ᠳᠥᠷᠪᠡᠳ ᠬᠤᠰᠢᠭᠤᠨ ᠤ ᠵᠠᠮ ᠬᠠᠷᠢᠯᠴᠠᠭᠠᠨ ᠤ ᠵᠥᠭᠡᠭᠡᠪᠦᠷᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/11/1
       ᠳᠥᠷᠪᠡᠳ ᠬᠤᠰᠢᠭᠤᠨ ᠤ ᠵᠠᠮ ᠬᠠᠷᠢᠯᠴᠠᠭᠠᠨ ᠤ ᠵᠥᠭᠡᠭᠡᠪᠦᠷᠢ ᠶᠢᠨ ᠲᠣᠪᠴᠢᠶ᠎ᠠ       ᠳᠥᠷᠪᠡᠳ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ( ᠳᠣᠷᠣᠭᠰᠢ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠭᠡᠵᠦ ᠲᠣᠪᠴᠢᠯᠠᠨ᠎ᠠ ) ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠠᠩᠭᠢ ᠶᠢᠨ ᠱᠠᠲᠤ ᠪᠣᠯᠤᠨ᠎ᠠ᠃ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠵᠠᠮ ᠲᠡᠭᠡᠭᠡᠪᠦᠷᠢ ᠶᠢᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠵᠠᠮ ᠲᠡᠭᠡᠭᠡᠪᠦᠷᠢ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ᠨᠢᠭᠡ᠂ ᠭᠤᠣᠯ ᠡᠭᠦᠷᠭᠡ ᠬᠠᠷᠢᠭᠤᠴᠠᠯᠭ᠎ᠠ      ( ᠨᠢᠭᠡ ) ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠬᠡᠪᠴᠢᠶᠡᠨ ᠳᠤ ᠬᠤᠯᠪᠣᠭᠳᠠᠬᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠲᠠᠯ᠎ᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠤᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠮᠠᠨ ᠤ ᠬᠤᠰᠢᠭᠤᠨ ᠤ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠬᠠᠮᠢᠶ᠎ᠠ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠲᠥᠯᠥᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠦᠨ᠎ᠡ᠃ᠪᠦᠬᠦ ᠬᠤᠰᠢᠭᠤᠨ ᠤ ᠵᠠᠮ ᠬᠠᠷᠢᠯᠴᠠᠭᠠᠨ ᠤ ᠠᠵᠢᠯ ᠲᠥᠷᠥᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠪᠣᠳᠠᠰ ᠤᠨ ᠭᠦᠢᠯᠭᠡᠭᠡᠨ ᠤ ᠠᠵᠢᠯ ᠲᠥᠷᠥᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃       ᠬᠤᠶᠠᠷ᠂ ᠪᠦᠬᠦ ᠬᠤᠰᠢᠭᠤᠨ ᠤ ᠵᠠᠰᠠᠮᠠᠯ ᠵᠠᠮ᠂ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠭᠠᠨ ᠵᠢᠯᠣᠭᠤᠳᠤᠨ᠎ᠠ᠃ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠪᠡᠯᠡ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠢ᠂ ᠦᠨ᠎ᠡ ᠬᠠᠩᠰᠢ ᠂ ᠪᠡᠯᠡ ᠲᠣᠬᠢᠷᠠᠭᠤᠯᠭ᠎ᠠ ᠵᠡᠷᠭᠡ ᠪᠤᠰᠤᠳ ᠲᠠᠯ᠎ᠠ ᠶᠢᠨ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ( ᠭᠤᠷᠪᠠ ) ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ᠬᠡᠮᠵᠢᠶ‌‍ᠡ᠊_‍ᠡᠴᠡ ᠬᠡᠲᠦᠷᠡᠲᠡᠯ᠎ᠡ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠪᠠ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠶᠠᠪᠤᠳᠠᠯ ᠢ ᠬᠠᠮᠢᠶᠠᠷᠴᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ᠂ ᠠᠵᠢᠯᠯᠠᠭᠠᠨ ᠤ ᠦᠢᠯᠡᠴᠢᠯᠡᠭᠡᠨ ᠵᠡᠷᠭᠡ ᠠᠵᠢᠯ ᠢ ᠵᠢᠯᠣᠭᠤᠳᠤᠨ᠎ᠠ᠃ᠠᠦᠲ᠋ᠣ ᠵᠠᠮ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠵᠠᠮ ᠤᠨ ᠰᠦᠯᠵᠢᠶ᠎ᠡ ᠶᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ᠬᠥᠳᠡᠭᠡ ᠲᠣᠰᠬᠤᠨ ᠤ ᠠᠦᠲ᠋ᠣ ᠵᠠᠮ ᠤᠨ ᠬᠤᠯᠪᠣᠭᠳᠠᠬᠤ ᠠᠵᠢᠯ ᠢ ᠬᠠᠷᠢᠭᠤᠴᠠᠨ ᠬᠢᠬᠦ ᠬᠡᠷᠡᠭᠲᠡᠢ᠃       ( ᠳᠥᠷᠪᠡ ) ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ᠵᠠᠰᠠᠮᠠᠯ ᠵᠠᠮ ᠤᠨ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ ᠦᠨ᠎ᠡ ᠶᠢᠨ ᠲᠣᠭᠲᠠᠭᠰᠠᠨ ᠨᠣᠷᠮ᠎ᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠭᠡᠮ᠂ ᠶᠠᠰᠤ ᠴᠢᠨᠠᠷ ᠤᠨ ᠬᠢᠨᠠᠯᠲᠠ ᠲᠠᠯᠪᠢᠯᠲᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠲᠣᠭᠲᠠᠭᠠᠭᠰᠠᠨ ᠡᠷᠬᠡ ᠮᠠᠲᠠᠯ ᠤᠨ ᠶᠣᠰᠣᠭᠠᠷ ᠬᠠᠷᠢᠭᠤᠴᠠᠬᠤ ᠬᠡᠷᠡᠭᠲᠡᠢ᠃       ( ᠲᠠᠪᠤ ) ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠡᠳ᠋ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠠᠢ ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠡᠵᠡᠩᠨᠡᠯᠲᠡ ᠶᠢᠨ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷ ᠴᠢᠳᠠᠯ ᠢ ᠪᠠᠶᠢᠴᠠᠭᠠᠨ ᠬᠡᠮᠵᠢᠬᠦ᠂ ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠣᠷᠠᠭᠤᠯᠤᠯ᠂ ᠠᠵᠢᠯ ᠡᠷᠬᠢᠯᠡᠭᠰᠡᠳ ᠤᠨ ᠬᠠᠮᠢᠶᠠᠷᠤᠯᠲᠠ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ᠣᠯᠠᠨ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠲᠡᠷᠭᠡ ᠪᠣᠯᠵᠣᠬᠤ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ᠣᠩᠭᠤᠴᠠ ᠰᠠᠯ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠵᠢᠯᠣᠭᠤᠳᠤᠨ᠎ᠠ᠃       ( ᠵᠢᠷᠭᠤᠭ᠎ᠠ ) ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ᠵᠠᠰᠠᠮᠠᠯ ᠵᠠᠮ ᠤᠰᠤᠨ ᠵᠠᠮ ᠤᠨ ᠠᠶᠤᠯ ᠥᠬᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠬᠠᠮᠢᠶ᠎ᠠ ᠪᠦᠬᠦᠢ ᠵᠠᠮ ᠤᠨ ᠰᠦᠯᠵᠢᠶᠡᠨ ᠤ ᠪᠠᠶᠢᠳᠠᠯ ᠢ ᠬᠢᠨᠠᠨ ᠬᠡᠮᠵᠢᠵᠦ ᠵᠠᠳᠠᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ᠪᠦᠬᠦ ᠬᠤᠰᠢᠭᠤᠨ ᠤ ᠭᠤᠣᠯᠳᠠᠯᠭ᠎ᠠ ᠲᠠᠢ ᠡᠳ᠋ ᠪᠣᠳᠠᠰ᠂ ᠠᠶᠠᠨᠴᠢᠳ ᠤᠨ ᠪᠠᠴᠢᠮ ᠪᠠᠷᠠᠭᠠᠨ ᠤ ᠲᠡᠭᠡᠭᠡᠪᠦᠷᠢ ᠶᠢ ᠲᠣᠬᠢᠷᠠᠭᠤᠯᠤᠨ ᠡᠵᠡᠮᠳᠡᠬᠦ᠃       ( ᠳᠣᠯᠤᠭ᠎ᠠ ) ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠨᠠᠨ ᠵᠢᠯᠣᠭᠤᠳᠤᠨ᠎ᠠ᠃ᠴᠢᠬᠤᠯᠠ ᠶᠡᠭᠡ ᠬᠡᠷᠡᠭ ᠢ ᠪᠠᠶᠢᠴᠠᠭᠠᠬᠤ ᠪᠠ ᠵᠠᠰᠠᠭ ᠵᠠᠬᠢᠷᠭᠠᠨ ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠬᠠᠷᠢᠶᠠᠯᠠᠯ ᠢ ᠵᠢᠭᠠᠨ ᠲᠣᠭᠲᠠᠭᠠᠭᠰᠠᠨ ᠬᠡᠷᠡᠭ ᠢ ᠳᠠᠭᠠᠭᠠᠨ ᠠᠪᠴᠤ ᠰᠢᠢᠳᠪᠦᠷᠢᠯᠡᠨ᠎ᠡ᠃       ( ᠨᠠᠢᠮᠠ ) ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃       ( ᠵᠢᠰᠦ ) ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠵᠢᠭᠤᠯᠤᠯᠲᠠ᠂ ᠪᠠᠷᠢᠮᠵᠢᠶᠠᠵᠢᠯᠠᠯᠲᠠ ᠶᠢᠨ ᠠᠵᠢᠯ ᠢ ᠵᠢᠯᠣᠭᠤᠳᠤᠨ᠎ᠠ᠃       (ᠠᠷᠪᠠ ) ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃        ( ᠠᠷᠪᠠᠨ ᠨᠢᠭᠡ ) ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠂ ᠭᠠᠳᠠᠭᠠᠳᠤ ᠯᠤᠭ᠎ᠠ ᠴᠢᠳᠠᠪᠤᠷᠢᠲᠠᠨ᠂ ᠮᠡᠷᠭᠡᠵᠢᠯ ᠤᠨ ᠰᠣᠯᠢᠯᠴᠠᠭ᠎ᠠ ᠪᠠ ᠬᠤᠷᠰᠢᠯᠴᠠᠭ᠎ᠠ ᠥᠷᠨᠢᠭᠦᠯᠦᠨ᠎ᠡ᠃       (ᠠᠷᠪᠠᠨ  ᠬᠤᠶᠠᠷ ) ᠡᠭᠦᠷᠬᠡ  ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠂ ᠢᠳᠡᠭᠡᠨ ᠤ ᠠᠮᠤᠷ ᠲᠦᠪᠰᠢᠨ᠂ ᠶᠠᠳᠠᠭᠤ᠋_‍ᠠ᠋ᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃       (ᠠᠷᠪᠠᠨ  ᠭᠤᠷᠪᠠ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠠᠷᠪᠠᠨ ᠳᠥᠷᠪᠡ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃       1. ᠳᠥᠷᠪᠡᠳ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠶᠢᠨ ᠪᠠᠶᠢᠴᠠᠭᠠᠬᠤ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ ᠪᠠᠷᠢᠯᠭ᠎ᠠ ᠶᠢᠨ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ ᠪᠠᠶᠢᠴᠠᠭᠠᠭᠰᠠᠨ ᠰᠠᠨᠠᠯ ᠢ ᠳᠤᠷᠠᠳᠤᠨ᠎ᠠ ᠃ᠳᠥᠷᠪᠡᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠣᠭᠲᠠᠭᠠᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃       2. ᠳᠥᠷᠪᠡᠳ ᠬᠤᠰᠢᠭᠤᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠯᠤᠭ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠡᠷᠬᠡ ᠪᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠳᠥᠷᠪᠡᠳ ᠬᠤᠰᠢᠭᠤᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠬᠠᠷᠢᠭᠤᠴᠠᠨ᠎ᠠ᠃ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠤᠲᠠ ᠬᠥᠳᠡᠭᠡ ᠶᠢᠨ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠯᠲᠡ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠴᠤ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠤᠯᠪᠣᠭᠳᠠᠯ ᠪᠦᠬᠦᠢ ᠲᠥᠬᠦᠭᠡᠷᠦᠮᠵᠢ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢᠨ ᠠᠵᠢᠯ ᠳᠤ ᠣᠷᠣᠯᠴᠠᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠨ ᠬᠡᠷᠡᠭᠵᠢᠭᠦᠯᠦᠨ᠎ᠡ᠃       3. ᠳᠥᠷᠪᠡᠳ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠯᠤᠭ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠭᠤᠣᠯ ᠤᠨ ᠵᠠᠮ ᠳᠡᠭᠡᠷᠡᠬᠢ ᠬᠠᠶᠢᠷ ᠮᠠᠯᠲᠠᠵᠤ ᠠᠶᠠᠯᠠᠯ ᠨᠡᠪᠲᠡᠷᠡᠬᠦ ᠶᠢ ᠨᠥᠯᠥᠭᠡᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ᠃ᠳᠥᠷᠪᠡᠳ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠭᠤᠣᠯ ᠤᠨ ᠵᠠᠮ ᠳᠤ ᠬᠠᠶᠢᠷ ᠮᠠᠯᠲᠠᠬᠤ ᠠᠵᠢᠯ ᠢ ᠬᠢᠨᠠᠨ ᠬᠠᠮᠢᠶᠠᠷᠬᠤ᠂ ᠭᠤᠣᠯ ᠤᠨ ᠵᠠᠮ ᠳᠤ ᠬᠠᠶᠢᠷ ᠮᠠᠯᠲᠠᠬᠤ ᠲᠥᠯᠥᠪᠵᠢᠭᠦᠯᠭᠡ ᠪᠣᠯᠤᠨ ᠲᠥᠯᠥᠪᠯᠡᠭᠡ ᠨᠠᠶᠢᠷᠠᠭᠤᠯᠤᠨ ᠵᠣᠬᠢᠶᠠᠬᠤ ᠶᠢ ᠵᠢᠯᠣᠭᠤᠳᠤᠨ᠎ᠠ᠃      ᠬᠤᠶᠠᠷ᠂ ᠳᠣᠲᠣᠭᠠᠳᠤ ᠪᠠᠶᠢᠭᠤᠯᠤᠮᠵᠢ      ( ᠨᠢᠭᠡ ) ᠶᠡᠷᠦᠩᠬᠡᠶᠢᠯᠡᠭᠰᠡᠨ ᠠᠯᠪᠠᠨ ᠭᠡᠷ᠃ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠣᠪᠴᠢᠶ᠎ᠠ ᠶᠢᠨ ᠴᠢᠬᠤᠯᠠ ᠬᠤᠷᠠᠯᠳᠤᠭᠠᠨ ᠪᠠ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠠᠵᠢᠯ ᠢ ᠡᠭᠦᠷᠭᠡᠯᠡᠨ᠎ᠡ ;ᠳᠠᠭᠠᠭᠠᠨ ᠡᠷᠬᠢᠯᠡᠬᠦ ᠲᠣᠪᠴᠢᠶᠠᠨ ᠤ ᠤᠳᠤᠷᠢᠳᠬᠤ ᠠᠯᠪᠠᠨ ᠶᠠᠪᠤᠳᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠪᠠ ᠭᠠᠳᠠᠭᠠᠳᠤ ᠲᠠᠢ ᠬᠠᠷᠢᠯᠴᠠᠬᠤ ;ᠶᠡᠷᠦᠩᠬᠡᠶᠢᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠬᠤ᠂ ᠰᠣᠶᠣᠯ ᠴᠠᠬᠢᠯᠭᠠᠨ ᠬᠦᠴᠦᠨ ᠤ ᠠᠵᠢᠯᠯᠠᠭᠠᠨ᠂ ᠠᠯᠪᠠᠨ ᠪᠢᠴᠢᠭ ᠰᠢᠢᠳᠪᠦᠷᠢᠯᠡᠬᠦ᠂ ᠵᠠᠰᠠᠭ ᠤᠨ ᠶᠠᠪᠤᠳᠠᠯ ᠤᠨ ᠵᠢᠵᠢᠭᠦᠷ᠂ ᠳᠠᠷᠤᠮᠠᠯᠯᠠᠨ ᠬᠢᠨᠠᠬᠤ ᠬᠠᠮᠢᠶᠠᠷᠤᠯᠲᠠ᠂ ᠴᠢᠬᠤᠯᠠ ᠵᠦᠢᠯ ᠢ ᠰᠢᠮᠳᠠᠭᠤᠯᠤᠨ ᠪᠠᠶᠢᠴᠠᠭᠠᠬᠤ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠲᠡᠦᠬᠡ ᠨᠠᠶᠢᠷᠠᠭᠤᠯᠬᠤ ᠵᠡᠷᠭᠡ ᠠᠵᠢᠯ ᠢ ᠡᠭᠦᠷᠭᠡᠯᠡᠨ᠎ᠡ᠃ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠵᠣᠬᠢᠶᠠᠨ ᠪᠠᠶᠢᠭᠤᠯᠤᠨ ᠭᠦᠢᠴᠡᠳᠬᠡᠨ᠎ᠡ ;ᠠᠵᠢᠯ ᠲᠥᠷᠥᠯ ᠤᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠵᠢᠯᠣᠭᠤᠳᠴᠤ᠂ ᠪᠠᠶᠢᠭᠤᠯᠤᠯᠭ᠎ᠠ ᠶᠢᠨ ᠠᠷᠤ ᠲᠠᠯ᠎ᠠ ᠶᠢᠨ ᠠᠵᠢᠯ ᠤᠨ ᠠᠵᠢᠯ ᠢ ᠵᠣᠬᠢᠴᠠᠭᠤᠯᠬᠤ ᠬᠡᠷᠡᠭᠲᠡᠢ᠃ ᠪᠠᠶᠢᠭᠤᠯᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠢ ᠲᠣᠮᠢᠯᠠᠬᠤ ᠪᠠᠭᠤᠯᠭᠠᠬᠤ᠂ ᠺᠠᠳ᠋ᠷ ᠲᠤ ᠬᠢᠨᠠᠯᠲᠠ ᠲᠠᠯᠪᠢᠬᠤ᠂ ᠪᠣᠯᠪᠠᠰᠣᠷᠠᠭᠤᠯᠤᠯ ᠬᠥᠮᠦᠵᠢᠯ ᠬᠢᠬᠦ᠂ ᠴᠠᠯᠢᠩ ᠨᠡᠶᠢᠭᠡᠮ ᠤᠨ ᠪᠠᠲᠤᠯᠠᠭ᠎ᠠ᠂ ᠣᠨ ᠤ ᠬᠢᠨᠠᠨ ᠰᠢᠯᠭᠠᠯᠲᠠ᠂ ᠤᠯᠤᠰ ( ᠬᠢᠯᠢ ) ᠠᠴᠠ ᠭᠠᠷᠬᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ᠪᠠᠶᠢᠭᠤᠯᠤᠯᠭ᠎ᠠ ᠶᠢᠨ ᠠᠵᠢᠯ‌‍ᠠ᠋ᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠢ ᠬᠠᠷᠢᠭᠤᠴᠠᠵᠤ᠂ ᠬᠠᠷᠢᠶ᠎ᠠ ᠪᠦᠬᠦᠢ ᠨᠢᠭᠡᠴᠡ ᠶᠢᠨ ᠠᠵᠢᠯ‌‍ᠠ᠋ᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠢ ᠵᠢᠯᠣᠭᠤᠳᠤᠨ᠎ᠠ᠃ᠬᠠᠷᠢᠶ᠎ᠠ ᠨᠢᠭᠡᠴᠡ ᠶᠢᠨ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠨ ᠵᠢᠯᠣᠭᠤᠳᠴᠤ᠂ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ᠂ ᠥᠭᠡᠷᠡᠴᠢᠯᠡᠯᠲᠡ ᠶᠢᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ᠠᠵᠢᠯ ᠲᠥᠷᠥᠯ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠢᠯᠣᠭᠤᠳᠤᠨ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠢ ᠰᠤᠳᠤᠯᠤᠨ ᠳᠤᠷᠠᠳᠤᠨ᠎ᠠ᠃《 ᠲᠠᠯᠪᠢᠬᠤ᠂ ᠬᠠᠮᠢᠶᠠᠷᠬᠤ᠂ ᠦᠢᠯᠡᠴᠢᠯᠡᠬᠦ 》 ᠥᠭᠡᠷᠡᠴᠢᠯᠡᠯᠲᠡ ᠶᠢᠨ ᠠᠵᠢᠯ ᠲᠠᠢ ᠬᠠᠮᠵᠢᠯᠴᠠᠨ᠎ᠠ᠃ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠬᠤ᠂ ᠮᠡᠳᠡᠭᠦᠯᠦᠨ ᠳᠠᠩᠰᠠᠯᠠᠭᠤᠯᠬᠤ᠂ ᠵᠠᠬ᠎ᠠ ᠳᠡᠯᠭᠡᠭᠦᠷ ᠤᠨ ᠡᠷᠬᠡ ᠲᠡᠭᠰᠢ ᠴᠢᠨᠠᠷ ᠤᠨ ᠥᠷᠢᠰᠦᠯᠳᠦᠭᠡᠨ ᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ᠡᠯ᠎ᠡ ᠵᠦᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠲᠦᠭᠡᠮᠡᠯᠵᠢᠭᠦᠯᠬᠦ ᠬᠡᠷᠡᠭᠲᠡᠢ᠃ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ᠵᠢᠭᠠᠰᠤᠨ ᠠᠵᠤ ᠠᠬᠤᠢ ᠶᠢᠨ ᠣᠩᠭᠤᠴᠠ ᠰᠠᠯ ᠲᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ᠴᠢᠬᠤᠯᠠ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠲᠤᠰ ᠵᠠᠰᠠᠭ ᠵᠠᠬᠢᠷᠭᠠᠨ ᠤ ᠣᠷᠣᠨ ᠤ ᠬᠠᠤᠯᠢ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠵᠤ᠂ ᠬᠠᠷᠢᠶᠠᠯᠠᠯ ᠢ ᠲᠣᠭᠲᠠᠭᠠᠬᠤ ᠬᠡᠷᠡᠭ ᠢ ᠳᠠᠭᠠᠭᠠᠨ ᠠᠪᠴᠤ ᠰᠢᠢᠳᠪᠦᠷᠢᠯᠡᠨ᠎ᠡ᠃ᠠᠵᠢᠯ ᠲᠥᠷᠥᠯ ᠤᠨ ᠨᠠᠮ ᠤᠨ ᠰᠤᠷᠲᠠᠯ ᠠᠷᠢᠭᠤᠨ ᠴᠢᠭᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠡᠭᠦᠷᠭᠡᠯᠡᠵᠦ᠃       ( ᠬᠤᠶᠠᠷ ) ᠲᠥᠯᠥᠪᠯᠡᠭᠡᠲᠦ ᠡᠳ᠋ ᠤᠨ ᠶᠠᠪᠤᠳᠠᠯ ᠤᠨ ᠲᠠᠰᠤᠭ᠃ᠵᠠᠮ ᠬᠠᠷᠢᠯᠴᠠᠭᠠᠨ ᠤ ᠠᠵᠢᠯ ᠲᠥᠷᠥᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ᠂ ᠳᠦᠷᠢᠮ ᠤᠨ ᠰᠠᠨᠠᠭᠤᠯᠭ᠎ᠠ ᠶᠢ ᠰᠤᠳᠤᠯᠤᠨ ᠳᠤᠷᠠᠳᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ᠳᠣᠲᠣᠭᠠᠳᠤ ᠡᠵᠡᠮᠳᠡᠯ ᠤᠨ ᠵᠢᠷᠤᠮᠵᠢᠯ ᠤᠨ ᠲᠦᠷᠦᠭᠦᠯᠡᠨ ᠬᠢᠬᠦ ᠠᠵᠢᠯ ᠢ ᠬᠠᠷᠢᠭᠤᠴᠠᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠪᠠᠵᠠᠭᠠᠵᠤ ᠬᠡᠷᠡᠭᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠬᠦ ᠬᠡᠷᠡᠭᠲᠡᠢ᠃ᠪᠠᠶᠢᠭᠤᠯᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠵᠢᠴᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠵᠣᠭᠤᠰ ᠰᠠᠯᠭᠠᠨ ᠥᠭᠬᠦ ᠠᠵᠢᠯ ᠢ ᠬᠠᠷᠢᠭᠤᠴᠠᠨ᠎ᠠ᠃ᠡᠩ ᠤᠨ ᠲᠥᠰᠥᠪ ᠤᠨ ᠪᠡᠯᠡ ᠮᠥᠩᠭᠦ᠂ ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ᠂ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠢᠲᠡᠭᠡᠮᠵᠢᠲᠦ ᠵᠢᠭᠡᠯᠡᠯᠭᠡ᠂ ᠭᠠᠳᠠᠭᠠᠳᠤ ᠪᠡᠯᠡ ᠶᠢ ᠠᠰᠢᠭᠯᠠᠬᠤ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠨ ᠥᠷᠲᠡᠭ ᠨᠡᠮᠡᠭᠳᠡᠭᠦᠯᠬᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠠᠮᠵᠢᠯᠴᠠᠨ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠪᠠ ᠨᠠᠮᠳᠠᠭᠤᠯᠵᠤ᠂ ᠬᠠᠷᠢᠶ᠎ᠠ ᠪᠦᠬᠦᠢ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯ ᠢ ᠵᠢᠯᠣᠭᠤᠳᠴᠤ᠂ ᠵᠠᠮ ᠬᠠᠷᠢᠯᠴᠠᠭᠠᠨ ᠤ ᠠᠵᠢᠯ ᠲᠥᠷᠥᠯ ᠤᠨ ᠴᠢᠬᠤᠯᠠ ᠶᠡᠭᠡ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠪᠠ ᠠᠵᠤ ᠠᠬᠤᠢ ᠶᠢᠨ ᠦᠷ᠎ᠡ ᠠᠰᠢᠭ ᠤᠨ ᠬᠢᠨᠠᠨ ᠪᠣᠳᠣᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠵᠠᠮ ᠬᠠᠷᠢᠯᠴᠠᠭᠠᠨ ᠤ ᠠᠵᠢᠯ ᠲᠥᠷᠥᠯ ᠤᠨ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠬᠠᠷᠢᠭᠤᠴᠠᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ ᠬᠢᠨᠠᠨ ᠪᠣᠳᠣᠬᠤ ᠠᠵᠢᠯ ᠢ ᠡᠭᠦᠷᠭᠡᠯᠡᠨ᠎ᠡ᠃ᠠᠵᠢᠯ ᠲᠥᠷᠥᠯ ᠤᠨ ᠳᠣᠲᠣᠭᠠᠳᠤ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠪᠠ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠵᠣᠬᠢᠰᠲᠠᠢ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠬᠢᠨᠠᠨ ᠪᠠᠶᠢᠴᠠᠭᠠᠬᠤ ᠪᠠ ᠦᠨᠡᠯᠡᠬᠦ ᠬᠡᠷᠡᠭᠲᠡᠢ᠃       ( ᠭᠤᠷᠪᠠ ) ᠲᠥᠯᠥᠪᠵᠢᠭᠦᠯᠦᠨ ᠪᠦᠲᠦᠭᠡᠨ ᠪᠠᠶᠢᠭᠤᠯᠬᠤ ᠬᠤᠪᠢ᠃ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠵᠢᠴᠢ ᠪᠤᠰᠤᠳ ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠬᠤ ᠠᠵᠢᠯ ᠳᠤ ᠣᠷᠣᠯᠴᠠᠨ᠎ᠠ᠃ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠤᠷᠰᠢᠯᠴᠠᠬᠤ ᠲᠥᠷᠥᠯ ᠵᠦᠢᠯ ᠤᠨ ᠰᠠᠨᠠᠭᠤᠯᠭ᠎ᠠ ᠳᠤᠷᠠᠳᠴᠤ᠂ ᠬᠠᠮᠢᠶ᠎ᠠ ᠪᠦᠬᠦᠢ ᠪᠦᠲᠦᠭᠡᠨ ᠪᠠᠶᠢᠭᠤᠯᠬᠤ ᠲᠥᠷᠥᠯ ᠵᠦᠢᠯ ᠤᠨ ᠢᠨᠵᠧᠨᠧᠷᠢᠩ ᠤᠨ ᠪᠣᠯᠤᠮᠵᠢᠲᠤ ᠰᠤᠳᠤᠯᠤᠯ ᠤᠨ ᠠᠵᠢᠯ ᠢ ᠡᠭᠦᠷᠭᠡᠯᠡᠨ᠎ᠡ᠃ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠵᠤ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠵᠣᠬᠢᠴᠠᠭᠤᠯᠵᠤ᠂ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ ;ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠲᠣᠭᠲᠠᠭᠰᠠᠨ ᠡᠷᠬᠡ ᠮᠠᠲᠠᠯ ᠤᠨ ᠶᠣᠰᠣᠭᠠᠷ ᠬᠠᠷᠢᠭᠤᠴᠠᠵᠤ᠂ ᠪᠠᠷᠢᠯᠭ᠎ᠠ ᠶᠢᠨ ᠪᠠᠶᠢᠭᠤᠯᠤᠭᠰᠠᠨ ᠦᠨ᠎ᠡ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠭᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠳᠦᠷ ᠳᠣᠳᠣᠮ ᠤᠨ ᠠᠵᠢᠯ ᠢ ᠳᠠᠩ ᠬᠢᠵᠦ᠃ ᠵᠠᠰᠠᠮᠠᠯ ᠵᠠᠮ ᠤᠨ ᠠᠷᠠᠴᠢᠯᠠᠯᠲᠠ᠂ ᠵᠠᠮ ᠤᠨ ᠶᠠᠪᠤᠳᠠᠯ᠂ ᠰᠦᠢᠳᠬᠡᠯ ᠬᠤᠷᠢᠶᠠᠬᠤ᠂ ᠡᠵᠡᠩᠨᠡᠬᠦ ᠦᠢᠯᠡᠴᠢᠯᠡᠭᠡᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ᠃ᠬᠡᠮᠵᠢᠶ‌‍ᠡ᠊_‍ᠡᠴᠡ ᠬᠡᠲᠦᠷᠡᠲᠡᠯ᠎ᠡ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠪᠠ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠤᠴᠢᠷ ᠢ ᠬᠢᠨᠠᠨ ᠬᠠᠮᠢᠶᠠᠷᠤᠨ᠎ᠠ᠃ᠠᠦᠲ᠋ᠣ ᠵᠠᠮ ᠢ ᠨᠢᠭᠡᠳᠦᠯᠲᠡᠢ ᠲᠣᠬᠢᠷᠠᠭᠤᠯᠬᠤ᠂ ᠠᠶᠤᠯ‌‍ᠠ᠋ᠴᠠ ᠠᠪᠤᠷᠠᠨ ᠲᠤᠰᠯᠠᠬᠤ ᠠᠵᠢᠯ ᠢ ᠬᠠᠷᠢᠭᠤᠴᠠᠨ᠎ᠠ᠃ᠳᠡᠭᠡᠳᠦ ᠬᠤᠷᠳᠤ ᠶᠢᠨ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠠᠮᠵᠢᠯᠴᠠᠨ᠎ᠠ᠃ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠲᠤᠰ ᠭᠠᠵᠠᠷ ᠣᠷᠣᠨ ᠤ ᠪᠠᠨ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠮᠡᠳᠡᠭᠦᠯᠬᠦ᠂ ᠵᠣᠬᠢᠴᠠᠭᠤᠯᠬᠤ᠂ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠢᠴᠢ ᠳᠡᠯᠭᠡᠷᠡᠭᠦᠯᠦᠨ ᠬᠡᠷᠡᠭᠯᠡᠬᠦ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ᠵᠠᠮ ᠬᠠᠷᠢᠯᠴᠠᠭᠠᠨ ᠤ ᠰᠢᠰᠲ᠋ᠧᠮ ᠤᠨ ᠵᠠᠰᠠᠮᠠᠯ ᠵᠠᠮ ᠤᠨ ᠢᠨᠵᠧᠨᠧᠷᠢᠩ ᠤᠨ ᠨᠡᠶᠢᠭᠡᠮᠯᠢᠭ ᠲᠠᠢ ᠬᠠᠮᠵᠢᠯᠴᠠᠨ ᠠᠵᠢᠯ ᠢᠶᠠᠨ ᠥᠷᠨᠢᠭᠦᠯᠬᠦ ᠬᠡᠷᠡᠭᠲᠡᠢ᠃ᠵᠠᠮ ᠬᠠᠷᠢᠯᠴᠠᠭᠠᠨ ᠤ ᠲᠡᠶᠢᠨ ᠤ ᠪᠡᠯᠡᠳᠬᠡᠯ ᠤᠨ ᠠᠵᠢᠯ ᠢ ᠬᠠᠷᠢᠭᠤᠴᠠᠨ᠎ᠠ᠃       ( ᠳᠥᠷᠪᠡ ) ᠲᠡᠭᠡᠭᠡᠪᠦᠷᠢ ᠶᠢᠨ ᠬᠠᠮᠢᠶᠠᠷᠤᠯᠲᠠ ᠶᠢᠨ ᠲᠠᠰᠤᠭ ( ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ )᠃ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠰᠤᠳᠤᠯᠤᠨ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠪᠦᠬᠦ ᠬᠤᠰᠢᠭᠤᠨ ᠤ ᠬᠡᠪᠴᠢᠶᠡᠨ ᠳᠠᠬᠢ ᠵᠠᠮ ᠲᠡᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢ ᠶᠢᠨ ᠨᠥᠯᠥᠭᠡ ᠶᠢᠨ ᠦᠨᠡᠯᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃ᠵᠠᠮ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠡᠳ᠋ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠡᠳ᠋ ᠪᠠᠷᠠᠭᠠᠨ ᠤ ᠲᠡᠭᠡᠭᠡᠪᠦᠷᠢ ᠶᠢᠨ ᠲᠠᠯᠠᠪᠠᠢ ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷ ᠴᠢᠳᠠᠯ ᠢ ᠪᠠᠶᠢᠴᠠᠭᠠᠨ ᠬᠡᠮᠵᠢᠬᠦ᠂ ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠣᠷᠠᠭᠤᠯᠤᠯ᠂ ᠠᠵᠢᠯ ᠡᠷᠬᠢᠯᠡᠭᠰᠡᠳ ᠤᠨ ᠬᠠᠮᠢᠶᠠᠷᠤᠯᠲᠠ ᠵᠡᠷᠭᠡ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ᠪᠦᠬᠦ ᠬᠤᠰᠢᠭᠤᠨ ᠤ ᠠᠶᠠᠨᠴᠢᠳ᠂ ᠪᠠᠷᠠᠭ᠎ᠠ ᠲᠡᠭᠡᠭᠡᠪᠦᠷᠢ ᠶᠢᠨ ᠥᠷᠲᠡᠭᠡ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠮᠡᠳᠡᠭᠦᠯᠬᠦ ᠪᠠ ᠰᠢᠯᠭᠠᠨ ᠬᠤᠷᠢᠶᠠᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ᠣᠯᠠᠨ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠲᠡᠷᠭᠡ ᠪᠣᠯᠵᠣᠬᠤ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ᠭᠤᠣᠯᠳᠠᠯᠭ᠎ᠠ ᠲᠠᠢ ᠡᠳ᠋ ᠪᠠᠷᠠᠭ᠎ᠠ᠂ ᠪᠠᠴᠢᠮ ᠲᠤᠯᠭᠠᠮ᠎ᠠ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ᠭᠠᠷᠠᠮ ᠠᠷᠠᠴᠢᠯᠠᠨ ᠬᠠᠮᠠᠭᠠᠯᠠᠬᠤ᠂ ᠣᠩᠭᠤᠴᠠ ᠰᠠᠯ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠵᠢᠯᠣᠭᠤᠳᠤᠨ᠎ᠠ᠃ᠤᠰᠤᠨ ᠳᠡᠭᠡᠷᠡᠬᠢ ᠵᠠᠮ ᠬᠠᠷᠢᠯᠴᠠᠭᠠᠨ ᠤ ᠠᠶᠤᠯ ᠥᠬᠡᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ᠂ ᠴᠢᠮᠡᠭᠡ ᠬᠤᠯᠪᠣᠭ᠎ᠠ ᠪᠠᠷ ᠠᠶᠠᠯᠠᠯ ᠵᠠᠯᠠᠬᠤ᠂ ᠲᠡᠩᠬᠡᠷᠡᠭᠦᠯᠦᠨ ᠲᠤᠰᠠᠯᠠᠵᠤ ᠱᠦᠭᠦᠬᠦ ᠵᠡᠷᠭᠡ ᠠᠵᠢᠯ ᠢ ᠵᠢᠯᠣᠭᠤᠳᠤᠨ᠎ᠠ᠃ᠪᠦᠬᠦ ᠬᠤᠰᠢᠭᠤᠨ ᠤ ᠵᠠᠰᠠᠮᠠᠯ ᠵᠠᠮ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠥᠷᠲᠡᠭᠡ ᠲᠠᠯᠠᠪᠤᠷ ᠤᠨ ᠡᠵᠡᠩᠨᠡᠯᠲᠡ᠂ ᠵᠢᠯᠣᠭᠤᠴᠢ ᠶᠢᠨ ᠪᠣᠯᠪᠠᠰᠣᠷᠠᠭᠤᠯᠤᠯ ᠵᠡᠷᠭᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠠᠷᠢᠭᠤᠴᠠᠨ᠎ᠠ᠃ᠪᠦᠬᠦ ᠬᠤᠰᠢᠭᠤᠨ ᠤ ᠬᠡᠮᠵᠢᠶ‌‍ᠡ᠊_‍ᠡᠴᠡ ᠬᠡᠲᠦᠷᠡᠨ ᠲᠡᠭᠡᠭᠡᠪᠦᠷᠢᠯᠡᠬᠦ᠂ ᠵᠠᠮ ᠳᠤ ᠬᠤᠯᠪᠣᠭᠳᠠᠭᠰᠠᠨ ᠪᠠᠷᠢᠯᠭ᠎ᠠ ᠶᠢᠨ ᠠᠵᠢᠯ ᠵᠡᠷᠭᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ᠃       ᠲᠠᠪᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ᠃ᠵᠠᠮ ᠬᠠᠷᠢᠯᠴᠠᠭᠠᠨ ᠤ ᠢᠨᠵᠧᠨᠧᠷᠢᠩ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠵᠠᠮ ᠬᠠᠷᠢᠯᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠤᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠪᠠᠶᠢᠴᠠᠭᠠᠬᠤ ᠬᠡᠷᠡᠭᠲᠡᠢ᠃ᠪᠠᠷᠢᠯᠭ᠎ᠠ ᠶᠢᠨ ᠠᠬᠢᠴᠠ᠂ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠪᠡᠯᠡ ᠣᠷᠣᠭᠤᠯᠤᠯᠲᠠ ᠳᠤ ᠬᠢᠨᠠᠯᠲᠠ ᠲᠠᠯᠪᠢᠬᠤ ᠵᠡᠷᠭᠡ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠪᠡᠯᠡᠳᠬᠡᠮᠵᠢ ᠶᠢᠨ ᠬᠠᠮᠢᠶᠠᠷᠤᠯᠲᠠ ᠪᠣᠯᠤᠨ ᠬᠠᠮᠠᠭᠠᠯᠠᠯᠲᠠ ᠶᠢ ᠵᠢᠯᠣᠭᠤᠳᠤᠨ᠎ᠠ᠃ᠠᠦᠲ᠋ᠣ ᠵᠠᠮ ᠪᠣᠯᠤᠨ ᠲᠡᠭᠦᠨ ᠤ ᠪᠠᠷᠢᠯᠭ᠎ᠠ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠤᠨ ᠬᠢᠨᠠᠯᠲᠠ ᠶᠢ ᠵᠣᠬᠢᠶᠠᠨ ᠪᠠᠶᠢᠭᠤᠯᠬᠤ ᠬᠡᠷᠡᠭᠲᠡᠢ᠃       ( ᠵᠢᠷᠭᠤᠭ᠎ᠠ )ᠠᠶᠤᠯ  ᠥᠬᠡᠢ ᠶᠢᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ᠃ᠳᠡᠭᠡᠳᠦ ᠱᠠᠲᠤᠨ ᠤ ᠠᠶᠤᠯ ᠥᠬᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ᠂ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠳᠤ ᠬᠢᠨᠠᠯᠲᠠ ᠲᠠᠯᠪᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠰᠠᠮᠠᠯ ᠵᠠᠮ ᠤᠰᠤᠨ ᠵᠠᠮ ᠤᠨ ᠠᠶᠤᠯ ᠥᠬᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠠᠵᠢᠯ ᠲᠥᠷᠥᠯ ᠤᠨ ᠠᠶᠤᠯ ᠥᠬᠡᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠂ ᠠᠵᠢᠯ ᠲᠥᠷᠥᠯ ᠤᠨ ᠠᠶᠤᠯ ᠥᠬᠡᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠨ᠎ᠠ᠃ᠠᠶᠤᠯ ᠥᠬᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠬᠠᠮᠵᠢᠯᠴᠠᠨ᠎ᠠ᠃ ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ᠄ 0474 —52138988 ᠵᠢᠵᠢᠭᠦᠷ ᠤᠨ ᠲᠠᠰᠤᠭ᠄ 0474 —5202267 ᠠᠵᠢᠯᠯᠠᠬᠤ ᠴᠠᠭ᠄ 9᠄ 00—12᠄ 00 ;14 : 30 —18 : 00 ( ᠭᠠᠷᠠᠭ ᠤᠨ  ᠨᠢᠭᠡᠨ ᠭᠠᠷᠠᠭ ᠤᠨ ᠲᠠᠪᠤᠨ᠂ ᠪᠠᠶᠠᠷ ᠳᠤᠷᠠᠰᠬᠠᠯ ᠤᠨ ᠡᠳᠦᠷ ᠪᠣᠯᠤᠨ ᠭᠠᠷᠠᠭ ᠤᠨ ᠬᠤᠶᠠᠷ ᠠᠮᠠᠷᠠᠯᠲᠠ ᠶᠢᠨ ᠡᠳᠦᠷ ᠪᠠᠭᠲᠠᠬᠤ ᠦᠭᠡᠢ ) ᠪᠠᠶᠢᠭᠤᠯᠭ᠎ᠠ ᠶᠢᠨ   ᠬᠠᠶ᠋ᠢᠭ᠄ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠪᠡᠶ᠎ᠡ ᠲᠠᠮᠢᠷ ᠤᠨ ᠵᠡᠭᠦᠨ ᠵᠠᠮ ᠨᠢᠭᠡᠴᠢ ᠰᠢᠤᠳᠠᠨ ᠬᠠᠶᠢᠷᠴᠠᠭ᠄ szwqjtj5202267@163. com ᠪᠠᠶᠢᠭᠤᠯᠭ᠎ᠠ ᠶᠢᠨ ᠬᠠᠷᠢᠭᠤᠴᠠᠯᠭᠠᠲᠠᠨ᠄ ᠰᠦᠸᠧ ᠵᠢᠢ ᠫᠢᠩᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2