ᠳᠥᠷᠪᠡᠳ ᠬᠤᠰᠢᠭᠤᠨ ᠤ ᠡᠳ᠋ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/11/1
       ᠳᠥᠷᠪᠡᠳ ᠬᠤᠰᠢᠭᠤᠨ ᠤ ᠡᠳ᠋ ᠤᠨ ᠶᠠᠪᠤᠳᠠᠯ ᠤᠨ ᠲᠣᠪᠴᠢᠶ᠎ᠠ       ᠨᠢᠭᠡ᠂ ᠭᠤᠣᠯ ᠡᠭᠦᠷᠭᠡ ᠬᠠᠷᠢᠭᠤᠴᠠᠯᠭ᠎ᠠ᠄        ( ᠨᠢᠭᠡ )ᠡᠳ᠋  ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠬᠡᠮᠵᠢᠵᠦ᠂ ᠬᠤᠷᠸ᠎ᠠ ᠠᠵᠤ ᠠᠬᠤᠢ ᠶᠢᠨ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠣᠯᠴᠠᠨ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠨ ᠬᠤᠷᠸ᠎ᠠ ᠲᠣᠬᠢᠷᠠᠭᠤᠯᠭ᠎ᠠ ᠡᠵᠡᠮᠰᠢᠯ ᠬᠢᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠳᠤᠷᠠᠳᠤᠨ᠎ᠠ᠃ᠳᠥᠷᠪᠡ ᠳᠤ ᠬᠤᠰᠢᠭᠤ ᠠᠷᠠᠳ ᠤᠨ ᠵᠠᠰᠠᠭ ᠤᠨ ᠣᠷᠳᠣᠨ ᠪᠣᠯᠤᠨ ᠰᠢᠭᠤᠳ ᠬᠠᠷᠢᠶ᠎ᠠ ᠠᠵᠤ ᠠᠬᠤᠶᠢᠯᠠᠯ ᠢ ᠬᠤᠪᠢᠶᠠᠷᠢᠯᠠᠬᠤ ᠲᠥᠷᠥ ᠶᠢᠨ ᠪᠣᠳᠣᠯᠭ᠎ᠠ ᠪᠠ ᠠᠷᠭ᠎ᠠ ᠶᠢ ᠲᠤᠭᠤᠷᠪᠢᠨ ᠲᠣᠭᠲᠠᠭᠠᠨ᠎ᠠ᠃ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃        ( ᠬᠤᠶᠠᠷ ) ᠪᠦᠬᠦ ᠬᠤᠰᠢᠭᠤᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠡᠯᠠᠨ ᠪᠣᠳᠣᠯᠲᠠ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠳᠦᠷᠢᠮᠵᠢᠭᠰᠡᠨ ᠴᠢᠨᠠᠷᠲᠠᠢ ᠪᠢᠴᠢᠭ ᠮᠠᠲ᠋ᠧᠷᠢᠶᠠᠯ ᠤᠨ ᠲᠥᠰᠦᠯ ᠢ ᠲᠤᠭᠤᠷᠪᠢᠨ ᠪᠢᠴᠢᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃       ( ᠭᠤᠷᠪᠠ ) ᠬᠤᠰᠢᠭᠤᠨ ᠤ ᠲᠤᠰ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ᠬᠤᠰᠢᠭᠤ ᠲᠤᠰ ᠱᠠᠲᠤᠨ ᠤ ᠵᠢᠯ ᠤᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠬᠤᠰᠢᠭᠤ ᠲᠤᠰ ᠱᠠᠲᠤᠨ ᠤ ᠵᠠᠷᠤᠳᠠᠯ ᠤᠨ ᠪᠠᠷᠢᠮᠵᠢᠶ᠎ᠠ᠂ ᠲᠣᠭᠲᠠᠭᠰᠠᠨ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ( ᠪᠠᠶᠢᠭᠤᠯᠤᠯᠭ᠎ᠠ ᠨᠢᠭᠡᠴᠡ ) ᠶᠢᠨ ᠣᠨ ᠤ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠵᠥᠪᠰᠢᠶᠡᠷᠡᠬᠦ ᠶᠢ ᠬᠠᠷᠢᠭᠤᠴᠠᠨ᠎ᠠ᠃ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠬᠤᠰᠢᠭᠤ ᠲᠤᠰ ᠱᠠᠲᠤᠨ ᠤ ᠲᠥᠰᠥᠪ ᠤᠨ ᠲᠥᠰᠦᠯ᠂ ᠲᠥᠰᠥᠪ ᠤᠨ ᠲᠣᠬᠢᠷᠠᠭᠤᠯᠤᠯᠲᠠ ᠶᠢᠨ ᠲᠥᠰᠦᠯ᠂ ᠡᠳ᠋ ᠤᠨ ᠵᠠᠰᠠᠭ ᠤᠨ ᠲᠥᠰᠥᠪ᠂ ᠭᠦᠢᠴᠡᠳᠬᠡᠯ ᠪᠠ ᠲᠥᠰᠥᠪ ᠤᠨ ᠭᠦᠢᠴᠡᠳᠬᠡᠯ ᠵᠡᠷᠭᠡ ᠪᠠᠶᠢᠳᠠᠯ ᠢᠶᠠᠨ ᠮᠡᠳᠡᠭᠦᠯᠦᠨ᠎ᠡ᠃ᠵᠠᠰᠠᠭ ᠤᠨ ᠭᠠᠵᠠᠷ ᠤᠨ ᠬᠥᠷᠥᠩᠭᠡ ᠣᠷᠣᠭᠤᠯᠤᠯᠲᠠ ᠶᠢᠨ ᠰᠠᠩ ᠤᠨ ᠬᠤᠰᠢᠭᠤᠨ ᠤ ᠰᠠᠩᠬᠦᠦ ᠶᠢᠨ ᠰᠠᠩᠬᠦᠦ  ᠠᠴᠠ ᠭᠠᠷᠭᠠᠭᠰᠠᠨ ᠬᠥᠷᠥᠩᠭᠡ ᠶᠢᠨ ᠤᠳᠤᠷᠢᠳᠤᠯᠭ᠎ᠠ ᠶᠢ ᠬᠠᠷᠢᠭᠤᠴᠠᠨ᠎ᠠ᠃ᠬᠤᠰᠢᠭᠤ ᠲᠤᠰ ᠱᠠᠲᠤᠨ ᠤ ᠲᠥᠰᠥᠪ ᠪᠠ ᠲᠥᠰᠥᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ᠬᠤᠰᠢᠭᠤ ᠬᠢᠭᠡᠳ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦ᠋ᠩᠨᠡᠨ ᠪᠣᠳᠣᠬᠤ ᠠᠵᠢᠯ ᠢ ᠭᠦᠢᠴᠡᠳᠬᠡᠨ᠎ᠡ᠃         ( ᠳᠥᠷᠪᠡ ) ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠠᠭᠰᠠᠨ ᠡᠷᠬᠡ ᠮᠠᠲᠠᠯ ᠤᠨ ᠶᠣᠰᠣᠭᠠᠷ ᠣᠷᠣᠨ ᠨᠤᠲᠤᠭ ᠤᠨ ᠭᠠᠶᠢᠯᠢ ᠬᠠᠰᠤᠵᠤ ᠬᠡᠯᠲᠦᠷᠢᠭᠦᠯᠬᠦ ᠪᠠ ᠭᠠᠶᠢᠯᠢ ᠶᠢᠨ ᠵᠦᠢᠯ ᠤᠨ ᠭᠠᠶᠢᠯᠢ ᠶᠢᠨ ᠨᠣᠷᠮ᠎ᠠ ᠶᠢᠨ ᠲᠣᠬᠢᠷᠠᠭᠤᠯᠬᠤ ᠲᠥᠰᠦᠯ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠶᠢ ᠬᠠᠷᠢᠭᠤᠴᠠᠬᠤ ᠬᠡᠷᠡᠭᠲᠡᠢ᠃         ᠲᠠᠪᠤ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠠᠵᠢᠯ ᠤᠨ ᠬᠤᠪᠢᠶᠠᠷᠢᠯᠠᠯ ᠤᠨ ᠶᠣᠰᠣᠭᠠᠷ ᠬᠠᠷᠢᠭᠤᠴᠠᠨ᠎ᠠ᠃ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠦᠯ ᠢ ᠬᠢᠨᠠᠨ ᠲᠣᠭᠲᠠᠭᠠᠬᠤ ᠪᠥᠭᠡᠳ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠨ᠎ᠠ᠃ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ᠬᠤᠨᠵᠢᠪᠤᠷᠢᠲᠤ ᠰᠤᠭᠤᠯᠤᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠬᠤᠨᠵᠢᠪᠤᠷᠢᠲᠤ ᠰᠤᠭᠤᠯᠤᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ᠃        ( ᠵᠢᠷᠭᠤᠭ᠎ᠠ ) ᠪᠦᠬᠦ ᠬᠤᠰᠢᠭᠤᠨ ᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠦᠮᠦᠷᠬᠡ ᠠᠴᠠ ᠲᠥᠪᠯᠡᠷᠡᠭᠦᠯᠦᠨ ᠬᠤᠷᠢᠶᠠᠬᠤ ᠪᠠ ᠥᠭᠬᠦ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠬᠤᠰᠢᠭᠤ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ ᠂ ᠤᠯᠤᠰ ᠤᠨ ᠬᠥᠮᠥᠷᠭᠡ ᠶᠢᠨ ᠪᠡᠯᠡᠨ ᠵᠣᠭᠤᠰᠤᠨ ᠤ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠤᠨ᠎ᠠ᠃       ᠳᠣᠯᠤᠭ᠎ᠠ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠢ ᠤᠯᠤᠰ ᠤᠨ ᠳᠦᠷᠢᠮ ᠪᠣᠯᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ᠃ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠣᠰᠣᠭᠠᠷ ᠲᠤᠭᠤᠷᠪᠢᠨ ᠲᠣᠭᠲᠠᠭᠠᠨ᠎ᠠ᠃ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷ ᠲᠤᠭ᠎ᠠ ᠪᠠᠷ ᠬᠠᠮᠢᠶᠠᠷᠬᠤ ᠶᠢ ᠬᠠᠷᠢᠭᠤᠴᠠᠨ᠎ᠠ᠃ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠨᠢᠭᠡᠴᠡ ᠶᠢᠨ ᠥᠷᠢ ᠥᠭᠴᠡᠭᠡ ᠪᠠ ᠥᠷᠢ ᠥᠭᠴᠡᠭᠡ ᠤ ᠭᠤᠣᠯ ᠴᠣᠭᠴᠠ ᠶᠢᠨ ᠥᠷᠢ ᠥᠭᠴᠡᠭᠡ ᠪᠠᠨ ᠲᠥᠯᠥᠬᠦ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃         ( ᠨᠠᠢᠮᠠ ) ᠬᠤᠰᠢᠭᠤᠨ ᠤ ᠵᠠᠰᠠᠭ ᠤᠨ ᠣᠷᠳᠣᠨ ᠤ ᠡᠷᠬᠡ ᠣᠯᠭᠤᠭᠰᠠᠨ ᠪᠠᠶᠢᠳᠠᠯ ᠢ ᠦᠨᠳᠦᠰᠦᠯᠡᠵᠦ᠂ ᠬᠤᠰᠢᠭᠤᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠢ ᠭᠦᠢᠴᠡᠳᠬᠡᠵᠦ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠤᠨ᠎ᠠ᠃ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠪᠣᠯᠤᠨ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠢ ᠵᠣᠬᠢᠴᠠᠭᠤᠯᠤᠨ ᠬᠠᠮᠵᠢᠯᠴᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠤᠷᠰᠢᠯᠴᠠᠨ ᠬᠠᠮᠢᠶᠠᠷᠬᠤ ᠠᠵᠢᠯ ᠢ ᠬᠠᠷᠢᠭᠤᠴᠠᠨ᠎ᠠ᠃        ( ᠵᠢᠰᠦ ) ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠦᠯ ᠢ ᠬᠢᠨᠠᠬᠤ ᠪᠠ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ ᠮᠥᠩᠭᠦ ( ᠰᠠᠭᠤᠷᠢ ᠮᠥᠩᠭᠦ ) ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃         ( ᠠᠷᠪᠠ ) ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠡᠳ᠋ ᠤᠨ ᠵᠠᠰᠠᠭ᠋/‍ᠠ᠋ᠴᠠ ᠰᠢᠯᠵᠢᠭᠦᠯᠦᠨ ᠥᠭᠬᠦ ᠵᠣᠭᠤᠰ ᠢ ᠬᠠᠷᠢᠭᠤᠴᠠᠨ ᠭᠦᠢᠴᠡᠳᠬᠡᠵᠦ᠂ ᠪᠦᠬᠦ ᠬᠤᠰᠢᠭᠤᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ᠵᠠᠰᠠᠭ ᠤᠨ ᠭᠠᠵᠠᠷ ᠤᠨ ᠬᠥᠷᠥᠩᠭᠡ ᠣᠷᠣᠭᠤᠯᠤᠯᠲᠠ ᠶᠢᠨ ᠲᠥᠰᠦᠯ ᠢ ᠬᠢᠨᠠᠨ ᠦᠨᠡᠯᠡᠬᠦ ᠬᠤᠯᠪᠣᠭᠳᠠᠬᠤ ᠪᠣᠳᠣᠯᠭ᠎ᠠ ᠪᠣᠯᠤᠨ ᠳᠦᠷᠢᠮ ᠢ ᠪᠣᠯᠪᠠᠰᠤᠷᠠᠭᠤᠯᠵᠤ᠃        ᠠᠷᠪᠠᠨ ᠨᠢᠭᠡ ᠪᠦᠬᠦ ᠬᠤᠰᠢᠭᠤᠨ ᠤ ᠨᠢᠭᠲᠡᠯᠠᠨ ᠪᠣᠳᠣᠬᠤ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠡᠯᠠᠨ ᠪᠣᠳᠣᠬᠤ ᠠᠵᠢᠯᠯᠠᠭ᠎ᠠ ᠳᠤ ᠬᠢᠨᠠᠯᠲᠠ ᠲᠠᠯᠪᠢᠨ ᠲᠡᠭᠦᠨ ᠢ ᠳᠦᠷᠢᠮᠵᠢᠭᠦᠯᠵᠦ᠂ ᠳᠡᠭᠡᠷ᠎ᠡ ᠱᠠᠲᠤᠨ ᠤ ᠣᠷᠣᠨ ᠨᠤᠲᠤᠭ ᠤᠨ ᠴᠢᠨᠠᠷᠲᠠᠢ ᠨᠢᠭᠲᠡᠯᠠᠨ ᠪᠣᠳᠣᠬᠤ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ᠨᠢᠭᠲᠡᠯᠠᠨ ᠪᠣᠳᠣᠬᠤ ᠲᠤᠰᠬᠠᠢ ᠮᠡᠷᠭᠡᠵᠢᠯ ᠤᠨ ᠬᠢᠷᠢ ᠭᠡᠮ ᠤᠨ ᠰᠢᠯᠭᠠᠯᠲᠠ ᠶᠢ ᠵᠣᠬᠢᠶᠠᠨ ᠪᠠᠶᠢᠭᠤᠯᠤᠨ ᠵᠢᠯᠣᠭᠤᠳᠬᠤ ᠶᠢ ᠬᠠᠷᠢᠭᠤᠴᠠᠨ᠎ᠠ᠃ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ ᠳᠣᠲᠣᠭᠠᠳᠤ ᠶᠢᠨ ᠬᠢᠵᠠᠭᠠᠷᠯᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ᠃         ᠠᠷᠪᠠᠨ ᠬᠤᠶᠠᠷ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠳᠠᠬᠢ ᠴᠢᠬᠤᠯᠠ ᠶᠡᠭᠡ ᠠᠰᠠᠭᠤᠳᠠᠯ ᠢ ᠳᠤᠰᠬᠠᠨ᠎ᠠ᠃ᠡᠳ᠋ ᠤᠨ ᠵᠠᠰᠠᠭ ᠤᠨ ᠳᠣᠲᠣᠭᠠᠳᠤ ᠶᠢᠨ ᠡᠵᠡᠮᠳᠡᠯ ᠢ ᠬᠢᠨᠠᠨ ᠵᠢᠯᠣᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠪᠣᠯᠤᠨ ᠰᠠᠨᠠᠭᠤᠯᠭ᠎ᠠ ᠶᠢ ᠳᠤᠷᠠᠳᠤᠨ᠎ᠠ᠃         ᠠᠷᠪᠠᠨ ᠭᠤᠷᠪᠠ ᠵᠠᠰᠠᠭ ᠤᠨ ᠣᠷᠳᠣᠨ ᠤ ᠣᠷᠣᠭᠤᠯᠤᠯᠲᠠ ᠪᠠᠷ ᠵᠢᠯᠣᠭᠤᠳᠤᠯᠭ᠎ᠠ ᠪᠣᠯᠭᠠᠭᠰᠠᠨ᠂ ᠬᠥᠮᠦᠨ ᠬᠡᠷᠡᠭᠯᠡᠬᠦ ᠨᠢᠭᠡᠴᠡ ᠶᠢᠨ ᠣᠷᠣᠭᠤᠯᠤᠯᠲᠠ ᠪᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠣᠷᠣᠭᠤᠯᠤᠯᠲᠠ ᠪᠠᠷ ᠨᠥᠬᠦᠪᠥᠷᠢ ᠪᠣᠯᠭᠠᠭᠰᠠᠨ ᠴᠢᠳᠠᠪᠤᠷᠢᠲᠠᠨ ᠤ ᠠᠵᠢᠯ ᠤᠨ ᠪᠡᠯᠡ ᠮᠥᠩᠭᠦ ᠶᠢᠨ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠠᠵᠢᠯ ᠤᠨ ᠲᠤᠰᠬᠠᠢ ᠵᠦᠢᠯ ᠤᠨ ᠪᠡᠯᠡ ᠮᠥᠩᠭᠦ ᠪᠠᠶᠢᠭᠤᠯᠵᠤ᠂ ᠴᠢᠳᠠᠪᠤᠷᠢᠲᠠᠨ ᠤ ᠠᠵᠢᠯ ᠤᠨ ᠲᠤᠰᠬᠠᠢ ᠵᠦᠢᠯ ᠤᠨ ᠪᠡᠯᠡ ᠮᠥᠩᠭᠦ ᠶᠢᠨ ᠬᠡᠪ ᠤᠨ ᠨᠡᠮᠡᠭᠳᠡᠯ ᠤᠨ ᠲᠣᠭᠲᠠᠴᠠ ᠶᠢ ᠪᠠᠶᠢᠭᠤᠯᠤᠨ᠎ᠠ᠃       (ᠠᠷᠪᠠᠨ  ᠳᠥᠷᠪᠡ ) ᠨᠠᠮ ᠤᠨ ᠲᠥᠪ ᠬᠤᠷᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠭᠯᠡᠯᠲᠡ᠂ ᠲᠦᠷᠦ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠬᠠᠷᠢᠶ᠎ᠠ ᠭᠠᠵᠠᠷ ᠤᠨ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠣᠭᠤᠳᠤᠨ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠮᠠᠨ ᠤ ᠬᠤᠰᠢᠭᠤᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠪᠠ ᠴᠣᠬᠢᠯᠲᠠ ᠥᠭᠴᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠪᠠ᠃ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠳᠠᠨᠵᠢᠯᠠᠬᠤ ᠭᠠᠵᠠᠷ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢ ᠨᠠᠶᠢᠳᠠᠨ ᠬᠢᠨᠠᠯᠲᠠ ᠲᠠᠯᠪᠢᠨ ᠬᠠᠮᠢᠶᠠᠷᠤᠨ᠎ᠠ᠃          ( ᠠᠷᠪᠠᠨ ᠲᠠᠪᠤ ) ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠭᠰᠠᠨ ᠪᠠᠶᠢᠳᠠᠯ ᠢ ᠦᠨᠳᠦᠰᠦᠯᠡᠨ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠤᠰᠢᠭᠤᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃         ᠠᠷᠪᠠᠨ ᠵᠢᠷᠭᠤᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠥᠬᠡᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠂ ᠢᠳᠡᠭᠡᠨ ᠤ ᠠᠶᠤᠯ ᠥᠬᠡᠢ ᠵᠡᠷᠭᠡ ᠠᠵᠢᠯ ᠢ ᠬᠠᠷᠢᠭᠤᠴᠠᠨ᠎ᠠ᠃         ᠠᠷᠪᠠᠨ ᠳᠣᠯᠤᠭ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠬᠦ ᠬᠡᠷᠡᠭᠲᠡᠢ᠃       ᠬᠤᠶᠠᠷ᠂ ᠳᠣᠲᠣᠭᠠᠳᠤ ᠪᠠᠶᠢᠭᠤᠯᠤᠮᠵᠢ᠄ ᠨ᠊     ᠨᠢᠭᠡ᠂ ᠠᠯᠪᠠᠨ ᠭᠡᠷ᠃ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠬᠤᠷᠠᠯ ᠤᠨ ᠵᠣᠬᠢᠶᠠᠨ ᠪᠠᠶᠢᠭᠤᠯᠬᠤ᠂ ᠮᠡᠳᠡᠭᠳᠡᠬᠦ᠂ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃ᠪᠠᠶᠢᠭᠤᠯᠭ᠎ᠠ ᠶᠢᠨ ᠰᠣᠶᠣᠯ ᠴᠠᠬᠢᠯᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠳᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ᠂ ᠠᠶᠤᠯ ᠥᠬᠡᠢ ᠦᠢᠯᠡᠳᠪᠦᠷᠢᠯᠡᠯ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ᠂ ᠵᠠᠰᠠᠭ ᠤᠨ ᠣᠷᠳᠣᠨ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠵᠠᠰᠠᠭ ᠤᠨ ᠶᠠᠪᠤᠳᠠᠯ ᠤᠨ ᠬᠦᠯᠢᠶᠡᠨ ᠠᠪᠬᠤ᠂ ᠲᠡᠷᠭᠡ ᠬᠥᠰᠬᠡ ᠶᠢᠨ ᠬᠠᠮᠢᠶᠠᠷᠤᠯᠲᠠ ᠵᠢᠴᠢ ᠠᠷᠤ ᠲᠠᠯ᠎ᠠ ᠶᠢᠨ ᠠᠵᠢᠯ ᠤᠨ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ᠪᠠᠶᠢᠭᠤᠯᠤᠯᠭ᠎ᠠ ᠬᠢᠭᠡᠳ ᠬᠠᠷᠢᠶ᠎ᠠ ᠨᠢᠭᠡᠴᠡ ᠶᠢᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠬᠥᠮᠦᠵᠢᠯ ᠪᠣᠯᠪᠠᠰᠣᠷᠠᠭᠤᠯᠤᠯ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠲᠤᠰᠢᠶᠠᠯ ᠲᠣᠭᠲᠠᠭᠠᠬᠤ ᠤᠷᠢᠬᠤ ᠪᠠ ᠠᠵᠢᠯᠴᠢᠨ ᠤ ᠮᠡᠷᠭᠡᠵᠢᠯ ᠤᠨ ᠵᠡᠷᠭᠡ ᠳᠡᠰ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠠᠵᠢᠯ‌‍ᠠ᠋ᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠠᠮᠠᠷᠠᠭᠰᠠᠨ ᠠᠵᠢᠯᠲᠠᠨ ᠤ ᠠᠵᠢᠯ ᠢ ᠬᠠᠷᠢᠭᠤᠴᠠᠨ᠎ᠠ᠃ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠬᠠᠷᠢᠯᠴᠠᠬᠤ ᠤᠲᠠᠰᠤ᠄ 0474 —5202621      ( ᠬᠤᠶᠠᠷ ) ᠭᠠᠶᠢᠯᠢ ᠶᠢᠨ ᠶᠠᠪᠤᠳᠠᠯ ᠤᠨ ᠶᠡᠷᠦᠩᠬᠡᠶᠢᠯᠡᠭᠰᠡᠨ ᠬᠤᠪᠢ ᠣᠷᠣᠭᠤᠯᠤᠯᠲᠠ᠃ᠲᠥᠪ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠵᠢᠴᠢ ᠲᠣᠬᠢᠷᠠᠭᠤᠯᠤᠯᠲᠠ ᠶᠢᠨ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠬᠡᠷᠡᠭᠲᠡᠢ᠃ᠲᠣᠭᠲᠠᠭᠠᠭᠰᠠᠨ ᠡᠷᠬᠡ ᠮᠠᠲᠠᠯ ᠤᠨ ᠶᠣᠰᠣᠭᠠᠷ ᠣᠷᠣᠨ ᠨᠤᠲᠤᠭ ᠤᠨ ᠭᠠᠶᠢᠯᠢ ᠬᠠᠰᠤᠵᠤ ᠬᠡᠯᠲᠦᠷᠢᠭᠦᠯᠬᠦ ᠪᠠ ᠭᠠᠶᠢᠯᠢ ᠶᠢᠨ ᠵᠦᠢᠯ ᠭᠠᠶᠢᠯᠢ ᠶᠢᠨ ᠨᠣᠷᠮ᠎ᠠ ᠶᠢᠨ ᠭᠠᠶᠢᠯᠢ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ ᠲᠥᠰᠦᠯ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ᠣᠷᠣᠨ ᠨᠤᠲᠤᠭ ᠤᠨ ᠭᠠᠶᠢᠯᠢ ᠶᠢᠨ ᠪᠤᠰᠤ ᠣᠷᠣᠯᠭ᠎ᠠ ᠶᠢᠨ ᠲᠥᠷᠥ ᠶᠢᠨ ᠪᠣᠳᠣᠯᠭ᠎ᠠ ᠪᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠵᠤ᠂ ᠭᠠᠶᠢᠯᠢ ᠶᠢᠨ ᠪᠤᠰᠤ ᠣᠷᠣᠯᠭ᠎ᠠ ᠶᠢᠨ ᠵᠦᠢᠯᠡᠰ ᠤᠨ ᠬᠠᠮᠢᠶᠠᠷᠤᠯᠲᠠ ᠶᠢ ᠡᠭᠦᠷᠭᠡᠯᠡᠨ᠎ᠡ᠃ᠬᠤᠰᠢᠭᠤᠨ ᠤ ᠲᠤᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠤᠨ ᠬᠥᠮᠥᠷᠭᠡ ᠶᠢᠨ ᠬᠠᠮᠠᠭᠠᠯᠠᠯᠲᠠ ᠶᠢ ᠬᠠᠷᠢᠭᠤᠴᠠᠨ᠎ᠠ᠃ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠶᠠᠪᠤᠳᠠᠯ ᠢ ᠢᠯᠭᠠᠷᠠᠭᠤᠯᠤᠨ ᠵᠢᠷᠤᠮᠵᠢᠭᠤᠯᠬᠤ ᠠᠵᠢᠯ ᠢ ᠬᠠᠷᠢᠭᠤᠴᠠᠨ᠎ᠠ᠃ᠠᠰᠢᠭ ᠬᠤᠨᠵᠢᠪᠤᠷᠢ ᠶᠢᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠪᠠᠶᠢᠭᠤᠯᠤᠮᠵᠢ ᠶᠢᠨ ᠭᠠᠶᠢᠯᠢ ᠬᠡᠯᠲᠦᠷᠢᠭᠦᠯᠬᠦ ᠠᠵᠢᠯ ᠢ ᠬᠠᠷᠢᠭᠤᠴᠠᠨ ᠰᠠᠶᠢᠲᠤᠷ ᠬᠢᠨ᠎ᠡ᠃ᠡᠳ᠋ ᠤᠨ ᠵᠠᠰᠠᠭ ᠠᠵᠤ ᠠᠬᠤᠢ ᠶᠢ ᠵᠢᠱᠢᠵᠦ ᠵᠠᠳᠠᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠥᠭᠡᠷᠡᠴᠢᠯᠡᠯᠲᠡ ᠬᠢᠭᠡᠳ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠤᠷᠲᠤᠪᠲᠤᠷ ᠪᠠ ᠤᠷᠲᠤ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠲᠣᠭᠲᠠᠭᠠᠨ᠎ᠠ᠃ᠡᠳ᠋ ᠤᠨ ᠵᠠᠰᠠᠭ ᠤᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ᠃ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠠᠯᠢᠩ ᠤᠨ ᠶᠡᠷᠦᠩᠬᠡᠢ ᠲᠤᠭ᠎ᠠ ᠶᠢ ᠲᠣᠭᠲᠠᠭᠠᠬᠤ ᠲᠣᠭᠲᠠᠴᠠ ᠪᠣᠯᠤᠨ ᠬᠠᠷᠢᠭᠤᠴᠠᠯᠭᠠᠲᠠᠨ ᠤ ᠴᠠᠯᠢᠩ ᠤᠨ ᠥᠭᠡᠷᠡᠴᠢᠯᠡᠯᠲᠡ ᠶᠢ ᠲᠣᠭᠲᠠᠭᠠᠬᠤ ᠳᠤ ᠣᠷᠣᠯᠴᠠᠨ᠎ᠠ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠤᠯᠤᠰ ᠤᠨ ᠥᠮᠴᠢᠯᠡᠯᠲᠦ ᠡᠬᠢ ᠪᠠᠶᠠᠯᠢᠭ ᠢ ᠬᠢᠮᠳᠠ ᠪᠠᠷ ᠬᠤᠳᠠᠯᠳᠤᠭᠰᠠᠨ ᠤ ᠣᠷᠣᠯᠭ᠎ᠠ ᠵᠠᠷᠤᠯᠭ᠎ᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠨ᠎ᠠ᠃ᠰᠤᠭᠤᠯᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ᠠᠯᠪᠠᠲᠠᠨ ᠤ ᠨᠡᠮᠡᠯᠭᠡ ᠮᠥᠩᠭᠦ ᠨᠥᠬᠦᠪᠥᠷᠢ ᠮᠥᠩᠭᠦ ᠶᠢ ᠢᠯᠭᠠᠷᠠᠭᠤᠯᠤᠨ ᠵᠢᠷᠤᠮᠵᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ᠠᠵᠢᠯ ᠦᠢᠯᠡᠰ ᠤᠨ ᠨᠢᠭᠡᠴᠡ ᠶᠢᠨ ᠲᠥᠷᠥᠯ ᠬᠤᠪᠢᠶᠠᠭᠰᠠᠨ ᠥᠭᠡᠷᠡᠴᠢᠯᠡᠯᠲᠡ ᠶᠢᠨ ᠠᠵᠢᠯ ᠳᠤ ᠣᠷᠣᠯᠴᠠᠨ᠎ᠠ᠃ ᠬᠠᠷᠢᠯᠴᠠᠬᠤ ᠤᠲᠠᠰᠤ᠄ 0474—5206037        ( ᠭᠤᠷᠪᠠ ) ᠲᠥᠰᠥᠪ ᠤᠨ ᠬᠤᠪᠢ ᠣᠷᠣᠭᠤᠯᠤᠯᠲᠠ᠃ᠲᠥᠪ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠶᠢᠨ ᠲᠥᠰᠥᠪ ᠤᠨ ᠬᠠᠮᠢᠶᠠᠷᠤᠯᠲᠠ ᠶᠢᠨ ᠳᠦᠷᠢᠮ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠲᠥᠰᠥᠪ ᠤᠨ ᠬᠠᠮᠢᠶᠠᠷᠤᠯᠲᠠ ᠶᠢᠨ ᠳᠦᠷᠢᠮ ᠪᠠ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠤᠭᠤᠷᠪᠢᠨ ᠲᠣᠭᠲᠠᠭᠠᠨ᠎ᠠ᠃ᠬᠤᠰᠢᠭᠤ ᠲᠤᠰ ᠱᠠᠲᠤᠨ ᠤ ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠨᠠᠶᠢᠷᠠᠭᠤᠯᠵᠤ᠂ ᠪᠦᠬᠦ ᠬᠤᠰᠢᠭᠤᠨ ᠤ ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠬᠤᠷᠢᠶᠠᠩᠭᠤᠶᠢᠯᠠᠨ᠎ᠠ᠃ᠬᠤᠰᠢᠭᠤ ᠲᠤᠰ ᠱᠠᠲᠤᠨ ᠤ ᠣᠨ ᠤ ᠲᠥᠰᠥᠪ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠪᠦᠬᠦ ᠬᠤᠰᠢᠭᠤᠨ ᠤ ᠣᠨ ᠤ ᠶᠡᠷᠦᠩᠬᠡᠢ ᠲᠥᠰᠥᠪ ᠢ ᠬᠤᠷᠢᠶᠠᠩᠭᠤᠶᠢᠯᠠᠨ᠎ᠠ᠃ᠬᠤᠰᠢᠭᠤ ᠲᠤᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠥᠪ ᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠵᠤ᠂ ᠬᠤᠰᠢᠭᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠲᠥᠰᠦᠯ ᠢ ᠲᠥᠪᠯᠡᠷᠡᠭᠦᠯᠦᠨ ᠭᠦᠢᠴᠡᠳᠬᠡᠨ᠎ᠡ᠃ᠬᠤᠰᠢᠭᠤ ᠲᠤᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠲᠥᠰᠥᠪ ᠤᠨ ᠲᠣᠬᠢᠷᠠᠭᠤᠯᠤᠯᠲᠠ ᠶᠢᠨ ᠵᠦᠢᠯᠡᠰ ᠢ ᠭᠦᠢᠴᠡᠳᠬᠡᠬᠦ ᠪᠠ ᠴᠤᠬᠤᠯᠠᠪᠤᠷᠢᠯᠠᠪᠠ᠃ᠬᠤᠰᠢᠭᠤᠨ ᠤ ᠲᠤᠰ ᠱᠠᠲᠤᠨ ᠤ ᠰᠠᠯᠠᠭ᠎ᠠ ᠮᠥᠴᠢᠷ ᠤᠨ ᠲᠥᠰᠥᠪ ᠤᠨ ᠲᠥᠰᠦᠯ ᠢ ᠲᠦᠷᠦᠭᠦᠯᠡᠨ ᠨᠠᠶᠢᠷᠠᠭᠤᠯᠵᠤ᠂ ᠬᠤᠰᠢᠭᠤ ᠲᠤᠰ ᠱᠠᠲᠤᠨ ᠤ ᠰᠠᠯᠠᠭ᠎ᠠ ᠮᠥᠴᠢᠷ ᠤᠨ ᠲᠥᠰᠥᠪ ᠢ ᠴᠣᠬᠤᠯᠪᠣᠷᠢᠯᠠᠨ ᠵᠥᠪᠰᠢᠶᠡᠷᠡᠵᠦ᠂ ᠬᠠᠮᠢᠶ᠎ᠠ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠠᠯᠠᠭ᠎ᠠ ᠮᠥᠴᠢᠷ ᠤᠨ ᠲᠥᠰᠥᠪ ᠢ ᠭᠦᠢᠴᠡᠳᠬᠡᠨ᠂ ᠴᠠᠭ ᠲᠤᠬᠠᠢ ᠳᠤᠨᠢ ᠲᠣᠬᠢᠷᠠᠭᠤᠯᠤᠨ ᠥᠭᠭᠦᠨ᠎ᠡ᠃ᠬᠤᠰᠢᠭᠤ ᠲᠤᠰ ᠱᠠᠲᠤᠨ ᠤ ᠵᠠᠰᠠᠭ ᠤᠨ ᠣᠷᠳᠣᠨ ᠤ ᠲᠥᠰᠥᠪ ᠢ ᠢᠯᠡ ᠪᠣᠯᠭᠠᠬᠤ ᠶᠢ ᠬᠠᠷᠢᠭᠤᠴᠠᠵᠤ᠂ ᠡᠯ᠎ᠡ ᠰᠤᠮᠤ ᠰᠢᠶᠠᠩ ᠪᠠᠯᠭᠠᠰᠤ ᠪᠠ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠡ ᠶᠢᠨ ᠲᠥᠰᠥᠪ ᠢ ᠢᠯᠡ ᠪᠣᠯᠭᠠᠬᠤ ᠠᠵᠢᠯ ᠢ ᠵᠢᠯᠣᠭᠤᠳᠤᠨ᠎ᠠ᠃ᠡᠳ᠋ ᠤᠨ ᠵᠠᠰᠠᠭ᠋/‍ᠠ᠋ᠴᠠ ᠴᠠᠯᠢᠩ ᠣᠯᠭᠤᠬᠤ ᠪᠠ ᠠᠵᠢᠯᠲᠠᠨ ᠣᠨᠳᠣᠣ ᠬᠥᠳᠡᠯᠦᠯ ᠬᠢᠭᠡᠳ ᠲᠥᠰᠥᠪ ᠤᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠬᠤᠪᠢᠷᠠᠯᠲᠠ ᠶᠢ ᠲᠦᠷᠦᠭᠦᠯᠡᠨ ᠬᠠᠮᠢᠶᠠᠷᠤᠨ᠎ᠠ᠃ ᠬᠠᠷᠢᠯᠴᠠᠬᠤ ᠤᠲᠠᠰᠤ᠄ 0474—5209508         ( ᠳᠥᠷᠪᠡ ) ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠠᠰᠤᠭ᠃ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ᠥᠷᠢ ᠲᠥᠯᠥᠬᠦ ᠪᠡᠯᠡ ᠮᠥᠩᠭᠦ ᠶᠢ ᠲᠣᠬᠢᠷᠠᠭᠤᠯᠬᠤ ᠰᠠᠨᠠᠭᠤᠯᠭ᠎ᠠ ᠶᠢ ᠳᠤᠷᠠᠳᠤᠨ᠎ᠠ᠃ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ᠎ᠠ᠃ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠨᠢᠭᠡᠴᠡ ᠶᠢᠨ ᠥᠷᠢ ᠥᠭᠴᠡᠭᠡ ᠲᠥᠯᠥᠬᠦ ᠭᠤᠣᠯ ᠴᠣᠭᠴᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ᠣᠷᠣᠨ ᠨᠤᠲᠤᠭ ᠤᠨ ᠵᠠᠰᠠᠭ ᠤᠨ ᠣᠷᠳᠣᠨ ᠤ ᠳᠠᠬᠢᠨ ᠪᠡᠯᠡ ᠬᠤᠷᠠᠮᠳᠤᠭᠤᠯᠬᠤ ᠵᠢᠭᠡᠯᠡᠯᠭᠡ ᠶᠢᠨ ᠲᠡᠮᠳᠡᠭ ᠢ ᠬᠠᠮᠢᠶᠠᠷᠴᠤ᠂ ᠬᠤᠰᠢᠭᠤ ᠲᠤᠰ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭ ᠤᠨ ᠡᠬᠡ ᠬᠦᠦ ᠮᠥᠩᠭᠦ ᠶᠢ ᠪᠤᠴᠠᠭᠠᠬᠤ ᠲᠥᠯᠥᠪᠯᠡᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ᠤᠯᠤᠰ ᠤᠨ ᠵᠢᠭᠡᠯᠡᠯᠭᠡ ᠶᠢ ᠵᠢᠭᠡᠯᠡᠯᠭᠡ ᠰᠢᠯᠵᠢᠭᠦᠯᠦᠭᠰᠡᠨ ᠪᠡᠯᠡ ᠮᠥᠩᠭᠦ᠂ ᠭᠠᠳᠠᠭᠠᠳᠤ ᠤᠯᠤᠰ ᠤᠨ ᠵᠠᠰᠠᠭ ᠤᠨ ᠣᠷᠳᠣᠨ ᠪᠣᠯᠤᠨ ᠣᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠢᠭᠡᠯᠡᠯᠭᠡ ᠵᠡᠷᠭᠡ ᠥᠷᠢ ᠥᠭᠴᠡᠭᠡ ᠶᠢᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ᠪᠦᠬᠦ ᠬᠤᠰᠢᠭᠤᠨ ᠤ ᠥᠷᠢ ᠰᠢᠷᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠭᠠᠳᠠᠭᠠᠳᠤ ᠤᠯᠤᠰ ᠤᠨ ᠵᠠᠰᠠᠭ ᠤᠨ ᠣᠷᠳᠣᠨ ᠪᠠ ᠣᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠢᠭᠡᠯᠡᠯᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠦᠬᠦ ᠬᠤᠰᠢᠭᠤᠨ ᠤ ᠬᠤᠶᠠᠷ ᠲᠠᠯ᠎ᠠ ᠪᠠ ᠣᠯᠠᠨ ᠲᠠᠯ᠎ᠠ ᠶᠢᠨ ᠡᠳ᠋ ᠤᠨ ᠵᠠᠰᠠᠭ ᠤᠨ ᠬᠠᠮᠲᠤᠷᠠᠯᠴᠠᠭᠠᠨ ᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠬᠠᠷᠢᠯᠴᠠᠬᠤ ᠤᠲᠠᠰᠤ᠄ 0474—5209508        ᠲᠠᠪᠤ ᠤᠯᠤᠰ ᠤᠨ ᠰᠠᠩ ᠤᠨ ᠬᠤᠪᠢ ᠣᠷᠣᠭᠤᠯᠤᠯᠲᠠ᠃ᠲᠥᠰᠥᠪ ᠢ ᠭᠦᠢᠴᠡᠳᠬᠡᠬᠦ᠂ ᠬᠢᠨᠠᠨ ᠡᠵᠡᠮᠰᠢᠬᠦ ᠪᠣᠯᠤᠨ ᠵᠠᠳᠠᠯᠤᠨ ᠲᠥᠰᠦᠭᠡᠯᠡᠬᠦ ᠶᠢ ᠵᠣᠬᠢᠶᠠᠨ ᠪᠠᠶᠢᠭᠤᠯᠵᠤ᠃ᠤᠯᠤᠰ ᠤᠨ ᠰᠠᠩ ᠤᠨ ᠬᠠᠮᠢᠶᠠᠷᠤᠯᠲᠠ ᠶᠢᠨ ᠳᠦᠷᠢᠮ ᠪᠠ ᠤᠯᠤᠰ ᠤᠨ ᠰᠠᠩ ᠤᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠳᠦᠷᠢᠮ ᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ᠪᠦᠬᠦ ᠬᠤᠰᠢᠭᠤᠨ ᠤ ᠡᠳ᠋ ᠤᠨ ᠵᠠᠰᠠᠭ ᠤᠨ ᠲᠥᠰᠥᠪ ᠤᠨ ᠪᠡᠯᠡ ᠮᠥᠩᠭᠦ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ᠡᠳ᠋ ᠤᠨ ᠵᠠᠰᠠᠭ ᠤᠨ ᠲᠦᠷ ᠥᠭᠬᠦ ᠵᠣᠭᠤᠰᠤᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠬᠤᠰᠢᠭᠤᠨ ᠤ ᠲᠤᠰ ᠱᠠᠲᠤᠨ ᠤ ᠲᠥᠰᠥᠪ ᠤᠨ ᠪᠡᠯᠡ ᠮᠥᠩᠭᠦᠨ ᠤ ᠣᠷᠣᠯᠭ᠎ᠠ ᠵᠠᠷᠤᠯᠭ᠎ᠠ ᠶᠢᠨ ᠶᠡᠷᠦᠩᠬᠡᠢ ᠨᠢᠭᠲᠡᠯᠠᠨ ᠪᠣᠳᠣᠬᠤ ᠲᠣᠭᠠᠴᠠᠭ᠎ᠠ ᠬᠢᠬᠦ ᠶᠢ ᠬᠠᠷᠢᠭᠤᠴᠠᠨ᠎ᠠ᠃ᠡᠳ᠋ ᠤᠨ ᠵᠠᠰᠠᠭ ᠪᠠ ᠲᠥᠰᠥᠪ ᠤᠨ ᠪᠠᠶᠢᠭᠤᠯᠭ᠎ᠠ ᠨᠢᠭᠡᠴᠡ ᠶᠢᠨ ᠳᠠᠩᠰᠠ ᠶᠢ ᠬᠠᠮᠢᠶᠠᠷᠴᠤ᠂ ᠬᠤᠰᠢᠭᠤ ᠲᠤᠰ ᠱᠠᠲᠤᠨ ᠤ ᠡᠳ᠋ ᠤᠨ ᠵᠠᠰᠠᠭ ᠤᠨ ᠶᠡᠷᠦᠩᠬᠡᠶᠢᠯᠡᠭᠰᠡᠨ ᠮᠡᠳᠡᠭᠦᠯᠦᠯᠲᠡ᠂ ᠡᠳ᠋ ᠤᠨ ᠵᠠᠰᠠᠭ ᠤᠨ ᠶᠡᠷᠦᠩᠬᠡᠢ ᠲᠥᠰᠥᠪ ᠵᠢᠴᠢ ᠰᠠᠯᠠᠭ᠎ᠠ ᠮᠥᠴᠢᠷ ᠤᠨ ᠲᠠᠰᠤᠯᠤᠨ ᠪᠣᠳᠣᠯᠲᠠ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ᠤᠯᠤᠰ ᠤᠨ ᠰᠠᠩ ᠤᠨ ᠪᠡᠯᠡᠨ ᠮᠥᠩᠭᠦᠨ ᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠶᠢ ᠪᠤᠴᠠᠭᠠᠬᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠰᠠᠩ ᠠᠴᠠ ᠲᠥᠪᠯᠡᠷᠡᠭᠦᠯᠦᠨ ᠬᠤᠷᠢᠶᠠᠵᠤ ᠲᠤᠰᠢᠶᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠷᠢᠯᠴᠠᠬᠤ ᠤᠲᠠᠰᠤ᠄ 0474—5202957        ( ᠵᠢᠷᠭᠤᠭ᠎ᠠ ) ᠡᠳ᠋ ᠬᠥᠷᠥᠩᠭᠡ ᠶᠢᠨ ᠬᠤᠪᠢ ᠣᠷᠣᠭᠤᠯᠤᠯᠲᠠ᠃ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠣᠯᠤᠨ ᠬᠤᠯᠪᠣᠭᠳᠠᠯ ᠪᠦᠬᠦᠢ ᠬᠦᠷᠢᠶ᠎ᠡ ᠬᠡᠪᠴᠢᠶᠡᠨ ᠤ ᠲᠥᠰᠥᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ᠠᠯᠪᠠᠨ ᠶᠠᠪᠤᠳᠠᠯ ᠤᠨ ᠵᠠᠷᠤᠯᠭ᠎ᠠ ᠶᠢᠨ ᠳᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠰᠢᠯᠵᠢᠭᠦᠯᠦᠨ ᠥᠭᠬᠦ ᠪᠡᠯᠡ ᠮᠥᠩᠭᠦ ᠪᠠ ᠲᠤᠰᠬᠠᠢ ᠪᠡᠯᠡ ᠮᠥᠩᠭᠦ ᠶᠢ ᠬᠠᠮᠢᠶᠠᠷᠤᠨ᠎ᠠ᠃ᠬᠠᠤᠯᠢ ᠬᠡᠷᠡᠭᠵᠢᠭᠦᠯᠬᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠢ ᠮᠡᠷᠭᠡᠵᠢᠯ ᠤᠨ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢ ᠬᠢᠨᠠᠨ ᠬᠠᠷᠭᠤᠭᠤᠯᠬᠤ ᠶᠢ ᠳᠡᠭᠡᠭᠰᠢ ᠮᠡᠳᠡᠭᠦᠯᠬᠦ ᠵᠢᠴᠢ ᠲᠣᠬᠢᠷᠠᠭᠤᠯᠤᠨ ᠬᠡᠷᠡᠭᠯᠡᠵᠦ ᠬᠠᠮᠢᠶᠠᠷᠬᠤ ᠶᠢ ᠬᠠᠷᠢᠭᠤᠴᠠᠨ᠎ᠠ᠃ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠬᠠᠮᠢᠶᠠᠷᠬᠤ ᠪᠠ ᠰᠢᠢᠳᠪᠦᠷᠢᠯᠡᠬᠦ ᠶᠢ ᠬᠠᠷᠢᠭᠤᠴᠠᠨ᠎ᠠ᠃ ᠬᠠᠷᠢᠯᠴᠠᠬᠤ ᠤᠲᠠᠰᠤ᠄ 0474—5202694        ( ᠳᠣᠯᠤᠭ᠎ᠠ ) ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠬᠤᠪᠢ ᠣᠷᠣᠭᠤᠯᠤᠯᠲᠠ᠃ᠰᠤᠷᠭᠠᠨ ᠬᠥᠮᠦᠵᠢᠯ᠂ ᠳᠡᠭᠡᠳᠦ ᠰᠤᠷᠭᠠᠭᠤᠯᠢ᠂ ᠨᠠᠮ ᠤᠨ ᠰᠤᠷᠭᠠᠭᠤᠯᠢ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠠ ᠬᠤᠯᠪᠣᠭᠳᠠᠯ ᠪᠦᠬᠦᠢ ᠬᠦᠷᠢᠶᠡᠨ ᠤ ᠲᠥᠰᠥᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ᠬᠤᠰᠢᠭᠤᠨ ᠤ ᠲᠤᠰ ᠱᠠᠲᠤᠨ ᠤ ᠰᠤᠷᠭᠠᠨ ᠬᠥᠮᠦᠵᠢᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠪᠡᠯᠡ ᠮᠥᠩᠭᠦᠨ ᠤ ᠵᠠᠷᠤᠯᠭ᠎ᠠ ᠶᠢᠨ ᠲᠥᠰᠥᠪ ᠢ ᠬᠠᠷᠢᠭᠤᠴᠠᠨ ᠬᠠᠮᠢᠶᠠᠷᠬᠤ ᠬᠡᠷᠡᠭᠲᠡᠢ᠃ᠡᠩ ᠤᠨ ᠣᠯᠠᠨ ᠨᠡᠶᠢᠲᠡ ᠶᠢᠨ ᠲᠥᠰᠥᠪ ᠤᠨ ᠬᠠᠮᠢᠶᠠᠷᠤᠯᠲᠠ ᠳᠤ ᠣᠷᠣᠭᠤᠯᠤᠭᠰᠠᠨ ᠥᠬᠡᠢ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠵᠠᠷᠤᠯᠭ᠎ᠠ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠤᠬᠠᠭᠤᠯᠭ᠎ᠠ ( ᠷᠠᠳᠢᠣ ᠨᠡᠪᠲᠡᠷᠡᠭᠦᠯᠭᠡ ᠲᠧᠯᠸᠢᠰ᠂ ᠺᠢᠨᠣ᠂ ᠰᠣᠨᠢᠨ ᠮᠡᠳᠡᠭᠡ ᠬᠡᠪᠯᠡᠯ )᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠪᠡᠶ᠎ᠡ ᠶᠢᠨ ᠲᠠᠮᠢᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠥᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ᠠᠵᠢᠯ ᠦᠢᠯᠡᠰ ᠤᠨ ᠨᠢᠭᠡᠴᠢ ᠶᠢᠨ ᠨᠡᠶᠢᠳᠡᠮ ᠬᠡᠷᠡᠭᠯᠡᠬᠦ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ᠬᠠᠮᠢᠶ᠎ᠠ ᠪᠦᠬᠦᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠬᠠᠷᠢᠯᠴᠠᠬᠤ ᠤᠲᠠᠰᠤ᠄ 0474—5202694       ( ᠨᠠᠢᠮᠠ ) ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠤᠪᠢ᠃ ᠬᠥᠭᠵᠢᠭᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠠ ᠬᠤᠯᠪᠣᠭᠳᠠᠯ ᠪᠦᠬᠦᠢ ᠬᠦᠷᠢᠶᠡᠨ ᠤ ᠲᠥᠰᠥᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ᠬᠠᠮᠢᠶ᠎ᠠ ᠪᠦᠬᠦᠢ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠ ᠤᠯᠠᠭᠠᠨᠴᠠᠪ ᠬᠤᠲᠠ ᠶᠢᠨ ᠲᠥᠰᠥᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠬᠤᠲᠠ ᠪᠠᠯᠭᠠᠰᠤ ᠪᠣᠯᠤᠨ ᠬᠥᠳᠡᠭᠡ ᠲᠣᠰᠬᠤᠨ ᠤ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠡᠯᠡ ᠮᠥᠩᠭᠦ ᠪᠣᠯᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ᠳᠡᠭᠡᠳᠦ ᠱᠠᠲᠤᠨ ᠤ ᠴᠢᠬᠤᠯᠠ ᠶᠡᠭᠡ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠬᠠᠮᠢᠶᠠᠷᠤᠨ᠎ᠠ᠃ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠣᠢ ᠰᠢᠭᠤᠢ ᠨᠤᠲᠤᠭ ᠪᠡᠯᠴᠢᠭᠡᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠠ ᠬᠤᠯᠪᠣᠭᠳᠠᠯ ᠪᠦᠬᠦᠢ ᠬᠦᠷᠢᠶ᠎ᠡ ᠬᠡᠪᠴᠢᠶᠡᠨ ᠤ ᠲᠥᠰᠥᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ᠬᠠᠮᠢᠶ᠎ᠠ ᠪᠦᠬᠦᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ᠪᠠᠶᠢᠭᠠᠯ ᠤᠨ ᠡᠬᠢ ᠪᠠᠶᠠᠯᠢᠭ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠵᠡᠷᠭᠡ ᠳᠤ ᠣᠷᠣᠯᠴᠠᠵᠠᠢ᠃ᠠᠷᠢᠭᠤᠨ ᠴᠡᠪᠡᠷ ᠰᠠᠭᠤᠷᠢ ᠮᠥᠩᠭᠦ ᠶᠢᠨ ᠵᠠᠷᠤᠯᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠥᠷᠥᠯ ᠵᠦᠢᠯ ᠢ ᠬᠠᠷᠢᠭᠤᠴᠠᠨ᠎ᠠ᠃ ᠬᠠᠷᠢᠯᠴᠠᠬᠤ ᠤᠲᠠᠰᠤ᠄ 0474—5207866       ᠵᠢᠰᠦ ᠲᠠᠷᠢᠶᠠᠯᠠᠩ ᠮᠠᠯ ᠠᠵᠤ ᠠᠬᠤᠢ ᠶᠢᠨ ᠬᠤᠪᠢ ᠣᠷᠣᠭᠤᠯᠤᠯᠲᠠ᠃ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤᠨ ᠠᠰᠢᠭᠯᠠᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠥᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ᠡᠳ᠋ ᠤᠨ ᠵᠠᠰᠠᠭ ᠤᠨ ᠳᠠᠮᠵᠢᠨ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠢᠶ᠎ᠠ ᠪᠥᠬᠦᠢ ᠠᠵᠢᠯ ᠢ ᠲᠦᠷᠦᠭᠦᠯᠡᠨ ᠡᠭᠦᠷᠭᠡᠯᠡᠵᠦ᠂ ᠡᠳ᠋ ᠤᠨ ᠵᠠᠰᠠᠭ ᠤᠨ ᠵᠣᠯᠭᠠᠯᠲᠠ ᠶᠢ ᠠᠬᠢᠭᠤᠯᠤᠨ ᠬᠥᠳᠡᠭᠡ ᠲᠣᠰᠬᠤᠨ ᠢ ᠬᠥᠭᠵᠢᠭᠦᠯᠬᠦ ᠨᠥᠬᠦᠪᠥᠷᠢ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠯᠴᠠᠬᠤ ᠤᠲᠠᠰᠤ᠄ 0474—520380       ᠠᠷᠪᠠ ᠨᠡᠶᠢᠭᠡᠮ ᠤᠨ ᠪᠠᠲᠤᠯᠠᠭ᠎ᠠ ᠶᠢᠨ ᠬᠤᠪᠢ ᠣᠷᠣᠭᠤᠯᠤᠯᠲᠠ᠃ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠤᠨ ᠠᠯᠪᠠᠨ᠋‌‍ᠠ᠋ᠴᠠ ᠪᠠᠭᠤᠭᠰᠠᠳ ᠤᠨ ᠠᠵᠢᠯ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠠ ᠬᠤᠯᠪᠣᠭᠳᠠᠯ ᠪᠦᠬᠦᠢ ᠬᠦᠷᠢᠶᠡᠨ ᠤ ᠲᠥᠰᠥᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠬᠠᠮᠢᠶ᠎ᠠ ᠪᠦᠬᠦᠢ ᠪᠡᠯᠡ ᠮᠥᠩᠭᠦ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠷᠭ᠎ᠠ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ᠬᠤᠰᠢᠭᠤ ᠲᠤᠰ ᠱᠠᠲᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠪᠦᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠵᠤ ᠬᠤᠷᠢᠶᠠᠩᠭᠤᠶᠢᠯᠠᠨ᠎ᠠ᠃ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠨᠠᠰᠤᠵᠢᠯ ᠤᠨ ᠦᠢᠯᠡᠰ ᠤᠨ ᠬᠥᠭᠵᠢᠯᠲᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡ ᠮᠥᠩᠭᠦ ᠶᠢᠨ ᠪᠠᠲᠤᠯᠠᠭ᠎ᠠ ᠵᠢᠴᠢ ᠮᠥᠩᠭᠦᠨ ᠭᠦᠢᠯᠭᠡᠭᠡᠨ ᠢᠶᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠡᠮᠵᠢᠬᠦ ᠠᠷᠭ᠎ᠠ ᠵᠠᠮ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠠᠷᠢᠯᠴᠠᠬᠤ ᠤᠲᠠᠰᠤ᠄ 0474—5209955       ( ᠠᠷᠪᠠᠨ ᠨᠢᠭᠡ ) ᠠᠵᠤ ᠦᠢᠯᠡᠳᠪᠦᠷᠢ ᠪᠠ ᠮᠡᠳᠡᠭᠡ ᠵᠠᠩᠭᠢ ᠶᠢᠨ ᠬᠤᠪᠢ ᠣᠷᠣᠭᠤᠯᠤᠯᠲᠠ᠃ᠠᠵᠤ ᠦᠢᠯᠡᠳᠪᠦᠷᠢ ᠶᠢᠨ ᠮᠡᠳᠡᠭᠡ ᠵᠠᠩᠭᠢᠵᠢᠭᠤᠯᠤᠯᠲᠠ᠂ ᠡᠨᠧᠷᠭᠢ᠂ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠢ ᠬᠥᠭᠵᠢᠭᠦᠯᠬᠦ᠂ ᠪᠣᠭᠤᠮᠲᠠ᠂ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠥᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠠᠮᠢᠶ᠎ᠠ ᠪᠦᠬᠦᠢ ᠡᠳ᠋ ᠤᠨ ᠵᠠᠰᠠᠭ ᠡᠳ᠋ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠬᠠᠮᠢᠶ᠎ᠠ ᠪᠦᠬᠦᠢ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ᠬᠠᠮᠢᠶ᠎ᠠ ᠪᠦᠬᠦᠢ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠥᠷᠢ ᠪᠣᠯᠤᠨ ᠲᠤᠰᠬᠠᠢ ᠵᠦᠢᠯ ᠤᠨ ᠨᠥᠭᠡᠴᠡᠯᠡᠬᠦ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠷᠠᠯᠲᠠ ᠦᠨ᠎ᠡ ᠬᠠᠩᠰᠢ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠵᠡᠷᠭᠡ ᠰᠠᠯᠠᠭ᠎ᠠ ᠮᠥᠴᠢᠷ ᠤᠨ ᠲᠥᠰᠥᠪ ᠪᠠ ᠬᠤᠯᠪᠣᠭᠳᠠᠯ ᠪᠦᠬᠦᠢ ᠬᠦᠷᠢᠶ᠎ᠡ ᠬᠡᠪᠴᠢᠶᠡᠨ ᠤ ᠲᠥᠰᠥᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠳ᠋ ᠤᠨ ᠵᠠᠰᠠᠭ ᠤᠨ ᠲᠠᠯ᠎ᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠠᠷᠢᠯᠴᠠᠬᠤ ᠤᠲᠠᠰᠤ᠄ 0474—520380       ᠠᠷᠪᠠᠨ ᠬᠤᠶᠠᠷ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠠᠰᠤᠭ᠃ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠦᠷᠢᠮ᠂ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠨ᠎ᠠ᠃ᠡᠯ᠎ᠡ ᠲᠥᠰᠥᠪ ᠬᠢᠵᠦ ᠪᠦᠬᠦᠢ ᠰᠠᠯᠠᠭ᠎ᠠ ᠮᠥᠴᠢᠷ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠳᠤ ᠡᠳ᠋ ᠤᠨ ᠵᠠᠰᠠᠭ ᠤᠨ ᠭᠤᠣᠯᠳᠠᠯᠭ᠎ᠠ ᠲᠠᠢ ᠮᠥᠷᠳᠡᠨ ᠬᠢᠨᠠᠨ ᠡᠵᠡᠮᠳᠡᠬᠦ ᠶᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠲᠦᠩ ᠢ ᠬᠤᠷᠢᠶᠠᠩᠭᠤᠶᠢᠯᠠᠬᠤ᠂ ᠮᠡᠳᠡᠭᠦᠯᠬᠦ ᠪᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ ᠬᠡᠷᠡᠭᠲᠡᠢ᠃ᠪᠥᠬᠦ ᠶᠠᠪᠤᠴᠠ ᠶᠢ ᠵᠢᠯᠣᠭᠤᠳᠤᠨ᠂ ᠬᠤᠰᠢᠭᠤ ᠲᠤᠰ ᠱᠠᠲᠤᠨ ᠤ ᠠᠵᠢᠯ ᠤᠨ ᠬᠢᠷᠢ ᠪᠦᠲᠦᠮᠵᠢ ᠶᠢ ᠦᠨᠡᠯᠡᠬᠦ ᠠᠵᠢᠯ ᠢ ᠪᠣᠳᠠᠲᠠᠢ ᠨᠠᠶᠢᠳᠠᠪᠤᠷᠢᠵᠢᠭᠤᠯᠤᠨ᠎ᠠ᠃ ᠬᠠᠷᠢᠯᠴᠠᠬᠤ ᠤᠲᠠᠰᠤ᠄ 0474—5202689       ( ᠠᠷᠪᠠᠨ ᠭᠤᠷᠪᠠ ) ᠡᠳ᠋  ᠤᠨ ᠶᠠᠪᠤᠳᠠᠯ ᠤᠨ ᠨᠡᠶᠢᠭᠡᠮᠯᠢᠭ ᠤᠨ ᠬᠠᠤᠯᠢ ᠪᠠᠷ ᠵᠠᠰᠠᠬᠤ ᠬᠢᠨᠠᠯᠲᠠ ᠲᠠᠯᠪᠢᠬᠤ ᠲᠠᠰᠤᠭ᠃ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠥᠰᠥᠪ ᠤᠨ ᠬᠠᠮᠢᠶᠠᠷᠤᠯᠲᠠ ᠶᠢᠨ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠠᠵᠢᠯ ᠢ ᠡᠭᠦᠷᠭᠡᠯᠡᠨ᠎ᠡ᠃ᠲᠣᠪᠴᠢᠶᠠᠨ ᠤ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠳᠣᠲᠣᠭᠠᠳᠤ ᠶᠢᠨ ᠬᠢᠵᠠᠭᠠᠷᠯᠠᠬᠤ ᠬᠢᠨᠠᠨ ᠪᠣᠳᠣᠬᠤ ᠪᠠ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ᠵᠠᠰᠠᠭ ᠵᠠᠬᠢᠷᠭᠠᠨ ᠤ ᠨᠢᠭᠡᠴᠡ᠂ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ ᠨᠢᠭᠲᠡᠯᠠᠨ ᠪᠣᠳᠣᠬᠤ ᠮᠡᠳᠡᠭᠡ ᠵᠠᠩᠭᠢ ᠶᠢᠨ ᠶᠠᠰᠤ ᠴᠢᠨᠠᠷ ᠢ ᠬᠢᠨᠠᠵᠤ ᠪᠠᠶᠢᠴᠠᠭᠠᠨ᠎ᠠ᠃ᠨᠢᠭᠲᠡᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ᠂ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠠᠵᠢᠯ ᠡᠷᠬᠢᠯᠡᠵᠦ ᠪᠠᠶᠢᠭ᠎ᠠ ᠶᠠᠰᠤ ᠴᠢᠨᠠᠷ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠃ᠤᠳᠤᠷᠢᠳᠬᠤ ᠠᠯᠪᠠ ᠨᠢ ᠰᠠᠩᠬᠦᠦ ᠶᠢ ᠨᠡᠶᠢᠭᠡᠮ ᠤᠨ ᠬᠢᠨᠠᠯᠲᠠ ᠶᠢᠨ ᠵᠥᠪᠯᠡᠯ᠂ ᠳᠣᠲᠣᠭᠠᠳᠤ ᠶᠢᠨ ᠡᠷᠢᠯᠲᠡ ᠬᠢᠨᠠᠯᠲᠠ ᠶᠢᠨ ᠠᠵᠢᠯ ᠥᠷᠨᠢᠭᠦᠯᠬᠦ ᠶᠢ ᠳᠡᠮᠵᠢᠨ᠎ᠡ᠃ᠪᠦᠬᠦ ᠬᠤᠰᠢᠭᠤᠨ ᠤ ᠣᠷᠣᠯᠠᠨ ᠳᠠᠩᠰᠠ ᠲᠡᠮᠳᠡᠭᠯᠡᠬᠦ ᠠᠵᠢᠯ ᠢ ᠵᠢᠯᠣᠭᠤᠳᠤᠨ᠎ᠠ᠃ᠨᠢᠭᠲᠡᠯᠠᠨ ᠪᠣᠳᠣᠬᠤ ᠠᠵᠢᠯᠲᠠᠳ ᠤᠨ ᠦᠷᠭᠦᠯᠵᠢᠯᠡᠨ ᠰᠤᠷᠭᠠᠨ ᠬᠥᠮᠦᠵᠢᠭᠦᠯᠬᠦ ᠪᠠ ᠨᠢᠭᠲᠡᠯᠠᠨ ᠪᠣᠳᠣᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠠᠷᠢᠯᠴᠠᠬᠤ ᠤᠲᠠᠰᠤ᠄ 0474—5208002       (ᠠᠷᠪᠠᠨ ᠳᠥᠷᠪᠡ ) ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠪᠢ᠃ᠪᠦᠬᠦ ᠬᠤᠰᠢᠭᠤᠨ ᠤ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠢ ᠲᠤᠭᠤᠷᠪᠢᠨ ᠲᠣᠭᠲᠠᠭᠠᠨ᠎ᠠ᠃ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠤᠰᠢᠭᠤ ᠲᠤᠰ ᠱᠠᠲᠤᠨ ᠤ ᠲᠥᠰᠥᠪ ᠤᠨ ᠨᠢᠭᠡᠴᠡ ᠶᠢᠨ ᠨᠠᠶᠢᠷᠠᠭᠤᠯᠤᠨ ᠮᠡᠳᠡᠭᠦᠯᠦᠭᠰᠡᠨ ᠬᠤᠳᠠᠯᠳᠤᠨ ᠠᠪᠬᠤ ᠲᠥᠯᠥᠪᠯᠡᠭᠡ ᠶᠢ ᠬᠢᠨᠠᠨ ᠵᠥᠪᠰᠢᠶᠡᠷᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃ᠬᠤᠰᠢᠭᠤ ᠲᠤᠰ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠠᠵᠢᠯ ᠤᠨ ᠳᠤᠮᠳᠠᠬᠢ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ᠪᠦᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠵᠢᠯᠣᠭᠤᠳᠤᠨ᠎ᠠ᠃ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠠᠵᠢᠯ ᠤᠨ ᠡᠭᠦᠷᠭᠡ ᠶᠢ ᠲᠦᠷᠦᠭᠦᠯᠡᠨ ᠵᠣᠬᠢᠴᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠯᠴᠠᠬᠤ ᠤᠲᠠᠰᠤ᠄ 0474 —5212210         ᠠᠷᠪᠠᠨ ᠲᠠᠪᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠥᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ᠬᠤᠰᠢᠭᠤᠨ ᠳᠤ ᠰᠠᠭᠤᠭ᠎ᠠ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠬᠤ ᠪᠠ ᠵᠣᠬᠢᠴᠠᠭᠤᠯᠬᠤ ᠶᠢ ᠬᠠᠷᠢᠭᠤᠴᠠᠨ᠎ᠠ ;ᠬᠤᠰᠢᠭᠤᠨ ᠳᠤ ᠰᠠᠭᠤᠭ᠎ᠠ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠬᠤ ᠶᠢ ᠬᠠᠷᠢᠭᠤᠴᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠢᠰᠲ᠋ᠧᠮ ᠢ ᠨᠢᠭᠡᠳᠦᠯᠲᠡᠢ ᠲᠥᠯᠥᠪᠯᠡᠨ ᠪᠠᠶᠢᠭᠤᠯᠤᠨ ᠲᠡᠭᠦᠯᠳᠡᠷᠵᠢᠭᠦᠯᠵᠦ᠃ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠪᠣᠯᠤᠨ ᠰᠢᠨ᠎ᠡ ᠶᠢ ᠡᠭᠦᠳᠬᠦ ᠶᠢ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ ᠤᠴᠢᠷ ᠶᠠᠪᠤᠳᠠᠯ ᠢ ᠵᠣᠬᠢᠴᠠᠭᠤᠯᠤᠨ ᠵᠢᠯᠣᠭᠤᠳᠤᠨ᠎ᠠ᠃ᠣᠷᠣᠨ ᠨᠤᠲᠤᠭ ᠤᠨ ᠰᠢᠨ᠎ᠡ ᠪᠠᠷ ᠬᠥᠭᠵᠢᠭᠰᠡᠨ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠪᠠᠶᠢᠳᠠᠯ ᠲᠥᠯᠥᠪ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠤᠨ᠎ᠠ᠃ᠮᠥᠩᠭᠦᠨ ᠭᠦᠢᠯᠭᠡᠭᠡᠨ ᠤ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠴᠠᠭᠤᠯᠵᠤ᠃ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠤᠭ᠎ᠠ ᠪᠦᠷᠢᠳᠬᠡᠯ᠂ ᠪᠠᠶᠢᠳᠠᠯ ᠤᠨ ᠵᠠᠳᠠᠯᠤᠯᠲᠠ ᠶᠢ ᠡᠭᠦᠷᠭᠡᠯᠡᠵᠦ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠳᠤᠷᠠᠳᠤᠨ᠎ᠠ᠃ᠪᠦᠬᠦ ᠬᠤᠰᠢᠭᠤᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠬᠤᠰᠢᠭᠤᠨ ᠤ ᠳᠣᠲᠣᠭᠠᠳᠤ ᠶᠢᠨ ᠦᠨᠡᠲᠦ ᠲᠡᠮᠳᠡᠭᠲᠦ ᠶᠢᠨ ᠺᠣᠮᠫᠠᠨᠢ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ ᠵᠡᠷᠭᠡ ᠦᠨᠡᠲᠦ ᠲᠡᠮᠳᠡᠭᠲᠦ ᠶᠢᠨ ᠲᠥᠷᠥᠯ ᠤᠨ ᠠᠵᠢᠯ ᠢ ᠡᠷᠬᠢᠯᠡᠨ ᠬᠢᠵᠦ ᠪᠠᠶᠢᠭ᠎ᠠ ᠪᠠᠶᠢᠭᠤᠯᠤᠮᠵᠢ ᠶᠢ ᠵᠣᠬᠢᠴᠠᠭᠤᠯᠬᠤ ᠶᠢ ᠬᠠᠷᠢᠭᠤᠴᠠᠨ᠎ᠠ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠵᠣᠬᠢᠴᠠᠭᠤᠯᠬᠤ ᠠᠵᠢᠯ ᠳᠤ ᠣᠷᠣᠯᠴᠠᠨ᠎ᠠ᠃ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠳᠠᠨᠵᠢᠯᠠᠬᠤ ᠭᠠᠵᠠᠷ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠬᠡᠷᠡᠭᠲᠡᠢ᠃ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠳᠣᠳᠣᠮ ᠤᠨ ᠠᠵᠢᠯ ᠢ ᠳᠠᠭᠠᠭᠠᠨ ᠠᠪᠤᠪᠠ᠃ ᠬᠠᠷᠢᠯᠴᠠᠬᠤ ᠤᠲᠠᠰᠤ᠄ 0474—5207708       ᠠᠷᠪᠠᠨ ᠵᠢᠷᠭᠤᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ᠃ᠬᠠᠮᠢᠶᠠᠷᠤᠯᠲᠠ ᠶᠢᠨ ᠡᠷᠬᠡ ᠮᠠᠲᠠᠯ ᠤᠨ ᠶᠣᠰᠣᠭᠠᠷ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠬᠦ ᠶᠢᠨ ᠬᠠᠮᠲᠤ ᠲᠣᠮᠢᠯᠠᠬᠤ ᠪᠠᠭᠤᠯᠭᠠᠬᠤ ᠰᠠᠨᠠᠭᠤᠯᠭ᠎ᠠ ᠳᠤᠷᠠᠳᠴᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠠᠶᠢᠭᠤᠯᠤᠯᠲᠠ ᠪᠣᠯᠤᠨ ᠤᠳᠤᠷᠢᠳᠬᠤ ᠬᠥᠮᠦᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠠᠳᠠᠭᠠᠳᠤ ᠬᠡᠷᠡᠭ ᠮᠡᠳᠡᠭᠴᠢ᠂ ᠰᠲ᠋ᠣᠺ ᠤᠨ ᠡᠷᠬᠡ ᠶᠢᠨ ᠲᠥᠯᠥᠭᠡᠯᠡᠭᠴᠢ᠂ ᠠᠵᠤ ᠠᠬᠤᠶᠢᠯᠠᠯ ᠳᠤ ᠲᠣᠮᠢᠯᠠᠨ ᠰᠠᠭᠤᠯᠭᠠᠵᠤ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ᠤᠯᠤᠰ ᠤᠨ ᠥᠮᠴᠢᠯᠡᠯ ᠤᠨ ᠬᠤᠪᠢ ᠡᠵᠡᠮᠳᠡᠬᠦ ᠪᠠ ᠬᠤᠪᠢ ᠣᠷᠣᠭᠤᠯᠤᠭᠰᠠᠨ ᠭᠦᠩᠰᠧ ᠳᠤ ᠤᠯᠤᠰ ᠤᠨ ᠥᠮᠴᠢᠯᠡᠯ ᠤᠨ ᠰᠲ᠋ᠣᠺ ᠤᠨ ᠡᠷᠬᠡ ᠶᠢᠨ ᠲᠥᠯᠥᠭᠡᠯᠡᠭᠴᠢ ᠲᠣᠮᠢᠯᠠᠬᠤ ᠲᠥᠰᠦᠯ ᠢ ᠲᠣᠭᠲᠠᠭᠠᠨ᠎ᠠ᠃ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠤ ᠶᠠᠪᠤᠳᠠᠯ᠂ ᠴᠢᠳᠠᠪᠤᠷᠢᠲᠠᠨ᠂ ᠬᠥᠮᠦᠵᠢᠯ ᠪᠣᠯᠪᠠᠰᠣᠷᠠᠭᠤᠯᠤᠯ ᠤᠨ ᠠᠵᠢᠯ ᠢ ᠵᠢᠭᠠᠨ ᠵᠢᠯᠣᠭᠤᠳᠴᠤ ᠬᠢᠨᠠᠯᠲᠠ ᠲᠠᠯᠪᠢᠨ᠎ᠠ᠃ᠪᠦᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠨ᠎ᠠ᠃ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠬᠤᠰᠢᠭᠤ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ ;ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠠᠷᠢᠯᠴᠠᠬᠤ ᠤᠲᠠᠰᠤ᠄ 0474—5202787      ᠭᠤᠷᠪᠠ᠂ ᠳᠣᠲᠣᠭᠠᠳᠤ ᠠᠵᠢᠯ ᠦᠢᠯᠡᠰ ᠤᠨ ᠪᠠᠶᠢᠭᠤᠯᠤᠮᠵᠢ᠄      ( ᠨᠢᠭᠡ ) ᠳᠥᠷᠪᠡᠳ ᠬᠤᠰᠢᠭᠤᠨ ᠤ ᠡᠳ᠋ ᠤᠨ ᠵᠠᠰᠠᠭ ᠤᠨ ᠠᠵᠢᠯ ᠦᠢᠯᠡᠰ ᠤᠨ ᠬᠥᠭᠵᠢᠯᠲᠡ ᠶᠢᠨ ᠪᠠᠲᠤᠯᠠᠭ᠎ᠠ ᠶᠢᠨ ᠲᠥᠪ ᠳᠥᠷᠪᠡᠳ ᠬᠤᠰᠢᠭᠤᠨ ᠤ ᠡᠳ᠋ ᠤᠨ ᠵᠠᠰᠠᠭ ᠤᠨ ᠠᠵᠢᠯ ᠦᠢᠯᠡᠰ ᠤᠨ ᠬᠥᠭᠵᠢᠯᠲᠡ ᠶᠢᠨ ᠪᠠᠲᠤᠯᠠᠭ᠎ᠠ ᠶᠢᠨ ᠲᠥᠪ ᠪᠣᠯ ᠳᠥᠷᠪᠡᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ᠄ ᠲᠣᠪᠴᠢᠶ᠎ᠠ ᠶᠢᠨ ᠪᠠᠶ᠋ᠢᠭᠤᠯᠭ᠎ᠠ ᠶᠢᠨ ᠳᠣᠲᠣᠭᠠᠳᠤ ᠶᠢᠨ ᠠᠵᠢᠯ ᠶᠠᠪᠤᠳᠠᠯ ᠤᠨ ᠴᠢᠨᠠᠷᠲᠠᠢ᠂ ᠲᠤᠰᠠᠯᠠᠬᠤ ᠴᠢᠨᠠᠷᠲᠠᠢ᠂ ᠪᠠᠲᠤᠯᠠᠭ᠎ᠠ ᠶᠢᠨ ᠴᠢᠨᠠᠷᠲᠠᠢ ᠠᠵᠢᠯ ᠢ ᠡᠭᠦᠷᠭᠡᠯᠡᠨ᠎ᠡ ;ᠲᠣᠪᠴᠢᠶᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ᠂ ᠺᠠᠳ᠋ᠷ ᠤᠨ ᠬᠥᠮᠦᠵᠢᠯ ᠪᠣᠯᠪᠠᠰᠣᠷᠠᠭᠤᠯᠤᠯ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ;ᠡᠳ᠋ ᠤᠨ ᠵᠠᠰᠠᠭ ᠤᠨ ᠲᠣᠣᠷ ᠰᠦᠯᠵᠢᠶᠡᠨ ᠤ ᠬᠡᠷᠡᠭᠯᠡᠯᠲᠡ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ᠂ ᠲᠥᠰᠥᠪ ᠤᠨ ᠠᠮᠵᠢᠯᠲᠠ ᠪᠦᠲᠦᠮᠵᠢ ᠶᠢᠨ ᠵᠠᠳᠠᠯᠤᠯᠲᠠ ᠬᠢᠬᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠳᠡᠯᠦᠩᠭᠦᠢ ᠵᠠᠳᠠᠯᠤᠯᠲᠠ ᠬᠢᠬᠦ ᠪᠠ ᠤᠷᠢᠳᠴᠢᠯᠠᠨ ᠰᠡᠷᠡᠮᠵᠢᠯᠡᠭᠦᠯᠵᠦ ᠵᠠᠳᠠᠯᠬᠤ ᠵᠡᠷᠭᠡ ᠠᠵᠢᠯ ᠢ ᠡᠭᠦᠷᠭᠡᠯᠡᠨ᠎ᠡ᠃ ᠬᠠᠷᠢᠯᠴᠠᠬᠤ ᠤᠲᠠᠰᠤ᠄ 0474—5202957       ( ᠬᠤᠶᠠᠷ ) ᠳᠥᠷᠪᠡᠳ ᠬᠤᠰᠢᠭᠤᠨ ᠤ ᠲᠥᠰᠥᠪ ᠢ ᠨᠠᠶᠢᠷᠠᠭᠤᠯᠤᠨ ᠬᠢᠨᠠᠬᠤ ᠲᠥᠪ ᠳᠥᠷᠪᠡᠳ ᠬᠤᠰᠢᠭᠤᠨ ᠤ ᠲᠥᠰᠥᠪ ᠢ ᠨᠠᠶᠢᠷᠠᠭᠤᠯᠤᠨ ᠬᠢᠨᠠᠬᠤ ᠲᠥᠪ ᠪᠣᠯ ᠳᠥᠷᠪᠡᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ᠡᠳ᠋ ᠤᠨ ᠵᠠᠰᠠᠭ ᠤᠨ ᠤᠷᠲᠤᠪᠲᠤᠷ ᠬᠤᠭᠤᠴᠠᠭᠠᠨ ᠤ ᠲᠥᠯᠥᠪᠵᠢᠭᠦᠯᠭᠡ ᠶᠢᠨ ᠠᠵᠢᠯ ᠶᠠᠪᠤᠳᠠᠯ ᠤᠨ ᠴᠢᠨᠠᠷᠲᠠᠢ ᠠᠵᠢᠯ ᠢ ᠳᠠᠭᠠᠭᠠᠨ ᠲᠣᠭᠲᠠᠭᠠᠨ᠎ᠠ ;ᠲᠤᠰ ᠱᠠᠲᠤᠨ ᠤ ᠣᠨ ᠤ ᠲᠥᠰᠥᠪ ᠤᠨ ᠲᠥᠰᠦᠯ ᠢ ᠨᠠᠶᠢᠷᠠᠭᠤᠯᠤᠨ ᠵᠣᠬᠢᠶᠠᠬᠤ ᠵᠢᠴᠢ ᠪᠦᠬᠦ ᠬᠤᠰᠢᠭᠤᠨ ᠤ ᠣᠨ ᠤ ᠶᠡᠷᠦᠩᠬᠡᠢ ᠲᠥᠰᠥᠪ ᠢ ᠬᠤᠷᠢᠶᠠᠩᠭᠤᠶᠢᠯᠠᠨ ᠪᠣᠳᠣᠬᠤ ᠬᠠᠮᠢᠶ᠎ᠠ ᠪᠥᠬᠦᠢ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ;ᠦᠨᠳᠦᠰᠦᠨ ᠵᠠᠷᠤᠯᠭ᠎ᠠ ᠪᠠ ᠲᠤᠰᠬᠠᠢ ᠪᠡᠯᠡ ᠮᠥᠩᠭᠦ ᠶᠢᠨ ᠲᠥᠰᠥᠪ ᠤᠨ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢᠨ ᠰᠢᠰᠲᠧᠮ ᠢ ᠲᠣᠭᠲᠠᠭᠠᠬᠤ᠂ ᠲᠣᠬᠢᠷᠠᠭᠤᠯᠬᠤ ᠵᠡᠷᠭᠡ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ;ᠬᠤᠰᠢᠭᠤ ᠲᠤᠰ ᠱᠠᠲᠤᠨ ᠤ ᠰᠠᠯᠠᠭ᠎ᠠ ᠮᠥᠴᠢᠷ ᠤᠨ ᠲᠥᠰᠥᠪ ᠤᠨ ᠲᠣᠬᠢᠷᠠᠭᠤᠯᠤᠯᠲᠠ ᠶᠢᠨ ᠨᠡᠮᠡᠯᠲᠡ ᠵᠢᠴᠢ ᠲᠥᠰᠥᠪ ᠤᠨ ᠭᠦᠢᠴᠡᠳᠬᠡᠯ ᠲᠤᠭ᠎ᠠ ᠶᠢᠨ ᠵᠦᠢᠯᠡᠰ ᠢ ᠠᠩᠬ᠎ᠠ ᠬᠢᠨᠠᠬᠤ᠂ ᠳᠠᠩᠰᠠ ᠬᠠᠷᠭᠤᠭᠤᠯᠬᠤ ᠵᠡᠷᠭᠡ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ;ᠬᠤᠰᠢᠭᠤ ᠲᠤᠰ ᠱᠠᠲᠤᠨ ᠤ ᠲᠥᠰᠥᠪ ᠢ ᠪᠦᠷᠢᠳᠬᠡᠨ ᠵᠠᠳᠠᠯᠬᠤ᠂ ᠲᠥᠰᠥᠪ ᠢ ᠢᠯᠡ ᠪᠣᠯᠭᠠᠬᠤ ᠪᠠ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ ;ᠳᠣᠷᠣᠭᠰᠢ ᠣᠷᠣᠯᠭ᠎ᠠ ᠵᠠᠷᠤᠯᠭ᠎ᠠ ᠶᠢ ᠬᠤᠪᠢᠶᠠᠷᠢᠯᠠᠬᠤ᠂ ᠰᠢᠯᠵᠢᠭᠦᠯᠦᠨ ᠥᠭᠬᠦ ᠶᠢ ᠲᠥᠰᠦᠭᠡᠯᠡᠨ ᠪᠣᠳᠣᠵᠤ ᠬᠤᠪᠢᠶᠠᠷᠢᠯᠠᠬᠤ ᠵᠡᠷᠭᠡ ᠡᠳ᠋ ᠤᠨ ᠵᠠᠰᠠᠭ ᠤᠨ ᠪᠠᠶᠢᠭᠤᠯᠤᠯ ᠤᠨ ᠬᠠᠮᠢᠶᠠᠷᠤᠯᠲᠠ ᠶᠢᠨ ᠵᠦᠢᠯᠡᠰ ᠤᠨ ᠦᠢᠯᠡᠴᠢᠯᠡᠭᠡᠨ ᠤ ᠴᠢᠨᠠᠷᠲᠠᠢ ᠠᠵᠢᠯ ᠢ ᠡᠭᠦᠷᠭᠡᠯᠡᠨ᠎ᠡ ;ᠡᠳ᠋ ᠤᠨ  ᠵᠠᠰᠠᠭ   ᠠᠴᠠ ᠴᠠᠯᠢᠩ ᠣᠯᠭᠤᠬᠤ ᠪᠠ ᠠᠵᠢᠯᠲᠠᠨ ᠤ ᠣᠨᠳᠣᠣ ᠬᠥᠳᠡᠯᠦᠯ ᠬᠢᠭᠡᠳ ᠲᠥᠰᠥᠪ ᠤᠨ ᠪᠡᠯᠡ ᠮᠥᠩᠭᠦ ᠳᠤ ᠲᠣᠬᠢᠷᠠᠭᠤᠯᠤᠯᠲᠠ ᠬᠢᠬᠦ ᠬᠠᠪᠰᠤᠷᠤᠮᠵᠢ ᠶᠢᠨ ᠴᠢᠨᠠᠷᠲᠠᠢ ᠠᠵᠢᠯ ᠢ ᠡᠭᠦᠷᠭᠡᠯᠡᠨ᠎ᠡ᠃ ᠬᠠᠷᠢᠯᠴᠠᠬᠤ ᠤᠲᠠᠰᠤ᠄ 0474—5209508        ( ᠭᠤᠷᠪᠠ ) ᠳᠥᠷᠪᠡᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠤᠯᠤᠰ ᠤᠨ ᠰᠠᠩ ᠤᠨ ᠬᠤᠷᠢᠶᠠᠨ ᠠᠪᠬᠤ ᠪᠠ ᠲᠥᠯᠥᠬᠦ ᠲᠥᠪ ᠳᠥᠷᠪᠡᠳ ᠬᠤᠰᠢᠭᠤᠨ ᠤ ᠡᠳ᠋ ᠤᠨ ᠵᠠᠰᠠᠭ ᠤᠨ ᠤᠯᠤᠰ ᠤᠨ ᠰᠠᠩ ᠤᠨ ᠬᠤᠷᠢᠶᠠᠨ ᠠᠪᠬᠤ ᠪᠠ ᠥᠭᠬᠦ ᠲᠥᠪ ᠪᠣᠯ ᠳᠥᠷᠪᠡᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠬᠠᠷᠢᠶ᠎ᠠ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ᠄ ᠬᠤᠰᠢᠭᠤ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠥᠭᠬᠦ ᠳᠦᠷᠢᠮ ᠤᠨ ᠥᠭᠡᠷᠡᠴᠢᠯᠡᠯᠲᠡ ᠵᠡᠷᠭᠡ ᠲᠤᠰᠠᠯᠠᠬᠤ ᠠᠵᠢᠯ ᠢ ᠡᠭᠦᠷᠭᠡᠯᠡᠨ᠎ᠡ ;ᠬᠤᠰᠢᠭᠤ ᠲᠤᠰ ᠱᠠᠲᠤᠨ ᠤ ᠤᠯᠤᠰ ᠤᠨ ᠰᠠᠩ ᠤᠨ ᠲᠥᠪᠯᠡᠷᠡᠭᠦᠯᠦᠨ ᠥᠭᠬᠦ ᠪᠡᠯᠡ ᠮᠥᠩᠭᠦ ᠶᠢ ᠬᠢᠨᠠᠨ ᠬᠠᠷᠭᠤᠭᠤᠯᠬᠤ᠂ ᠵᠠᠷᠤᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ ;ᠲᠤᠰ ᠱᠠᠲᠤᠨ ᠤ ᠤᠯᠤᠰ ᠤᠨ  ᠬᠦᠮᠦᠷᠭᠡ  ᠠᠴᠠ ᠲᠥᠪᠯᠡᠷᠡᠭᠦᠯᠦᠨ ᠥᠭᠬᠦ ᠣᠷᠣᠯᠠᠨ ᠭᠦᠢᠴᠡᠳᠬᠡᠬᠦ ᠪᠠᠩᠬᠢ ᠶᠢ ᠬᠠᠮᠵᠢᠨ ᠲᠣᠭᠲᠠᠭᠠᠵᠤ᠂ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠡᠳᠦᠷ ᠳᠣᠳᠣᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ;ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠰᠠᠩ ᠳᠤ ᠲᠥᠪᠯᠡᠷᠡᠭᠦᠯᠦᠨ ᠬᠤᠷᠢᠶᠠᠬᠤ ᠵᠡᠷᠭᠡ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ ;ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠢ ᠬᠢᠨᠠᠨ ᠡᠵᠡᠮᠳᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠬᠠᠷᠢᠯᠴᠠᠬᠤ ᠤᠲᠠᠰᠤ᠄ 0474—5202957        ( ᠳᠥᠷᠪᠡ ) ᠳᠥᠷᠪᠡᠳ ᠬᠤᠰᠢᠭᠤᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠦᠢᠯᠡᠴᠢᠯᠡᠭᠡᠨ ᠤ ᠲᠥᠪ ᠳᠥᠷᠪᠡᠳ ᠬᠤᠰᠢᠭᠤᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠦᠢᠯᠡᠴᠢᠯᠡᠭᠡᠨ ᠤ ᠲᠥᠪ ᠪᠣᠯ ᠳᠥᠷᠪᠡᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭᠠᠨ ᠳᠡᠰ ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ᠄ ᠳᠥᠷᠪᠡᠳ ᠬᠤᠰᠢᠭᠤᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠦᠢᠯᠡᠴᠢᠯᠡᠭᠡᠨ ᠤ ᠲᠥᠪ ᠨᠠᠮ ᠤᠨ ᠲᠥᠪ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠠᠢ᠃ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃ᠮᠥᠩᠭᠦᠨ ᠭᠦᠢᠯᠭᠡᠭᠡᠨ ᠤ ᠬᠥᠭᠵᠢᠯᠲᠡ ᠪᠣᠯᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠵᠡᠷᠭᠡ ᠲᠤᠰᠠᠯᠠᠬᠤ ᠴᠢᠨᠠᠷᠲᠠᠢ᠂ ᠠᠵᠢᠯ ᠶᠠᠪᠤᠳᠠᠯ ᠤᠨ ᠴᠢᠨᠠᠷᠲᠠᠢ ᠡᠭᠦᠷᠭᠡ ᠴᠢᠳᠠᠪᠤᠷᠢ ᠶᠢ ᠡᠭᠦᠷᠭᠡᠯᠡᠨ᠎ᠡ᠃ ᠬᠠᠷᠢᠯᠴᠠᠬᠤ ᠤᠲᠠᠰᠤ᠄ 0474—5207708 ᠪᠠᠶᠢᠭᠤᠯᠭ᠎ᠠ ᠶᠢᠨ ᠬᠠᠶᠢᠭ ᠄  ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠰᠢᠨ᠎ᠡ ᠲᠣᠭᠤᠷᠢᠭ ᠤᠨ ᠨᠢᠭᠡᠳᠦᠯᠲᠡᠢ ᠪᠠᠶᠢᠭᠤᠯᠬᠤ ᠵᠠᠮ ᠠᠵᠢᠯᠯᠠᠬᠤ ᠴᠠᠭ᠄ ᠭᠠᠷᠠᠭ ᠤᠨ  ᠨᠢᠭᠡᠨ  ᠠᠴᠠ ᠭᠠᠷᠠᠭ ᠤᠨ ᠲᠠᠪᠤᠨ  ᠶᠢᠰᠤᠨ  ᠴᠠᠭ ᠪᠣᠯᠲᠠᠯ᠎ᠠ 12᠄ 00᠂ 14᠄ 30 — 18᠄ 00 ( ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠢ ᠭᠠᠷᠭᠠᠪᠠᠯ ) ᠬᠠᠷᠢᠯᠴᠠᠬᠤ ᠠᠷᠭ᠎ᠠ ᠮᠠᠶ᠋ᠢᠭ᠄ 0474 - 5202621 ᠬᠠᠷᠢᠭᠤᠴᠠᠯᠭᠠᠲᠠᠨ᠄ ᠵᠢᠶᠠ ᠯᠠᠨ ᠵᠢᠶᠦ᠋ᠨᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2