ᠳᠥᠷᠪᠡᠳ ᠬᠤᠰᠢᠭᠤᠨ ᠤ ᠬᠢᠨᠠᠨ ᠪᠣᠳᠣᠬᠤ ᠲᠣᠪᠴᠢᠶ᠎ᠠ
ᠨᠡᠶᠢᠲᠡᠯᠡᠭᠰᠡᠨ ᠴᠠᠭ᠄
2024/11/1
       ᠳᠥᠷᠪᠡᠳ ᠬᠤᠰᠢᠭᠤᠨ ᠤ ᠬᠢᠨᠠᠨ ᠪᠣᠳᠣᠬᠤ ᠲᠣᠪᠴᠢᠶ᠎ᠠ       ᠳᠥᠷᠪᠡᠳ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠵᠢᠩᠬᠢᠨᠢ ᠰᠠᠯᠠᠭ᠎ᠠ ᠮᠥᠴᠢᠷ᠂ ᠬᠤᠰᠢᠭᠤ ᠨᠠᠮ ᠤᠨ ᠬᠤᠷᠢᠶᠠᠨ ᠤ ᠬᠢᠨᠠᠨ ᠪᠣᠳᠣᠬᠤ ᠵᠥᠪᠯᠡᠯ ᠤᠨ ᠠᠯᠪᠠᠨ ᠭᠡᠷ ᠢ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠳᠤ ᠪᠠᠶᠢᠷᠢᠯᠠᠭᠤᠯᠤᠨ᠎ᠠ᠃      ᠨᠢᠭᠡ᠂ ᠭᠤᠣᠯ ᠡᠭᠦᠷᠭᠡ ᠬᠠᠷᠢᠭᠤᠴᠠᠯᠭ᠎ᠠ ᠪᠣᠯ᠄      ( ᠨᠢᠭᠡ ) ᠪᠦᠬᠦ ᠬᠤᠰᠢᠭᠤᠨ ᠤ ᠬᠢᠨᠠᠨ ᠪᠣᠳᠣᠬᠤ ᠠᠵᠢᠯ ᠢ ᠭᠤᠣᠯᠴᠢᠯᠠᠨ ᠬᠠᠮᠢᠶᠠᠷᠤᠨ᠎ᠠ᠃ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠣᠳᠣᠬᠤ ᠬᠢᠨᠠᠯᠲᠠ ᠲᠠᠯᠪᠢᠬᠤ ᠬᠦᠷᠢᠶ᠎ᠡ ᠬᠡᠪᠴᠢᠶᠡᠨ ᠳᠠᠬᠢ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠢ᠂ ᠬᠠᠤᠯᠢ ᠳᠤ ᠨᠡᠶᠢᠴᠡᠭᠰᠡᠨ ᠪᠠ ᠦᠷ᠎ᠡ ᠠᠰᠢᠭ ᠲᠤ ᠬᠢᠨᠠᠨ ᠪᠣᠳᠣᠬᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ ᠪᠠ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠣᠳᠣᠯᠲᠠ ᠬᠢᠵᠦ ᠪᠦᠬᠦᠨ ᠢ ᠬᠠᠮᠤᠷᠴᠤ᠂ ᠤᠳᠤᠷᠢᠳᠬᠤ ᠺᠠᠳ᠋ᠷ ᠲᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ‌‍ᠠ᠋ᠴᠠ ᠪᠠᠨ ᠰᠠᠯᠬᠤ ᠶᠢᠨ ᠬᠢᠨᠠᠨ ᠪᠣᠳᠣᠯᠲᠠ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ ᠪᠣᠳᠣᠯᠲᠠ ᠬᠢᠨ᠎ᠡ᠃ᠬᠢᠨᠠᠨ ᠪᠣᠳᠣᠭᠰᠠᠨ᠂ ᠲᠤᠰᠬᠠᠢ ᠵᠦᠢᠯ ᠢᠶᠠᠷ ᠬᠢᠨᠠᠨ ᠪᠣᠳᠣᠭᠰᠠᠨ ᠪᠠᠶᠢᠴᠠᠭᠠᠯᠲᠠ ᠬᠢᠭᠰᠡᠨ ᠪᠠ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢ ᠬᠢᠨᠠᠨ ᠪᠣᠳᠣᠭᠰᠠᠨ ᠦᠷ᠎ᠡ ᠳ᠋ᠦ᠋ᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃        ( ᠬᠤᠶᠠᠷ ) ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠠᠵᠢᠯ ᠤᠨ ᠬᠠᠤᠯᠢ ᠳᠦᠷᠢᠮ ᠪᠠ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠬᠢᠨᠠᠨ ᠪᠣᠳᠣᠬᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠪᠠ ᠲᠤᠰᠬᠠᠢ ᠠᠵᠢᠯ ᠤᠨ ᠬᠦᠷᠢᠶ᠎ᠡ ᠬᠡᠪᠴᠢᠶᠡᠨ ᠳᠠᠬᠢ ᠬᠢᠨᠠᠨ ᠪᠣᠳᠣᠬᠤ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ;ᠰᠢᠭᠤᠳ ᠬᠢᠨᠠᠨ ᠪᠣᠳᠣᠬᠤ᠂ ᠪᠠᠶᠢᠴᠠᠭᠠᠬᠤ ᠪᠠ ᠬᠢᠨᠠᠨ ᠪᠠᠶᠢᠴᠠᠭᠠᠬᠤ ᠵᠦᠢᠯ ᠳᠤ ᠬᠠᠤᠯᠢ ᠶᠣᠰᠣᠭᠠᠷ ᠬᠢᠨᠠᠨ ᠪᠣᠳᠣᠵᠤ ᠦᠨᠡᠯᠡᠯᠲᠡ ᠬᠢᠵᠦ᠂ ᠬᠢᠨᠠᠨ ᠪᠣᠳᠣᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠣᠳᠣᠬᠤ ᠰᠠᠨᠠᠭᠤᠯᠭ᠎ᠠ ᠳᠤᠷᠠᠳᠬᠤ ᠬᠡᠷᠡᠭᠲᠡᠢ᠃       ( ᠭᠤᠷᠪᠠ ) ᠬᠤᠰᠢᠭᠤ ᠨᠠᠮ ᠤᠨ ᠬᠤᠷᠢᠶᠠᠨ ᠤ ᠬᠢᠨᠠᠨ ᠪᠣᠳᠣᠬᠤ ᠵᠥᠪᠯᠡᠯ ᠳᠤ ᠣᠨ ᠤ ᠬᠤᠰᠢᠭᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠢ ᠬᠢᠨᠠᠨ ᠪᠣᠳᠣᠭᠰᠠᠨ ᠮᠡᠳᠡᠭᠦᠯᠦᠯᠲᠡ ᠳᠡᠪᠰᠢᠭᠦᠯᠦᠨ᠎ᠡ᠃ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠤ ᠣᠨ ᠤ ᠬᠤᠰᠢᠭᠤᠨ ᠤ ᠲᠥᠰᠥᠪ ᠤᠨ ᠭᠦᠢᠴᠡᠳᠬᠡᠯᠲᠡ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠭᠰᠠᠨ ᠦᠷ᠎ᠡ ᠳ᠋ᠦ᠋ᠩ ᠤᠨ ᠮᠡᠳᠡᠭᠦᠯᠦᠯᠲᠡ ᠶᠢ ᠳᠤᠷᠠᠳᠤᠨ ᠭᠠᠷᠭᠠᠨ᠎ᠠ᠃ᠬᠤᠰᠢᠭᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠣᠳᠣᠭᠰᠠᠨ ᠠᠵᠢᠯ ᠤᠨ ᠮᠡᠳᠡᠭᠦᠯᠦᠯᠲᠡ᠂ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠳᠡᠪᠰᠢᠭᠦᠯᠦᠨ᠎ᠡ ᠃ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠤᠰᠤᠳ ᠶᠠᠪᠤᠳᠠᠯ ᠤᠨ ᠬᠢᠨᠠᠨ ᠪᠣᠳᠣᠯᠲᠠ ᠪᠠ ᠲᠤᠰᠬᠠᠢ ᠬᠢᠨᠠᠨ ᠪᠣᠳᠣᠯᠲᠠ ᠶᠢᠨ ᠪᠠᠶᠢᠴᠠᠭᠠᠯᠲᠠ ᠬᠢᠭᠰᠡᠨ ᠪᠠᠶᠢᠳᠠᠯ ᠵᠢᠴᠢ ᠦᠷ᠎ᠡ ᠳ᠋ᠦ᠋ᠩ ᠢ ᠮᠡᠳᠡᠭᠦᠯᠦᠨ᠎ᠡ᠃ᠬᠢᠨᠠᠨ ᠪᠣᠳᠣᠭᠰᠠᠨ ᠦᠷ᠎ᠡ ᠳ᠋ᠦ᠋ᠩ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠬᠦ ᠬᠡᠷᠡᠭᠲᠡᠢ᠃ᠬᠤᠰᠢᠭᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠨ ᠪᠣᠳᠣᠭᠰᠠᠨ ᠪᠠᠶᠢᠳᠠᠯ ᠪᠣᠯᠤᠨ ᠬᠢᠨᠠᠨ ᠪᠣᠳᠣᠭᠰᠠᠨ ᠦᠷ᠎ᠡ ᠳ᠋ᠦ᠋ᠩ ᠢ ᠮᠡᠳᠡᠭᠳᠡᠵᠦ᠃       ( ᠳᠥᠷᠪᠡ ) ᠳᠣᠣᠷ᠎ᠠ ᠵᠢᠭᠰᠡᠭᠠᠭᠰᠠᠨ ᠵᠦᠢᠯᠡᠰ ᠢ ᠰᠢᠭᠤᠳ ᠬᠢᠨᠠᠨ ᠪᠣᠳᠣᠵᠤ᠂ ᠬᠢᠨᠠᠨ ᠪᠣᠳᠣᠭᠰᠠᠨ ᠮᠡᠳᠡᠭᠦᠯᠦᠯᠲᠡ ᠬᠢᠵᠦ᠂ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠣᠳᠣᠭᠰᠠᠨ ᠲᠣᠭᠲᠠᠭᠠᠯ ᠭᠠᠷᠭᠠᠨ᠎ᠠ᠂ ᠡᠭᠦᠨ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠭᠲᠠᠭᠠᠨ᠎ᠠ ;ᠬᠤᠰᠢᠭᠤᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ( ᠰᠢᠭᠤᠳ ᠬᠠᠷᠢᠶ᠎ᠠ ᠨᠢᠭᠡᠴᠡ ᠪᠠᠭᠲᠠᠨ᠎ᠠ ) ᠶᠢᠨ ᠲᠥᠰᠥᠪ ᠢ ᠭᠦᠢᠴᠡᠳᠬᠡᠭᠰᠡᠨ ᠪᠠᠶᠢᠳᠠᠯ᠂ ᠲᠥᠰᠥᠪ ᠤᠨ ᠭᠦᠢᠴᠡᠳᠬᠡᠯ ᠤᠨ ᠲᠥᠰᠦᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ;ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠲᠥᠰᠥᠪ ᠢ ᠭᠦᠢᠴᠡᠳᠬᠡᠭᠰᠡᠨ ᠪᠠᠶᠢᠳᠠᠯ᠂ ᠲᠥᠰᠥᠪ ᠤᠨ ᠭᠦᠢᠴᠡᠳᠬᠡᠯ ᠤᠨ ᠲᠥᠰᠦᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠵᠠᠰᠠᠭ ᠤᠨ ᠣᠷᠳᠣᠨ ᠤ ᠡᠳ᠋ ᠤᠨ ᠵᠠᠰᠠᠭ᠋/‍ᠠ᠋ᠴᠠ ᠰᠢᠯᠵᠢᠭᠦᠯᠦᠨ ᠥᠭᠬᠦ ᠪᠡᠯᠡ ᠮᠥᠩᠭᠦ ;ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠰᠡᠨ ᠨᠢᠭᠡᠴᠢ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ;ᠤᠯᠤᠰ ᠤᠨ ᠪᠡᠯᠡ ᠣᠷᠣᠭᠤᠯᠤᠯᠲᠠ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠣᠯ ᠪᠣᠯᠭᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ ᠲᠥᠰᠥᠪ ᠤᠨ ᠭᠦᠢᠴᠡᠳᠬᠡᠯ᠂ ᠬᠤᠰᠢᠭᠤᠨ ᠤ ᠴᠢᠬᠤᠯᠠ ᠶᠡᠭᠡ ᠣᠯᠠᠨ ᠨᠡᠶᠢᠲᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ;ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢ ᠬᠠᠮᠠᠭᠠᠯᠠᠵᠤ᠂ ᠵᠠᠰᠠᠨ ᠰᠡᠷᠭᠦᠭᠡᠭᠰᠡᠨ ᠪᠠᠶᠢᠳᠠᠯ ;ᠬᠤᠰᠢᠭᠤᠨ ᠳᠤ ᠪᠠᠶᠢᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠰᠢᠭᠤ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠡᠳ᠋ ᠬᠥᠷᠥᠩᠭᠡ  ᠨᠢ ᠬᠤᠪᠢ ᠡᠵᠡᠮᠳᠡᠬᠦ ᠪᠤᠶᠤ ᠭᠤᠣᠯᠯᠠᠬᠤ ᠪᠠᠶᠢᠷᠢ ᠰᠠᠭᠤᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠥᠭᠴᠡᠭᠡ ᠪᠠ ᠦᠷ᠎ᠡ ᠠᠰᠢᠭ᠂ ᠬᠠᠮᠢᠶ᠎ᠠ ᠪᠥᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠬᠠᠨᠳᠢᠪᠯᠠᠭᠰᠠᠨ ᠪᠡᠯᠡ ᠮᠥᠩᠭᠦ ᠪᠠ ᠪᠤᠰᠤᠳ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ;ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠵᠦᠢᠯᠡᠰ ;ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯ ᠤᠳ᠃       ( ᠲᠠᠪᠤ ) ᠲᠣᠭᠲᠠᠭᠠᠯ ᠶᠣᠰᠣᠭᠠᠷ ᠰᠠᠯᠠᠭᠠᠨ ᠳᠡᠰ ᠤᠨ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ ᠭᠤᠣᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠡ ᠶᠢᠨ ᠭᠤᠣᠯ ᠬᠠᠷᠢᠭᠤᠴᠠᠯᠭᠠᠲᠠᠨ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠬᠢᠬᠦ ᠪᠠ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠤᠰᠢᠶᠠᠯ‌‍ᠠ᠋ᠴᠠ ᠰᠠᠯᠬᠤ ᠳᠤ ᠬᠢᠨᠠᠨ ᠪᠣᠳᠣᠯᠲᠠ ᠬᠢᠬᠦ ᠶᠢ ᠬᠡᠷᠡᠭᠵᠢᠭᠦᠯᠦᠨ᠎ᠡ᠃       ᠵᠢᠷᠭᠤᠭ᠎ᠠ ᠤᠯᠤᠰ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠣᠯᠤᠨ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠣᠭᠤᠢ ᠲᠣᠭᠲᠠᠭᠠᠭᠰᠠᠨ ᠵᠦᠢᠯ ᠳᠤ ᠲᠤᠰᠬᠠᠢ ᠵᠦᠢᠯ ᠢᠶᠠᠷ ᠬᠢᠨᠠᠨ ᠪᠣᠳᠣᠬᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃       ( ᠳᠣᠯᠤᠭ᠎ᠠ ) ᠬᠢᠨᠠᠨ ᠪᠣᠳᠣᠭᠰᠠᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠴᠢᠬᠤᠯᠠ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃       ( ᠨᠠᠢᠮᠠ ) ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠬᠠᠤᠯᠢ ᠶᠣᠰᠣᠭᠠᠷ ᠮᠠᠨ ᠤ ᠬᠤᠰᠢᠭᠤᠨ ᠤ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠣᠳᠣᠬᠤ ᠬᠢᠨᠠᠯᠲᠠ ᠲᠠᠯᠪᠢᠬᠤ ᠡᠲᠡᠭᠡᠳ ᠪᠣᠯᠬᠤ ᠨᠢᠭᠡᠴᠡ ᠶᠢᠨ ᠭᠠᠷᠭᠠᠭᠰᠠᠨ ᠬᠠᠮᠢᠶ᠎ᠠ ᠪᠦᠬᠦᠢ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠬᠢᠨᠠᠨ ᠪᠠᠶᠢᠴᠠᠭᠠᠨ᠎ᠠ᠃       ( ᠵᠢᠰᠦ ) ᠲᠤᠰ ᠰᠠᠯᠠᠭ᠎ᠠ ᠮᠥᠴᠢᠷ ᠤᠨ ᠢᠶᠠᠨ ᠵᠥᠷᠢᠴᠡᠯ ᠢ ᠠᠷᠢᠯᠭᠠᠬᠤ᠂ ᠵᠠᠬᠢᠳᠠᠯ ᠰᠤᠷᠪᠤᠯᠵᠢᠯᠠᠯ ᠬᠢᠬᠦ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃       (ᠠᠷᠪᠠ  ) ᠬᠢᠨᠠᠨ ᠪᠣᠳᠣᠬᠤ ᠬᠦᠷᠢᠶ᠎ᠡ ᠴᠠᠷᠠᠭ᠎ᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠪᠣᠳᠣᠬᠤ ᠠᠵᠢᠯᠲᠠᠨ ᠤ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠪᠠᠶᠢᠳᠠᠯ ᠤᠨ ᠬᠢᠨᠠᠨ ᠪᠣᠳᠣᠬᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠎ᠠ᠃       (ᠠᠷᠪᠠᠨ ᠨᠢᠭᠡ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       (ᠠᠷᠪᠠᠨ ᠬᠤᠶᠠᠷ ) ᠡᠭᠦᠷᠭᠡ  ᠴᠢᠳᠠᠪᠤᠷᠢ ᠶᠢ ᠬᠤᠪᠢᠷᠠᠭᠤᠯᠬᠤ᠃        ᠬᠤᠪᠢᠶᠠᠷᠢᠯᠠᠨ ᠣᠷᠣᠭᠤᠯᠬᠤ ᠡᠭᠦᠷᠭᠡ ᠬᠠᠷᠢᠭᠤᠴᠠᠯᠭ᠎ᠠ       1. ᠳᠥᠷᠪᠡᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠥᠰᠥᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠬᠠᠷᠢᠭᠤᠴᠠᠯᠭ᠎ᠠ ᠶᠢ ᠳᠥᠷᠪᠡᠳ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠳᠤ ᠰᠢᠯᠵᠢᠭᠦᠯᠦᠨ ᠣᠷᠣᠭᠤᠯᠤᠨ᠎ᠠ᠃       2. ᠳᠥᠷᠪᠡᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠤᠪᠴᠢᠶᠠᠨ ᠠᠴᠠ ᠤᠯᠤᠰ᠂ ᠥᠪᠡᠷᠲᠡᠭᠡᠨ ᠵᠠᠰᠠᠬᠤ  ᠤᠷᠤᠨ ᠠᠴᠠ ᠪᠡᠯᠡ ᠭᠠᠷᠭᠠᠭᠰᠠᠨ ᠭᠤᠣᠯᠳᠠᠯᠭ᠎ᠠ ᠲᠠᠢ ᠲᠥᠷᠥᠯ ᠵᠦᠢᠯ ᠳᠤ ᠬᠠᠤᠯᠢ ᠶᠣᠰᠣᠭᠠᠷ ᠬᠢᠨᠠᠯᠲᠠ ᠪᠠᠶᠢᠴᠠᠭᠠᠯᠲᠠ ᠬᠢᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠤᠨ᠎ᠠ ;ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠠᠷᠢᠯᠭ᠎ᠠ ᠶᠢᠨ ᠶᠠᠰᠤ ᠴᠢᠨᠠᠷ᠂ ᠪᠡᠯᠡ ᠮᠥᠩᠭᠦ ᠶᠢᠨ ᠬᠡᠷᠡᠭᠯᠡᠯᠲᠡ ᠵᠢᠴᠢ ᠪᠡᠯᠡ ᠣᠷᠣᠭᠤᠯᠤᠯᠲᠠ ᠶᠢᠨ ᠲᠦᠢᠮᠣ ᠲᠥᠰᠥᠪ ᠤᠨ ᠡᠵᠡᠮᠳᠡᠯ ᠳᠤ ᠪᠠᠶᠢᠴᠠᠭᠠᠯᠲᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠳᠥᠷᠪᠡᠳ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠳᠤ ᠰᠢᠯᠵᠢᠭᠦᠯᠦᠨ ᠣᠷᠣᠭᠤᠯᠤᠨ᠎ᠠ᠃       ᠬᠤᠶᠠᠷ᠂ ᠳᠣᠲᠣᠭᠠᠳᠤ ᠪᠠᠶᠢᠭᠤᠯᠤᠮᠵᠢ᠄      ( ᠨᠢᠭᠡ )ᠠᠯᠪᠠᠨ  ᠭᠡᠷ᠃ᠠᠯᠪᠠᠨ ᠪᠢᠴᠢᠭ ᠰᠢᠢᠳᠪᠦᠷᠢᠯᠡᠬᠦ᠂ ᠮᠡᠳᠡᠭᠡ ᠵᠠᠩᠭᠢ᠂ ᠳᠠᠩᠰᠠ ᠡᠪᠬᠡᠮᠡᠯ᠂ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠡᠳ᠋ ᠤᠨ ᠶᠠᠪᠤᠳᠠᠯ᠂ ᠲᠤᠰ ᠰᠠᠯᠠᠭ᠎ᠠ ᠮᠥᠴᠢᠷ ᠤᠨ ᠵᠥᠷᠢᠴᠡᠯ ᠢ ᠠᠷᠢᠯᠭᠠᠬᠤ᠂ ᠵᠠᠬᠢᠳᠠᠯ ᠰᠤᠷᠪᠤᠯᠵᠢᠯᠠᠭ᠎ᠠ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠰᠢᠪᠠᠳᠠᠨ ᠪᠠᠶᠢᠴᠠᠭᠠᠬᠤ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ᠂ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ᠎ᠡ ;ᠬᠤᠷᠠᠯᠳᠤᠭᠠᠨ ᠤ ᠵᠣᠬᠢᠶᠠᠨ ᠪᠠᠶᠢᠭᠤᠯᠤᠯᠲᠠ ᠪᠠ ᠴᠢᠬᠤᠯᠠ ᠬᠤᠷᠠᠯ ᠤᠨ ᠮᠠᠲᠧᠷᠢᠶᠠᠯ᠂ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠦᠷᠢᠮ ᠢ ᠲᠤᠭᠤᠷᠪᠢᠬᠤ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠣᠨ ᠤ ᠬᠢᠨᠠᠨ ᠪᠣᠳᠣᠬᠤ ᠲᠥᠯᠥᠪᠯᠡᠭᠡ ᠶᠢ ᠨᠠᠶᠢᠷᠠᠭᠤᠯᠤᠨ᠂ ᠬᠢᠨᠠᠨ ᠪᠣᠳᠣᠬᠤ ᠲᠥᠯᠥᠪᠯᠡᠭᠡ᠂ ᠲᠥᠰᠦᠯ ᠤᠨ ᠨᠠᠶᠢᠳᠠᠪᠤᠷᠢᠵᠢᠭᠤᠯᠤᠯᠲᠠ ᠪᠠ ᠭᠦᠢᠴᠡᠳᠬᠡᠯᠲᠡ ᠶᠢ ᠱᠠᠭᠠᠷᠳᠠᠨ᠎ᠠ ;ᠪᠦᠬᠦ ᠬᠤᠰᠢᠭᠤᠨ ᠤ ᠬᠢᠨᠠᠨ ᠪᠣᠳᠣᠬᠤ ᠲᠤᠬᠠᠶᠢᠯᠠᠭᠰᠠᠨ ᠠᠵᠢᠯ ᠤᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠪᠠ ᠬᠢᠨᠠᠨ ᠪᠣᠳᠣᠭᠰᠠᠨ ᠦᠷ᠎ᠡ ᠪᠦᠲᠦᠭᠡᠯ ᠤᠨ ᠲᠤᠭ᠎ᠠ ᠪᠦᠷᠢᠳᠬᠡᠯ ᠤᠨ ᠵᠠᠳᠠᠯᠤᠯᠲᠠ ᠶᠢ ᠨᠠᠶᠢᠷᠠᠭᠤᠯᠤᠨ ᠮᠡᠳᠡᠭᠦᠯᠬᠦ ᠬᠡᠷᠡᠭᠲᠡᠢ ;ᠬᠢᠨᠠᠨ ᠪᠣᠳᠣᠬᠤ ᠲᠤᠬᠠᠶᠢᠯᠠᠭᠰᠠᠨ ᠠᠵᠢᠯ ᠤᠨ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ᠪᠠᠶᠢᠭᠤᠯᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ᠂ ᠪᠣᠯᠪᠠᠰᠣᠷᠠᠭᠤᠯᠤᠯ ᠪᠣᠯᠤᠨ ᠬᠢᠨᠠᠨ ᠪᠣᠳᠣᠬᠤ ᠲᠤᠰᠬᠠᠢ ᠮᠡᠷᠭᠡᠵᠢᠯ ᠤᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠵᠡᠷᠭᠡ ᠠᠵᠢᠯ ᠢ ᠡᠭᠦᠷᠭᠡᠯᠡᠨ᠎ᠡ᠃ᠲᠣᠪᠴᠢᠶᠠᠨ ᠤ ᠪᠠᠶᠢᠭᠤᠯᠤᠯᠭ᠎ᠠ ᠶᠢᠨ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠵᠤ᠂ ᠠᠵᠢᠯ‌‍ᠠ᠋ᠴᠠ ᠪᠠᠨ ᠳᠠᠷᠬᠠᠯᠠᠭᠳᠠᠭᠰᠠᠨ ᠠᠵᠢᠯ‌‍ᠠ᠋ᠴᠠ ᠪᠠᠨ ᠠᠮᠠᠷᠠᠭᠰᠠᠨ ᠬᠥᠮᠦᠰ ᠢ ᠬᠠᠮᠢᠶᠠᠷᠬᠤ ᠪᠠ ᠲᠡᠳᠡᠨ ᠳᠤ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷᠲᠠᠢ ᠴᠠ ᠪᠠᠶᠢᠴᠠᠭᠠᠬᠤ ᠠᠵᠢᠯ ᠢ ᠡᠭᠦᠷᠭᠡᠯᠡᠬᠦ ᠬᠡᠷᠡᠭᠲᠡᠢ᠃ᠪᠠᠶᠢᠭᠤᠯᠤᠯᠭ᠎ᠠ ᠶᠢᠨ ᠬᠢᠨᠠᠨ ᠪᠣᠳᠣᠬᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠬᠡᠷᠡᠭᠲᠡᠢ᠃ᠬᠠᠤᠯᠢ  ᠰᠠᠬᠢᠯᠭ᠎ᠠ  ᠠᠴᠠ ᠵᠥᠷᠢᠴᠡᠭᠰᠡᠨ ᠬᠦᠨᠳᠦ ᠶᠡᠭᠡ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠵᠣᠬᠢᠴᠠᠭᠤᠯᠬᠤ ᠶᠢ ᠬᠠᠷᠢᠭᠤᠴᠠᠨ᠎ᠠ᠃ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠂ ᠬᠤᠰᠢᠭᠤ ᠬᠢᠨᠠᠨ ᠪᠣᠳᠣᠯᠲᠠ ᠶᠢᠨ ᠳᠠᠬᠢᠨ ᠬᠢᠨᠠᠬᠤ ᠠᠯᠪᠠᠨ ᠭᠡᠷ ᠤᠨ ᠠᠵᠢᠯ ᠢ ᠡᠭᠦᠷᠭᠡᠯᠡᠨ᠎ᠡ᠃ᠬᠠᠤᠯᠢ ᠲᠦᠭᠡᠮᠡᠯᠵᠢᠭᠦᠯᠬᠦ ᠠᠵᠢᠯ ᠢ ᠥᠷᠨᠢᠭᠦᠯᠬᠦ ᠬᠡᠷᠡᠭᠲᠡᠢ᠃ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠶᠢᠨ ᠬᠢᠨᠠᠨ ᠰᠢᠭᠦᠬᠦ ᠵᠥᠪᠯᠡᠯ ᠤᠨ ᠡᠳᠦᠷ ᠳᠣᠳᠣᠮ ᠤᠨ ᠠᠵᠢᠯ ᠢ ᠡᠭᠦᠷᠭᠡᠯᠡᠨ᠎ᠡ᠃ᠬᠤᠰᠢᠭᠤᠨ ᠤ ᠬᠢᠨᠠᠨ ᠪᠣᠳᠣᠬᠤ ᠲᠥᠷᠥᠯ ᠵᠦᠢᠯ ᠤᠨ ᠬᠠᠮᠢᠶᠠᠷᠤᠯᠲᠠ ᠪᠠ ᠬᠢᠨᠠᠨ ᠰᠢᠯᠭᠠᠷᠠᠭᠤᠯᠬᠤ ᠳᠦᠷᠢᠮ ᠤᠨ ᠲᠣᠭᠲᠠᠭᠠᠯ ᠢ ᠰᠤᠳᠤᠯᠤᠨ ᠲᠣᠭᠲᠠᠭᠠᠵᠤ᠂ ᠬᠤᠰᠢᠭᠤ ᠬᠢᠨᠠᠨ ᠪᠣᠳᠣᠬᠤ ᠲᠣᠪᠴᠢᠶ᠎ᠠ ᠶᠢᠨ ᠭᠠᠷᠭᠠᠭᠰᠠᠨ ᠡᠯ᠎ᠡ ᠲᠥᠷᠥᠯ ᠤᠨ ᠬᠢᠨᠠᠨ ᠪᠣᠳᠣᠬᠤ ᠪᠢᠴᠢᠭ ᠬᠠᠷ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠡᠯ᠎ᠡ ᠬᠢᠨᠠᠨ ᠪᠣᠳᠣᠬᠤ ᠲᠠᠰᠤᠭ ᠤᠨ ᠬᠢᠨᠠᠨ ᠪᠣᠳᠣᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠡᠯ᠎ᠡ ᠬᠢᠨᠠᠨ ᠪᠣᠳᠣᠬᠤ ᠲᠠᠰᠤᠭ ᠤᠨ ᠤᠯᠤᠰ ᠤᠨ ᠲᠣᠭᠲᠠᠭᠠᠯ ᠢ ᠵᠥᠷᠢᠴᠡᠵᠦ ᠭᠠᠷᠭᠠᠭᠰᠠᠨ ᠬᠢᠨᠠᠨ ᠪᠣᠳᠣᠬᠤ ᠲᠣᠭᠲᠠᠭᠠᠯ ᠢ ᠵᠠᠯᠠᠷᠠᠭᠤᠯᠬᠤ ᠪᠤᠶᠤ ᠵᠠᠯᠠᠷᠠᠭᠤᠯᠬᠤ ᠶᠢ ᠳᠠᠭᠠᠭᠠᠯᠭᠠᠨ ᠥᠭᠭᠦᠨ᠎ᠡ᠃       ( ᠬᠤᠶᠠᠷ )ᠡᠳ᠋  ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠬᠢᠨᠠᠨ ᠪᠣᠳᠣᠬᠤ ᠲᠠᠰᠤᠭ᠃ᠬᠤᠰᠢᠭᠤᠨ ᠤ ᠲᠤᠰ ᠱᠠᠲᠤᠨ ᠤ ᠲᠥᠰᠥᠪ ᠢ ᠭᠦᠢᠴᠡᠳᠬᠡᠭᠰᠡᠨ ᠪᠠᠶᠢᠳᠠᠯ ᠳᠤ ᠬᠢᠨᠠᠨ ᠪᠣᠳᠣᠯᠲᠠ ᠬᠢᠬᠦ ᠶᠢ ᠬᠠᠷᠢᠭᠤᠴᠠᠨ᠎ᠠ ;ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠣᠯᠤᠨ ᠲᠥᠰᠥᠪ ᠤᠨ ᠭᠦᠢᠴᠡᠳᠬᠡᠯ ᠢ ᠬᠢᠨᠠᠨ ᠪᠣᠳᠣᠬᠤ ᠠᠵᠢᠯ ᠢ ᠬᠠᠷᠢᠭᠤᠴᠠᠨ᠎ᠠ ;ᠬᠤᠯᠪᠣᠭᠳᠠᠯ ᠪᠦᠬᠦᠢ ᠲᠤᠰᠬᠠᠢ ᠵᠦᠢᠯ ᠤᠨ ᠬᠢᠨᠠᠨ ᠪᠣᠳᠣᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ;ᠬᠢᠨᠠᠨ ᠪᠣᠳᠣᠬᠤ ᠬᠤᠰᠢᠭᠤ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠬᠤᠰᠢᠭᠤ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠨᠢ ᠬᠤᠪᠢ ᠡᠵᠡᠮᠳᠡᠬᠦ ᠪᠤᠶᠤ ᠭᠤᠣᠯᠯᠠᠬᠤ ᠪᠠᠶᠢᠷᠢ ᠰᠠᠭᠤᠷᠢ  ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠥᠭᠴᠡᠭᠡ ᠪᠠ ᠠᠰᠢᠭ ᠣᠯᠵᠠᠪᠤᠷᠢ ᠶᠢ ᠡᠵᠡᠯᠡᠵᠦ᠂ ᠬᠠᠮᠢᠶ᠎ᠠ ᠪᠥᠬᠦᠢ ᠲᠤᠰᠬᠠᠢ ᠲᠥᠷᠥᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ ᠶᠢ ᠥᠷᠨᠢᠭᠦᠯᠦᠨ᠎ᠡ ;ᠡᠷᠬᠡ ᠣᠯᠭᠤᠭᠰᠠᠨ ᠶᠣᠰᠣᠭᠠᠷ᠂ ᠲᠥᠪ᠂ ᠥᠪᠡᠷᠲᠡᠭᠡᠨ ᠵᠠᠰᠠᠬᠤ ᠣᠷᠣᠨ ᠤ ᠬᠤᠰᠢᠭᠤᠨ ᠳᠤ ᠰᠠᠭᠤᠭ᠎ᠠ ᠮᠥᠩᠭᠦᠨ ᠭᠦᠢᠯᠭᠡᠭᠡ᠂ ᠳᠠᠭᠠᠳᠬᠠᠯ ᠤᠨ ᠪᠠᠶᠢᠭᠤᠯᠤᠮᠵᠢ ᠶᠢᠨ ᠡᠳ᠋ ᠬᠥᠷᠥᠩᠭᠡ ᠥᠷᠢ ᠰᠢᠷᠢ᠂ ᠠᠰᠢᠭ ᠬᠤᠬᠢᠷᠠᠯ ᠤᠨ ᠪᠠᠶᠢᠳᠠᠯ ᠢ ᠬᠢᠨᠠᠨ ᠪᠣᠳᠣᠵᠤ ᠪᠣᠯᠤᠨ᠎ᠠ᠃ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠤᠯᠤᠰ ᠤᠨ ᠭᠠᠳᠠᠭᠠᠳᠤ ᠶᠢᠨ ᠵᠠᠰᠠᠭ ᠤᠨ ᠣᠷᠳᠣᠨ ᠤ ᠮᠠᠨ ᠤ ᠬᠤᠰᠢᠭᠤᠨ ᠳᠤ ᠥᠭᠴᠦ ᠵᠢᠭᠡᠯᠡᠯᠭᠡ ᠥᠭᠬᠦ ᠪᠠ ᠲᠤᠰᠠᠯᠠᠮᠵᠢ ᠦᠵᠡᠭᠦᠯᠬᠦ ᠲᠥᠷᠥᠯ ᠵᠦᠢᠯ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠬᠢᠨᠠᠨ ᠪᠣᠳᠣᠬᠤ ᠶᠢ ᠬᠠᠷᠢᠭᠤᠴᠠᠨ᠎ᠠ ;ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠪᠡᠯᠡ ᠣᠷᠣᠭᠤᠯᠤᠭᠰᠠᠨ ᠡᠳ᠋ ᠬᠥᠷᠥᠩᠭᠡ᠂ ᠥᠷᠢ ᠥᠭᠴᠡᠭᠡ᠂ ᠠᠰᠢᠭ ᠠᠯᠳᠠᠭᠰᠠᠨ ᠪᠠᠶᠢᠳᠠᠯ ᠢ ᠬᠢᠨᠠᠨ ᠪᠤᠳᠤᠨ᠎ᠠ ;ᠬᠤᠯᠪᠣᠭᠳᠠᠯ ᠪᠦᠬᠦᠢ ᠲᠤᠰᠬᠠᠢ ᠬᠢᠨᠠᠨ ᠪᠣᠳᠣᠬᠤ ᠪᠠ ᠬᠢᠨᠠᠨ ᠪᠣᠳᠣᠬᠤ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃       ( ᠭᠤᠷᠪᠠ ) ᠵᠠᠰᠠᠭ ᠵᠠᠬᠢᠷᠭᠠᠨ ᠤ ᠠᠵᠢᠯ ᠦᠢᠯᠡᠰ ᠤᠨ ᠬᠢᠨᠠᠨ ᠪᠣᠳᠣᠬᠤ ᠲᠠᠰᠤᠭ᠃ᠬᠤᠰᠢᠭᠤ ᠵᠠᠰᠠᠭ ᠵᠠᠬᠢᠷᠭ᠎ᠠ᠂ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠪᠠ ᠬᠤᠰᠢᠭᠤ ᠡᠳ᠋ ᠤᠨ ᠵᠠᠰᠠᠭ ᠤᠨ ᠵᠣᠭᠤᠰ ᠥᠭᠬᠦ ᠬᠠᠷᠢᠴᠠᠭ᠎ᠠ ᠲᠠᠢ ᠨᠠᠮ ᠪᠦᠯᠦᠭ᠂ ᠨᠡᠶᠢᠭᠡᠮ ᠤᠨ ᠪᠦᠯᠬᠦᠮ ᠤᠨ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠬᠢᠨᠠᠨ ᠪᠣᠳᠣᠬᠤ ᠶᠢ ᠬᠠᠷᠢᠭᠤᠴᠠᠨ᠎ᠠ ;ᠬᠤᠰᠢᠭᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠪᠣᠯᠤᠨ ᠬᠠᠮᠢᠶ᠎ᠠ ᠪᠦᠬᠦᠢ ᠲᠤᠰᠬᠠᠢ ᠲᠥᠷᠥᠯ ᠤᠨ ᠪᠡᠯᠡ ᠮᠥᠩᠭᠦ ᠶᠢ ᠬᠢᠨᠠᠨ ᠪᠣᠳᠣᠬᠤ ᠶᠢ ᠬᠠᠷᠢᠭᠤᠴᠠᠨ᠎ᠠ ;ᠬᠠᠮᠢᠶ᠎ᠠ ᠪᠦᠬᠦᠢ ᠲᠤᠰᠬᠠᠢ ᠬᠢᠨᠠᠨ ᠪᠣᠳᠣᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ( ᠳᠥᠷᠪᠡ ) ᠲᠠᠷᠢᠶᠠᠯᠠᠩ ᠪᠠ ᠡᠬᠢ ᠪᠠᠶᠠᠯᠢᠭ ᠣᠷᠴᠢᠨ ᠲᠣᠭᠤᠷᠢᠨ ᠤ ᠬᠢᠨᠠᠨ ᠪᠣᠳᠣᠬᠤ ᠲᠠᠰᠤᠭ᠃ᠬᠤᠰᠢᠭᠤ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠪᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠵᠢᠴᠢ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠲᠤᠰᠬᠠᠢ ᠲᠥᠷᠥᠯ ᠤᠨ ᠪᠡᠯᠡ ᠮᠥᠩᠭᠦ ᠶᠢ ᠴᠤᠭᠯᠠᠭᠤᠯᠤᠭᠰᠠᠨ᠂ ᠬᠠᠮᠢᠶᠠᠷᠤᠭᠰᠠᠨ᠂ ᠬᠡᠷᠡᠭᠯᠡᠭᠰᠡᠨ ᠪᠠᠶᠢᠳᠠᠯ ᠢ ᠬᠢᠨᠠᠨ ᠪᠣᠳᠣᠬᠤ ᠶᠢ ᠬᠠᠷᠢᠭᠤᠴᠠᠨ᠎ᠠ ;ᠬᠠᠮᠢᠶ᠎ᠠ ᠪᠦᠬᠦᠢ ᠲᠤᠰᠬᠠᠢ ᠬᠢᠨᠠᠨ ᠪᠣᠳᠣᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠲᠠ ᠪᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠨᠡᠶᠢᠭᠡᠮ ᠤᠨ ᠪᠦᠯᠬᠦᠮ‌‍ᠡᠴᠡ ᠬᠠᠮᠢᠶᠠᠷᠬᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠡᠯᠡ ᠮᠥᠩᠭᠦ ᠶᠢᠨ ᠴᠤᠭᠯᠠᠭᠤᠯᠤᠭᠰᠠᠨ᠂ ᠬᠠᠮᠢᠶᠠᠷᠤᠭᠰᠠᠨ᠂ ᠬᠡᠷᠡᠭᠯᠡᠭᠰᠡᠨ ᠪᠠᠶᠢᠳᠠᠯ ᠢ ᠬᠢᠨᠠᠨ ᠪᠣᠳᠣᠬᠤ ᠶᠢ ᠬᠠᠷᠢᠭᠤᠴᠠᠨ᠎ᠠ ;ᠬᠠᠮᠢᠶ᠎ᠠ ᠪᠦᠬᠦᠢ ᠲᠤᠰᠬᠠᠢ ᠬᠢᠨᠠᠨ ᠪᠣᠳᠣᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ( ᠲᠠᠪᠤ )  ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠲᠠᠰᠤᠭ᠃ᠬᠤᠰᠢᠭᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠠᠵᠢᠯ ᠤᠨ ᠳᠦᠷᠢᠮ ᠲᠣᠭᠲᠠᠭᠠᠯ ᠢ ᠲᠤᠭᠤᠷᠪᠢᠨ ᠪᠢᠴᠢᠵᠦ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ( ᠲᠠᠯᠠᠪᠠᠢ ) ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠲᠤᠰᠢᠶᠠᠯ ᠳᠤ ᠪᠠᠶᠢᠭ᠎ᠠ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠠᠵᠢᠯ ᠢ ᠳᠠᠭᠠᠭᠠᠴᠢᠯᠠᠨ ᠭᠦᠢᠴᠡᠳᠬᠡᠨ᠎ᠡ᠃ᠬᠤᠰᠢᠭᠤ ᠱᠠᠲᠤᠨ ᠤ ᠲᠥᠰᠥᠪ ᠤᠨ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠤᠯᠤᠰ ᠤᠨ ᠥᠮᠴᠢᠯᠡᠯᠲᠦ ᠵᠢᠴᠢ ᠤᠯᠤᠰ ᠤᠨ ᠥᠮᠴᠢᠯᠡᠯᠲᠦ ᠬᠤᠪᠢ ᠣᠷᠣᠭᠤᠯᠤᠯᠲᠠ ᠶᠢ ᠡᠷᠬᠡᠰᠢᠶᠡᠬᠦ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠲᠤᠰᠢᠶᠠᠯ ᠡᠭᠦᠷᠭᠡᠯᠡᠬᠦ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠠᠵᠢᠯ ᠢ ᠡᠭᠦᠷᠭᠡᠯᠡᠨ᠎ᠡ ;ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠶᠢᠳᠠᠭᠰᠠᠨ ᠪᠤᠰᠤᠳ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠬᠤ ᠠᠵᠢᠯ ᠢ ᠡᠭᠦᠷᠭᠡᠯᠡᠨ᠎ᠡ ;ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ (  ᠠᠵᠢᠯ ᠲᠥᠷᠥᠯ᠂ ᠰᠢᠰᠲ᠋ᠧᠮ ) ᠤᠨ ᠤᠳᠤᠷᠢᠳᠬᠤ ᠬᠥᠮᠦᠰ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠬᠠᠮᠢᠶ᠎ᠠ ᠪᠦᠬᠦᠢ ᠳᠦᠷᠢᠮ ᠪᠠ ᠠᠷᠭ᠎ᠠ ᠶᠢ ᠲᠣᠭᠲᠠᠭᠠᠵᠤ᠂ ᠲᠤᠰᠬᠠᠢ ᠰᠡᠳᠦᠪ ᠢᠶᠠᠷ ᠬᠢᠨᠠᠨ ᠪᠣᠳᠣᠵᠤ ᠪᠠᠶᠢᠴᠠᠭᠠᠯᠲᠠ ᠬᠢᠬᠦ ᠶᠢ ᠥᠷᠨᠢᠭᠦᠯᠦᠨ᠎ᠡ᠃       ( ᠵᠢᠷᠭᠤᠭ᠎ᠠ ) ᠨᠡᠶᠢᠭᠡᠮ ᠤᠨ ᠪᠠᠲᠤᠯᠠᠭ᠎ᠠ ᠶᠢᠨ ᠬᠢᠨᠠᠨ ᠪᠣᠳᠣᠬᠤ ᠲᠠᠰᠤᠭ᠃ᠬᠢᠨᠠᠨ ᠪᠣᠳᠣᠬᠤ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠪᠠ ᠨᠡᠶᠢᠭᠡᠮ ᠤᠨ ᠲᠤᠰᠠᠯᠠᠨ ᠬᠦᠷᠭᠡᠭᠰᠡᠨ ᠪᠡᠯᠡ ᠮᠥᠩᠭᠦ ᠵᠢᠴᠢ ᠪᠤᠰᠤᠳ ᠬᠠᠮᠢᠶ᠎ᠠ ᠪᠦᠬᠦᠢ ᠰᠠᠭᠤᠷᠢ ᠮᠥᠩᠭᠦ᠂ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠬᠠᠷᠢᠭᠤᠴᠠᠨ᠎ᠠ ;ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠬᠠᠮᠢᠶᠠᠷᠴᠤ ᠪᠦᠬᠦᠢ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢᠨ ᠴᠤᠭᠯᠠᠭᠤᠯᠤᠭᠰᠠᠨ᠂ ᠬᠠᠮᠢᠶᠠᠷᠤᠭᠰᠠᠨ᠂ ᠬᠡᠷᠡᠭᠯᠡᠭᠰᠡᠨ ᠪᠠᠶᠢᠳᠠᠯ ᠢ ᠬᠢᠨᠠᠨ ᠪᠣᠳᠣᠬᠤ ᠶᠢ ᠬᠠᠷᠢᠭᠤᠴᠠᠨ᠎ᠠ ;ᠬᠤᠯᠪᠣᠭᠳᠠᠯ ᠪᠦᠬᠦᠢ ᠲᠤᠰᠬᠠᠢ ᠬᠢᠨᠠᠨ ᠪᠣᠳᠣᠬᠤ ᠪᠠ ᠬᠢᠨᠠᠨ ᠪᠣᠳᠣᠬᠤ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃         ( ᠳᠣᠯᠤᠭ᠎ᠠ ) ᠠᠵᠤ ᠠᠬᠤᠢ ᠠᠷᠠᠯᠵᠢᠶᠠᠨ ᠤ ᠬᠢᠨᠠᠨ ᠪᠣᠳᠣᠬᠤ ᠲᠠᠰᠤᠭ᠃ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠬᠤᠪᠢ ᠣᠷᠣᠭᠤᠯᠤᠯᠲᠠ ᠶᠢ ᠡᠷᠬᠡᠰᠢᠶᠡᠬᠦ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠭᠤᠣᠯᠯᠠᠬᠤ ᠪᠠᠶᠢᠷᠢ ᠶᠢ ᠡᠵᠡᠯᠡᠵᠦ ᠪᠠᠶᠢᠬᠤ ᠠᠵᠤ ᠠᠬᠤᠶᠢᠯᠠᠯ ᠢ ᠬᠢᠨᠠᠨ ᠪᠣᠳᠣᠬᠤ ᠶᠢ ᠬᠠᠷᠢᠭᠤᠴᠠᠬᠤ ᠶᠢᠨ ᠬᠠᠮᠲᠤ ᠪᠦᠬᠦ ᠬᠤᠰᠢᠭᠤᠨ ᠤ ᠤᠯᠤᠰ ᠤᠨ ᠥᠮᠴᠢᠯᠡᠯᠲᠦ ᠵᠢᠴᠢ ᠤᠯᠤᠰ ᠤᠨ ᠥᠮᠴᠢᠯᠡᠯᠲᠦ ᠬᠤᠪᠢ ᠣᠷᠣᠭᠤᠯᠤᠯᠲᠠ ᠶᠢ ᠡᠷᠬᠡᠰᠢᠶᠡᠬᠦ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠭᠤᠣᠯᠯᠠᠬᠤ ᠪᠠᠶᠢᠷᠢ ᠶᠢ ᠡᠵᠡᠯᠡᠵᠦ ᠪᠠᠶᠢᠬᠤ ᠠᠵᠤ ᠠᠬᠤᠶᠢᠯᠠᠯ ᠤᠨ ᠬᠢᠨᠠᠨ ᠪᠣᠳᠣᠯᠲᠠ ᠶᠢ ᠵᠣᠬᠢᠶᠠᠨ ᠪᠠᠶᠢᠭᠤᠯᠤᠨ᠎ᠠ᠃       ( ᠨᠠᠢᠮᠠ ) ᠡᠯᠧᠺᠳ᠋ᠷᠣᠨ ᠲᠤᠭ᠎ᠠ ᠪᠠᠷᠢᠮᠲᠠ ᠶᠢ ᠬᠢᠨᠠᠨ ᠪᠣᠳᠣᠬᠤ ᠲᠠᠰᠤᠭ᠃ᠬᠢᠨᠠᠨ ᠪᠣᠳᠣᠬᠤ ᠲᠤᠬᠠᠶᠢᠯᠠᠭᠰᠠᠨ ᠠᠵᠢᠯ ᠤᠨ ᠡᠯᠧᠺᠳ᠋ᠷᠣᠨ ᠲᠤᠭ᠎ᠠ ᠪᠠᠷᠢᠮᠲᠠ ᠶᠢ ᠴᠤᠭᠯᠠᠭᠤᠯᠬᠤ᠂ ᠰᠢᠯᠭᠠᠨ ᠬᠤᠷᠢᠶᠠᠬᠤ᠂ ᠡᠮᠬᠢᠳᠬᠡᠬᠦ ᠪᠠ ᠶᠡᠷᠦᠩᠬᠡᠶᠢᠯᠡᠨ ᠵᠠᠳᠠᠯᠤᠨ ᠠᠰᠢᠭᠯᠠᠬᠤ ᠶᠢ ᠵᠣᠬᠢᠶᠠᠨ ᠪᠠᠶᠢᠭᠤᠯᠵᠤ᠂ ᠪᠦᠬᠦ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠦᠯᠵᠢᠶᠡᠨ ᠤ ᠠᠮᠤᠷ ᠲᠦᠪᠰᠢᠨ᠂ ᠡᠯᠧᠺᠳ᠋ᠷᠣᠨ ᠵᠠᠰᠠᠭ ᠤᠨ ᠶᠠᠪᠤᠳᠠᠯ ᠤᠨ ᠢᠨᠵᠧᠨᠧᠷᠢᠩ ᠪᠠ ᠰᠤᠷᠠᠭ ᠵᠠᠩᠭᠢᠴᠢᠯᠠᠯᠲᠠ ᠶᠢᠨ ᠲᠥᠷᠥᠯ ᠵᠦᠢᠯ ᠵᠢᠴᠢ ᠰᠤᠷᠠᠭ ᠵᠠᠩᠭᠢ ᠶᠢᠨ ᠰᠢᠰᠲ᠋ᠧᠮ ᠤᠨ ᠬᠢᠨᠠᠨ ᠪᠣᠳᠣᠯᠲᠠ ᠶᠢ ᠵᠣᠬᠢᠶᠠᠨ ᠪᠠᠶᠢᠭᠤᠯᠵᠤ᠂ ᠬᠤᠰᠢᠭᠤ ᠬᠢᠨᠠᠨ ᠪᠣᠳᠣᠬᠤ ᠪᠠᠶᠢᠭᠤᠯᠭ᠎ᠠ ᠶᠢᠨ ᠬᠢᠨᠠᠨ ᠪᠣᠳᠣᠬᠤ ᠰᠤᠷᠠᠭ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃       ( ᠶᠢᠰᠤ  ) ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠬᠢᠨᠠᠨ ᠪᠣᠳᠣᠬᠤ ᠲᠠᠰᠤᠭ᠃ᠬᠤᠰᠢᠭᠤ ᠠᠷᠠᠳ ᠤᠨ ᠵᠠᠰᠠᠭ ᠤᠨ ᠣᠷᠳᠣᠨ ᠪᠡᠯᠡ ᠣᠷᠣᠭᠤᠯᠤᠭᠰᠠᠨ ᠪᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠢᠶᠠᠷ ᠭᠤᠣᠯ ᠪᠣᠯᠭᠠᠭᠰᠠᠨ ᠡᠵᠡᠩᠨᠡᠯᠲᠡ ᠶᠢᠨ ᠴᠢᠨᠠᠷᠲᠠᠢ ᠲᠥᠷᠥᠯ ᠵᠦᠢᠯ ᠤᠨ ᠲᠥᠰᠥᠪ ᠢ ᠬᠡᠷᠡᠭᠵᠢᠭᠦᠯᠦᠭᠰᠡᠨ ᠪᠠᠶᠢᠳᠠᠯ ᠪᠠ ᠲᠥᠰᠥᠪ ᠤᠨ ᠭᠦᠢᠴᠡᠳᠬᠡᠯ ᠳᠤ ᠬᠢᠨᠠᠨ ᠪᠣᠳᠣᠯᠲᠠ ᠬᠢᠵᠦ᠂ ᠭᠤᠣᠯᠳᠠᠯᠭ᠎ᠠ ᠲᠠᠢ ᠲᠥᠷᠥᠯ ᠵᠦᠢᠯ ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠨ᠎ᠠ ;ᠬᠢᠨᠠᠨ ᠪᠣᠳᠣᠬᠤ ᠵᠠᠬᠢᠷᠭ᠎ᠠ᠂ ᠬᠢᠨᠠᠨ ᠪᠣᠳᠣᠬᠤ ᠲᠢᠩᠬᠢᠮ᠂ ᠬᠤᠲᠠ ᠶᠢᠨ ᠬᠢᠨᠠᠨ ᠪᠣᠳᠣᠬᠤ  ᠲᠤᠪᠴᠢᠶᠠᠨ  ᠠᠴᠠ ᠡᠷᠬᠡ ᠣᠯᠭᠤᠭᠰᠠᠨ ᠪᠦᠲᠦᠭᠡᠨ ᠪᠠᠶᠢᠭᠤᠯᠬᠤ ᠵᠦᠢᠯ ᠡᠰ ᠪᠠ ᠪᠠᠷᠢᠯᠭ᠎ᠠ ᠶᠢᠨ ᠠᠵᠤ ᠠᠬᠤᠶᠢᠯᠠᠯ ᠳᠤ ᠬᠢᠨᠠᠨ ᠪᠣᠳᠣᠵᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ᠎ᠠ ;ᠡᠳ᠋ ᠤᠨ ᠵᠠᠰᠠᠭ᠋/‍ᠠ᠋ᠴᠠ ᠪᠡᠯᠡ ᠭᠠᠷᠭᠠᠭᠰᠠᠨ ᠰᠠᠭᠤᠷᠢ ᠲᠥᠬᠦᠭᠡᠷᠦᠮᠵᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠦᠢᠯᠡᠰ ᠤᠨ ᠲᠥᠰᠥᠪ ᠢ ᠭᠦᠢᠴᠡᠳᠬᠡᠬᠦ ᠪᠠ ᠲᠥᠰᠥᠪ ᠤᠨ ᠭᠦᠢᠴᠡᠳᠬᠡᠯ ᠵᠢᠴᠢ ᠵᠣᠬᠢᠴᠠᠩᠭᠤᠢ ᠵᠦᠢᠯᠡᠰ ᠯᠦᠭᠡ ᠰᠢᠭᠤᠳ ᠬᠤᠯᠪᠣᠭᠳᠠᠬᠤ ᠪᠦᠲᠦᠭᠡᠨ ᠪᠠᠶᠢᠭᠤᠯᠤᠯᠲᠠ᠂ ᠬᠠᠶᠢᠨ ᠪᠠᠶᠢᠴᠠᠭᠠᠯᠲᠠ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠬᠤᠳᠠᠯᠳᠤᠨ ᠠᠪᠬᠤ᠂ ᠪᠠᠷᠠᠭ᠎ᠠ ᠬᠠᠩᠭᠠᠬᠤ ᠵᠡᠷᠭᠡ ᠨᠢᠭᠡᠴᠢ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠬᠢᠨᠠᠨ ᠪᠣᠳᠣᠵᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠤᠯᠤᠰ ᠤᠨ ᠴᠢᠬᠤᠯᠠ ᠶᠡᠭᠡ ᠵᠦᠢᠯᠡᠰ ᠤᠨ ᠲᠤᠬᠠᠢ ᠮᠥᠷᠳᠡᠨ ᠪᠠᠶᠢᠴᠠᠭᠠᠯᠲᠠ ᠬᠢᠬᠦ ᠶᠢ ᠥᠷᠨᠢᠭᠦᠯᠵᠦ᠂ ᠬᠤᠯᠪᠣᠭᠳᠠᠯ ᠪᠦᠬᠦᠢ ᠲᠤᠰᠬᠠᠢ ᠪᠡᠯᠡ ᠣᠷᠣᠭᠤᠯᠤᠯᠲᠠ ᠶᠢᠨ ᠬᠢᠨᠠᠨ ᠪᠣᠳᠣᠯᠲᠠ ᠪᠠ ᠬᠢᠨᠠᠨ ᠪᠣᠳᠣᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃       (ᠠᠷᠪᠠ ) ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠮᠵᠢᠯᠲᠠ ᠪᠦᠲᠦᠮᠵᠢ ᠶᠢ ᠬᠢᠨᠠᠨ ᠪᠣᠳᠣᠬᠤ ᠲᠠᠰᠤᠭ ᠃ᠲᠥᠪ᠂ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠠᠵᠢᠯ ᠣᠯᠭᠤᠯᠲᠠ ᠶᠢ ᠪᠠᠲᠤᠯᠠᠬᠤ᠂ ᠪᠠᠭᠤᠯᠭᠠᠬᠤ ᠬᠠᠮᠢᠶᠠᠷᠬᠤ ᠪᠠ ᠦᠢᠯᠡᠴᠢᠯᠡᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ ᠵᠡᠷᠭᠡ ᠠᠯᠢ ᠣᠯᠠᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠮᠥᠷᠳᠡᠨ ᠬᠢᠨᠠᠨ ᠪᠣᠳᠣᠯᠲᠠ ᠬᠢᠬᠦ ᠶᠢ ᠬᠠᠷᠢᠭᠤᠴᠠᠨ᠎ᠠ᠃ ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ 0474—5202426 ᠠᠵᠢᠯᠯᠠᠬᠤ ᠴᠠᠭ᠄ ᠭᠠᠷᠠᠭ ᠤᠨ  ᠨᠢᠭᠡᠨ ᠠᠴᠠ ᠭᠠᠷᠠᠭ ᠤᠨ ᠲᠠᠪᠤᠨ ᠵᠢᠰᠦᠨ ᠴᠠᠭ ᠪᠣᠯᠲᠠᠯ᠎ᠠ —12 : 00᠂ 14 : 30—18 : 00 ( ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ‌‍ᠡᠴᠡ ᠭᠠᠳᠠᠨ᠎ᠠ ) ᠪᠠᠶᠢᠭᠤᠯᠭ᠎ᠠ ᠶᠢᠨ ᠬᠠᠶᠢᠭ  ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠵᠧᠩ ᠪᠧᠢ ᠵᠠᠮ ᠨᠢᠭᠡᠴᠢ ᠰᠢᠤᠳᠠᠨ ᠬᠠᠶᠢᠷᠴᠠᠭ᠄ szwqshenjiju@126. com ᠬᠠᠷᠢᠭᠤᠴᠠᠯᠭᠠᠲᠠᠨ᠄ ᠭᠤᠣ  ᠴᠠᠩ ᠧᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2