠷᠢᠭᠤᠴᠠᠨ᠎ᠠ᠃ᠪᠠᠶᠢᠭᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠢ ᠬᠠᠷᠢᠭᠤᠴᠠᠨ᠎ᠠ ;ᠴᠢᠬᠤᠯᠠ ᠨᠢᠭᠤᠴᠠ ᠶᠢ | ᠬᠠᠮᠠᠭᠠᠯᠠᠬᠤ᠂ ᠮᠡᠳᠡᠭᠡ ᠵᠠᠩᠭᠢ ᠶᠢᠨ ᠤᠬᠠᠭᠤᠯᠭ᠎ᠠ᠂ ᠵᠠᠬᠢᠳᠠᠯ ᠰᠤᠷᠪᠤᠯᠵᠢᠯᠠᠯ ᠤᠨ ᠶᠡᠷᠦᠩᠬᠡᠶᠢᠯᠡᠨ ᠵᠠᠰᠠᠬᠤ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠷᠤ ᠲᠠᠯ᠎ᠠ ᠶᠢᠨ ᠠᠵᠢᠯ ᠤᠨ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ | ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠺᠠᠳ᠋ᠷ ᠤᠨ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ | ᠲᠤᠭ᠎ᠠ᠂ ᠬᠥᠳᠡᠯᠮᠦᠷᠢ ᠴᠠᠯᠢᠩ᠂ ᠮᠡᠷᠭᠡᠵᠢᠯ ᠤᠨ ᠴᠣᠯᠠ ᠶᠢᠨ ᠬᠠᠮᠢᠶᠠᠷᠤᠯᠲᠠ᠂ ᠬᠥᠮᠦᠵᠢᠯ ᠪᠣᠯᠪᠠᠰᠣᠷᠠᠭᠤᠯᠤᠯ ᠵᠡᠷᠭᠡ | ᠠᠵᠢᠯ ᠢ ᠬᠠᠷᠢᠭᠤᠴᠠᠨ᠎ᠠ᠃ᠬᠠᠷᠢᠶ᠎ᠠ ᠪᠦᠬᠦᠢ ᠨᠢᠭᠡᠴᠡ ᠶᠢᠨ ᠢᠶᠠᠨ ᠪᠠᠶᠢᠭᠤᠯᠤᠯᠭ᠎ᠠ ᠶᠢᠨ ᠠᠵᠢᠯᠠ᠋ᠴᠠ ᠪᠠᠨ ᠠᠮᠠᠷᠠᠭᠰᠠᠳ | ᠪᠠᠭᠤᠭᠰᠠᠳ ᠤᠨ ᠠᠵᠢᠯ ᠢ ᠬᠠᠷᠢᠭᠤᠴᠠᠨ᠎ᠠ᠃ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠡᠭᠦᠷᠭᠡᠯᠡᠨ᠎ᠡ᠃ᠡᠷᠬᠡ ᠲᠡᠭᠰᠢ | ᠥᠷᠢᠰᠦᠯᠳᠦᠭᠡᠨ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ | ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ᠪᠦᠬᠦ ᠬᠤᠰᠢᠭᠤᠨ ᠤ ᠠᠵᠢᠯ ᠲᠥᠷᠥᠯ ᠤᠨ ᠬᠠᠤᠯᠢ ᠪᠠᠷ ᠵᠠᠰᠠᠬᠤ | ᠵᠠᠰᠠᠭ ᠤᠨ ᠣᠷᠳᠣᠨ ᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ᠠᠵᠢᠯ ᠲᠥᠷᠥᠯ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ᠪᠦᠬᠦ | ᠬᠤᠰᠢᠭᠤᠨ ᠤ ᠠᠵᠢᠯ ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠵᠢᠯᠣᠭᠤᠳᠤᠨ᠎ᠠ᠃ᠪᠠᠶᠢᠭᠤᠯᠤᠯᠭ᠎ᠠ ᠪᠣᠯᠤᠨ | ᠬᠠᠷᠢᠶ᠎ᠠ ᠨᠢᠭᠡᠴᠡ ᠶᠢᠨ ᠨᠠᠮ ᠣᠯᠠᠨ ᠲᠦᠮᠡᠨ ᠤ ᠠᠵᠢᠯ ᠢ ᠬᠠᠷᠢᠭᠤᠴᠠᠨ᠎ᠠ᠃ᠦᠵᠡᠯ ᠤᠬᠠᠮᠰᠠᠷ ᠤᠨ ᠬᠡᠯᠪᠡᠷᠢ᠂ | ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ | ᠠᠵᠢᠯ ᠢ ᠬᠠᠷᠢᠭᠤᠴᠠᠨ᠎ᠠ᠃ᠲᠤᠰ ᠲᠣᠪᠴᠢᠶᠠᠨ ᠤ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠡᠯ᠎ᠡ ᠵᠦᠢᠯ ᠤᠨ | ᠪᠡᠯᠡ ᠮᠥᠩᠭᠦ ᠶᠢ ᠬᠠᠷᠢᠭᠤᠴᠠᠨ᠎ᠠ᠃ᠣᠨ ᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠨᠠᠶᠢᠳᠠᠪᠤᠷᠢᠵᠢᠭᠤᠯᠬᠤ ᠬᠡᠷᠡᠭᠲᠡᠢ᠃ᠬᠤᠯᠪᠣᠭᠳᠠᠯ ᠪᠦᠬᠦᠢ ᠡᠳ᠋ ᠤᠨ | ᠶᠠᠪᠤᠳᠠᠯ ᠤᠨ ᠨᠢᠭᠲᠡᠯᠠᠨ ᠪᠣᠳᠣᠬᠤ ᠳᠦᠷᠢᠮ ᠢ ᠬᠡᠷᠡᠭᠵᠢᠭᠦᠯᠦᠨ᠎ᠡ᠃ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ | ᠬᠠᠷᠢᠭᠤᠴᠠᠨ᠎ᠠ ;ᠲᠣᠪᠴᠢᠶᠠᠨ ᠤ ᠪᠠᠶᠢᠭᠤᠯᠭ᠎ᠠ ᠪᠣᠯᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠡᠯ᠎ᠡ | ᠲᠥᠷᠥᠯ ᠤᠨ ᠳᠠᠭᠠᠳᠬᠠᠯ ᠪᠣᠯᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ | ᠵᠠᠷᠤᠳᠠᠯ ᠢ ᠬᠤᠷᠢᠶᠠᠬᠤ ᠬᠠᠮᠢᠶᠠᠷᠬᠤ ᠪᠠ ᠴᠠᠯᠢᠩ ᠢ ᠴᠠᠭ ᠲᠤᠬᠠᠢ ᠳᠤᠨᠢ ᠥᠭᠬᠦ ᠶᠢ ᠬᠠᠷᠢᠭᠤᠴᠠᠨ᠎ᠠ ;ᠬᠠᠷᠢᠶ᠎ᠠ ᠠᠵᠢᠯ | ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ ᠬᠢᠨᠠᠯᠲᠠ ᠲᠠᠯᠪᠢᠨ᠎ᠠ᠃ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ 《 ᠳᠠᠩᠰᠠ ᠡᠪᠬᠡᠮᠡᠯ ᠤᠨ ᠬᠠᠤᠯᠢ 》 ᠶᠢ ᠲᠤᠤᠱᠯᠠᠭᠤᠯᠤᠨ | ᠬᠡᠷᠡᠭᠵᠢᠭᠦᠯᠵᠦ᠂ ᠪᠦᠬᠦ ᠬᠤᠰᠢᠭᠤᠨ ᠤ ᠬᠤᠲᠠ ᠶᠢᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠤᠬᠠᠭᠤᠯᠭ᠎ᠠ | ᠵᠢᠴᠢ ᠳᠠᠩᠰᠠ ᠡᠪᠬᠡᠮᠡᠯ ᠤᠨ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ | ᠬᠢᠨᠠᠯᠲᠠ ᠲᠠᠯᠪᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ᠭᠡᠷ ᠲᠤᠨᠢ ᠬᠠᠳᠠᠭᠠᠯᠠᠭᠰᠠᠨ ᠳᠠᠩᠰᠠ ᠡᠪᠬᠡᠮᠡᠯ ᠢ | ᠬᠠᠳᠠᠭᠠᠯᠠᠬᠤ᠂ ᠡᠮᠬᠢᠯᠡᠬᠦ᠂ ᠳᠠᠩᠰᠠ ᠡᠪᠬᠡᠮᠡᠯ ᠳᠤ ᠣᠷᠣᠭᠤᠯᠬᠤ᠂ ᠳᠠᠩᠰᠠ ᠡᠪᠬᠡᠮᠡᠯ ᠳᠤ ᠣᠷᠣᠭᠤᠯᠬᠤ ᠵᠢᠴᠢ | ᠬᠠᠳᠠᠭᠠᠯᠠᠬᠤ᠂ ᠠᠰᠢᠭᠯᠠᠬᠤ᠂ ᠬᠢᠨᠠᠨ ᠲᠣᠭᠲᠠᠭᠠᠬᠤ᠂ ᠪᠦᠷᠢᠳᠬᠡᠬᠦ᠂ ᠤᠰᠠᠳᠬᠠᠬᠤ ᠪᠠ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠳᠠᠩᠰᠠ ᠡᠪᠬᠡᠮᠡᠯ ᠤᠨ ᠬᠥᠮᠥᠷᠭᠡ ᠶᠢᠨ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠢ᠃ᠲᠣᠪᠴᠢᠶᠠᠨ ᠤ ᠪᠠᠶᠢᠭᠤᠯᠤᠯᠭ᠎ᠠ ᠶᠢᠨ ᠠᠦᠲ᠋ᠣᠮᠠᠳ᠋ᠴᠢᠯᠠᠭᠰᠠᠨ ᠠᠯᠪᠠᠯᠠᠬᠤ᠂ ᠰᠦᠯᠵᠢᠶᠡᠨ ᠤ | ᠮᠡᠳᠡᠭᠡ ᠵᠠᠩᠭᠢ ᠶᠢᠨ ᠠᠮᠤᠷ ᠲᠦᠪᠰᠢᠨ᠂ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ᠎ᠠ᠃ | (ᠬᠤᠶᠠᠷ) ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠠᠮᠢᠶᠠᠷᠤᠯᠲᠠ ᠶᠢᠨ ᠲᠠᠰᠤᠭ ᠬᠤᠲᠠ | ᠪᠠᠯᠭᠠᠰᠤᠨ ᠤ ᠤᠰᠤ ᠬᠠᠩᠭᠠᠵᠤ ᠤᠰᠤ ᠲᠠᠲᠠᠷᠠᠭᠤᠯᠬᠤ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ | ᠵᠢᠯᠣᠭᠤᠳᠤᠨ᠎ᠠ᠃ᠬᠤᠲᠠ ᠪᠠᠯᠭᠠᠰᠤᠨ ᠤ ᠵᠠᠮ ᠬᠥᠭᠦᠷᠭᠡ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ | ᠬᠤᠩᠭᠢᠯ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠪᠠᠯᠭᠠᠰᠤᠨ ᠤ ᠲᠣᠭᠤᠷᠢᠯ ᠵᠠᠮ ᠤᠨ | ᠵᠠᠮ ᠬᠠᠷᠢᠯᠴᠠᠭᠠᠨ ᠤ ᠵᠦᠢᠯᠡᠰ ᠤᠨ ᠡᠮᠦᠨᠡᠬᠢ ᠬᠤᠭᠤᠴᠠᠭᠠᠨ ᠤ ᠠᠵᠢᠯ ᠢ ᠵᠢᠯᠣᠭᠤᠳᠤᠨ᠎ᠠ ;ᠬᠤᠲᠠ ᠪᠠᠯᠭᠠᠰᠤ ᠶᠢ | ᠵᠠᠰᠠᠵᠤ ᠨᠥᠬᠦᠪᠥᠷᠢᠯᠡᠬᠦ ᠪᠠ ᠠᠮᠢ ᠠᠬᠤᠢ ᠶᠢ ᠰᠡᠷᠭᠦᠭᠡᠨ ᠰᠠᠶᠢᠵᠢᠷᠠᠭᠤᠯᠬᠤ ᠠᠵᠢᠯ ᠢ ᠵᠢᠯᠣᠭᠤᠳᠤᠨ᠎ᠠ ;ᠪᠦᠬᠦ | ᠬᠤᠰᠢᠭᠤᠨ ᠤ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠢᠯᠴᠢ ᠬᠠᠩᠭᠠᠬᠤ᠂ ᠤᠰᠤ ᠬᠠᠩᠭᠠᠬᠤ ᠠᠵᠢᠯᠯᠠᠭᠠᠨ ᠤ | ᠠᠶᠤᠯ ᠥᠬᠡᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ᠪᠦᠬᠦ ᠬᠤᠰᠢᠭᠤᠨ ᠤ ᠲᠡᠦᠬᠡ ᠰᠣᠶᠣᠯ ᠤᠨ ᠨᠡᠷᠡᠲᠦ | ᠬᠤᠲᠠ ᠶᠢ ᠭᠤᠶᠤᠴᠢᠯᠠᠨ ᠮᠡᠳᠡᠭᠦᠯᠬᠦ ᠪᠠ ᠬᠤᠲᠠ ᠪᠠᠯᠭᠠᠰᠤᠨ ᠤ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ | ᠠᠰᠢᠭᠯᠠᠬᠤ᠂ ᠬᠤᠲᠠ ᠪᠠᠯᠭᠠᠰᠤᠨ ᠤ ᠱᠤᠭᠤᠮᠠᠯ ᠢ ᠵᠢᠯᠣᠭᠤᠳᠤᠨ᠎ᠠ ;ᠪᠠᠷᠢᠯᠭ᠎ᠠ ᠶᠢᠨ ᠡᠨᠧᠷᠭᠢ ᠠᠷᠪᠢᠯᠠᠬᠤ᠂ | ᠪᠣᠬᠢᠷᠲᠤᠯ ᠥᠬᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠥᠷᠥ ᠶᠢᠨ ᠪᠣᠳᠣᠯᠭ᠎ᠠ ᠵᠢᠴᠢ | ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ ;ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠠᠵᠢᠯ ᠢ ᠵᠢᠯᠣᠭᠤᠳᠤᠨ᠎ᠠ ; | ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ;ᠪᠣᠬᠢᠷᠲᠤᠯ | ᠥᠬᠡᠢ ᠪᠠᠷᠢᠯᠭ᠎ᠠ᠂ ᠪᠣᠬᠢᠷᠲᠤᠯ ᠥᠬᠡᠢ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ᠳᠠᠬᠢᠨ | ᠡᠭᠦᠰᠴᠦ ᠪᠣᠯᠬᠤ ᠡᠨᠧᠷᠭᠢ ᠶᠢ ᠳᠡᠯᠭᠡᠷᠡᠭᠦᠯᠦᠨ ᠬᠡᠷᠡᠭᠯᠡᠬᠦ᠂ ᠬᠥᠭᠵᠢᠭᠦᠯᠬᠦ ᠶᠢ ᠵᠢᠯᠣᠭᠤᠳᠤᠨ᠎ᠠ ;ᠬᠠᠮᠵᠢᠯᠴᠠᠨ ᠡᠨᠧᠷᠭᠢ | ᠠᠷᠪᠢᠯᠠᠬᠤ ᠲᠤᠰᠬᠠᠢ ᠪᠡᠯᠡ ᠮᠥᠩᠭᠦ ᠲᠣᠬᠢᠷᠠᠭᠤᠯᠬᠤ ;ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠬᠢᠭᠡᠳ ᠦᠷ᠎ᠡ ᠪᠦᠲᠦᠭᠡᠯ ᠤᠨ ᠬᠤᠪᠢᠷᠠᠭᠤᠯᠤᠯᠲᠠ ᠪᠠ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ | ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ ;ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠬᠠᠮᠲᠤᠷᠠᠨ | ᠠᠵᠢᠯᠯᠠᠬᠤ᠂ ᠣᠷᠣᠭᠤᠯᠵᠤ ᠢᠷᠡᠬᠦ ᠪᠠ ᠰᠢᠨ᠎ᠡ ᠶᠢ ᠡᠭᠦᠳᠬᠦ ᠠᠵᠢᠯ ᠢ ᠵᠣᠬᠢᠶᠠᠨ ᠪᠠᠶᠢᠭᠤᠯᠤᠨ᠎ᠠ ;ᠬᠤᠰᠢᠭᠤᠨ ᠤ | ᠳᠣᠲᠣᠷᠠᠬᠢ ᠭᠤᠣᠯᠳᠠᠯᠭ᠎ᠠ ᠲᠠᠢ ᠪᠠᠷᠢᠯᠭ᠎ᠠ ᠶᠢᠨ ᠲᠥᠷᠥᠯ ᠵᠦᠢᠯ ᠤᠨ ᠲᠥᠯᠥᠪᠯᠡᠭᠡ ᠬᠤᠷᠢᠶᠠᠬᠤ᠂ ᠪᠠᠶᠢᠭᠤᠯᠬᠤ | ᠲᠥᠷᠥᠯ ᠵᠦᠢᠯ ᠢ ᠤᠷᠢᠳᠴᠢᠯᠠᠨ ᠪᠦᠷᠢᠳᠬᠡᠬᠦ ᠪᠠ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ | ( ᠭᠤᠷᠪᠠ ) ᠪᠠᠷᠢᠯᠭ᠎ᠠ ᠶᠢᠨ ᠶᠠᠰᠤ ᠴᠢᠨᠠᠷ ᠤᠨ ᠠᠶᠤᠯ ᠥᠬᠡᠢ ᠶᠢᠨ ᠬᠠᠮᠢᠶᠠᠷᠤᠯᠲᠠ ᠶᠢᠨ ᠲᠠᠰᠤᠭ | ᠪᠠᠷᠢᠯᠭ᠎ᠠ ᠶᠢᠨ ᠠᠵᠢᠯ ᠤᠨ ᠮᠡᠳᠡᠭᠦᠯᠦᠨ ᠪᠠᠶᠢᠭᠤᠯᠬᠤ ᠶᠢ ᠬᠦᠯᠢᠶᠡᠨ ᠠᠪᠴᠤ ᠰᠢᠢᠳᠪᠦᠷᠢᠯᠡᠬᠦ ;ᠪᠠᠷᠢᠯᠭ᠎ᠠ ᠶᠢᠨ | ᠵᠢᠷᠤᠭ ᠢ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠷᠢᠯᠭ᠎ᠠ ᠳᠠᠭᠤᠰᠴᠤ ᠰᠢᠯᠭᠠᠨ ᠠᠪᠬᠤ | ᠵᠢᠴᠢ ᠳᠠᠩᠰᠠᠯᠠᠬᠤ ᠶᠢ ᠵᠢᠯᠣᠭᠤᠳᠴᠤ ᠬᠢᠨᠠᠯᠲᠠ ᠲᠠᠯᠪᠢᠨ᠎ᠠ ;ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠶᠣᠰᠣᠭᠠᠷ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠳᠠᠩᠰᠠᠯᠠᠨ ᠬᠠᠮᠢᠶᠠᠷᠤᠨ᠎ᠠ ; | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠭᠠᠯ ᠤᠨᠲᠠᠷᠠᠭᠠᠬᠤ ᠶᠢᠨ ᠰᠢᠯᠭᠠᠨ ᠠᠪᠬᠤ | ᠭᠤᠶᠤᠴᠢᠯᠠᠯ ᠪᠠ ᠳᠠᠩᠰᠠᠯᠠᠭᠤᠯᠬᠤ ᠠᠵᠢᠯ ᠢ ᠬᠠᠷᠢᠭᠤᠴᠠᠨ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ᠪᠦᠬᠦ | ᠬᠤᠰᠢᠭᠤᠨ ᠤ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠬᠠᠷᠢᠭᠤᠴᠠᠵᠤ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠭᠠᠷ ᠭᠦᠢᠴᠡᠳᠬᠡᠯ ᠢ ᠬᠢᠨᠠᠨ ᠪᠠᠶᠢᠴᠠᠭᠠᠵᠤ᠂ ᠪᠠᠷᠢᠯᠭ᠎ᠠ ᠡᠬᠢᠯᠡᠭᠦᠯᠬᠦ | ᠲᠥᠷᠥᠯ ᠵᠦᠢᠯ ᠤᠨ ᠭᠠᠷ ᠭᠦᠢᠴᠡᠳᠬᠡᠯ ᠪᠦᠷᠢᠨ ᠭᠦᠢᠴᠡᠳ ᠪᠠᠶᠢᠬᠤ ᠶᠢ ᠪᠠᠲᠤᠯᠠᠵᠤ᠂ ᠪᠠᠷᠢᠯᠭ᠎ᠠ ᠶᠢᠨ ᠬᠦᠷᠢᠶ᠎ᠡ | ᠬᠡᠪᠴᠢᠶᠡᠨ ᠳᠠᠬᠢ ᠳᠣᠪᠤᠶᠢᠮ᠎ᠠ ᠠᠰᠠᠭᠤᠳᠠᠯ ᠢ ᠡᠬᠢ ᠡᠭᠦᠰᠦᠯᠡᠴᠡ ᠨᠢ ᠰᠡᠷᠭᠡᠶᠢᠯᠡᠬᠦ ᠪᠠ ᠵᠠᠰᠠᠨ᠎ᠠ ;ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠵᠦᠢᠯᠡᠰ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ ; | ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ ᠤᠨ ᠠᠩᠬᠠᠨ ᠤ ᠬᠢᠨᠠᠯᠲᠠ ᠵᠢᠴᠢ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠤᠨ ᠬᠠᠮᠢᠶᠠᠷᠤᠯᠲᠠ ᠶᠢ ᠬᠠᠷᠢᠭᠤᠴᠠᠨ᠎ᠠ᠃ᠳᠠᠭᠠᠭᠠᠴᠢᠯᠠᠯᠲᠠ ᠵᠠᠷᠯᠠᠬᠤ ᠨᠢᠭᠡᠴᠢ᠂ ᠣᠷᠣᠯᠠᠨ | ᠭᠦᠢᠴᠡᠳᠬᠡᠬᠦ ᠪᠠᠶᠢᠭᠤᠯᠤᠮᠵᠢ ᠶᠢᠨ ᠪᠡᠶᠡᠴᠢ ᠴᠣᠭᠴᠠ ᠶᠢᠨ ᠬᠢᠷᠢ ᠬᠡᠮ ᠢ ᠬᠢᠨᠠᠨ ᠪᠠᠶᠢᠴᠠᠭᠠᠬᠤ ᠠᠵᠢᠯ ᠢ | ᠬᠠᠷᠢᠭᠤᠴᠠᠨ᠎ᠠ ;ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠳᠤ ᠣᠷᠣᠬᠤ ᠠᠵᠢᠯᠯᠠᠭ᠎ᠠ ᠳᠤ ᠣᠷᠣᠯᠴᠠᠬᠤ ᠭᠤᠣᠯ | ᠴᠣᠭᠴᠠ ᠶᠢᠨ ᠲᠠᠯ᠎ᠠ ᠶᠢᠨ ᠬᠢᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠳᠤ ᠣᠷᠣᠬᠤ ᠠᠵᠢᠯᠯᠠᠭ᠎ᠠ ᠶᠢᠨ | ᠳᠤᠮᠳᠠᠬᠢ ᠠᠵᠢᠯᠯᠠᠭ᠎ᠠ ᠶᠢᠨ ᠲᠤᠬᠠᠢ ᠶᠢᠨ ᠭᠠᠵᠠᠷ ᠤᠨ ᠬᠢᠨᠠᠯᠲᠠ ᠶᠢ ᠬᠦᠯᠢᠶᠡᠬᠦ ᠬᠡᠷᠡᠭᠲᠡᠢ ;ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠳᠤ ᠣᠷᠣᠬᠤ ᠠᠵᠢᠯᠯᠠᠭ᠎ᠠ ᠳᠤ ᠣᠷᠣᠯᠴᠠᠭᠰᠠᠨ ᠡᠯ᠎ᠡ ᠲᠠᠯ᠎ᠠ ᠶᠢᠨ ᠵᠠᠭᠠᠯᠳᠤᠯᠭ᠎ᠠ ᠶᠢ ᠬᠦᠯᠢᠶᠡᠨ | ᠠᠪᠴᠤ ᠰᠢᠢᠳᠪᠦᠷᠢᠯᠡᠬᠦ ;ᠬᠡᠷᠪᠡ ᠬᠠᠤᠯᠢ᠊_ᠠ᠋ᠴᠠ ᠵᠥᠷᠢᠴᠡᠭᠰᠡᠨ ᠠᠵᠢᠯᠯᠠᠭ᠎ᠠ ᠲᠠᠢ ᠬᠤᠯᠪᠣᠭᠳᠠᠭᠰᠠᠨ ᠰᠢᠢᠳᠪᠦᠷᠢᠯᠡᠬᠦ | ᠬᠡᠷᠡᠭ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠬᠤ ᠶᠢ ᠬᠠᠷᠢᠭᠤᠴᠠᠨ᠎ᠠ᠃ | (ᠳᠥᠷᠪᠡ) ᠭᠠᠴᠠᠭ᠎ᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ | ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠤᠨ ᠨᠤᠷᠠᠬᠤ ᠠᠶᠤᠯᠲᠠᠢ | ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ᠎ᠠ᠃ᠲᠡᠦᠬᠡ ᠰᠣᠶᠣᠯ ᠤᠨ ᠨᠡᠷᠡᠲᠦ ᠪᠠᠯᠭᠠᠰᠤ | (ᠲᠣᠰᠬᠤᠨ) ᠪᠠ ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠦ ᠪᠠᠯᠭᠠᠰᠤ (ᠲᠣᠰᠬᠤᠨ) ᠢ | ᠬᠠᠮᠠᠭᠠᠯᠠᠬᠤ ᠪᠠ ᠬᠢᠨᠠᠵᠤ ᠬᠠᠮᠢᠶᠠᠷᠬᠤ ᠠᠵᠢᠯ ᠢ ᠡᠭᠦᠷᠭᠡᠯᠡᠨ᠎ᠡ ;ᠡᠯ᠎ᠡ ᠭᠠᠵᠠᠷ ᠤᠨ ᠭᠤᠣᠯᠳᠠᠯᠭ᠎ᠠ ᠲᠠᠢ ᠪᠠᠯᠭᠠᠰᠤ᠂ | ᠣᠨᠴᠠᠯᠢᠭᠲᠤ ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠤᠯᠠᠮᠵᠢᠯᠠᠯᠲᠤ ᠠᠶᠢᠯ ᠲᠣᠰᠬᠤᠨ᠂ | ᠤᠯᠠᠮᠵᠢᠯᠠᠯᠲᠤ ᠪᠠᠷᠢᠯᠭ᠎ᠠ ᠶᠢᠨ ᠬᠠᠮᠠᠭᠠᠯᠠᠯᠲᠠ ᠪᠠ ᠬᠥᠭᠵᠢᠯᠲᠡ ᠶᠢᠨ ᠠᠵᠢᠯ ᠢ ᠵᠢᠯᠣᠭᠤᠳᠤᠨ᠎ᠠ ;ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠪᠠ ᠮᠠᠯᠵᠢᠬᠤ ᠣᠷᠣᠨ ᠤ ᠵᠣᠷᠯᠣᠩ ᠢ ᠪᠦᠲᠦᠭᠡᠨ | ᠪᠠᠶᠢᠭᠤᠯᠬᠤ ᠠᠵᠢᠯ ᠢ ᠵᠢᠯᠣᠭᠤᠳᠤᠨ᠎ᠠ ;ᠪᠦᠬᠦ ᠬᠤᠰᠢᠭᠤᠨ ᠤ ᠲᠣᠰᠬᠤᠨ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ ᠬᠠᠮᠢᠶᠠᠷᠬᠤ ᠪᠠ ᠳᠦᠷᠢᠮᠵᠢᠭᠦᠯᠦᠨ᠋ᠡᠶᠢᠢᠯ ᠲᠣᠰᠬᠤᠨ | ᠪᠠ ᠵᠢᠵᠢᠭ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠲᠤᠬᠠᠢ | ᠵᠢᠯᠣᠭᠤᠳᠬᠤ ᠰᠠᠨᠠᠯ ᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ;ᠪᠦᠬᠦ | ᠬᠤᠰᠢᠭᠤᠨ ᠤ ᠲᠣᠰᠬᠤᠨ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢᠨ ᠠᠵᠢᠯ ᠵᠢᠴᠢ ᠪᠠᠭ᠎ᠠ ᠬᠤᠲᠠ ᠪᠠᠯᠭᠠᠰᠤ ᠪᠠ ᠠᠶᠢᠯ ᠲᠣᠰᠬᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠢ ᠰᠠᠶᠢᠵᠢᠷᠠᠭᠤᠯᠬᠤ ᠠᠵᠢᠯ ᠢ ᠵᠢᠯᠣᠭᠤᠳᠤᠨ᠎ᠠ ;ᠳᠡᠭᠡᠳᠦ ᠱᠠᠲᠤᠨ ᠤ ᠲᠤᠰᠢᠶᠠᠭᠰᠠᠨ ᠪᠤᠰᠤᠳ ᠠᠵᠢᠯ ᠤᠨ | ᠡᠭᠦᠷᠭᠡ ᠶᠢ ᠳᠠᠭᠠᠭᠠᠨ ᠠᠪᠴᠤ ᠭᠦᠢᠴᠡᠳᠬᠡᠨ᠎ᠡ᠃ | (ᠲᠠᠪᠤ) ᠭᠠᠯ ᠤᠨᠲᠠᠷᠠᠭᠠᠬᠤ ᠪᠠ ᠪᠠᠷᠢᠯᠭ᠎ᠠ ᠶᠢᠨ ᠠᠵᠢᠯ ᠤᠨ ᠮᠡᠷᠭᠡᠵᠢᠯ ᠤᠨ ᠦᠢᠯᠡᠴᠢᠯᠡᠭᠡᠨ ᠤ ᠲᠥᠪ | ᠪᠦᠬᠦ ᠬᠤᠰᠢᠭᠤᠨ ᠤ ᠭᠠᠯ ᠤᠨᠲᠠᠷᠠᠭᠠᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ | ᠪᠠᠷᠢᠯᠭ᠎ᠠ ᠪᠠᠷᠢᠬᠤ᠂ ᠠᠵᠢᠯ ᠳᠠᠭᠤᠰᠴᠤ ᠰᠢᠯᠭᠠᠨ ᠠᠪᠬᠤ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ | ᠃ᠪᠦᠬᠦ ᠬᠤᠰᠢᠭᠤᠨ ᠤ ᠬᠡᠪᠴᠢᠶᠡᠨ ᠳᠠᠬᠢ ᠣᠨᠴᠠᠭᠠᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ | ᠤᠨᠲᠠᠷᠠᠭᠠᠬᠤ ᠪᠠ ᠴᠢᠨᠠᠷ ᠴᠢᠨᠰᠠᠭ᠎ᠠ ᠶᠢ ᠰᠢᠯᠭᠠᠨ ᠬᠤᠷᠢᠶᠠᠬᠤ ᠵᠢᠴᠢ ᠪᠤᠰᠤᠳ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠭᠠᠯ ᠤᠨᠲᠠᠷᠠᠭᠠᠬᠤ ᠪᠠ ᠴᠢᠨᠠᠷ ᠴᠢᠨᠰᠠᠭ᠎ᠠ ᠶᠢ ᠰᠢᠯᠭᠠᠨ ᠠᠪᠴᠤ ᠳᠠᠩᠰᠠᠯᠠᠬᠤ᠂ ᠰᠤᠭᠤᠴᠢᠨ | ᠪᠠᠶᠢᠴᠠᠭᠠᠬᠤ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ᠪᠦᠬᠦ ᠬᠤᠰᠢᠭᠤᠨ ᠤ ᠬᠡᠪᠴᠢᠶᠡᠨ ᠳᠠᠬᠢ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠠᠵᠢᠯ ᠢ ᠰᠢᠯᠭᠠᠨ ᠬᠤᠷᠢᠶᠠᠬᠤ᠂ | ᠳᠠᠩᠰᠠᠯᠠᠭᠤᠯᠬᠤ ᠪᠠ ᠰᠤᠭᠤᠴᠢᠨ ᠪᠠᠶᠢᠴᠠᠭᠠᠬᠤ ᠳᠠᠩᠰᠠ ᠡᠪᠬᠡᠮᠡᠯ ᠪᠠᠶᠢᠭᠤᠯᠬᠤ ᠠᠵᠢᠯ ᠢ ᠬᠠᠷᠢᠭᠤᠴᠠᠨ᠎ᠠ᠃ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠲᠦᠢᠮᠡᠷ ᠤᠨ ᠠᠳᠡᠯ ᠢ ᠪᠠᠶᠢᠴᠠᠭᠠᠬᠤ᠂ ᠦᠨᠡᠮᠰᠢᠬᠦ ᠪᠠ | ᠰᠢᠢᠳᠪᠦᠷᠢᠯᠡᠬᠦ ᠠᠵᠢᠯ ᠳᠤ ᠣᠷᠣᠯᠴᠠᠬᠤ ᠬᠡᠷᠡᠭᠲᠡᠢ ;ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ | ᠤᠨᠲᠠᠷᠠᠭᠠᠬᠤ ᠶᠢ ᠰᠢᠯᠭᠠᠨ ᠠᠪᠬᠤ ᠬᠠᠮᠢᠶ᠎ᠠ ᠪᠦᠬᠦᠢ ᠵᠠᠭᠠᠯᠳᠤᠯᠭ᠎ᠠ᠂ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠬᠦ | ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠢ᠃ᠪᠦᠬᠦ ᠬᠤᠰᠢᠭᠤᠨ ᠤ ᠭᠡᠷ ᠪᠠᠷᠢᠯᠭ᠎ᠠ᠂ ᠬᠤᠲᠠ ᠶᠢᠨ ᠶᠠᠪᠤᠳᠠᠯ ᠤᠨ | ᠪᠠᠷᠢᠯᠭ᠎ᠠ᠂ ᠭᠡᠷ ᠳᠣᠲᠣᠷᠠᠬᠢ ᠵᠠᠰᠠᠯ ᠴᠢᠮᠡᠭᠯᠡᠯ ᠤᠨ ᠪᠠᠷᠢᠯᠭ᠎ᠠ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠪᠠᠶᠢᠴᠠᠭᠠᠬᠤ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ᠡᠭᠦᠨ ᠤ ᠬᠠᠮᠲᠤ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠡᠩ ᠤᠨ ᠦᠶ᠎ᠡ ᠶᠢᠨ ᠪᠠ ᠲᠡᠶᠢᠨ ᠤ ᠦᠶ᠎ᠡ ᠳᠤ ᠪᠠᠶᠢᠭᠤᠯᠤᠭᠰᠠᠨ | ᠴᠢᠳᠠᠮᠵᠢ ᠶᠢ ᠤᠯᠠᠷᠢᠭᠤᠯᠬᠤ ᠶᠢ ᠪᠡᠶᠡᠯᠡᠭᠦᠯᠬᠦ ᠵᠣᠯᠭᠠᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ᠪᠦᠬᠦ | ᠬᠤᠰᠢᠭᠤᠨ ᠤ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ᠂ ᠪᠡᠯᠡᠳᠬᠡᠯ ᠬᠤᠯᠢᠮᠠᠭ | ᠪᠧᠲ᠋ᠣᠨ ᠦᠢᠯᠡᠳᠪᠦᠷᠢᠯᠡᠬᠦ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠢ ᠬᠢᠨᠠᠨ ᠪᠠᠶᠢᠴᠠᠭᠠᠬᠤ | ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ᠪᠦᠬᠦ ᠬᠤᠰᠢᠭᠤᠨ ᠤ ᠪᠠᠷᠢᠯᠭ᠎ᠠ ᠶᠢᠨ ᠠᠵᠢᠯ ᠤᠨ ᠶᠠᠰᠤ | ᠴᠢᠨᠠᠷ ᠤᠨ ᠠᠶᠤᠯᠭᠦᠢ ᠶᠢᠨ ᠬᠠᠮᠢᠶ᠎ᠠ ᠪᠥᠬᠦᠢ ᠱᠠᠩᠨᠠᠯ᠂ ᠪᠠᠷᠢᠯᠭ᠎ᠠ ᠶᠢᠨ ᠠᠷᠭ᠎ᠠ᠂ ᠵᠢᠱᠢᠶ᠎ᠡ ᠦᠵᠡᠭᠦᠯᠬᠦ | ᠢᠨᠵᠧᠨᠧᠷᠢᠩ ᠢ ᠦᠨᠡᠯᠡᠨ ᠰᠣᠩᠭᠤᠬᠤ ᠮᠡᠷᠭᠡᠵᠢᠯ ᠤᠨ ᠲᠤᠯᠭᠠᠭᠤᠷᠢᠯᠠᠯ ᠪᠠ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ | ᠪᠦᠬᠦ ᠬᠤᠰᠢᠭᠤᠨ ᠤ ᠢᠨᠵᠧᠨᠧᠷᠢᠩ ᠤᠨ ᠬᠦᠨᠳᠦ ᠶᠡᠭᠡ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠢ | ᠪᠠᠶᠢᠴᠠᠭᠠᠬᠤ ᠳᠤ ᠣᠷᠣᠯᠴᠠᠬᠤ ᠶᠢᠨ ᠬᠠᠮᠲᠤ ᠮᠡᠷᠭᠡᠵᠢᠯ ᠤᠨ ᠳᠡᠮᠵᠢᠯᠭᠡ ᠬᠠᠩᠭᠠᠪᠠ᠃ | ( ᠵᠢᠷᠭᠤᠭ᠎ᠠ ) ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠦᠢᠯᠡᠴᠢᠯᠡᠭᠡᠨ ᠤ ᠥᠷᠲᠡᠭᠡ ᠤᠯᠤᠰ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ | ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠵᠢᠴᠢ ᠠᠷᠭ᠎ᠠ ᠶᠢ | ᠲᠤᠤᠱᠯᠠᠭᠤᠯᠤᠨ ᠬᠡᠷᠡᠭᠵᠢᠭᠦᠯᠦᠨ᠎ᠡ᠃ᠲᠤᠰ ᠵᠠᠰᠠᠭ ᠵᠠᠬᠢᠷᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠡᠵᠡᠮᠳᠡᠯ ᠦᠨ᠎ᠡ ᠶᠢ ᠡᠭᠦᠷᠭᠡᠯᠡᠵᠦ᠂ ᠪᠠᠷᠢᠯᠭ᠎ᠠ ᠳᠠᠭᠤᠰᠤᠭᠰᠠᠨ ᠤ | ᠳ᠋ᠦ᠋ᠩᠨᠡᠨ ᠪᠣᠳᠣᠬᠤ ᠦᠨ᠎ᠡ ᠶᠢ ᠳᠠᠩᠰᠠᠯᠠᠨ ᠲᠡᠮᠳᠡᠭᠯᠡᠵᠦ ᠬᠠᠮᠢᠶᠠᠷᠤᠨ᠎ᠠ᠃ᠲᠣᠭᠲᠠᠮᠠᠯ ᠬᠤᠭᠤᠴᠠᠭ᠎ᠠ ᠲᠠᠢ ᠪᠠᠷ | ᠬᠥᠮᠦᠨ ᠤ ᠬᠦᠴᠦ᠂ ᠮᠠᠲ᠋ᠧᠷᠢᠶᠠᠯ ᠪᠣᠯᠤᠨ ᠪᠠᠷᠢᠯᠭ᠎ᠠ ᠶᠢᠨ ᠲᠥᠬᠦᠭᠡᠷᠦᠮᠵᠢ᠂ ᠪᠠᠷᠢᠯᠭ᠎ᠠ ᠶᠢᠨ ᠮᠠᠰᠢᠨ ᠤ ᠡᠭᠡᠯᠵᠢ | ᠵᠡᠷᠭᠡ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠴᠤᠭᠯᠠᠭᠤᠯᠬᠤ᠂ ᠡᠮᠬᠢᠯᠡᠬᠦ᠂ ᠮᠡᠳᠡᠭᠦᠯᠦᠨ | ᠬᠦᠷᠭᠡᠬᠦ ᠠᠵᠢᠯ ᠢ ᠡᠭᠦᠷᠭᠡᠯᠡᠬᠦ ᠬᠡᠷᠡᠭᠲᠡᠢ᠃ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠵᠠᠭᠤᠷᠭᠠᠨ ᠢ ᠡᠶᠡᠳᠡᠭᠦᠯᠵᠦ | ᠃ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠲᠣᠭᠲᠠᠭᠠᠯᠠ᠋ᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠳᠤ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ | ᠦᠢᠯᠡᠴᠢᠯᠡᠭᠡᠨ ᠤ ᠵᠢᠯᠣᠭᠤᠳᠤᠯᠭ᠎ᠠ ᠬᠠᠩᠭᠠᠬᠤ ᠬᠡᠷᠡᠭᠲᠡᠢ᠃ | (ᠳᠣᠯᠤᠭ᠎ᠠ) ᠭᠠᠵᠠᠷ ᠬᠥᠳᠡᠯᠦᠯᠲᠡ ᠶᠢ ᠲᠥᠰᠦᠭᠡᠯᠡᠬᠦ ᠲᠥᠪ ᠭᠠᠵᠠᠷ ᠬᠥᠳᠡᠯᠦᠯᠲᠡ᠊_ᠡᠴᠡ ᠰᠡᠷᠭᠡᠶᠢᠯᠡᠨ | ᠭᠠᠮᠰᠢᠭ ᠢ ᠪᠠᠭᠠᠰᠬᠠᠬᠤ ᠮᠡᠷᠭᠡᠵᠢᠯ ᠤᠨ ᠳᠡᠮᠵᠢᠯᠭᠡ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ | ᠃ᠬᠤᠰᠢᠭᠤ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠲᠠᠢ ᠲᠡᠮᠡᠴᠡᠨ ᠭᠠᠮᠰᠢᠭ᠋/ᠠ᠋ᠴᠠ ᠠᠪᠤᠷᠠᠬᠤ ᠵᠢᠯᠣᠭᠤᠳᠬᠤ | ᠪᠠᠶᠢᠭᠤᠯᠤᠮᠵᠢ ᠶᠢᠨ ᠨᠢᠭᠡᠳᠦᠯᠲᠡᠢ ᠤᠳᠤᠷᠢᠳᠤᠯᠭ᠎ᠠ ᠶᠢ ᠡᠭᠦᠷᠭᠡᠯᠡᠵᠦ᠂ ᠭᠠᠵᠠᠷ ᠬᠥᠳᠡᠯᠦᠯᠲᠡ ᠲᠠᠢ ᠲᠡᠮᠡᠴᠡᠨ | ᠭᠠᠮᠰᠢᠭ᠋/ᠠ᠋ᠴᠠ ᠠᠪᠤᠷᠠᠬᠤ ᠵᠢᠯᠣᠭᠤᠳᠬᠤ ᠪᠠᠶᠢᠭᠤᠯᠤᠮᠵᠢ ᠶᠢᠨ ᠡᠳᠦᠷ ᠳᠣᠳᠣᠮ ᠤᠨ ᠦᠢᠯᠡᠴᠢᠯᠡᠭᠡᠨ ᠤ ᠠᠵᠢᠯ ᠢ | ᠡᠭᠦᠷᠭᠡᠯᠡᠨ᠎ᠡ᠃ | ( ᠨᠠᠢᠮᠠ ) ᠤᠰᠤ ᠬᠠᠩᠭᠠᠵᠤ ᠤᠰᠤ ᠲᠠᠲᠠᠷᠠᠭᠤᠯᠬᠤ ᠦᠢᠯᠡᠴᠢᠯᠡᠭᠡᠨ ᠤ ᠲᠥᠪ ᠬᠤᠲᠠ ᠪᠠᠯᠭᠠᠰᠤᠨ ᠤ | ᠰᠠᠭᠤᠭᠠᠯᠢ ᠠᠷᠠᠳ ᠵᠢᠴᠢ ᠨᠢᠭᠡᠴᠢ ᠶᠢᠨ ᠠᠮᠢᠳᠤᠷᠠᠯ ᠳᠤ ᠬᠡᠷᠡᠭᠯᠡᠬᠦ ᠤᠰᠤ᠂ ᠦᠢᠯᠡᠳᠪᠦᠷᠢᠯᠡᠯ ᠳᠤ ᠬᠡᠷᠡᠭᠯᠡᠬᠦ | ᠤᠰᠤᠨ ᠤ ᠬᠡᠷᠡᠭᠴᠡᠭᠡ ᠶᠢ ᠬᠠᠩᠭᠠᠵᠤ᠂ ᠤᠰᠤᠨ ᠤ ᠳᠠᠷᠤᠯᠲᠠ ᠵᠢᠴᠢ ᠤᠰᠤ ᠭᠠᠷᠭᠠᠬᠤ ᠦᠢᠯᠡᠳᠪᠦᠷᠢ ᠶᠢᠨ | ᠤᠰᠤᠨ ᠤ ᠴᠢᠨᠠᠷ ᠨᠢ ᠤᠯᠤᠰ ᠤᠨ 《 ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ 》 ᠳᠤ | ᠨᠡᠶᠢᠴᠡᠬᠦ ᠶᠢ ᠦᠨᠡᠨ ᠬᠣ ᠪᠠᠲᠤᠯᠠᠨ᠎ᠠ ;ᠬᠤᠲᠠ ᠪᠠᠯᠭᠠᠰᠤ ᠵᠢᠴᠢ ᠰᠠᠭᠤᠭᠠᠯᠢ ᠠᠷᠠᠳ ᠤᠨ ᠤᠰᠤ ᠬᠡᠷᠡᠭᠯᠡᠬᠦ | ᠡᠷᠦᠬᠡ ᠶᠢᠨ ᠤᠰᠤ ᠬᠠᠩᠭᠠᠬᠤ ᠲᠥᠬᠦᠭᠡᠷᠦᠮᠵᠢ ᠤᠭᠰᠠᠷᠠᠬᠤ ᠠᠵᠢᠯ ᠢ ᠡᠭᠦᠷᠭᠡᠯᠡᠵᠦ᠂ ᠤᠰᠤ ᠬᠠᠩᠭᠠᠬᠤ | ᠲᠥᠬᠦᠭᠡᠷᠦᠮᠵᠢ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠮᠡᠷᠭᠡᠵᠢᠯ ᠤᠨ ᠦᠢᠯᠡᠴᠢᠯᠡᠭᠡᠨ ᠤ ᠠᠵᠢᠯ ᠢ | ᠪᠠᠲᠤᠯᠠᠨ᠎ᠠ ;ᠤᠰᠤ ᠬᠠᠩᠭᠠᠬᠤ ᠣᠷᠣᠨ ᠤ ᠰᠦᠢᠳᠬᠡᠯ ᠬᠤᠷᠢᠶᠠᠬᠤ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ ; | ᠬᠤᠲᠠ ᠪᠠᠯᠭᠠᠰᠤᠨ ᠤ ᠤᠰᠤ ᠬᠠᠩᠭᠠᠬᠤ ᠲᠥᠬᠦᠭᠡᠷᠦᠮᠵᠢ ᠶᠢ ᠰᠡᠯᠪᠢᠨ ᠵᠠᠰᠠᠬᠤ ᠪᠠ ᠬᠠᠮᠠᠭᠠᠯᠠᠬᠤ ᠠᠵᠢᠯ ᠢ | ᠡᠭᠦᠷᠭᠡᠯᠡᠵᠦ᠂ 24 ᠴᠠᠭ ᠤᠨ ᠦᠢᠯᠡᠴᠢᠯᠡᠭᠡᠨ ᠤ ᠳᠦᠷᠢᠮ ᠢ ᠴᠢᠩᠭ᠎ᠠ ᠬᠡᠷᠡᠭᠵᠢᠭᠦᠯᠦᠨ᠎ᠡ ;ᠬᠤᠭᠤᠯᠠᠢ ᠲᠣᠣᠷ ᠵᠢᠴᠢ | ᠤᠰᠤ ᠬᠠᠩᠭᠠᠬᠤ ᠬᠤᠲᠠ ᠪᠠᠯᠭᠠᠰᠤᠨ ᠤ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠡᠭᠦᠷᠭᠡᠯᠡᠨ᠎ᠡ ;ᠬᠤᠲᠠ ᠪᠠᠯᠭᠠᠰᠤᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠰᠠᠭᠤᠭᠠᠯᠢ ᠠᠷᠠᠳ ᠤᠨ | ᠦᠢᠯᠡᠳᠪᠦᠷᠢᠯᠡᠯ᠂ ᠠᠮᠢᠳᠤᠷᠠᠯ ᠳᠤ ᠬᠡᠷᠡᠭᠯᠡᠬᠦ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢ ᠡᠭᠦᠷᠭᠡᠯᠡᠨ᠎ᠡ ; | ᠬᠡᠷᠡᠭᠯᠡᠭᠴᠢ ᠶᠢᠨ ᠤᠰᠤ ᠠᠷᠪᠢᠯᠠᠬᠤ ᠠᠵᠢᠯ ᠢ ᠡᠭᠦᠷᠭᠡᠯᠡᠨ᠎ᠡ ;ᠤᠰᠤ ᠬᠠᠩᠭᠠᠬᠤ ᠲᠥᠬᠦᠭᠡᠷᠦᠮᠵᠢ ᠶᠢ ᠪᠦᠲᠦᠭᠡᠨ | ᠪᠠᠶᠢᠭᠤᠯᠵᠤ ᠥᠭᠡᠷᠡᠴᠢᠯᠡᠬᠦ᠂ ᠬᠠᠮᠠᠭᠠᠯᠠᠬᠤ ᠪᠠ ᠬᠠᠮᠢᠶᠠᠷᠴᠤ ᠦᠢᠯᠡᠴᠢᠯᠡᠬᠦ ᠠᠵᠢᠯ ᠢ ᠡᠭᠦᠷᠭᠡᠯᠡᠨ᠎ᠡ᠃ | ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ ᠵᠢᠴᠢ ᠵᠢᠵᠢᠭᠦᠷᠯᠡᠬᠦ ᠲᠠᠰᠤᠭ᠄ 0474 ︱ | 5209615 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠵᠢᠰᠦᠨ ᠴᠠᠭ ᠪᠣᠯᠲᠠᠯ᠎ᠠ ᠠᠷᠪᠠᠨ ᠬᠤᠶᠠᠷ ᠴᠠᠭ ; | 14᠄ 30 — 18᠄ 00 ( ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠨᠢ ᠡᠭᠦᠨ ᠳᠤ | ᠪᠠᠭᠲᠠᠬᠤ ᠦᠭᠡᠢ ) | ᠪᠠᠶᠢᠭᠤᠯᠭ᠎ᠠ ᠶᠢᠨ ᠬᠠᠶ᠋ᠢᠭ᠄ ᠳᠥᠷᠪᠡᠳ ᠬᠤᠰᠢᠭᠤᠨ ᠤ ᠵᠧᠩ ᠪᠧᠢ ᠵᠠᠮ ᠤᠨ 1 ᠳ᠋ᠤᠭᠠᠷ ᠨᠢᠭᠡᠴᠢ | ᠰᠢᠤᠳᠠᠨ ᠬᠠᠶᠢᠷᠴᠠᠭ᠄ szwjsj@163. com | ᠬᠠᠷᠢᠭᠤᠴᠠᠯᠭᠠᠲᠠᠨ᠄ ᠾᠧᠦ ᠷᠦᠢ ᠰᠢᠶᠠᠩ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |