ᠳᠥᠷᠪᠡᠳ ᠬᠤᠰᠢᠭᠤᠨ ᠤ ᠰᠣᠶᠣᠯ ᠪᠠ ᠵᠢᠭᠤᠯᠴᠢᠯᠠᠯᠳ ᠲᠣᠪᠴᠢᠶ᠎ᠠ
ᠨᠡᠶᠢᠲᠡᠯᠡᠭᠰᠡᠨ ᠴᠠᠭ᠄
2024/11/1
        ᠳᠥᠷᠪᠡᠳ ᠬᠤᠰᠢᠭᠤᠨ ᠤ ᠰᠣᠶᠣᠯ ᠪᠠ ᠵᠢᠭᠤᠯᠴᠢᠯᠠᠯᠳ ᠲᠣᠪᠴᠢᠶ᠎ᠠ       ᠳᠥᠷᠪᠡᠳ ᠬᠤᠰᠢᠭᠤᠨ ᠤ ᠰᠣᠶᠣᠯ ᠪᠠ ᠵᠤᠭᠠᠴᠠᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠳᠡᠰ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ᠄      ᠨᠠᠮ ᠤᠨ ᠲᠥᠪ ᠬᠤᠷᠢᠶᠠᠨ ᠤ ᠰᠣᠶᠣᠯ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠰᠣᠶᠣᠯ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃        ᠭᠤᠣᠯ ᠡᠭᠦᠷᠭᠡ ᠬᠠᠷᠢᠭᠤᠴᠠᠯᠭ᠎ᠠ ᠨᠢ᠄       ( ᠨᠢᠭᠡ ) ᠰᠣᠶᠣᠯ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯ ᠤᠨ ᠬᠦᠷᠢᠶ᠎ᠡ ᠬᠡᠪᠴᠢᠶᠡᠨ ᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠰᠣᠶᠣᠯ᠂ ᠵᠢᠭᠤᠯᠴᠢᠯᠠᠯ ᠪᠣᠯᠤᠨ ᠲᠡᠦᠬᠡ ᠶᠢᠨ ᠳᠤᠷᠠᠰᠬᠠᠯᠲᠤ ᠵᠦᠢᠯ ᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠮᠦᠽᠧᠢ ᠶᠢ ᠬᠢᠨᠠᠨ ᠬᠠᠷᠭᠤᠭᠤᠯᠵᠤ ᠳᠠᠩᠰᠠᠯᠠᠬᠤ᠂ ᠬᠢᠨᠠᠨ ᠵᠥᠪᠰᠢᠶᠡᠷᠡᠬᠦ ᠤᠴᠢᠷ ᠶᠠᠪᠤᠳᠠᠯ ᠵᠢᠴᠢ ᠬᠠᠮᠢᠶ᠎ᠠ ᠪᠦᠬᠦᠢ ᠬᠢᠷᠢ ᠭᠡᠮ ᠢ ᠦᠨᠡᠮᠰᠢᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃         ( ᠬᠤᠶᠠᠷ ) ᠪᠦᠬᠦ ᠬᠤᠰᠢᠭᠤᠨ ᠤ ᠰᠣᠶᠣᠯ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯ ᠤᠨ ᠬᠦᠷᠢᠶᠡᠨ ᠳᠠᠬᠢ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠭᠠᠳᠠᠭᠠᠳᠤ ᠳᠤ ᠴᠢᠳᠠᠪᠤᠷᠢᠲᠠᠨ᠂ ᠮᠡᠷᠭᠡᠵᠢᠯ ᠤᠨ ᠰᠣᠯᠢᠯᠴᠠᠭ᠎ᠠ ᠪᠠ ᠬᠠᠮᠲᠤ ᠶᠢᠨ ᠠᠵᠢᠯᠯᠠᠭ᠎ᠠ ᠶᠢ ᠥᠷᠨᠢᠭᠦᠯᠦᠨ᠎ᠡ᠃        ( ᠭᠤᠷᠪᠠ ) ᠤᠳᠬ᠎ᠠ ᠤᠷᠠᠯᠢᠭ ᠤᠨ ᠦᠢᠯᠡᠰ ᠢ ᠵᠢᠯᠣᠭᠤᠳᠤᠨ ᠬᠠᠮᠢᠶᠠᠷᠴᠤ᠂ ᠤᠷᠠᠯᠢᠭ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠵᠢᠯᠣᠭᠤᠳᠴᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠢ ᠲᠥᠯᠥᠭᠡᠯᠡᠬᠦ ᠴᠢᠨᠠᠷᠲᠠᠢ ᠵᠢᠱᠢᠶ᠎ᠡ ᠦᠵᠡᠭᠦᠯᠬᠦ ᠴᠢᠨᠠᠷᠲᠠᠢ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ ᠳᠡᠮᠵᠢᠵᠦ᠂ ᠡᠯ᠎ᠡ ᠲᠥᠷᠥᠯ ᠤᠨ ᠤᠷᠠᠯᠢᠭ᠂ ᠡᠯ᠎ᠡ ᠤᠷᠠᠯᠢᠭ ᠤᠨ ᠲᠥᠷᠥᠯ ᠵᠦᠢᠯ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ᠪᠦᠬᠦ ᠬᠤᠰᠢᠭᠤᠨ ᠤ ᠤᠷᠠᠯᠢᠭ ᠤᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ᠮᠠᠨ ᠤ ᠬᠤᠰᠢᠭᠤᠨ ᠤ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠵᠢᠭᠠᠨ ᠵᠢᠯᠣᠭᠤᠳᠴᠤ ᠲᠦᠯᠬᠢᠨ ᠠᠬᠢᠭᠤᠯᠤᠨ᠎ᠠ᠃       ( ᠳᠥᠷᠪᠡ ) ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠳᠡᠭᠡᠭᠰᠢᠯᠡᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ᠂ ᠵᠢᠭᠤᠯᠴᠢᠯᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠲᠡᠩᠴᠡᠭᠦᠷᠢᠵᠢᠭᠦᠯᠦᠯᠲᠡ ᠶᠢ ᠨᠢᠭᠡᠳᠦᠯᠲᠡᠢ ᠠᠬᠢᠭᠤᠯᠤᠨ᠎ᠠ᠃       ᠲᠠᠪᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠬᠠᠷᠢᠭᠤᠴᠠᠨ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ᠂ ᠵᠠᠯᠭᠠᠮᠵᠢᠯᠠᠯ᠂ ᠲᠦᠭᠡᠮᠡᠯᠵᠢᠭᠦᠯᠦᠯ᠂ ᠮᠠᠨᠳᠤᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃       ( ᠵᠢᠷᠭᠤᠭ᠎ᠠ ) ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠪᠠ ᠮᠦᠽᠧᠢ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ᠪᠦᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠵᠣᠬᠢᠴᠠᠭᠤᠯᠬᠤ ᠪᠠ ᠵᠢᠯᠣᠭᠤᠳᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠤᠯᠢ  ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃        ( ᠳᠣᠯᠤᠭ᠎ᠠ ) ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ( ᠪᠠᠯᠭᠠᠰᠤ᠂ ᠲᠣᠰᠬᠤᠨ )᠂ ᠤᠯᠠᠮᠵᠢᠯᠠᠯᠲᠤ ᠲᠣᠰᠬᠤᠨ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ᠤᠭ ᠬᠤᠰᠢᠭᠤᠨ ᠤ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠣᠯᠤᠨ ᠠᠷᠬᠧᠣᠯᠣᠭᠢ ᠶᠢᠨ ᠲᠣᠮᠣᠬᠠᠨ ᠲᠥᠰᠦᠯ ᠤᠳ ᠲᠤ ᠣᠷᠣᠯᠴᠠᠭᠰᠠᠨ ᠪᠠᠶᠢᠨ᠎ᠠ᠃ᠪᠦᠬᠦ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠂ ᠤᠯᠠᠭᠠᠨᠴᠠᠪ ᠬᠤᠲᠠ ᠶᠢᠨ ᠳᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢ ᠲᠣᠭᠲᠠᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃       ( ᠨᠠᠢᠮᠠ ) ᠪᠦᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯ ᠪᠠ ᠮᠦᠽᠧᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢ ᠬᠠᠷᠢᠭᠤᠴᠠᠵᠤ᠂ ᠪᠦᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯ ᠪᠠ ᠮᠦᠽᠧᠢ ᠶᠢᠨ ᠲᠤᠬᠠᠶᠢᠯᠠᠭᠰᠠᠨ ᠠᠵᠢᠯ ᠢ ᠵᠢᠯᠣᠭᠤᠳᠴᠤ᠂ ᠮᠦᠽᠧᠢ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠴᠠᠭᠤᠯᠤᠨ᠎ᠠ᠃ᠠᠷᠠᠳ ᠤᠨ ᠳᠤᠮᠳᠠᠬᠢ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠢ ᠵᠠᠪᠳᠤᠨ ᠠᠪᠤᠷᠠᠬᠤ᠂ ᠡᠯᠰᠡᠨ ᠴᠤᠭᠯᠠᠭᠤᠯᠬᠤ ᠠᠵᠢᠯ ᠢ ᠵᠢᠯᠣᠭᠤᠳᠤᠨ᠎ᠠ᠃       ᠶᠢᠰᠣ ᠂  ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠮᠦᠽᠧᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠮᠡᠳᠡᠭᠡ ᠵᠠᠩᠭᠢᠴᠢᠯᠠᠯᠲᠠ ᠶᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠵᠣᠬᠢᠶᠠᠬᠤ ᠶᠢᠨ ᠬᠠᠮᠲᠤ ᠲᠦᠯᠬᠢᠨ ᠠᠬᠢᠭᠤᠯᠵᠤ ᠨᠠᠶᠢᠳᠠᠪᠤᠷᠢᠵᠢᠭᠤᠯᠤᠨ᠂ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠳᠡᠯᠭᠡᠷᠡᠭᠦᠯᠬᠦ ᠶᠢ ᠠᠬᠢᠭᠤᠯᠬᠤ ᠬᠡᠷᠡᠭᠲᠡᠢ᠃        (ᠠᠷᠪᠠ ) ᠰᠣᠶᠣᠯ᠂ ᠵᠢᠭᠤᠯᠴᠢᠯᠠᠯ ᠤᠨ ᠠᠵᠤ ᠦᠢᠯᠡᠰ ᠢ ᠨᠢᠭᠡᠳᠦᠯᠲᠡᠢ ᠲᠥᠯᠥᠪᠵᠢᠭᠦᠯᠵᠦ᠂ ᠰᠣᠶᠣᠯ᠂ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃       ( ᠠᠷᠪᠠᠨ ᠨᠢᠭᠡ ) ᠪᠦᠬᠦ ᠬᠤᠰᠢᠭᠤᠨ ᠤ ᠴᠢᠬᠤᠯᠠ ᠶᠡᠭᠡ ᠰᠣᠶᠣᠯ᠂ ᠵᠤᠭᠠᠴᠠᠯ ᠤᠨ ᠠᠵᠢᠯᠯᠠᠭ᠎ᠠ ᠶᠢ ᠬᠠᠮᠢᠶᠠᠷᠴᠤ᠂ ᠭᠤᠣᠯᠳᠠᠯᠭ᠎ᠠ ᠲᠠᠢ ᠰᠣᠶᠣᠯ᠂ ᠵᠤᠭᠠᠴᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ᠪᠦᠬᠦ ᠬᠤᠰᠢᠭᠤᠨ ᠤ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ ᠵᠢᠯᠣᠭᠤᠳᠤᠨ ᠠᠬᠢᠭᠤᠯᠵᠤ᠂ ᠰᠣᠶᠣᠯ ᠪᠣᠯᠪᠠᠰᠤᠷᠠᠯ ᠢ ᠠᠬᠢᠭᠤᠯᠤᠨ᠎ᠠ       ( ᠠᠷᠪᠠᠨ ᠬᠤᠶᠠᠷ ) ᠰᠣᠶᠣᠯ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠰᠣᠶᠣᠯ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠵᠦ᠂ ᠰᠣᠶᠣᠯ᠂ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠪᠣᠯᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠵᠢᠷᠤᠮᠵᠢᠭᠤᠯᠬᠤ ᠬᠡᠷᠡᠭᠲᠡᠢ᠃       ( ᠠᠷᠪᠠᠨ ᠭᠤᠷᠪᠠ ) ᠪᠦᠬᠦ ᠬᠤᠰᠢᠭᠤᠨ ᠤ ᠰᠣᠶᠣᠯ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠂ ᠬᠢᠨᠠᠨ ᠬᠠᠮᠢᠶᠠᠷᠴᠤ᠂ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠵᠢᠯᠴᠠᠨ ᠣᠷᠣᠨ ᠪᠦᠰᠡ ᠠᠯᠤᠰᠯᠠᠭᠰᠠᠨ ᠬᠠᠤᠯᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃       ᠠᠷᠪᠠᠨ ᠳᠥᠷᠪᠡ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠰᠣᠶᠣᠯ ᠪᠠ ᠵᠢᠭᠤᠯᠴᠢᠯᠠᠯ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠵᠢᠯᠣᠭᠤᠳᠤᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠮᠡᠳᠡᠭᠡ ᠵᠠᠩᠭᠢᠴᠢᠯᠠᠯᠲᠠ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃       (ᠠᠷᠪᠠᠨ ᠲᠠᠪᠤ) ᠰᠣᠶᠣᠯ ᠪᠠ ᠵᠢᠭᠤᠯᠴᠢᠯᠠᠯ ᠤᠨ ᠦᠢᠯᠡᠰ ᠤᠨ ᠭᠠᠳᠠᠭᠰᠢ ᠶᠠᠪᠤᠬᠤ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠰᠣᠯᠢᠯᠴᠠᠭ᠎ᠠ ᠬᠢᠬᠦ᠂ ᠬᠠᠮᠵᠢᠯᠴᠠᠬᠤ ᠪᠠ ᠤᠬᠠᠭᠤᠯᠬᠤ᠂ ᠳᠡᠯᠭᠡᠷᠡᠭᠦᠯᠬᠦ ᠠᠵᠢᠯ ᠢ ᠵᠢᠯᠣᠭᠤᠳᠤᠨ ᠬᠠᠮᠢᠶᠠᠷᠴᠤ᠂ ᠲᠣᠮᠣ ᠬᠡᠯᠪᠡᠷᠢ ᠶᠢᠨ ᠰᠣᠶᠣᠯ ᠪᠠ ᠵᠢᠭᠤᠯᠴᠢᠯᠠᠯ ᠤᠨ ᠭᠠᠳᠠᠭᠰᠢ ᠬᠠᠨᠳᠤᠬᠤ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠰᠣᠯᠢᠯᠴᠠᠭ᠎ᠠ ᠬᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ᠣᠷᠣᠨ ᠪᠦᠰᠡ ᠶᠢᠨ ᠴᠢᠨᠠᠷᠲᠠᠢ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠥᠷᠪᠡᠳ ᠬᠤᠰᠢᠭᠤᠨ ᠤ ᠰᠣᠶᠣᠯ ᠢ ᠭᠠᠳᠠᠭᠰᠢ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃       ( ᠠᠷᠪᠠᠨ ᠵᠢᠷᠭᠤᠭ᠎ᠠ )  ᠡᠭᠦᠷᠭᠡ  ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠥᠬᠡᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠂ ᠢᠳᠡᠭᠡᠨ ᠤ ᠠᠶᠤᠯ ᠥᠬᠡᠢ᠂  ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃        ( ᠠᠷᠪᠠᠨ ᠳᠣᠯᠤᠭ᠎ᠠ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃         ᠬᠤᠶᠠᠷ᠂ ᠳᠣᠲᠣᠭᠠᠳᠤ ᠪᠠᠶᠢᠭᠤᠯᠤᠮᠵᠢ      ( ᠨᠢᠭᠡ ) ᠠᠯᠪᠠᠨ  ᠭᠡᠷ᠃ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠠ ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠲᠣᠪᠴᠢᠶᠠᠨ ᠤ ᠤᠳᠤᠷᠢᠳᠤᠯᠭ᠎ᠠ ᠶᠢ ᠬᠠᠪᠰᠤᠷᠤᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠰᠢᠢᠳᠪᠦᠷᠢᠯᠡᠨ᠎ᠡ ;ᠳᠣᠲᠣᠭᠠᠳᠤ ᠭᠠᠳᠠᠭᠠᠳᠤ ᠶᠢᠨ ᠬᠤᠯᠪᠣᠭ᠎ᠠ ᠠᠪᠬᠤ᠂ ᠵᠣᠬᠢᠴᠠᠭᠤᠯᠬᠤ᠂ ᠬᠤᠷᠠᠯ ᠤᠨ ᠵᠣᠬᠢᠶᠠᠨ ᠪᠠᠶᠢᠭᠤᠯᠤᠯᠲᠠ᠂ ᠪᠢᠴᠢᠭ ᠮᠠᠲᠧᠷᠢᠶᠠᠯ ᠰᠢᠢᠳᠪᠦᠷᠢᠯᠡᠬᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠵᠠᠬᠢᠳᠠᠯ ᠰᠤᠷᠪᠤᠯᠵᠢᠯᠠᠭ᠎ᠠ᠂  ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠨᠢᠭᠤᠴᠠ ᠶᠢ ᠬᠠᠮᠠᠭᠠᠯᠠᠬᠤ᠂ ᠬᠠᠮᠠᠭᠠᠯᠠᠬᠤ ᠠᠵᠢᠯ ᠢ ᠬᠠᠷᠢᠭᠤᠴᠠᠨ᠎ᠠ ;ᠡᠳ᠋ ᠤᠨ ᠶᠠᠪᠤᠳᠠᠯ ᠤᠨ ᠠᠵᠢᠯ ᠪᠣᠯᠤᠨ ᠠᠵᠢᠯᠲᠠᠨ ᠤ ᠶᠠᠪᠤᠳᠠᠯ ᠂ ᠬᠥᠳᠡᠯᠮᠦᠷᠢ ᠴᠠᠯᠢᠩ᠂ ᠠᠵᠢᠯᠲᠠᠨ ᠠᠵᠢᠯᠴᠢᠨ ᠤ ᠳᠠᠭᠠᠳᠬᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯ  ᠠᠴᠠ ᠪᠠᠨ ᠠᠮᠠᠷᠠᠭᠰᠠᠳ ᠪᠠᠭᠤᠭᠰᠠᠳ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃       ( ᠬᠤᠶᠠᠷ )  ᠠᠵᠤ ᠦᠢᠯᠡᠰ ᠢ ᠬᠥᠭᠵᠢᠭᠦᠯᠬᠦ ᠰᠲ᠋ᠣᠺ᠃ᠡᠯ᠎ᠡ ᠬᠤᠶᠠᠳᠤᠭᠠᠷ ᠳᠠᠪᠬᠤᠷᠭ᠎ᠠ ᠶᠢᠨ ᠠᠵᠢᠯ ᠦᠢᠯᠡᠰ ᠤᠨ ᠨᠢᠭᠡᠴᠢ ᠶᠢᠨ ᠲᠤᠬᠠᠶᠢᠯᠠᠭᠰᠠᠨ ᠠᠵᠢᠯ ᠢ ᠬᠠᠮᠢᠶᠠᠷᠴᠤ ᠵᠣᠬᠢᠴᠠᠭᠤᠯᠬᠤ ᠶᠢ ᠬᠠᠷᠢᠭᠤᠴᠠᠨ᠎ᠠ ;ᠰᠣᠶᠣᠯ᠂ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠵᠢᠭᠠᠨ ᠵᠢᠯᠣᠭᠤᠳᠴᠤ᠂ ᠡᠮᠬᠢᠳᠬᠡᠵᠦ᠂ ᠨᠠᠶᠢᠷᠠᠭᠤᠯᠤᠨ ᠵᠣᠬᠢᠶᠠᠵᠤ᠂ ᠬᠥᠮᠥᠷᠭᠡ ᠳᠤ ᠣᠷᠣᠭᠤᠯᠤᠨ᠎ᠠ ;ᠳᠡᠭᠡᠷ᠎ᠡ ᠨᠢᠭᠡ ᠱᠠᠲᠤᠨ ᠤ ᠰᠣᠶᠣᠯ ᠵᠢᠭᠤᠯᠴᠢᠯᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠰᠣᠶᠣᠯ ᠵᠢᠭᠤᠯᠴᠢᠯᠠᠯ ᠤᠨ ᠬᠠᠮᠢᠶ᠎ᠠ ᠪᠦᠬᠦᠢ ᠠᠵᠢᠯ ᠢ ᠬᠢᠨᠠᠨ ᠲᠣᠭᠲᠠᠭᠠᠬᠤ ᠪᠠ ᠲᠠᠨᠢᠯᠴᠠᠭᠤᠯᠬᠤ ᠠᠵᠢᠯ ᠢ ᠰᠠᠶᠢᠲᠤᠷ ᠬᠢᠵᠦ᠂ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠠᠵᠢᠯ ᠡᠷᠬᠢᠯᠡᠭᠰᠡᠳ ᠲᠤ ᠠᠵᠢᠯ ᠮᠡᠷᠭᠡᠵᠢᠯ ᠤᠨ ᠪᠣᠯᠪᠠᠰᠤᠷᠠᠯ ᠬᠦᠷᠲᠡᠭᠡᠨ᠎ᠡ       ( ᠭᠤᠷᠪᠠ ) ᠬᠤᠪᠢ ᠣᠷᠣᠬᠤ ᠶᠢ ᠬᠢᠨᠠᠨ ᠵᠥᠪᠰᠢᠶᠡᠷᠡᠬᠦ᠃ᠰᠣᠶᠣᠯ᠂ ᠠᠶᠠᠯᠠᠯ ᠵᠢᠭᠤᠯᠴᠢᠯᠠᠯ ᠪᠣᠯᠤᠨ ᠲᠡᠦᠬᠡ ᠶᠢᠨ ᠳᠤᠷᠠᠰᠬᠠᠯᠲᠤ ᠵᠦᠢᠯ ᠤᠨ ᠰᠠᠯᠪᠤᠷᠢ ᠶᠢᠨ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠵᠠᠢ᠃ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠶᠢ ᠥᠷᠨᠢᠭᠦᠯᠬᠦ ᠬᠡᠷᠡᠭᠲᠡᠢ᠃ᠰᠡᠷᠭᠡᠶᠢᠯᠡᠨ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠬᠡᠷᠡᠭᠲᠡᠢ᠃ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠤᠨ ᠬᠢᠨᠠᠨ ᠪᠠᠶᠢᠴᠠᠭᠠᠯᠲᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠵᠠᠬᠢᠷᠭᠠᠨ ᠤ ᠵᠠᠷᠭᠤ ᠶᠢᠨ ᠠᠵᠢᠯ ᠢ ᠡᠭᠦᠷᠭᠡᠯᠡᠨ᠎ᠡ᠃ᠰᠣᠶᠣᠯ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯ ᠤᠨ ᠬᠦᠷᠢᠶ᠎ᠡ ᠬᠡᠪᠴᠢᠶᠡᠨ ᠳᠠᠬᠢ ᠨᠡᠶᠢᠭᠡᠮ ᠤᠨ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠤᠷᠢᠳᠠᠬᠢ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠮᠦᠽᠧᠢ ᠶᠢ ᠬᠢᠨᠠᠨ ᠬᠠᠷᠭᠤᠭᠤᠯᠵᠤ ᠳᠠᠩᠰᠠᠯᠠᠬᠤ᠂ ᠬᠢᠨᠠᠨ ᠵᠥᠪᠰᠢᠶᠡᠷᠡᠬᠦ ᠤᠴᠢᠷ ᠶᠠᠪᠤᠳᠠᠯ ᠵᠢᠴᠢ ᠬᠠᠮᠢᠶ᠎ᠠ ᠪᠦᠬᠦᠢ ᠬᠢᠷᠢ ᠭᠡᠮ ᠢ ᠦᠨᠡᠮᠰᠢᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ( ᠳᠥᠷᠪᠡ ) ᠶᠡᠷᠦᠩᠬᠡᠶᠢᠯᠡᠭᠰᠡᠨ ᠬᠤᠪᠢ ᠣᠷᠣᠭᠤᠯᠤᠯᠲᠠ᠃ᠰᠣᠶᠣᠯ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ᠂ ᠲᠥᠯᠥᠪᠵᠢᠭᠦᠯᠭᠡ᠂ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ᠂ ᠰᠣᠶᠣᠯ᠂ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢᠨ ᠭᠠᠳᠠᠭᠠᠳᠤ ᠤᠬᠠᠭᠤᠯᠭ᠎ᠠ ᠪᠠ ᠴᠢᠬᠤᠯᠠ ᠶᠡᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ;ᠰᠣᠶᠣᠯ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ;ᠰᠣᠶᠣᠯ ᠤᠨ ᠠᠵᠤ ᠦᠢᠯᠡᠰ ᠤᠨ ᠬᠤᠯᠪᠣᠭᠳᠠᠯ ᠪᠦᠬᠦᠢ ᠲᠥᠷᠥᠯ ᠵᠦᠢᠯ ᠪᠠ ᠵᠢᠭᠤᠯᠴᠢᠯᠠᠯ ᠤᠨ ᠠᠵᠤ ᠦᠢᠯᠡᠰ ᠵᠢᠴᠢ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠵᠢᠯᠣᠭᠤᠳᠴᠤ ᠠᠬᠢᠭᠤᠯᠤᠨ᠎ᠠ ;ᠰᠣᠶᠣᠯ᠂ ᠵᠢᠭᠤᠯᠴᠢᠯᠠᠯ ᠤᠨ ᠠᠵᠤ ᠦᠢᠯᠡᠰ ᠬᠢᠭᠡᠳ ᠬᠤᠯᠪᠣᠭᠳᠠᠯ ᠪᠦᠬᠦᠢ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ;ᠪᠦᠬᠦ ᠬᠤᠰᠢᠭᠤᠨ ᠤ ᠰᠣᠶᠣᠯ᠂ ᠵᠤᠭᠠᠴᠠᠯ ᠤᠨ ᠦᠢᠯᠡᠰ ᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ ;ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ ᠵᠢᠯᠣᠭᠤᠳᠬᠤ ᠠᠵᠢᠯ ᠵᠢᠴᠢ ᠵᠢᠭᠤᠯᠴᠢᠯᠠᠯ ᠤᠨ ᠵᠣᠷᠯᠣᠩ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ᠃ᠪᠦᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ;ᠪᠦᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠵᠢᠯᠣᠭᠤᠳᠤᠨ᠎ᠠ᠃ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠢ ᠪᠠᠶᠢᠴᠠᠭᠠᠬᠤ ᠠᠵᠢᠯ ᠢ ᠬᠠᠷᠢᠭᠤᠴᠠᠨ᠎ᠠ ;ᠲᠡᠦᠬᠡ ᠶᠢᠨ ᠳᠤᠷᠠᠰᠬᠠᠯᠲᠤ ᠵᠦᠢᠯ ᠢᠶᠠᠷ ᠬᠠᠮᠠᠭᠠᠯᠠᠭᠳᠠᠬᠤ ᠨᠢᠭᠡᠴᠢ ᠶᠢ ᠲᠠᠨᠢᠯᠴᠠᠭᠤᠯᠬᠤ ᠪᠠ ᠲᠡᠦᠬᠡ ᠶᠢᠨ ᠳᠤᠷᠠᠰᠬᠠᠯᠲᠤ ᠵᠦᠢᠯ ᠢ ᠪᠠᠷᠢᠯᠭ᠎ᠠ ᠶᠢ ᠰᠡᠯᠪᠢᠨ ᠵᠠᠰᠠᠬᠤ ᠵᠢᠴᠢ ᠡᠭᠦᠨ  ᠲᠠᠢ ᠬᠤᠯᠪᠣᠭᠳᠠᠬᠤ ᠠᠵᠢᠯ ᠢ ᠰᠠᠶᠢᠲᠤᠷ ᠬᠢᠨ᠎ᠡ ;ᠪᠦᠬᠦ ᠬᠤᠰᠢᠭᠤᠨ ᠤ ᠲᠡᠦᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠬᠠᠭᠤᠴᠢ ᠰᠤᠳᠤᠯᠤᠯ ᠤᠨ ᠠᠭᠤᠳᠠᠯᠤᠯᠲᠠ᠂ ᠡᠷᠲᠡᠨ ᠤ ᠪᠠᠷᠢᠯᠭ᠎ᠠ ᠶᠢ ᠰᠡᠯᠪᠢᠨ ᠵᠠᠰᠠᠬᠤ ᠲᠥᠷᠥᠯ ᠵᠦᠢᠯ ᠢ ᠬᠢᠨᠠᠨ ᠬᠠᠷᠭᠤᠭᠤᠯᠬᠤ᠂ ᠮᠡᠳᠡᠭᠦᠯᠬᠦ ᠶᠢ ᠬᠠᠷᠢᠭᠤᠴᠠᠨ᠎ᠠ ;ᠪᠦᠬᠦ ᠬᠤᠰᠢᠭᠤᠨ ᠤ ᠰᠢᠯᠵᠢᠭᠦᠯᠵᠦ ᠪᠣᠯᠣᠰᠢ ᠥᠬᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠥᠷᠥᠩᠭᠡ ᠶᠢᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ︔ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠶᠢᠨ ᠳᠤᠷᠠᠰᠬᠠᠯᠲᠤ ᠵᠦᠢᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠪᠡ᠃       ( ᠲᠠᠪᠤ ) ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢᠭᠡ ᠳᠤ ᠵᠢᠯ ᠪᠦᠷᠢ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠣᠶᠣᠯ ᠤᠨ ᠵᠠᠬ᠎ᠠ ᠳᠡᠯᠭᠡᠭᠦᠷ ᠲᠤ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠬᠢᠵᠦ᠂ ᠭᠤᠣᠯᠳᠠᠭᠤ ᠰᠦᠯᠵᠢᠶᠡᠨ ᠤ ᠪᠠᠭᠠᠷ ᠤᠨ ᠡᠵᠡᠩᠨᠡᠯᠲᠡ ᠶᠢᠨ ᠭᠠᠵᠠᠷ᠂ ᠰᠣᠶᠣᠯ ᠴᠡᠩᠭᠡᠯ ᠤᠨ ᠭᠠᠵᠠᠷ᠂ ᠬᠡᠪᠯᠡᠯ ᠤᠨ ᠦᠢᠯᠡᠰ᠂ ᠨᠣᠮ ᠪᠢᠴᠢᠭ ᠪᠣᠷᠣᠯᠠᠭᠤᠯᠬᠤ ᠲᠣᠣᠷ ᠴᠢᠭ ᠵᠡᠷᠭᠡ ᠶᠢᠨ ᠡᠵᠡᠩᠨᠡᠯᠲᠡ  ᠨᠢ ᠳᠦᠷᠢᠮ ᠢ ᠵᠢᠷᠤᠮᠯᠠᠨ ᠬᠠᠤᠯᠢ ᠶᠢ ᠰᠠᠬᠢᠭᠰᠠᠨ ᠡᠰᠡᠬᠦ ᠵᠢᠴᠢ ᠠᠮᠤᠷ ᠲᠦᠪᠰᠢᠨ ᠤ ᠠᠷᠭ᠎ᠠ ᠬᠡᠮᠵᠢᠶ᠎ᠡ᠂ ᠦᠨᠡᠮᠯᠡᠯ  ᠨᠢ ᠪᠦᠷᠢᠨ ᠭᠦᠢᠴᠡᠳ ᠪᠠᠶᠢᠬᠤ ᠡᠰᠡᠬᠦ᠂ ᠨᠠᠰᠤᠨ ᠳᠤ ᠦᠯᠦ ᠬᠦᠷᠦᠭᠰᠡᠳ ᠣᠷᠣᠵᠤ ᠪᠣᠯᠬᠤ ᠥᠬᠡᠢ ᠭᠡᠰᠡᠨ ᠲᠡᠮᠳᠡᠭ᠂ ᠰᠦᠯᠵᠢᠶᠡᠨ ᠳᠤ ᠭᠠᠷᠴᠤ ᠳᠠᠩᠰᠠᠯᠠᠭᠤᠯᠤᠭᠠᠳ ᠦᠨᠡᠨ ᠨᠡᠷ᠎ᠡ ᠶᠢᠨ ᠳᠦᠷᠢᠮ ᠵᠡᠷᠭᠡ ᠣᠯᠠᠨ ᠵᠦᠢᠯ ᠤᠨ ᠠᠵᠢᠯᠯᠠᠭᠠᠨ ᠤ ᠪᠠᠶᠢᠳᠠᠯ ᠳᠤ ᠡᠳᠦᠷ ᠳᠣᠳᠣᠮ ᠤᠨ ᠬᠢᠨᠠᠯᠲᠠ ᠬᠠᠮᠢᠶᠠᠷᠤᠯᠲᠠ᠂ ᠲᠥᠪᠯᠡᠷᠡᠭᠦᠯᠦᠨ ᠪᠠᠶᠢᠴᠠᠭᠠᠯᠲᠠ ᠬᠢᠬᠦ ᠬᠡᠷᠡᠭᠲᠡᠢ᠃ ᠬᠤᠶᠠᠷ ᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠴᠢᠭᠯᠡᠯᠲᠡ ᠲᠥᠷᠥ ᠶᠢᠨ ᠪᠣᠳᠣᠯᠭ᠎ᠠ᠂ ᠵᠢᠭᠤᠯᠴᠢᠯᠠᠯ ᠤᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ ;ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠨ᠎ᠠ ;ᠪᠦᠬᠦ ᠬᠤᠰᠢᠭᠤᠨ ᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠤᠷᠢᠶ᠎ᠠ ᠶᠢᠨ ᠡᠵᠡᠩᠨᠡᠯᠲᠡ ᠶᠢᠨ ᠬᠢᠷᠢ ᠭᠡᠮ ᠤᠨ ᠠᠩᠬᠠᠨ ᠤ ᠬᠢᠨᠠᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠵᠢᠭᠤᠯᠴᠢᠯᠠᠯ ᠤᠨ ᠠᠵᠤ ᠠᠬᠤᠶᠢᠯᠠᠯ ᠢ ᠵᠢᠯᠣᠭᠤᠳᠤᠨ ᠦᠢᠯᠡᠴᠢᠯᠡᠭᠡᠨ ᠤ ᠶᠠᠰᠤ ᠴᠢᠨᠠᠷ ᠢ  ᠨᠢ ᠳᠡᠭᠡᠭᠰᠢᠯᠡᠭᠦᠯᠵᠦ᠂ ᠵᠢᠭᠤᠯᠴᠢᠯᠠᠭᠴᠢᠳ ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠂ ᠵᠢᠭᠤᠯᠴᠢᠯᠠᠭᠴᠢ ᠪᠣᠯᠤᠨ ᠵᠢᠭᠤᠯᠴᠢᠯᠠᠯ ᠡᠵᠡᠩᠨᠡᠬᠦ ᠨᠢᠭᠡᠴᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ ;ᠵᠢᠭᠤᠯᠴᠢᠯᠠᠯ ᠤᠨ ᠠᠮᠤᠷ ᠲᠦᠪᠰᠢᠨ᠂ ᠳᠠᠭᠠᠳᠬᠠᠯ ᠤᠨ ᠠᠵᠢᠯ ᠢ ᠵᠢᠯᠣᠭᠤᠳᠤᠨ᠎ᠠ ;ᠬᠦᠨᠳᠦ ᠶᠡᠭᠡ ᠵᠢᠭᠤᠯᠴᠢᠯᠠᠯ ᠤᠨ ᠠᠮᠤᠷ ᠲᠦᠪᠰᠢᠨ ᠤ ᠠᠳᠡᠯ ᠢ ᠠᠪᠤᠷᠠᠨ ᠲᠤᠰᠠᠯᠠᠬᠤ ᠪᠠ ᠰᠢᠢᠳᠪᠦᠷᠢᠯᠡᠬᠦ ᠠᠵᠢᠯ ᠢ ᠬᠠᠪᠰᠤᠷᠤᠨ᠎ᠠ᠃       ( ᠵᠢᠷᠭᠤᠭ᠎ᠠ ) ᠰᠣᠶᠣᠯ ( ᠤᠷᠠᠨ ᠵᠢᠷᠤᠭ ) ᠤᠨ ᠣᠷᠳᠣᠨ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ ᠤ ᠢᠵᠢ ᠪᠦᠷᠢᠯᠳᠦᠬᠦᠨ ᠨᠢ 2 ᠫᠠᠢ ᠶᠢ᠃ ᠪᠦᠬᠦ ᠬᠤᠰᠢᠭᠤᠨ ᠤ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠬᠠᠪᠰᠤᠷᠤᠨ ᠵᠢᠯᠣᠭᠤᠳᠬᠤ᠂ ᠪᠣᠯᠪᠠᠰᠤᠷᠠᠭᠤᠯᠬᠤ ᠠᠵᠢᠯ ᠢ ᠬᠠᠷᠢᠭᠤᠴᠠᠨ ᠴᠢᠩᠭᠠᠳᠬᠠᠬᠤ ᠬᠡᠷᠡᠭᠲᠡᠢ᠃ᠲᠤᠬᠠᠶᠢᠯᠠᠪᠠᠯ᠄ ᠲᠠᠯᠠᠪᠠᠢ ᠶᠢᠨ ᠪᠥᠵᠢᠭ ᠤᠨ ᠤᠷᠤᠯᠳᠤᠭᠠᠨ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠶᠢᠨ ᠨᠠᠶᠢᠷᠠᠯ ᠳᠠᠭᠤᠤ᠂ ᠰᠢᠯᠦᠭ᠂ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠦᠵᠡᠭᠦᠯᠦᠯᠭᠡ ᠵᠡᠷᠭᠡ ᠠᠷᠠᠳ ᠤᠨ ᠵᠠᠩ ᠦᠢᠯᠡ᠂ ᠠᠷᠠᠳ ᠤᠨ ᠳᠤᠮᠳᠠᠬᠢ ᠰᠣᠶᠣᠯ ᠤᠨ ᠠᠵᠢᠯᠯᠠᠭ᠎ᠠ ᠶᠢ ᠡᠷᠬᠢᠯᠡᠬᠦ᠃ᠲᠣᠮᠣ ᠬᠡᠯᠪᠡᠷᠢ ᠶᠢᠨ ᠠᠵᠢᠯᠯᠠᠭ᠎ᠠ ᠶᠢ ᠲᠥᠯᠥᠪᠯᠡᠬᠦ᠂ ᠲᠣᠨᠣᠭᠯᠠᠬᠤ᠂ ᠵᠣᠬᠢᠴᠠᠭᠤᠯᠬᠤ ᠵᠡᠷᠭᠡ ᠠᠵᠢᠯ ᠢ ᠬᠠᠷᠢᠭᠤᠴᠠᠨ᠎ᠠ ᠃ᠬᠠᠮᠲᠤ ᠪᠣᠳᠠᠰ ᠤᠨ ᠪᠤᠰᠤ ᠰᠣᠶᠣᠯ ᠤᠨ ᠥᠪ ᠪᠣᠯᠤᠨ ᠤᠯᠠᠮᠵᠢᠯᠠᠨ ᠵᠠᠯᠭᠠᠮᠵᠢᠯᠠᠭᠴᠢᠳ ᠪᠠᠶᠢᠴᠠᠭᠠᠨ ᠰᠤᠳᠤᠯᠤᠯᠲᠠ᠂ ᠬᠠᠮᠠᠭᠠᠯᠠᠯᠲᠠ᠂ ᠬᠠᠮᠢᠶᠠᠷᠤᠯᠲᠠ ᠬᠢᠵᠦ᠃ ᠤᠷᠠᠨ ᠵᠢᠷᠤᠭ ᠤᠨ ᠣᠷᠳᠣᠨ ᠨᠢ ᠭᠤᠣᠯᠳᠠᠭᠤ ᠬᠠᠳᠠᠭᠠᠯᠠᠬᠤ᠂ ᠡᠷᠳᠡᠮ ᠰᠢᠨᠵᠢᠯᠡᠭᠡ ᠬᠢᠬᠦ᠂ ᠳᠡᠯᠭᠡᠨ ᠦᠵᠡᠭᠦᠯᠬᠦ᠂ ᠣᠯᠠᠨ ᠨᠡᠶᠢᠲᠡ ᠶᠢᠨ ᠰᠤᠷᠭᠠᠨ ᠬᠥᠮᠦᠵᠢᠯ᠂ ᠤᠷᠠᠯᠢᠭ ᠤᠨ ᠰᠣᠯᠢᠯᠴᠠᠭ᠎ᠠ ᠪᠣᠯᠤᠨ ᠦᠢᠯᠡᠴᠢᠯᠡᠭᠡ᠂ ᠣᠯᠠᠨ ᠨᠡᠶᠢᠲᠡ ᠶᠢᠨ ᠰᠡᠯᠡᠭᠦᠴᠡᠯ ᠪᠣᠯᠤᠨ ᠲᠡᠮᠦᠷᠯᠢᠭ ᠬᠠᠶᠢᠯᠠᠭᠤᠯᠬᠤ ᠤᠷᠠᠯᠢᠭ ᠤᠨ ᠬᠡᠪ ᠪᠣᠯᠪᠠᠰᠤᠷᠠᠯ ᠵᠡᠷᠭᠡ ᠵᠢᠷᠭᠤᠭᠠᠨ ᠶᠡᠭᠡ ᠡᠭᠦᠷᠭᠡ ᠴᠢᠳᠠᠪᠬᠢ ᠲᠠᠢ ᠭᠤᠣᠯᠳᠠᠭᠤ ᠤᠷᠠᠨ ᠵᠢᠷᠤᠭ ᠤᠨ ᠪᠦᠲᠦᠭᠡᠯ ᠢ ᠴᠤᠭᠯᠠᠭᠤᠯᠬᠤ᠂ ᠬᠠᠳᠠᠭᠠᠯᠠᠬᠤ᠂ ᠳᠡᠯᠭᠡᠨ ᠦᠵᠡᠭᠦᠯᠬᠦ᠂ ᠰᠤᠳᠤᠯᠬᠤ ᠶᠢ ᠬᠠᠷᠢᠭᠤᠴᠠᠬᠤ ᠪᠥᠭᠡᠳ ᠤᠷᠠᠯᠢᠭ ᠤᠨ ᠰᠣᠯᠢᠯᠴᠠᠭ᠎ᠠ ᠬᠢᠬᠦ ᠪᠠ ᠣᠯᠠᠨ ᠲᠦᠮᠡᠨ ᠳᠤ ᠦᠢᠯᠡᠴᠢᠯᠡᠬᠦ ᠰᠣᠶᠣᠯ ᠤᠨ ᠪᠠᠶᠢᠭᠤᠯᠤᠮᠵᠢ ᠪᠣᠯᠤᠨ᠎ᠠ᠃       (ᠳᠣᠯᠤᠭ᠎ᠠ) ᠨᠣᠮ ᠤᠨ ᠰᠠᠩ ᠭᠤᠣᠯᠳᠠᠭᠤ ᠬᠥᠮᠦᠨ ᠲᠥᠷᠥᠯᠬᠢᠲᠡᠨ ᠤ ᠰᠣᠶᠣᠯ ᠤᠨ ᠥᠪ ᠢ ᠬᠠᠳᠠᠭᠠᠯᠠᠬᠤ᠂ ᠨᠡᠶᠢᠭᠡᠮ ᠤᠨ ᠬᠥᠮᠦᠵᠢᠯ ᠢ ᠥᠷᠨᠢᠭᠦᠯᠬᠦ᠂ ᠰᠢᠨᠵᠢᠯᠡᠬᠦ ᠤᠬᠠᠭᠠᠨ ᠤ ᠮᠡᠳᠡᠭᠡ ᠮᠡᠳᠡᠭᠡᠯᠡᠯ ᠢ ᠳᠠᠮᠵᠢᠭᠤᠯᠬᠤ᠂ ᠣᠶᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠰᠣᠶᠣᠯ ᠴᠡᠩᠭᠡᠯ ᠬᠠᠩᠭᠠᠬᠤ ᠵᠡᠷᠭᠡ ᠲᠠᠪᠤᠨ ᠵᠦᠢᠯ ᠤᠨ ᠡᠭᠦᠷᠭᠡ ᠴᠢᠳᠠᠪᠬᠢ ᠶᠢ ᠡᠭᠦᠷᠭᠡᠯᠡᠵᠦ᠂ ᠨᠣᠮ ᠤᠨ ᠰᠠᠩ᠊_‍ᠠ᠋ᠴᠠ ᠭᠠᠳᠠᠭᠰᠢ ᠵᠢᠭᠡᠯᠡᠭᠦᠯᠬᠦ ᠶᠢ ᠪᠣᠳᠠᠲᠠᠢ ᠥᠷᠨᠢᠭᠦᠯᠵᠦ᠂ ᠨᠣᠮ ᠤᠨ ᠰᠠᠩ ᠢᠶᠠᠷ ᠲᠣᠭᠤᠷᠢᠨ ᠦᠵᠡᠬᠦ᠂ ᠨᠡᠶᠢᠭᠡᠮ ᠲᠣᠭᠤᠷᠢᠭ᠂ ᠰᠤᠷᠭᠠᠭᠤᠯᠢ᠂ ᠴᠠᠭᠳᠠᠭᠠᠨ ᠤ ᠬᠤᠸᠠᠷᠠᠨ᠂ ᠮᠠᠯᠵᠢᠬᠤ ᠲᠠᠷᠢᠶᠠᠯᠠᠬᠤ ᠣᠷᠣᠨ᠂ ᠪᠠᠶᠢᠭᠤᠯᠭ᠎ᠠ ᠨᠢᠭᠡᠴᠡ᠂ ᠮᠠᠯᠵᠢᠬᠤ ᠡᠷᠦᠬᠡ ᠪᠥᠬᠦ ᠠᠷᠠᠳ ᠢᠶᠠᠷ ᠢᠶᠠᠨ ᠨᠣᠮ ᠦᠵᠡᠵᠦ ᠳᠡᠯᠭᠡᠷᠡᠭᠦᠯᠬᠦ ᠠᠵᠢᠯᠯᠠᠭ᠎ᠠ ᠥᠷᠨᠢᠭᠦᠯᠦᠨ᠎ᠡ᠃ᠱᠠᠩᠨᠠᠯ ᠲᠠᠢ ᠳ᠋ᠧᠩ ᠤᠨ ᠣᠨᠢᠰᠤᠭ᠎ᠠ ᠶᠢᠨ ᠠᠵᠢᠯᠯᠠᠭ᠎ᠠ ᠥᠷᠨᠢᠭᠦᠯᠵᠦ᠂ ᠡᠯ᠎ᠡ ᠲᠥᠷᠥᠯ ᠤᠨ ᠤᠷᠠᠨ ᠤᠩᠰᠢᠬᠤ᠂ ᠨᠣᠮ ᠤᠩᠰᠢᠬᠤ᠂ ᠤᠩᠰᠢᠭᠴᠢᠳ ᠤᠨ ᠰᠠᠭᠤᠳᠠᠯ ᠤᠨ ᠬᠤᠷᠠᠯ ᠵᠡᠷᠭᠡ ᠠᠵᠢᠯᠯᠠᠭ᠎ᠠ ᠶᠢ ᠥᠷᠨᠢᠭᠦᠯᠪᠡ᠃ᠡᠭᠦᠨ ᠤ ᠬᠠᠮᠲᠤ ᠪᠠᠰᠠ ᠰᠣᠶᠣᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠢᠨᠵᠧᠨᠧᠷᠢᠩ ᠢ ᠢᠳᠡᠪᠬᠢᠲᠡᠢ ᠠᠰᠢᠭᠯᠠᠨ᠂ ᠮᠡᠳᠡᠭᠡ ᠵᠠᠩᠭᠢ ᠶᠢᠨ ᠨᠣᠮ ᠤᠩᠰᠢᠵᠤ ᠬᠠᠮᠲᠤᠪᠠᠷ ᠡᠳ᠋ᠯᠡᠬᠦ ᠠᠵᠢᠯᠯᠠᠭ᠎ᠠ ᠶᠢ ᠥᠷᠨᠢᠭᠦᠯᠦᠨ᠎ᠡ᠃       (ᠨᠠᠢᠮᠠ) ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠮᠢᠶᠠᠷᠤᠯᠲᠠ ᠶᠢᠨ ᠭᠠᠵᠠᠷ ᠭᠤᠣᠯᠳᠠᠭᠤ ᠤᠯᠤᠰ ᠤᠨ ᠬᠤᠯᠪᠣᠭᠳᠠᠯ ᠪᠦᠬᠦᠢ ᠲᠡᠦᠬᠡ ᠶᠢᠨ ᠳᠤᠷᠠᠰᠬᠠᠯᠲᠤ ᠵᠦᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠤᠬᠠᠭᠤᠯᠭ᠎ᠠ ᠪᠣᠯᠤᠨ ᠳᠥᠷᠪᠡᠳ ᠬᠤᠰᠢᠭᠤᠨ ᠤ ᠬᠡᠪᠴᠢᠶᠡᠨ ᠳᠣᠲᠣᠷᠠᠬᠢ ᠭᠠᠵᠠᠷ ᠳᠡᠭᠡᠷᠡᠬᠢ ᠪᠠ ᠳᠣᠷᠣᠭᠰᠢ ᠰᠢᠯᠵᠢᠭᠦᠯᠵᠦ ᠪᠣᠯᠬᠤ ᠪᠠ ᠰᠢᠯᠵᠢᠭᠦᠯᠵᠦ ᠪᠣᠯᠬᠤ ᠥᠬᠡᠢ ᠲᠡᠦᠬᠡ ᠶᠢᠨ ᠳᠤᠷᠠᠰᠬᠠᠯᠲᠤ ᠵᠦᠢᠯ ᠢ ᠬᠠᠮᠢᠶᠠᠷᠴᠤ ᠬᠠᠮᠠᠭᠠᠯᠠᠬᠤ ᠠᠵᠢᠯ ᠢ ᠬᠠᠷᠢᠭᠤᠴᠠᠨ᠎ᠠ᠃       ( ᠶᠢᠰᠤ  ) ᠵᠢᠭᠤᠯᠴᠢᠯᠠᠯ ᠤᠨ ᠬᠠᠮᠢᠶᠠᠷᠤᠯᠲᠠ ᠶᠢᠨ ᠭᠠᠵᠠᠷ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠲᠡᠭᠦᠯᠳᠡᠷᠵᠢᠭᠦᠯᠦᠨ᠎ᠡ ;ᠪᠦᠬᠦ ᠬᠤᠰᠢᠭᠤᠨ ᠤ ᠵᠤᠭᠠᠴᠠᠯ ᠤᠨ ᠦᠢᠯᠡᠰ ᠤᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠠ ᠵᠢᠯ ᠤᠨ ᠠᠵᠢᠯ ᠤᠨ ᠲᠥᠯᠥᠪᠯᠡᠭᠡ ᠶᠢ ᠲᠣᠭᠲᠠᠭᠠᠨ᠎ᠠ ;ᠵᠢᠭᠤᠯᠴᠢᠯᠠᠯ ᠤᠨ ᠦᠢᠯᠡᠳᠬᠦᠨ ᠪᠠ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ ;ᠣᠳᠣᠨ ᠳᠡᠰ ᠤᠨ ᠪᠠᠭᠤᠳᠠᠯ᠂ A  ᠳᠡᠰ ᠠᠴᠠ ᠳᠡᠭᠡᠭᠰᠢᠬᠢ ᠦᠵᠡᠮᠵᠢ ᠶᠢᠨ ᠣᠷᠣᠨ ᠢ ᠲᠠᠨᠢᠯᠴᠠᠭᠤᠯᠬᠤ ᠠᠵᠢᠯ ᠢ ᠬᠠᠷᠢᠭᠤᠴᠠᠬᠤ ᠶᠢᠨ ᠬᠠᠮᠲᠤ ᠳᠡᠭᠡᠳᠦ ᠱᠠᠲᠤᠨ ᠤ ᠵᠢᠭᠤᠯᠴᠢᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠦᠨᠡᠯᠡᠨ ᠲᠣᠭᠲᠠᠭᠠᠬᠤ ᠪᠠ ᠰᠢᠯᠭᠠᠨ ᠬᠢᠨᠠᠬᠤ ᠠᠵᠢᠯ ᠢ ᠰᠠᠶᠢᠲᠤᠷ ᠬᠢᠨ᠎ᠡ ;ᠵᠢᠭᠤᠯᠴᠢᠯᠠᠯ ᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠵᠢᠴᠢ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ ᠃ᠪᠦᠬᠦ ᠬᠤᠰᠢᠭᠤᠨ ᠤ ᠵᠤᠭᠠᠴᠠᠯ ᠤᠨ ᠠᠵᠢᠯ ᠲᠥᠷᠥᠯ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠵᠢᠯᠣᠭᠤᠳᠤᠨ᠂ ᠬᠤᠰᠢᠭᠤᠨ ᠤ ᠵᠤᠭᠠᠴᠠᠯ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃       ( ᠠᠷᠪᠠ ) ᠤᠯᠠᠭᠠᠨ ᠮᠥ᠋ᠴᠢᠷ ᠭᠤᠣᠯᠳᠠᠭᠤ ᠲᠣᠭᠯᠠᠯᠲᠠ ᠭᠠᠷᠭᠠᠬᠤ᠂ ᠤᠬᠠᠭᠤᠯᠬᠤ᠂ ᠵᠢᠭᠠᠨ ᠵᠢᠯᠣᠭᠤᠳᠬᠤ᠂ ᠦᠢᠯᠡᠴᠢᠯᠡᠬᠦ᠂ ᠤᠯᠠᠮᠵᠢᠯᠠᠬᠤ᠂ ᠦᠢᠯᠡᠳᠬᠦ ᠵᠢᠷᠭᠤᠭᠠᠨ ᠵᠦᠢᠯ ᠤᠨ ᠡᠭᠦᠷᠭᠡ ᠴᠢᠳᠠᠪᠤᠷᠢ ᠲᠠᠢ ᠪᠠᠶᠢᠵᠤ᠂ ᠵᠢᠯ ᠪᠦᠷᠢ ᠮᠠᠯᠵᠢᠬᠤ ᠣᠷᠣᠨ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ᠂ ᠰᠠᠭᠤᠭ᠎ᠠ ᠴᠡᠷᠢᠭ ᠤᠨ ᠬᠤᠸᠠᠷᠠᠨ ᠳᠤ ᠭᠦᠨᠵᠡᠭᠡᠶᠢᠷᠡᠨ ᠲᠣᠭᠯᠠᠯᠲᠠ ᠭᠠᠷᠭᠠᠬᠤ ᠡᠭᠦᠷᠭᠡ ᠪᠠᠨ 100 ᠭᠠᠷᠤᠢ ᠤᠳᠠᠭ᠎ᠠ ᠪᠡᠶᠡᠯᠡᠭᠦᠯᠦᠭᠰᠡᠨ ᠪᠠᠶᠢᠨ᠎ᠠ᠃       (ᠠᠷᠪᠠᠨ ᠨᠢᠭᠡ ) ᠮᠦᠽᠧᠢ ᠤᠭ ᠮᠦᠽᠧᠢ 2007 ᠣᠨ ᠳᠤ ᠠᠯᠪᠠᠨ ᠶᠣᠰᠣᠭᠠᠷ ᠪᠦᠷᠢᠳᠬᠡᠭᠦᠯᠵᠦ ᠪᠠᠶᠢᠭᠤᠯᠤᠭᠰᠠᠨ ᠨᠢ ᠤᠯᠠᠭᠠᠨᠴᠠᠪ ᠬᠤᠲᠠ ᠶᠢᠨ ᠴᠣᠷ ᠤᠨ ᠭᠠᠭᠴᠠ ᠤᠯᠤᠰ ᠤᠨ ᠪᠦᠷᠢᠳᠬᠡᠭᠦᠯᠦᠭᠰᠡᠨ ᠬᠤᠰᠢᠭᠤ ᠰᠢᠨ ᠤ ᠵᠡᠷᠭᠡᠯᠡᠯ ᠤᠨ ᠮᠦᠽᠧᠢ ᠪᠣᠯᠬᠤ ᠪᠥᠭᠡᠳ ᠦᠵᠦ ᠶᠢᠨ ᠵᠡᠷᠭᠡᠯᠡᠯ ᠤᠨ ᠲᠥᠯᠥᠪᠦᠷᠢ ᠦᠭᠡᠢ ᠨᠡᠭᠡᠭᠡᠯᠲᠡ ᠲᠠᠢ ᠮᠦᠽᠧᠢ ᠶᠢᠨ ᠨᠢᠭᠡ᠂ ᠲᠡᠦᠬᠡ ᠰᠣᠶᠣᠯ ᠤᠨ ᠳᠤᠷᠠᠰᠬᠠᠯᠲᠤ ᠵᠦᠢᠯᠡᠰ᠂ ᠵᠠᠩ ᠦᠢᠯᠡ ᠶᠢᠨ ᠡᠳ᠋᠂ ᠠᠮᠢᠲᠠᠨ ᠤᠷᠭᠤᠮᠠᠯ ᠤᠨ ᠴᠢᠯᠠᠭᠤᠵᠢᠮᠠᠯ᠂ ᠬᠥᠳᠡᠭᠡ ᠠᠵᠤ ᠠᠬᠤᠢ ᠶᠢᠨ ᠪᠦᠲᠦᠭᠡᠭᠳᠡᠬᠦᠨ᠂ 《 ᠰᠢᠨᠵᠢᠬᠦ 》᠃ᠴᠤᠭᠯᠠᠭᠤᠯᠭ᠎ᠠ ᠨᠢ ᠭᠤᠣᠯᠳᠠᠭᠤ ᠠᠮᠢᠲᠠᠨ ᠤᠷᠭᠤᠮᠠᠯ ᠤᠨ ᠴᠢᠯᠠᠭᠤᠵᠢᠮᠠᠯ᠂ ᠴᠢᠯᠠᠭᠤᠨ ᠵᠡᠪᠰᠡᠭ᠂ ᠠᠯᠲᠠ ᠮᠥᠩᠭᠦᠨ ᠡᠳ᠋ᠯᠡᠯ᠂ ᠱᠠᠭᠠᠵᠠᠩ ᠡᠳ᠋ᠯᠡᠯ᠂ ᠬᠠᠰ ᠡᠳ᠋ᠯᠡᠯ᠂ ᠬᠦᠷᠡᠯ ᠵᠡᠪᠰᠡᠭ᠂ ᠲᠡᠮᠦᠷ ᠡᠳ᠋ᠯᠡᠯ᠂ ᠠᠯᠲᠠ ᠰᠢᠬᠠᠮᠳᠠᠭᠤᠯᠤᠭᠰᠠᠨ ᠨᠡᠬᠡᠮᠡᠯ ᠡᠳ᠋᠂ ᠶᠠᠰᠤᠨ ᠡᠳ᠋ᠯᠡᠯ᠂ ᠮᠣᠳᠣᠨ ᠡᠳ᠋ᠯᠡᠯ᠂ ᠡᠷᠲᠡᠨ ᠤ ᠵᠣᠭᠤᠰ᠂ ᠡᠷᠲᠡᠨ ᠤ ᠨᠣᠮ ᠰᠤᠳᠤᠷ ᠵᠡᠷᠭᠡ ᠪᠣᠢ᠃ᠰᠦᠢᠳᠬᠡᠯ ᠬᠤᠷᠢᠶᠠᠬᠤ ᠥᠬᠡᠢ ᠪᠠᠷ ᠲᠣᠭᠤᠷᠢᠨ ᠦᠵᠡᠬᠦ ᠠᠵᠢᠯᠯᠠᠭ᠎ᠠ ᠶᠢ ᠵᠢᠯ ᠲᠤᠷᠰᠢ ᠥᠷᠨᠢᠭᠦᠯᠵᠦ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠪᠠᠯᠭᠠᠰᠤᠨ ᠤ ᠳᠣᠲᠣᠷᠠᠬᠢ ᠪᠠ ᠲᠠᠷᠢᠶᠠᠯᠠᠬᠤ ᠮᠠᠯᠵᠢᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠬᠦ ᠬᠡᠷᠡᠭᠲᠡᠢ᠃ ᠡᠭᠦᠨ ᠤ ᠬᠠᠮᠲᠤ 《 ᠲᠡᠦᠬᠡ ᠶᠢᠨ ᠳᠤᠷᠠᠰᠬᠠᠯᠲᠤ ᠵᠦᠢᠯ ᠤᠨ ᠬᠠᠤᠯᠢ 》 ᠪᠣᠯᠤᠨ 《 ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠳᠦᠷᠢᠮ 》 ᠢ ᠤᠬᠠᠭᠤᠯᠵᠤ  ᠪᠤᠢ᠃ ᠠᠯᠪᠠᠯᠠᠬᠤ ᠬᠠᠶᠢᠭ ᠄  ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠰᠢᠨ᠎ᠡ ᠲᠣᠭᠤᠷᠢᠭ ᠤᠨ ᠬᠠᠰᠠᠷ ᠵᠡᠭᠡᠯᠢ ᠠᠯᠪᠠᠨ ᠭᠡᠷ ᠤᠨ ᠤᠲᠠᠰᠤ᠄ 0474 —5215916 ᠰᠢᠤᠳᠠᠨ ᠨᠣᠮᠧᠷ᠄ 011800 ᠰᠢᠤᠳᠠᠨ ᠤ ᠬᠠᠶᠢᠷᠴᠠᠭ᠄ szwqwgj@163. com ᠠᠵᠢᠯᠯᠠᠬᠤ ᠴᠠᠭ᠄ ᠦᠳᠡ ᠶᠢᠨ ᠡᠮᠦᠨ᠎ᠡ᠄ 900—12᠄ 00 ᠦᠳᠡ ᠶᠢᠨ ᠬᠤᠶᠢᠨ᠎ᠠ᠄ 2∶30 - 6᠄ 00 ( ᠭᠠᠷᠠᠭ ᠤᠨ ᠨᠢᠭᠡᠨ  ᠠᠴᠠ ᠭᠠᠷᠠᠭ ᠤᠨ ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠪᠠᠭᠲᠠᠬᠤ ᠦᠭᠡᠢ ) ᠬᠠᠷᠢᠭᠤᠴᠠᠯᠭᠠᠲᠠᠨ᠄ ᠯᠢᠦ ᠱᠧᠩ ᠶᠦᠨᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2