ᠳᠥᠷᠪᠡᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠴᠢᠭᠢᠷᠠᠭ ᠤᠨ ᠵᠥᠪᠯᠡᠯ | | | ᠨᠢᠭᠡ᠂ ᠭᠤᠣᠯ ᠡᠭᠦᠷᠭᠡ ᠬᠠᠷᠢᠭᠤᠴᠠᠯᠭ᠎ᠠ | ( ᠨᠢᠭᠡ ) ᠥᠪᠡᠷᠲᠡᠭᠡᠨ ᠵᠠᠰᠠᠬᠤ ᠣᠷᠣᠨ᠂ ᠬᠤᠲᠠ ᠶᠢᠨ ᠤᠯᠤᠰ ᠠᠷᠠᠳ ᠤᠨ ᠡᠷᠡᠭᠦᠯ ᠮᠡᠨᠳᠦ ᠶᠢᠨ | ᠲᠤᠬᠠᠢ ᠲᠥᠷᠥ ᠶᠢᠨ ᠪᠣᠳᠣᠯᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠲᠤᠬᠠᠢ | ᠬᠠᠤᠯᠢ ᠴᠠᠭᠠᠵᠠ ᠬᠠᠤᠯᠢ ᠳᠦᠷᠢᠮ ᠤᠨ ᠲᠥᠰᠦᠯ᠂ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠰ ᠤᠨ ᠬᠥᠭᠵᠢᠯᠲᠡ ᠶᠢᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠬᠠᠷᠢᠭᠤᠴᠠᠵᠤ᠂ | ᠬᠠᠷᠢᠶᠠᠲᠤ ᠣᠷᠣᠨ ᠤ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠪᠠ ᠬᠡᠷᠡᠭᠵᠢᠭᠦᠯᠬᠦ ᠶᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠠᠰᠢᠭ ᠬᠦᠷᠲᠡᠭᠡᠬᠦ᠂ ᠳᠥᠭᠦᠮ ᠲᠦᠳᠡ ᠪᠣᠯᠭᠠᠬᠤ ᠪᠠ | ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ ᠵᠡᠷᠭᠡ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ( ᠬᠤᠶᠠᠷ ) ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠵᠤ᠂ ᠪᠦᠬᠦ | ᠬᠤᠰᠢᠭᠤᠨ ᠤ ᠠᠯᠪᠠᠨ᠋ᠠ᠋ᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠬᠤᠰᠢᠭᠤᠨ ᠤ ᠰᠢᠭᠤᠳ ᠬᠠᠷᠢᠶ᠎ᠠ ᠡᠷᠡᠭᠦᠯ ᠬᠠᠮᠠᠭᠠᠯᠠᠯ ᠤᠨ ᠨᠢᠭᠡᠴᠡ᠂ | ᠠᠷᠠᠤᠨ ᠠᠴᠠ ᠡᠵᠡᠩᠨᠡᠭᠰᠡᠨ ᠡᠮ ᠡᠮᠨᠡᠯᠭᠡ ᠶᠢᠨ ᠪᠠᠶᠢᠭᠤᠯᠤᠮᠵᠢ ᠵᠡᠷᠭᠡ ᠨᠠᠮ ᠤᠨ ᠪᠠᠶᠢᠭᠤᠯᠤᠯᠲᠠ ᠶᠢᠨ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ᠠᠯᠪᠠᠨ᠋ᠠ᠋ᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠠᠮ ᠤᠨ | ᠪᠠᠶᠢᠭᠤᠯᠤᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠠ ᠨᠠᠮ ᠤᠨ ᠪᠠᠶᠢᠭᠤᠯᠤᠯᠲᠠ ᠶᠢᠨ ᠠᠵᠢᠯ ᠤᠨ | ᠶᠠᠰᠤ ᠴᠢᠨᠠᠷ ᠢ ᠦᠨᠡᠯᠡᠨ ᠰᠢᠯᠭᠠᠬᠤ ᠳᠦᠷᠢᠮ ᠢ ᠪᠠᠶᠢᠭᠤᠯᠤᠨ᠎ᠠ᠃ | ( ᠭᠤᠷᠪᠠ )ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠠᠮᠢᠶ᠎ᠠ ᠪᠥᠬᠦᠢ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠬᠢᠴᠠᠭᠤᠯᠤᠨ | ᠠᠬᠢᠭᠤᠯᠵᠤ᠂ ᠪᠦᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ᠪᠦᠬᠦ | ᠬᠤᠰᠢᠭᠤᠨ ᠤ ᠠᠯᠪᠠᠨ᠋ᠠ᠋ᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠵᠤ᠂ | ᠣᠳᠣᠬᠢᠴᠢᠯᠠᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠂ ᠨᠡᠶᠢᠲᠡ ᠶᠢᠨ | ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠣᠯᠭᠠᠭᠰᠠᠨ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠪᠠ ᠦᠨᠡᠯᠡᠬᠦ | ᠠᠵᠢᠯᠯᠠᠭᠠᠨ ᠤ ᠵᠣᠬᠢᠴᠠᠮᠵᠢ ᠶᠢ ᠪᠠᠶᠢᠭᠤᠯᠵᠤ᠂ ᠡᠮᠴᠢ ᠪᠠ ᠡᠪᠡᠳᠴᠢᠲᠡᠨ ᠤ ᠡᠶ᠎ᠡ ᠵᠣᠬᠢᠴᠠᠯᠲᠤ ᠬᠠᠷᠢᠴᠠᠭ᠎ᠠ ᠶᠢ | ᠪᠠᠶᠢᠭᠤᠯᠤᠨ᠎ᠠ᠃ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠣᠯ | ᠴᠣᠭᠴᠠ ᠶᠢᠨ ᠣᠯᠠᠨ ᠡᠰᠢᠵᠢᠬᠦᠯᠦᠯᠳᠡ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠴᠢᠯᠠᠭᠰᠠᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ( ᠳᠥᠷᠪᠡ ) ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠯᠥᠪᠵᠢᠭᠦᠯᠭᠡ᠂ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠵᠢᠴᠢ ᠠᠷᠠᠳ ᠲᠦᠮᠡᠨ ᠤ | ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠳᠤ ᠭᠠᠷ ᠲᠥᠷᠥᠬᠦ ᠠᠷᠭ᠎ᠠ ᠬᠡᠮᠵᠢᠶ᠎ᠡ ᠶᠢ | ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠ ᠪᠠᠴᠢᠮ ᠠᠨᠠᠭᠠᠬᠤ ᠤᠬᠠᠭᠠᠨ ᠤ ᠠᠪᠤᠷᠠᠨ ᠲᠤᠰᠠᠯᠠᠬᠤ | ᠲᠥᠰᠥᠪ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠬᠡᠮᠵᠢᠬᠦ ᠪᠠ ᠠᠶᠤᠯ | ᠲᠦᠭᠰᠢᠭᠦᠷᠢ ᠶᠢ ᠦᠨᠡᠯᠡᠨ ᠡᠵᠡᠯᠡᠬᠦ ᠲᠥᠯᠥᠪᠯᠡᠭᠡ ᠶᠢ ᠲᠣᠭᠲᠠᠭᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠡᠯ᠎ᠡ ᠲᠥᠷᠥᠯ ᠤᠨ ᠭᠡᠨᠡᠳᠲᠡ ᠡᠭᠦᠰᠬᠦ ᠣᠯᠠᠨ | ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | ( ᠲᠠᠪᠤ ) ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠥᠮᠦᠨ ᠠᠮᠠ ᠶᠢᠨ ᠨᠠᠰᠤᠵᠢᠯ ᠢ ᠠᠷᠭᠠᠴᠠᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ | ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠴᠢᠯᠡᠭᠡ ᠨᠠᠰᠤᠵᠢᠯ ᠢ | ᠤᠶᠠᠯᠳᠤᠭᠤᠯᠬᠤ ᠠᠵᠢᠯ ᠢ ᠲᠦᠯᠬᠢᠨ ᠠᠬᠢᠭᠤᠯᠤᠨ᠎ᠠ᠃ | ( ᠵᠢᠷᠭᠤᠭ᠎ᠠ ) ᠤᠯᠤᠰ ᠤᠨ ᠡᠮ ᠤᠨ ᠲᠥᠷᠥ ᠶᠢᠨ ᠪᠣᠳᠣᠯᠭ᠎ᠠ ᠪᠠ ᠤᠯᠤᠰ ᠤᠨ ᠦᠨᠳᠦᠰᠦᠨ ᠡᠮ ᠤᠨ | ᠵᠦᠢᠯᠡᠰ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠡᠮ ᠢ ᠬᠡᠷᠡᠭᠯᠡᠬᠦ ᠬᠠᠮᠢᠶ᠎ᠠ | ᠪᠥᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮ ᠤᠨ | ᠵᠦᠢᠯᠡᠰ ᠢ ᠬᠡᠷᠡᠭᠯᠡᠬᠦ ᠶᠢ ᠬᠢᠨᠠᠨ ᠬᠡᠮᠵᠢᠬᠦ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠪᠠ ᠲᠣᠳ᠋ᠬᠠᠳᠠᠵᠦ | ᠪᠠᠶᠢᠭ᠎ᠠ ᠡᠮ ᠤᠨ ᠵᠦᠢᠯᠡᠰ ᠤᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠮᠵᠢᠯᠴᠠᠨ ᠥᠷᠨᠢᠭᠦᠯᠵᠦ᠂ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ | ᠃ | ( ᠳᠣᠯᠤᠭ᠎ᠠ ) ᠡᠷᠡᠭᠦᠯ ᠬᠠᠮᠠᠭᠠᠯᠠᠯ ᠤᠨ ᠰᠢᠰᠲ᠋ᠧᠮ ᠤᠨ ᠠᠶᠤᠯ ᠦᠭᠡᠢ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠵᠤ᠂ ᠡᠭᠦᠷᠭᠡ ᠲᠤᠰᠢᠶᠠᠯ ᠤᠨ ᠬᠡᠪᠴᠢᠶᠡᠨ ᠤ ᠪᠠᠨ ᠳᠣᠲᠣᠷᠠᠬᠢ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ | ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠢᠨᠠᠯᠲᠠ | ᠲᠠᠯᠪᠢᠯᠲᠠ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠳᠤ ᠶᠡᠷᠦᠩᠬᠡᠶᠢᠯᠡᠨ ᠬᠢᠨᠠᠯᠲᠠ ᠲᠠᠯᠪᠢᠬᠤ | ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ᠃ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠲᠦᠷᠦᠭᠦᠯᠡᠨ | ᠥᠷᠨᠢᠭᠦᠯᠦᠨ᠎ᠡ᠃ | ( ᠨᠠᠢᠮᠠ )ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ | ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ | ᠡᠮᠴᠢᠯᠡᠭᠡᠨ ᠤ ᠦᠢᠯᠡᠴᠢᠯᠡᠭᠡᠨ ᠢ ᠦᠨᠡᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠡᠬᠢ ᠪᠠᠶᠠᠯᠢᠭ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ | ᠡᠮᠴᠢᠯᠡᠭᠡᠨ ᠤ ᠦᠢᠯᠡᠴᠢᠯᠡᠭᠡ ᠶᠢᠨ ᠵᠢᠷᠤᠮᠵᠢᠯ᠂ ᠪᠠᠷᠢᠮᠵᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠲᠤᠰᠬᠠᠢ ᠮᠡᠷᠭᠡᠵᠢᠯ ᠤᠨ ᠠᠵᠢᠯᠲᠠᠨ ᠤ ᠡᠷᠬᠢᠯᠡᠭᠰᠡᠨ ᠠᠵᠢᠯ ᠤᠨ ᠳᠦᠷᠢᠮ᠂ ᠦᠢᠯᠡᠴᠢᠯᠡᠭᠡᠨ ᠤ ᠵᠢᠷᠤᠮᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠡᠷᠡᠭᠦᠯ ᠮᠡᠨᠳᠦ ᠵᠡᠷᠭᠡ ᠰᠠᠯᠪᠤᠷᠢ ᠶᠢᠨ ᠠᠵᠢᠯ ᠲᠥᠷᠥᠯ ᠤᠨ ᠰᠤᠷᠲᠠᠯ ᠤᠨ | ᠠᠵᠢᠯ ᠢ ᠬᠠᠷᠢᠭᠤᠴᠠᠬᠤ᠃ᠡᠮᠨᠡᠯᠭᠡ ᠶᠢᠨ ᠬᠤᠷᠢᠶᠠᠨ ᠳᠤ ᠤᠷᠤᠬᠤ ᠠᠴᠠ ᠡᠮᠦᠨᠡᠬᠢ ᠪᠠᠴᠢᠮ ᠪᠠᠶᠢᠳᠠᠯ ᠢ ᠠᠪᠤᠷᠠᠬᠤ | ᠠᠵᠢᠯ ᠢ ᠵᠢᠯᠣᠭᠤᠳᠤᠨ ᠥᠷᠨᠢᠭᠦᠯᠬᠦ ᠬᠡᠷᠡᠭᠲᠡᠢ᠃ᠦᠨ᠎ᠡ ᠲᠥᠯᠥᠪᠦᠷᠢ ᠦᠭᠡᠢ ᠪᠠᠷ ᠴᠢᠰᠤ ᠥᠭᠬᠦ ᠠᠵᠢᠯ ᠢ | ᠠᠬᠢᠭᠤᠯᠤᠨ᠎ᠠ᠃ | ( ᠶᠢᠰᠤ ) ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠵᠤ | ᠂ ᠬᠥᠮᠦᠨ ᠠᠮᠠ ᠶᠢᠨ ᠬᠢᠨᠠᠨ ᠬᠡᠮᠵᠢᠯᠲᠡ ᠶᠢᠨ ᠰᠡᠷᠡᠮᠵᠢᠯᠡᠭᠦᠯᠦᠯ ᠢ ᠥᠷᠨᠢᠭᠦᠯᠵᠦ᠂ ᠪᠦᠬᠦ ᠬᠤᠰᠢᠭᠤᠨ ᠤ ᠬᠥᠮᠦᠨ | ᠠᠮᠠ ᠪᠠ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠥᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠤᠨ᠎ᠠ᠃ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠥᠯᠥᠪᠯᠡᠭᠡᠲᠦ ᠦᠷᠡᠵᠢᠯ ᠤᠨ ᠡᠮ ᠪᠠᠭᠠᠵᠢ ᠶᠢᠨ ᠬᠠᠮᠢᠶᠠᠷᠤᠯᠲᠠ ᠶᠢ ᠴᠢᠩᠭᠠᠳᠬᠠᠨ᠂ | ᠲᠥᠷᠥᠬᠦ ᠬᠥᠮᠦᠨ ᠠᠮᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠤᠲᠠᠭᠤ ᠳᠣᠷᠭᠤᠨ ᠲᠥᠷᠥᠬᠦ ᠬᠥᠮᠦᠨ ᠠᠮᠠ ᠶᠢᠨ ᠲᠤᠭ᠎ᠠ ᠬᠡᠮᠵᠢᠶ᠎ᠡ ᠶᠢ | ᠪᠠᠭᠤᠷᠠᠭᠤᠯᠬᠤ ᠬᠡᠷᠡᠭᠲᠡᠢ᠃ᠲᠥᠯᠥᠪᠯᠡᠭᠡᠲᠦ ᠦᠷᠡᠵᠢᠯ ᠤᠨ ᠣᠨᠴᠠᠭᠠᠢ ᠬᠦᠴᠢᠷᠳᠡᠯ ᠲᠠᠢ ᠭᠡᠷ ᠪᠦᠯᠢ ᠶᠢ ᠲᠡᠳᠬᠦᠨ | ᠳᠡᠮᠵᠢᠬᠦ ᠪᠠ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | (ᠠᠷᠪᠠ) ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠵᠢᠯᠣᠭᠤᠳᠴᠤ᠂ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠰᠢᠰᠲ᠋ᠧᠮ ᠪᠠ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠬᠤ | ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ᠃ | (ᠠᠷᠪᠠᠨ ᠨᠢᠭᠡ ) ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠢ | ᠵᠢᠯᠣᠭᠤᠳᠤᠨ᠂ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ | ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠡᠷᠡᠭᠦᠯ ᠬᠠᠮᠠᠭᠠᠯᠠᠯ ᠤᠨ ᠡᠷᠡᠭᠦᠯ ᠮᠡᠨᠳᠦ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠬᠠᠤᠯᠢ ᠠᠴᠠ ᠵᠥᠷᠢᠴᠡᠭᠰᠡᠨ ᠬᠦᠨᠳᠦ | ᠶᠡᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ | (ᠠᠷᠪᠠᠨ ᠬᠤᠶᠠᠷ ) ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠬᠤᠰᠢᠭᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠪᠦᠬᠦ ᠬᠤᠰᠢᠭᠤᠨ ᠤ ᠥᠨᠳᠥᠷ ᠳᠡᠰ ᠤᠨ ᠡᠮᠨᠡᠯᠭᠡ ᠶᠢᠨ ᠪᠠᠲᠤᠯᠠᠭ᠎ᠠ ᠬᠠᠩᠭᠠᠬᠤ ᠦᠢᠯᠡᠴᠢᠯᠡᠭᠡᠨ ᠤ | ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠣᠭᠲᠠᠭᠠᠵᠤ ᠨᠠᠶᠢᠳᠠᠪᠤᠷᠢᠵᠢᠭᠤᠯᠤᠨ᠎ᠠ᠃ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠢ ᠦᠨᠡᠯᠡᠬᠦ᠂ ᠬᠠᠮᠢᠶᠠᠷᠬᠤ ᠠᠵᠢᠯ ᠢ ᠬᠡᠷᠡᠭᠵᠢᠭᠦᠯᠵᠦ᠂ ᠠᠨᠠᠭᠠᠬᠤ ᠤᠬᠠᠭᠠᠨ ᠤ ᠦᠷᠭᠦᠯᠵᠢᠯᠡᠭᠰᠡᠨ | ᠰᠤᠷᠭᠠᠨ ᠬᠥᠮᠦᠵᠢᠯ ᠪᠣᠯᠤᠨ ᠲᠡᠭᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | (ᠠᠷᠪᠠᠨ ᠭᠤᠷᠪᠠ ) ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ᠂ ᠡᠷᠡᠭᠦᠯ | ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢ ᠠᠬᠢᠭᠤᠯᠬᠤ ᠪᠣᠯᠤᠨ ᠰᠤᠷᠠᠭ ᠵᠠᠩᠭᠢᠴᠢᠯᠠᠯᠲᠠ ᠶᠢᠨ ᠪᠠᠶᠢᠭᠤᠯᠤᠯᠲᠠ | ᠵᠡᠷᠭᠡ ᠠᠵᠢᠯ ᠢ ᠬᠠᠷᠢᠭᠤᠴᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | (ᠠᠷᠪᠠᠨ ᠳᠥᠷᠪᠡ ) ᠪᠦᠬᠦ ᠬᠤᠰᠢᠭᠤᠨ ᠤ ᠴᠢᠬᠤᠯᠠ ᠬᠤᠷᠠᠯ ᠪᠠ ᠴᠢᠬᠤᠯᠠ ᠶᠡᠭᠡ ᠠᠵᠢᠯᠯᠠᠭ᠎ᠠ ᠶᠢᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | (ᠠᠷᠪᠠᠨ ᠲᠠᠪᠤ ) ᠪᠦᠬᠦ ᠬᠤᠰᠢᠭᠤᠨ ᠤ ᠬᠢᠲᠠᠳ ᠡᠮ ᠡᠮᠨᠡᠯᠭᠡ ᠶᠢᠨ ᠳᠤᠮᠳᠠ ᠤᠷᠲᠤ ᠬᠤᠭᠤᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠲᠡᠭᠦᠨ ᠢ ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠪᠠ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ | ᠣᠷᠣᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | (ᠠᠷᠪᠠᠨ ᠵᠢᠷᠭᠤᠭ᠎ᠠ ) ᠬᠤᠰᠢᠭᠤ ᠵᠠᠰᠠᠭ ᠤᠨ ᠣᠷᠳᠣᠨ ᠤ ᠴᠢᠰᠤ ᠰᠤᠷᠤᠭᠴᠢ ᠬᠤᠷᠣᠬᠠᠶᠢᠲᠤ | ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠣᠳᠠᠲᠠᠢ ᠠᠵᠢᠯ ᠢ ᠡᠭᠦᠷᠭᠡᠯᠡᠵᠦ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠴᠢᠰᠤ ᠰᠤᠷᠤᠭᠴᠢ | ᠬᠤᠷᠣᠬᠠᠶᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ | ᠰᠢᠨᠵᠢᠯᠡᠬᠦ ᠤᠬᠠᠭᠠᠨ ᠤ ᠰᠤᠳᠤᠯᠤᠯ ᠤᠨ ᠬᠢᠨᠠᠨ ᠬᠡᠮᠵᠢᠯᠲᠡ ᠶᠢᠨ ᠠᠵᠢᠯ ᠢ ᠥᠷᠨᠢᠭᠦᠯᠦᠨ᠎ᠡ᠃ | (ᠠᠷᠪᠠᠨ ᠳᠣᠯᠤᠭ᠎ᠠ ) ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ | ᠵᠥᠪᠯᠡᠯ ᠪᠠ ᠬᠤᠰᠢᠭᠤᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠵᠥᠪᠯᠡᠯ ᠤᠨ ᠡᠳᠦᠷ | ᠳᠣᠳᠣᠮ ᠤᠨ ᠠᠵᠢᠯ ᠢ ᠡᠭᠦᠷᠭᠡᠯᠡᠨ᠎ᠡ᠃ | (ᠠᠷᠪᠠᠨ ᠨᠠᠢᠮᠠ ) ᠬᠤᠰᠢᠭᠤᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠡᠳᠦᠷ ᠳᠣᠳᠣᠮ ᠤᠨ | ᠠᠵᠢᠯ ᠢ ᠡᠭᠦᠷᠭᠡᠯᠡᠨ᠂ ᠬᠤᠰᠢᠭᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠲᠤᠬᠠᠶᠢᠯᠠᠭᠰᠠᠨ ᠠᠵᠢᠯ ᠢ | ᠵᠢᠯᠣᠭᠤᠳᠤᠨ᠎ᠠ᠃ | (ᠠᠷᠪᠠᠨ ᠵᠢᠰᠦ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ | ᠶᠠᠪᠤᠳᠠᠯ ᠢ ᠪᠡᠶᠡᠯᠡᠭᠦᠯᠦᠨ᠎ᠡ᠃ | ( ᠬᠤᠷᠢ ) ᠡᠭᠦᠷᠭᠡ ᠴᠢᠳᠠᠪᠤᠷᠢ ᠶᠢ ᠬᠤᠪᠢᠷᠠᠭᠤᠯᠬᠤ᠃ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠨᠢ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠶᠡᠭᠡ ᠣᠶᠢᠯᠠᠭᠠᠭᠳᠠᠬᠤᠨ ᠢ ᠪᠠᠲᠤ ᠪᠠᠬᠢ ᠪᠣᠢ | ᠪᠣᠯᠭᠠᠵᠤ᠂ ᠡᠷᠡᠭᠦᠯ ᠮᠡᠨᠳᠦ ᠶᠢᠨ ᠶᠣᠰᠣ ᠮᠣᠷᠠᠯ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ | ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠴᠢᠩᠭᠠᠳᠬᠠᠬᠤ | ᠂ ᠪᠠᠲᠤᠯᠠᠭ᠎ᠠ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠣᠯᠳᠠᠯᠭ᠎ᠠ ᠪᠣᠯᠭᠠᠵᠤ ᠪᠠᠶᠢᠭᠰᠠᠨ ᠢ | ᠠᠷᠠᠳ ᠲᠦᠮᠡᠨ ᠤ ᠡᠷᠡᠭᠦᠯ ᠮᠡᠨᠳᠦ ᠪᠠᠷ ᠲᠥᠪ ᠪᠣᠯᠭᠠᠵᠤ᠂ ᠠᠷᠠᠳ ᠣᠯᠠᠨ ᠳᠤ ᠪᠥᠬᠦ ᠲᠠᠯ᠎ᠠ ᠶᠢᠨ ᠦᠶᠡᠯᠡᠯ ᠤᠨ | ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠬᠤ ᠪᠠ | ᠡᠷᠡᠭᠦᠯ ᠮᠡᠨᠳᠦ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠵᠤ᠂ ᠡᠷᠡᠭᠦᠯ | ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ᠬᠤᠶᠠᠷ ᠲᠤ ᠠᠵᠢᠯ ᠤᠨ ᠭᠤᠣᠯᠳᠠᠯᠭ᠎ᠠ ᠪᠠᠨ | ᠦᠨᠳᠦᠰᠦᠨ ᠱᠠᠲᠤᠨ ᠳᠤ ᠰᠢᠯᠵᠢᠭᠦᠯᠬᠦ ᠪᠠ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠨᠡᠩ ᠴᠢᠬᠤᠯᠠᠴᠢᠯᠠᠵᠤ᠂ | ᠡᠷᠡᠭᠦᠯ ᠬᠠᠮᠠᠭᠠᠯᠠᠯ ᠡᠷᠡᠭᠦᠯ ᠴᠢᠭᠢᠷᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤᠨ ᠳᠤ | ᠤᠷᠲᠤᠳᠬᠠᠬᠤ᠂ ᠮᠠᠯᠵᠢᠬᠤ ᠲᠠᠷᠢᠶᠠᠯᠠᠬᠤ ᠣᠷᠣᠨ ᠢ ᠬᠠᠮᠤᠷᠬᠤ᠂ ᠬᠢᠯᠢ ᠬᠢᠵᠠᠭᠠᠷ ᠣᠷᠣᠨ ᠪᠣᠯᠤᠨ ᠠᠮᠢᠳᠤᠷᠠᠯ ᠨᠢ | ᠬᠦᠴᠢᠷᠳᠡᠯᠲᠡᠢ ᠣᠯᠠᠨ ᠲᠦᠮᠡᠨ ᠳᠠᠰᠢ ᠬᠡᠯᠪᠠᠶᠢᠯᠭᠡᠬᠦ ᠶᠢ ᠠᠬᠢᠭᠤᠯᠬᠤ ᠬᠡᠷᠡᠭᠲᠡᠢ᠃ᠭᠤᠷᠪᠠ ᠳᠤ ᠦᠢᠯᠡᠴᠢᠯᠡᠭᠡ | ᠬᠠᠩᠭᠠᠬᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠨᠡᠩ ᠢᠯᠡᠭᠦᠦ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠢ ᠲᠡᠩᠴᠡᠭᠦᠷᠢᠰᠢᠭᠦᠯᠬᠦ᠂ ᠲᠦᠭᠡᠮᠡᠯ ᠬᠠᠷᠠᠭᠠᠯᠵᠠᠯ | ᠬᠦᠷᠲᠡᠭᠡᠬᠦ᠂ ᠳᠥᠭᠦᠮ ᠲᠦᠳᠡ ᠪᠣᠯᠭᠠᠬᠤ ᠶᠢ ᠠᠬᠢᠭᠤᠯᠤᠨ᠎ᠠ᠃ᠳᠥᠷᠪᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠠᠯᠪᠠᠨ᠋ᠠ᠋ᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠠᠮᠢᠶᠠᠷᠬᠤ ᠪᠠ | ᠡᠷᠬᠢᠯᠡᠬᠦ ᠶᠢ ᠰᠠᠯᠭᠠᠬᠤ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠭᠤᠣᠯ ᠴᠣᠭᠴᠠ ᠶᠢᠨ ᠣᠯᠠᠨ ᠡᠰᠢᠵᠢᠯᠲᠡ᠂ ᠬᠠᠩᠭᠠᠬᠤ ᠠᠷᠭ᠎ᠠ ᠮᠠᠶ᠋ᠢᠭ ᠤᠨ ᠣᠯᠠᠨ | ᠶᠠᠩᠵᠤᠵᠢᠯᠲᠠ ᠶᠢ ᠲᠦᠯᠬᠢᠨ ᠠᠬᠢᠭᠤᠯᠤᠨ᠎ᠠ᠃ | ᠬᠤᠶᠠᠷ᠂ ᠳᠣᠲᠣᠭᠠᠳᠤ ᠪᠠᠶᠢᠭᠤᠯᠤᠮᠵᠢ | ( ᠨᠢᠭᠡ ) ᠠᠯᠪᠠᠨ ᠭᠡᠷ᠂ ᠬᠠᠷᠢᠯᠴᠠᠬᠤ ᠤᠲᠠᠰᠤ᠄ 0474 ︱ 52112899 ᠪᠠᠶᠢᠭᠤᠯᠤᠯᠭ᠎ᠠ ᠶᠢᠨ | ᠡᠳᠦᠷ ᠳᠣᠳᠣᠮ ᠤᠨ ᠠᠵᠢᠯᠯᠠᠭᠠᠨ ᠢ ᠬᠠᠷᠢᠭᠤᠴᠠᠵᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ | ᠰᠤᠷᠪᠤᠯᠵᠢᠯᠠᠯ᠂ ᠭᠠᠳᠠᠭᠠᠳᠤ ᠯᠤᠭ᠎ᠠ ᠬᠤᠷᠰᠢᠯᠴᠠᠨ ᠰᠣᠯᠢᠯᠴᠠᠭ᠎ᠠ ᠬᠢᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠵᠡᠷᠭᠡ ᠠᠵᠢᠯ ᠢ ᠡᠭᠦᠷᠭᠡᠯᠡᠨ᠎ᠡ᠃ | (ᠬᠤᠶᠠᠷ) ᠠᠵᠢᠯᠲᠠᠨ ᠤ ᠶᠠᠪᠤᠳᠠᠯ ᠤᠨ ᠲᠠᠰᠤᠭ ᠪᠠᠶᠢᠭᠤᠯᠤᠯᠭ᠎ᠠ ᠬᠢᠭᠡᠳ ᠬᠠᠷᠢᠶ᠎ᠠ ᠨᠢᠭᠡᠴᠡ ᠶᠢᠨ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠡᠩᠨᠡᠭᠡᠨ ᠤ ᠪᠠᠶᠢᠭᠤᠯᠤᠯᠲᠠ | ᠵᠡᠷᠭᠡ ᠠᠵᠢᠯ ᠢ ᠬᠠᠷᠢᠭᠤᠴᠠᠨ᠎ᠠ᠃ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ | ᠬᠢᠷᠢ ᠭᠡᠮ ᠤᠨ ᠬᠠᠮᠢᠶᠠᠷᠤᠯᠲᠠ ᠶᠢ ᠬᠠᠷᠢᠭᠤᠴᠠᠨ᠎ᠠ᠃ᠪᠠᠶᠢᠭᠤᠯᠤᠯᠭ᠎ᠠ ᠶᠢᠨ ᠠᠵᠢᠯᠠ᠋ᠴᠠ ᠪᠠᠨ ᠠᠮᠠᠷᠠᠭᠰᠠᠳ | ᠪᠠᠭᠤᠭᠰᠠᠳ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠡ ᠶᠢᠨ ᠠᠵᠢᠯᠠ᠋ᠴᠠ ᠪᠠᠨ ᠠᠮᠠᠷᠠᠭᠰᠠᠳ | ᠪᠠᠭᠤᠭᠰᠠᠳ ᠤᠨ ᠠᠵᠢᠯ ᠢ ᠵᠢᠯᠣᠭᠤᠳᠤᠨ᠎ᠠ᠃ | (ᠭᠤᠷᠪᠠ) ᠡᠳ᠋ ᠤᠨ ᠶᠠᠪᠤᠳᠠᠯ ᠤᠨ ᠲᠠᠰᠤᠭ ᠪᠠᠶᠢᠭᠤᠯᠤᠯᠭ᠎ᠠ ᠪᠠ ᠲᠥᠰᠥᠪ ᠤᠨ ᠬᠠᠮᠢᠶᠠᠷᠤᠯᠲᠠ ᠶᠢᠨ | ᠨᠢᠭᠡᠴᠡ ᠶᠢᠨ ᠲᠥᠰᠥᠪ ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ | ᠬᠠᠮᠢᠶᠠᠷᠤᠯᠲᠠ ᠪᠠ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠡᠭᠦᠷᠭᠡᠯᠡᠨ᠎ᠡ᠃ | ( ᠳᠥᠷᠪᠡ ) ᠲᠥᠯᠥᠪᠵᠢᠭᠦᠯᠦᠨ ᠬᠥᠭᠵᠢᠭᠦᠯᠬᠦ ᠬᠢᠭᠡᠳ ᠮᠡᠳᠡᠭᠡ ᠵᠠᠩᠭᠢ ᠶᠢᠨ ᠲᠠᠰᠤᠭ ᠡᠷᠡᠭᠦᠯ ᠡᠩᠬᠡ | ᠳᠥᠷᠪᠡᠳ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠵᠣᠬᠢᠴᠠᠭᠤᠯᠤᠨ ᠠᠬᠢᠭᠤᠯᠬᠤ ᠠᠵᠢᠯ ᠢ ᠡᠭᠦᠷᠭᠡᠯᠡᠨ᠂ | ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠳᠤᠮᠳᠠ ᠪᠠ ᠤᠷᠲᠤ | ᠬᠤᠭᠤᠴᠠᠭᠠᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠬᠤᠰᠢᠭᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ᠂ ᠮᠡᠳᠡᠭᠡ ᠵᠠᠩᠭᠢᠵᠢᠯᠲᠡ ᠶᠢᠨ ᠪᠦᠲᠦᠭᠡᠨ | ᠪᠠᠶᠢᠭᠤᠯᠤᠯᠲᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠦᠷᠢᠳᠬᠡᠯ ᠤᠨ ᠠᠵᠢᠯ ᠢ ᠵᠢᠯᠣᠭᠤᠳᠪᠠ᠃ | (ᠲᠠᠪᠤ) ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ (ᠬᠤᠰᠢᠭᠤᠨ ᠤ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ) ᠪᠦᠬᠦ ᠬᠤᠰᠢᠭᠤᠨ ᠤ ᠬᠦᠨᠳᠦ ᠡᠪᠡᠳᠴᠢᠨ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ᠂ ᠡᠭᠡᠯᠢᠯᠡᠭᠡ ᠶᠢᠨ ᠲᠥᠯᠥᠪᠵᠢᠭᠦᠯᠭᠡ᠂ ᠠᠷᠠᠳ ᠲᠦᠮᠡᠨ ᠤ ᠡᠷᠡᠭᠦᠯ ᠮᠡᠨᠳᠦ ᠶᠢ ᠬᠦᠨᠳᠦ ᠨᠣᠴᠢᠲᠠᠢ | ᠬᠤᠬᠢᠷᠠᠭᠤᠯᠤᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠳᠤ ᠭᠠᠷ ᠲᠥᠷᠥᠬᠦ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ᠬᠠᠯᠳᠠᠪᠤᠷᠢᠲᠤ ᠡᠪᠡᠳᠴᠢᠨ ᠤ ᠬᠢᠵᠢᠭ ᠤᠨ | ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠡᠭᠦᠷᠭᠡᠯᠡᠨ᠎ᠡ᠃《 ᠨᠠᠪᠴᠢᠨ ᠲᠠᠮᠠᠬᠢ ᠶᠢ ᠬᠢᠵᠠᠭᠠᠷᠯᠠᠬᠤ | ᠵᠠᠷᠴᠢᠮ ᠤᠨ ᠭᠡᠷ᠎ᠡ 》 ᠶᠢ ᠭᠦᠢᠴᠡᠳᠬᠡᠬᠦ ᠠᠵᠢᠯ ᠢ ᠬᠠᠷᠢᠭᠤᠴᠠᠨ᠎ᠠ᠃ᠢᠳᠡᠭᠡᠨ ᠤ ᠠᠶᠤᠯ ᠥᠬᠡᠢ ᠶᠢᠨ | ᠪᠠᠷᠢᠮᠵᠢᠶ᠎ᠠ ᠶᠢ ᠮᠥᠷᠳᠡᠨ ᠦᠨᠡᠯᠡᠬᠦ ᠠᠵᠢᠯ ᠢ ᠵᠢᠯᠣᠭᠤᠳᠤᠨ᠎ᠠ᠃ᠢᠳᠡᠭᠡᠨ ᠤ ᠠᠶᠤᠯ ᠥᠬᠡᠢ ᠶᠢᠨ ᠲᠦᠭᠰᠢᠭᠦᠷᠢ ᠶᠢ | ᠬᠢᠨᠠᠨ ᠬᠡᠮᠵᠢᠬᠦ᠂ ᠰᠣᠯᠢᠯᠴᠠᠬᠤ᠂ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃ᠭᠤᠣᠯᠳᠠᠯᠭ᠎ᠠ ᠲᠠᠢ ᠠᠵᠢᠯ ᠤᠨ | ᠨᠥᠯᠦᠭᠡᠨ ᠤ ᠡᠪᠡᠳᠴᠢᠨ ᠢ ᠬᠢᠨᠠᠨ ᠬᠡᠮᠵᠢᠬᠦ᠂ ᠲᠤᠰᠬᠠᠢ ᠵᠦᠢᠯ ᠤᠨ ᠪᠠᠶᠢᠴᠠᠭᠠᠯᠲᠠ ᠬᠢᠬᠦ᠂ ᠠᠵᠢᠯ ᠮᠡᠷᠭᠡᠵᠢᠯ ᠤᠨ | ᠡᠷᠡᠭᠦᠯ ᠮᠡᠨᠳᠦ ᠶᠢᠨ ᠲᠦᠭᠰᠢᠭᠦᠷᠢ ᠶᠢ ᠦᠨᠡᠯᠡᠨ ᠵᠢᠱᠢᠬᠦ ᠪᠣᠯᠤᠨ ᠠᠵᠢᠯ ᠮᠡᠷᠭᠡᠵᠢᠯ ᠤᠨ ᠬᠥᠮᠦᠰ ᠤᠨ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠬᠡᠷᠡᠭᠲᠡᠢ᠃ᠠᠵᠢᠯ ᠤᠨ ᠨᠥᠯᠦᠭᠡᠨ ᠤ ᠡᠪᠡᠳᠴᠢᠨ ᠢ | ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠥᠷᠨᠢᠭᠦᠯᠬᠦ ᠬᠡᠷᠡᠭᠲᠡᠢ᠃ | ( ᠵᠢᠷᠭᠤᠭ᠎ᠠ ) ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ ᠲᠠᠰᠤᠭ ᠡᠮᠴᠢᠯᠡᠭᠡᠨ ᠤ | ᠪᠠᠶᠢᠭᠤᠯᠤᠮᠵᠢ ᠵᠢᠴᠢ ᠡᠮᠴᠢᠯᠡᠭᠡᠨ ᠤ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠯᠲᠡ᠂ ᠡᠮᠴᠢᠯᠡᠭᠡᠨ ᠤ ᠶᠠᠰᠤ | ᠴᠢᠨᠠᠷ ᠪᠠ ᠠᠮᠤᠷ ᠲᠦᠪᠰᠢᠨ᠂ ᠡᠮᠴᠢᠯᠡᠭᠡᠨ ᠤ ᠦᠢᠯᠡᠴᠢᠯᠡᠭᠡ᠂ ᠴᠢᠰᠤ ᠠᠪᠬᠤ ᠴᠢᠰᠤ ᠬᠠᠩᠭᠠᠬᠤ | ᠪᠠᠶᠢᠭᠤᠯᠤᠮᠵᠢ ᠶᠢᠨ ᠬᠠᠮᠢᠶᠠᠷᠤᠯᠲᠠ ᠵᠢᠴᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠵᠡᠷᠭᠡ ᠠᠵᠢᠯ | ᠲᠥᠷᠥᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠵᠢᠷᠤᠮᠵᠢᠯ᠂ ᠪᠠᠷᠢᠮᠵᠢᠶ᠎ᠠ ᠶᠢ ᠲᠣᠭᠲᠠᠭᠠᠬᠤ ᠶᠢᠨ | ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ᠠᠰᠠᠷᠠᠨ ᠰᠤᠪᠢᠯᠠᠬᠤ᠂ ᠡᠷᠡᠭᠦᠯᠵᠢᠭᠦᠯᠬᠦ ᠦᠢᠯᠡᠰ ᠤᠨ | ᠬᠥᠭᠵᠢᠯᠲᠦ ᠶᠢ ᠠᠬᠢᠭᠤᠯᠬᠤ ᠠᠵᠢᠯ ᠢ ᠡᠭᠦᠷᠭᠡᠯᠡᠨ᠃ᠠᠯᠪᠠᠨ᠋ᠠ᠋ᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠠᠵᠢᠯᠯᠠᠭᠠᠨ ᠤ ᠬᠢᠨᠠᠯᠲᠠ ᠬᠠᠮᠢᠶᠠᠷᠤᠯᠲᠠ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠ ᠬᠢᠨᠠᠨ ᠰᠢᠯᠭᠠᠬᠤ | ᠳᠦᠷᠢᠮ ᠢ ᠲᠣᠭᠲᠠᠭᠠᠨ᠎ᠠ᠃ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠣᠳᠠᠲᠠᠢ ᠠᠵᠢᠯ ᠢ ᠳᠠᠭᠠᠭᠠᠨ ᠡᠭᠦᠷᠭᠡᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ | ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ᠋ᠠ᠋ᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃ | ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯ | ᠬᠡᠷᠡᠭᠯᠡᠬᠦ ᠶᠢ ᠬᠢᠨᠠᠨ ᠬᠡᠮᠵᠢᠬᠦ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠠ ᠳᠤᠲᠠᠭᠳᠠᠵᠤ ᠪᠠᠶᠢᠭ᠎ᠠ | ᠡᠮ ᠤᠨ ᠵᠦᠢᠯ ᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠎ᠡ᠃ᠤᠯᠠᠭᠠᠨᠴᠠᠪ ᠬᠤᠲᠠ ᠶᠢᠨ ᠡᠷᠡᠭᠦᠯ | ᠮᠡᠨᠳᠦ ᠶᠢ ᠬᠠᠮᠠᠭᠠᠯᠠᠬᠤ ᠡᠲᠡᠭᠡᠳ ᠤᠨ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠪᠠ ᠰᠡᠷᠭᠡᠶᠢᠯᠡᠬᠦ ᠡᠷᠡᠭᠦᠯ | ᠮᠡᠨᠳᠦ ᠶᠢ ᠬᠠᠮᠠᠭᠠᠯᠠᠬᠤ ᠠᠵᠢᠯ ᠢ ᠡᠭᠦᠷᠭᠡᠯᠡᠵᠦ᠂ ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | (ᠳᠣᠯᠤᠭ᠎ᠠ) ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠰᠤᠭ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠣᠯᠤᠨ | ᠬᠥᠳᠡᠭᠡ ᠲᠣᠰᠬᠤᠨ ᠤ ᠡᠮᠴᠢ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ | ( ᠨᠠᠢᠮᠠ ) ᠡᠬᠡ ᠨᠢᠯᠬᠠᠰ ᠤᠨ ᠡᠷᠡᠭᠦᠯ ᠮᠡᠨᠳᠦ ᠶᠢᠨ ᠲᠠᠰᠤᠭ ᠡᠬᠡ ᠨᠢᠯᠬᠠᠰ ᠤᠨ ᠡᠷᠡᠭᠦᠯ ᠬᠠᠮᠠᠭᠠᠯᠠᠯ᠂ | ᠲᠥᠷᠥᠬᠦ ᠭᠡᠮ ᠰᠣᠭᠤᠭ ᠢ ᠰᠡᠷᠭᠡᠶᠢᠯᠡᠨ ᠵᠠᠰᠠᠬᠤ᠂ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ | ᠂ ᠬᠥᠮᠦᠨ ᠲᠥᠷᠥᠯᠬᠢᠲᠡᠨ ᠤ ᠦᠷᠡᠵᠢᠯ ᠢ ᠲᠤᠰᠠᠯᠠᠬᠤ ᠮᠡᠷᠭᠡᠵᠢᠯ ᠤᠨ ᠬᠠᠮᠢᠶᠠᠷᠤᠯᠲᠠ᠂ ᠦᠷᠡᠵᠢᠯ ᠤᠨ ᠮᠡᠷᠭᠡᠵᠢᠯ ᠤᠨ | ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ | ( ᠵᠢᠰᠦ ) ᠮᠣᠩᠭᠤᠯ ᠬᠢᠲᠠᠳ ᠡᠮ ᠡᠮᠨᠡᠯᠭᠡ ᠶᠢᠨ ᠲᠠᠰᠤᠭ ᠮᠣᠩᠭᠤᠯ ᠬᠢᠲᠠᠳ ᠡᠮ ᠡᠮᠨᠡᠯᠭᠡ ᠶᠢᠨ | ᠲᠥᠷᠥ ᠶᠢᠨ ᠪᠣᠳᠣᠯᠭ᠎ᠠ ᠪᠠ ᠶᠡᠷᠦᠩᠬᠡᠶᠢᠯᠡᠭᠰᠡᠨ ᠬᠢᠨᠠᠯᠲᠠ ᠲᠠᠯᠪᠢᠯᠲᠠ᠂ ᠰᠣᠶᠣᠯ ᠤᠨ ᠪᠠᠶᠢᠭᠤᠯᠤᠯᠲᠠ᠂ ᠰᠣᠨᠢᠨ | ᠮᠡᠳᠡᠭᠡᠨ ᠤ ᠤᠬᠠᠭᠤᠯᠭ᠎ᠠ᠂ ᠡᠷᠡᠭᠦᠯ ᠮᠡᠨᠳᠦ ᠶᠢ ᠠᠬᠢᠭᠤᠯᠬᠤ ᠵᠢᠴᠢ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ | ᠵᠡᠷᠭᠡ ᠠᠵᠢᠯ ᠢ ᠬᠠᠷᠢᠭᠤᠴᠠᠨ᠎ᠠ᠃ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ | ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠭᠡᠨ ᠪᠣᠯᠤᠨ ᠡᠮᠴᠢᠯᠡᠭᠡᠨ ᠳᠤ ᠬᠡᠷᠡᠭᠯᠡᠬᠦ ᠡᠮ ᠤᠨ ᠬᠠᠮᠢᠶᠠᠷᠤᠯᠲᠠ᠂ | ᠦᠨᠡᠯᠡᠯᠲᠡ ᠶᠢ ᠬᠠᠷᠢᠭᠤᠴᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠥᠭᠡᠷᠡᠴᠢᠯᠡᠯᠲᠡ ᠬᠥᠭᠵᠢᠯᠲᠡ ᠪᠣᠯᠤᠨ | ᠴᠢᠳᠠᠪᠤᠷᠢ ᠶᠢᠨ ᠳᠡᠭᠡᠭᠰᠢᠯᠡᠯᠲᠡ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠬᠢᠲᠠᠳ ᠡᠮ ᠡᠮᠨᠡᠯᠭᠡ ᠶᠢᠨ | ᠦᠢᠯᠡᠴᠢᠯᠡᠭᠡ ᠶᠢ ᠵᠢᠯᠣᠭᠤᠳᠤᠨ᠎ᠠ᠃ᠮᠣᠩᠭᠤᠯ ᠬᠢᠲᠠᠳ ᠡᠮ ᠡᠮᠨᠡᠯᠭᠡ ᠶᠢᠨ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠬᠠᠮᠢᠶᠠᠷᠤᠨ᠎ᠠ᠃ᠮᠣᠩᠭᠤᠯ ᠬᠢᠲᠠᠳ ᠡᠮ ᠡᠮᠨᠡᠯᠭᠡ ᠶᠢᠨ ᠣᠨᠣᠯ᠂ ᠡᠮᠴᠢᠯᠡᠭᠡᠨ ᠤ ᠮᠡᠷᠭᠡᠵᠢᠯ ᠪᠣᠯᠤᠨ | ᠡᠮ ᠤᠨ ᠵᠦᠢᠯ ᠢ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠶᠢ ᠬᠠᠷᠢᠭᠤᠴᠠᠵᠤ᠂ ᠮᠣᠩᠭᠤᠯ ᠬᠢᠲᠠᠳ ᠡᠮ | ᠡᠮᠨᠡᠯᠭᠡ ᠶᠢᠨ ᠴᠢᠳᠠᠪᠤᠷᠢᠲᠠᠨ ᠢ ᠬᠥᠮᠦᠵᠢᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠤᠯ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠬᠤ᠂ ᠬᠡᠷᠡᠭᠯᠡᠬᠦ᠂ ᠳᠡᠯᠭᠡᠷᠡᠭᠦᠯᠬᠦ ᠪᠠ ᠮᠣᠩᠭᠤᠯ ᠬᠢᠲᠠᠳ ᠡᠮ ᠡᠮᠨᠡᠯᠭᠡ ᠶᠢᠨ ᠭᠠᠳᠠᠭᠠᠳᠤ ᠯᠤᠭ᠎ᠠ ᠶᠢᠨ | ᠰᠣᠯᠢᠯᠴᠠᠭ᠎ᠠ ᠬᠢᠵᠦ ᠬᠤᠷᠰᠢᠯᠴᠠᠬᠤ ᠶᠢ ᠠᠬᠢᠭᠤᠯᠬᠤ ᠬᠡᠷᠡᠭᠲᠡᠢ᠃ | (ᠠᠷᠪᠠ) ᠬᠠᠤᠯᠢ ᠳᠦᠷᠢᠮ ᠤᠨ ᠬᠢᠨᠠᠯᠲᠠ ᠲᠠᠯᠪᠢᠬᠤ ᠲᠠᠰᠤᠭ ᠵᠠᠰᠠᠭ ᠵᠠᠬᠢᠷᠭᠠᠨ ᠤ ᠳᠠᠬᠢᠨ ᠵᠥᠪᠯᠡᠬᠦ᠂ | ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ | ᠡᠮᠨᠡᠯᠭᠡ ᠡᠷᠡᠭᠦᠯ ᠬᠠᠮᠠᠭᠠᠯᠠᠯ ᠵᠡᠷᠭᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠂ ᠡᠮᠴᠢᠯᠡᠭᠡ ᠶᠢᠨ | ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ | ᠤᠤᠭᠤᠬᠤ ᠤᠰᠤᠨ ᠤ ᠠᠷᠢᠭᠤᠨ ᠴᠡᠪᠡᠷ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ | ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠶᠡᠷᠦᠩᠬᠡᠶᠢᠯᠡᠭᠰᠡᠨ ᠬᠢᠨᠠᠯᠲᠠ | ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠯᠣᠭᠤᠳᠤᠨ | ᠵᠢᠷᠤᠮᠵᠢᠭᠤᠯᠤᠨ᠎ᠠ᠃ᠲᠣᠭᠲᠠᠭᠠᠭᠰᠠᠨ ᠡᠷᠬᠡ ᠮᠠᠲᠠᠯ ᠤᠨ ᠬᠡᠪᠴᠢᠶ᠎ᠡ ᠶᠣᠰᠣᠭᠠᠷ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ | (ᠠᠷᠪᠠᠨ ᠨᠢᠭᠡ )ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠠᠵᠢᠯ ᠢ | ᠡᠭᠦᠷᠭᠡᠯᠡᠨ᠂ ᠲᠤᠰᠬᠠᠢ ᠵᠦᠢᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ | ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠵᠢᠯᠣᠭᠤᠳᠴᠤ ᠬᠢᠨᠠᠯᠲᠠ | ᠲᠠᠯᠪᠢᠬᠤ ᠠᠵᠢᠯ ᠢ ᠡᠭᠦᠷᠭᠡᠯᠡᠨ᠎ᠡ᠃ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲᠧᠮ ᠪᠠ | ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠢ ᠪᠠᠴᠢᠮ ᠠᠷᠭᠠᠴᠠᠵᠤ ᠰᠢᠢᠳᠪᠦᠷᠢᠯᠡᠬᠦ ᠮᠡᠳᠡᠭᠡ ᠵᠠᠩᠭᠢ ᠶᠢ ᠨᠡᠶᠢᠲᠡᠯᠡᠨ᠎ᠡ᠃ | (ᠠᠷᠪᠠᠨ ᠬᠤᠶᠠᠷ ) ᠤᠬᠠᠭᠤᠯᠬᠤ ᠲᠠᠰᠤᠭ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ᠂ ᠡᠷᠡᠭᠦᠯ | ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠠᠵᠢᠯ ᠢ ᠡᠭᠦᠷᠭᠡᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ᠂ ᠰᠣᠨᠢᠨ ᠮᠡᠳᠡᠭᠡ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ᠂ ᠬᠠᠯᠠᠮᠰᠢᠯ | ᠤᠲᠠᠰᠤ ᠪᠠ ᠠᠵᠢᠯ ᠲᠥᠷᠥᠯ ᠤᠨ ᠭᠠᠳᠠᠭᠠᠳᠤ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ | | (ᠠᠷᠪᠠᠨ ᠭᠤᠷᠪᠠ ) ᠬᠥᠮᠦᠨ ᠠᠮᠠ ᠶᠢᠨ ᠭᠡᠷ ᠪᠦᠯᠢ ᠬᠢᠭᠡᠳ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠲᠠᠰᠤᠭ ᠬᠥᠮᠦᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠬᠦ ᠶᠢᠨ ᠬᠠᠮᠲᠤ ᠬᠥᠮᠦᠨ ᠠᠮᠠ | ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ | ᠦᠷᠡᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠲᠥᠯᠥᠪᠯᠡᠭᠡᠲᠦ ᠦᠷᠡᠵᠢᠯ ᠤᠨ ᠭᠡᠷ ᠪᠦᠯᠢ ᠶᠢ ᠲᠡᠳᠬᠦᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠨᠠᠰᠤᠵᠢᠯ ᠢ ᠠᠷᠭᠠᠴᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠬᠤ ᠪᠠ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ᠡᠮᠴᠢᠯᠡᠬᠦ ᠠᠰᠠᠷᠠᠬᠤ ᠶᠢ ᠤᠶᠠᠯᠳᠤᠭᠤᠯᠬᠤ ᠲᠥᠷᠥ ᠶᠢᠨ | ᠪᠣᠳᠣᠯᠭ᠎ᠠ᠂ ᠪᠠᠷᠢᠮᠵᠢᠶ᠎ᠠ ᠪᠣᠯᠤᠨ ᠵᠢᠷᠤᠮᠵᠢᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ | ᠬᠡᠷᠡᠭᠲᠡᠢ᠃ | ᠬᠠᠷᠢᠯᠴᠠᠬᠤ ᠤᠲᠠᠰᠤ᠄ 0474—5208589 | ᠠᠵᠢᠯᠯᠠᠬᠤ ᠴᠠᠭ᠄ 9᠄ 00—12᠄ 00᠂ 14᠄ 30—18᠄ 00 ( ᠭᠠᠷᠠᠭ ᠤᠨ ᠨᠢᠭᠡᠨ ᠠᠴᠠ ᠭᠠᠷᠠᠭ ᠤᠨ | ᠲᠠᠪᠤᠨ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠪᠠᠭᠲᠠᠬᠤ ᠦᠭᠡᠢ ) | | ᠪᠠᠶᠢᠭᠤᠯᠭ᠎ᠠ ᠶᠢᠨ ᠬᠠᠶᠢᠭ ᠄ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠬᠤᠶᠢᠲᠤ ᠵᠠᠮ ᠨᠢᠭᠡᠴᠢ | ᠰᠢᠤᠳᠠᠨ ᠬᠠᠶᠢᠷᠴᠠᠭ᠄ szwqwjwyz@163. com | ᠬᠠᠷᠢᠭᠤᠴᠠᠯᠭᠠᠲᠠᠨ᠄ ᠸᠠᠩ ᠪᠢᠶᠣᠤ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |