ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ
ᠨᠡᠶᠢᠲᠡᠯᠡᠭᠰᠡᠨ ᠴᠠᠭ᠄
2024/11/1
      ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ      ᠳᠥᠷᠪᠡᠳ ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠲᠣᠪᠴᠢᠶ᠎ᠠ ( ᠳᠣᠷᠣᠭᠰᠢ ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠲᠣᠪᠴᠢᠶ᠎ᠠ ᠭᠡᠵᠦ ᠲᠣᠪᠴᠢᠯᠠᠨ᠎ᠠ ) ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠵᠢᠩᠬᠢᠨᠢ ᠠᠩᠭᠢ᠂ ᠳᠥᠷᠪᠡᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠠᠴᠠ ᠨᠢᠭᠡᠳᠦᠯᠲᠡᠢ ᠬᠠᠮᠢᠶᠠᠷᠴᠤ ᠵᠣᠬᠢᠴᠠᠭᠤᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ ᠪᠣᠯ᠄         ( ᠨᠢᠭᠡ ) ᠣᠢ ᠰᠢᠭᠤᠢ ᠪᠣᠯᠤᠨ ᠨᠤᠲᠤᠭ ᠪᠡᠯᠴᠢᠭᠡᠷ ᠵᠢᠴᠢ ᠠᠮᠢ ᠠᠬᠤᠢ ᠶᠢ ᠬᠠᠮᠠᠭᠠᠯᠠᠵᠤ ᠪᠦᠲᠦᠭᠡᠨ ᠪᠠᠶᠢᠭᠤᠯᠵᠤ ᠰᠡᠷᠭᠦᠭᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ᠣᠢ ᠰᠢᠭᠤᠢ ᠪᠣᠯᠤᠨ ᠨᠤᠲᠤᠭ ᠪᠡᠯᠴᠢᠭᠡᠷ ᠵᠢᠴᠢ ᠠᠮᠢ ᠠᠬᠤᠢ ᠶᠢ ᠬᠠᠮᠠᠭᠠᠯᠠᠵᠤ ᠪᠦᠲᠦᠭᠡᠨ ᠪᠠᠶᠢᠭᠤᠯᠵᠤ ᠰᠡᠷᠭᠦᠭᠡᠬᠦ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠤᠨ ᠡᠬᠡ ᠨᠣᠣᠷᠠᠭ ᠢ ᠲᠤᠭᠤᠷᠪᠢᠬᠤ ᠬᠡᠷᠡᠭᠲᠡᠢ᠃ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦ ᠮᠠᠩᠬ᠎ᠠ ᠪᠣᠯᠤᠨ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠦᠨᠡᠯᠡᠯᠲᠡ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃        ( ᠬᠤᠶᠠᠷ ) ᠣᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠪᠦᠲᠦᠭᠡᠨ ᠪᠠᠶᠢᠭᠤᠯᠵᠤ ᠰᠡᠷᠭᠦᠭᠡᠬᠦ ᠪᠠ ᠣᠶᠢᠵᠢᠭᠤᠯᠵᠤ ᠨᠣᠭᠤᠭᠠᠷᠠᠭᠤᠯᠬᠤ ᠪᠠ ᠨᠤᠲᠤᠭ ᠪᠡᠯᠴᠢᠭᠡᠷ ᠢ ᠨᠣᠭᠤᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠭᠤᠣᠯᠳᠠᠯᠭᠠᠲᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠣᠢ᠂ ᠲᠠᠸᠠᠷ ᠤᠨ ᠣᠢ ᠶᠢ ᠪᠤᠶᠢᠵᠢᠭᠤᠯᠤᠨ ᠡᠵᠡᠩᠨᠡᠬᠦ ᠶᠢ ᠵᠢᠯᠣᠭᠤᠳᠴᠤ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠵᠤ ᠡᠪᠡᠰᠦ ᠲᠠᠷᠢᠬᠤ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠪᠣᠯᠤᠨ ᠴᠡᠴᠡᠷᠯᠢᠭᠵᠢᠭᠦᠯᠦᠭᠰᠡᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠ ᠬᠢᠵᠢᠭ ᠪᠠᠶᠢᠴᠠᠭᠠᠬᠤ ᠠᠵᠢᠯ ᠢ ᠵᠢᠯᠣᠭᠤᠳᠬᠤ ᠬᠡᠷᠡᠭᠲᠡᠢ᠃ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃           ( ᠭᠤᠷᠪᠠ ) ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ᠬᠤᠰᠢᠭᠤᠨ ᠤ ᠣᠢ ᠮᠣᠳᠣ ᠣᠭᠲᠣᠯᠬᠤ ᠬᠢᠵᠠᠭᠠᠷ ᠲᠤᠭ᠎ᠠ ᠶᠢ ᠨᠠᠶᠢᠷᠠᠭᠤᠯᠤᠨ ᠲᠣᠭᠲᠠᠭᠠᠬᠤ ᠪᠥᠭᠡᠳ ᠬᠢᠨᠠᠯᠲᠠ ᠲᠠᠯᠪᠢᠨ ᠬᠡᠷᠡᠭᠵᠢᠭᠦᠯᠦᠨ᠎ᠡ᠃ᠣᠢ ᠮᠣᠳᠣᠨ ᠤ ᠭᠠᠵᠠᠷ᠂ ᠪᠡᠯᠴᠢᠭᠡᠷ᠂ ᠴᠢᠭᠢᠭᠯᠢᠭ ᠭᠠᠵᠠᠷ ᠤᠨ ᠬᠠᠮᠢᠶᠠᠷᠤᠯᠲᠠ ᠶᠢ ᠬᠠᠷᠢᠭᠤᠴᠠᠵᠤ᠂ ᠣᠢ ᠮᠣᠳᠣᠨ ᠤ ᠭᠠᠵᠠᠷ᠂ ᠡᠪᠡᠰᠦᠲᠦ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠣᠢ ᠶᠢ ᠵᠠᠭᠠᠭᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠴᠤ᠂ ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠣᠢ ᠰᠢᠭᠤᠢ ᠶᠢᠨ ᠡᠬᠢ ᠪᠠᠶᠠᠯᠢᠭ ᠢ ᠬᠠᠮᠢᠶᠠᠷᠤᠨ᠎ᠠ᠃ᠪᠦᠬᠦ ᠬᠤᠰᠢᠭᠤᠨ ᠤ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ᠂ ᠮᠠᠯ ᠪᠡᠯᠴᠢᠭᠡᠷ ᠤᠨ ᠲᠡᠩᠴᠡᠭᠦᠷᠢ ᠪᠠ ᠣᠢ ᠰᠢᠭᠤᠢ ᠶᠢᠨ ᠭᠠᠵᠠᠷ᠂ ᠲᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠨ᠂ ᠣᠢ ᠰᠢᠭᠤᠢ ᠪᠠ ᠲᠠᠯ᠎ᠠ ᠨᠤᠲᠤᠭ ᠤᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠬᠤ ᠬᠡᠷᠡᠭᠲᠡᠢ᠃ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠤ᠂ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠪᠠ ᠬᠠᠮᠢᠶ᠎ᠠ ᠪᠥᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠵᠤ᠂ ᠨᠤᠭᠤ ᠭᠠᠵᠠᠷ ᠤᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠬᠤ ᠬᠡᠷᠡᠭᠲᠡᠢ᠃        ( ᠳᠥᠷᠪᠡ ) ᠴᠥᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ ᠬᠢᠨᠠᠯᠲᠠ ᠲᠠᠯᠪᠢᠵᠤ ᠬᠠᠮᠢᠶᠠᠷᠤᠨ᠎ᠠ᠃ᠡᠯᠡᠰᠦᠨ ᠴᠦᠯ ᠳᠠᠬᠢ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠴᠠᠭᠠᠵᠠᠯᠠᠬᠤ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠯᠡᠰᠦᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠨᠡᠭᠡᠭᠡᠨ ᠠᠰᠢᠭᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠲᠥᠰᠦᠭᠡᠯᠡᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠬᠤ ᠬᠡᠷᠡᠭᠲᠡᠢ᠃            ( ᠲᠠᠪᠤ ) ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠰᠢᠭᠤᠨ ᠤ ᠭᠤᠣᠯᠳᠠᠯᠭ᠎ᠠ ᠲᠠᠢ ᠬᠠᠮᠠᠭᠠᠯᠠᠬᠤ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠨᠡᠷᠡᠰ ᠢ ᠲᠣᠭᠲᠠᠭᠠᠬᠤ ᠪᠠ ᠲᠣᠬᠢᠷᠠᠭᠤᠯᠵᠤ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠵᠤ ᠦᠷᠡᠵᠢᠭᠦᠯᠬᠦ᠂ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ ᠪᠠ ᠬᠢᠵᠢᠭ ᠤᠨ ᠡᠬᠢ ᠰᠤᠷᠪᠤᠯᠵᠢ ᠶᠢᠨ ᠬᠢᠵᠢᠭ ᠡᠪᠡᠳᠴᠢᠨ ᠢ ᠬᠢᠨᠠᠨ ᠬᠡᠮᠵᠢᠬᠦ ᠠᠵᠢᠯ ᠢ ᠵᠢᠯᠣᠭᠤᠳᠴᠤ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ ᠴᠤᠭᠯᠠᠭᠤᠯᠬᠤ᠂ ᠳᠠᠰᠬᠠᠨ ᠲᠡᠵᠢᠭᠡᠵᠦ ᠦᠷᠡᠵᠢᠭᠦᠯᠬᠦ ᠪᠤᠶᠤ ᠪᠤᠶᠢᠵᠢᠭᠤᠯᠬᠤ᠂ ᠡᠵᠡᠩᠨᠡᠵᠦ ᠠᠰᠢᠭᠯᠠᠬᠤ ᠶᠢ ᠬᠢᠨᠠᠨ ᠬᠠᠮᠢᠶᠠᠷᠴᠤ᠂ ᠬᠡᠭᠡᠷ᠎ᠡ ᠶᠢᠨ ᠠᠮᠢᠲᠠᠨ ᠤᠷᠭᠤᠮᠠᠯ ᠢ ᠭᠠᠳᠠᠭᠠᠲᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠢ ᠠᠵᠢᠯ ᠬᠤᠪᠢᠶᠠᠷᠢᠯᠠᠨ ᠬᠢᠨᠠᠨ ᠬᠠᠮᠢᠶᠠᠷᠤᠨ᠎ᠠ᠃           ( ᠵᠢᠷᠭᠤᠭ᠎ᠠ ) ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠥᠯᠥᠪᠵᠢᠭᠦᠯᠭᠡ ᠪᠠ ᠬᠠᠮᠢᠶ᠎ᠠ ᠪᠥᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠨ᠎ᠠ᠃ᠡᠯ᠎ᠡ ᠲᠥᠷᠥᠯ ᠤᠨ ᠤᠯᠤᠰ ᠤᠨ ᠱᠠᠲᠤ ᠪᠣᠯᠤᠨ ᠥᠪᠡᠷᠲᠡᠭᠡᠨ ᠵᠠᠰᠠᠬᠤ ᠣᠷᠣᠨ ᠤ ᠱᠠᠲᠤ᠂ ᠬᠤᠲᠠ ᠶᠢᠨ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠪᠣᠯᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠶᠢ ᠬᠠᠷᠢᠭᠤᠴᠠᠨ᠎ᠠ᠃ᠰᠢᠨ᠎ᠡ ᠪᠠᠷ ᠪᠠᠶᠢᠭᠤᠯᠬᠤ᠂ ᠲᠣᠬᠢᠷᠠᠭᠤᠯᠤᠯᠲᠠ ᠬᠢᠬᠦ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ᠂ ᠤᠯᠠᠭᠠᠨᠴᠠᠪ ᠬᠤᠲᠠ ᠶᠢᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠨ ᠬᠠᠷᠭᠤᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ᠂ ᠳᠡᠰ ᠳᠠᠷᠠᠭᠠᠯᠠᠯ ᠢᠶᠠᠷ ᠮᠡᠳᠡᠭᠦᠯᠦᠨ ᠵᠥᠪᠰᠢᠶᠡᠷᠡᠭᠦᠯᠵᠦ᠂ ᠪᠠᠶᠢᠭᠠᠯᠢ ᠶᠢᠨ ᠥᠪ ᠬᠥᠷᠥᠩᠭᠡ ᠶᠢᠨ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠪᠠᠶᠢᠭᠠᠯᠢ ᠪᠠ ᠰᠣᠶᠣᠯ ᠤᠨ ᠬᠤᠣᠰ ᠥᠪ ᠬᠥᠷᠥᠩᠭᠡ ᠶᠢᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠬᠡᠷᠡᠭᠲᠡᠢ᠃ᠪᠢᠣᠯᠣᠭᠢ ᠶᠢᠨ ᠣᠯᠠᠨ ᠵᠦᠢᠯ ᠳᠤ ᠴᠢᠨᠠᠷ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠵᠤ᠃           ( ᠳᠣᠯᠤᠭ᠎ᠠ ) ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠴᠢᠬᠢ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠤᠨ᠂ ᠣᠢ ᠮᠣᠳᠣᠨ ᠤ ᠦᠷ᠎ᠡ ᠪᠠ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠂ ᠬᠤᠰᠢᠭᠤ ᠣᠢ ᠮᠣᠳᠣᠨ ᠤ ᠦᠷ᠎ᠡ ᠪᠠ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠦᠷ᠎ᠡ ᠪᠠ ᠦᠷ᠎ᠡ ᠲᠡᠭᠦᠬᠦ ᠣᠢ ᠮᠣᠳᠣ ᠶᠢ ᠲᠣᠭᠲᠠᠭᠠᠵᠤ᠂ ᠰᠠᠶᠢᠨ ᠦᠷ᠎ᠡ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠨ᠂ ᠣᠢ ᠮᠣᠳᠣᠨ ᠤ ᠦᠷ᠎ᠡ ᠪᠠ ᠵᠤᠯᠵᠠᠭ᠎ᠠ᠂ ᠡᠪᠡᠰᠦᠨ ᠦᠷ᠎ᠡ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠬᠠᠮᠢᠶᠠᠷᠴᠤ᠂ ᠣᠢ ᠮᠣᠳᠣᠨ ᠤ ᠦᠷ᠎ᠡ ᠪᠠ ᠵᠤᠯᠵᠠᠭ᠎ᠠ᠂ ᠡᠪᠡᠰᠦᠨ ᠤ ᠦᠷ᠎ᠡ ᠶᠠᠰᠤ ᠴᠢᠨᠠᠷ ᠢ ᠬᠢᠨᠠᠨ ᠬᠠᠮᠢᠶᠠᠷᠤᠨ᠎ᠠ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠲᠥᠷᠥᠯ ᠵᠦᠢᠯ ᠤᠨ ᠬᠠᠮᠠᠭᠠᠯᠠᠯᠲᠠ ᠶᠢ ᠬᠢᠨᠠᠯᠲᠠ ᠲᠠᠯᠪᠢᠨ ᠬᠠᠮᠢᠶᠠᠷᠤᠨ᠎ᠠ᠃ᠣᠢ ᠮᠣᠳᠣᠨ ᠤ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠨ᠎ᠠ ;ᠬᠦᠷᠰᠢ ᠵᠡᠷᠭᠡᠯᠡᠳᠡᠭᠡ ᠭᠠᠵᠠᠷ ᠨᠢ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠳᠤ ᠪᠠᠭᠲᠠᠬᠤ ᠮᠤᠵᠢ ᠣᠷᠣᠨ᠋‌‍ᠠ᠋ᠴᠠ ᠣᠢ ᠮᠣᠳᠣᠨ ᠤ ᠰᠠᠶᠢᠨ ᠦᠷ᠎ᠡ ᠶᠢ ᠣᠷᠣᠭᠤᠯᠬᠤ ᠬᠢᠨᠠᠨ ᠵᠥᠪᠰᠢᠶᠡᠷᠡᠯ ᠢ ᠬᠠᠷᠢᠭᠤᠴᠠᠨ᠎ᠠ ;ᠣᠢ ᠮᠣᠳᠣᠨ ᠤ ᠦᠷ᠎ᠡ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ ;ᠦᠷ᠎ᠡ ᠡᠭᠦᠯᠳᠡᠷ ᠤᠨ ᠶᠠᠰᠤ ᠴᠢᠨᠠᠷ ᠤᠨ ᠵᠢᠭᠤᠷᠠᠯᠳᠤᠭᠠᠨ ᠢ ᠡᠶᠡᠳᠡᠭᠦᠯᠬᠦ ᠡᠭᠦᠷᠭᠡ ᠬᠠᠷᠢᠭᠤᠴᠠᠯᠭ᠎ᠠ᠃        ( ᠨᠠᠢᠮᠠ ) ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠵᠢᠴᠢ ᠮᠣᠳᠣᠨ ᠮᠠᠲ᠋ᠧᠷᠢᠶᠠᠯ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠬᠠᠮᠢᠶ᠎ᠠ ᠪᠥᠬᠦᠢ ᠣᠢ ᠰᠢᠭᠤᠢ ᠡᠪᠡᠰᠦᠨ ᠤ ᠠᠵᠤ ᠦᠢᠯᠡᠰ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠨ ᠬᠡᠷᠡᠭᠵᠢᠭᠦᠯᠵᠦ᠂ ᠣᠢ ᠰᠢᠭᠤᠢ ᠡᠪᠡᠰᠦᠨ ᠤ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠠᠮᠢ ᠠᠬᠤᠢ ᠶᠢᠨ ᠶᠠᠳᠠᠭᠤ ᠶᠢ ᠲᠡᠳᠬᠦᠬᠦ ᠬᠠᠮᠢᠶ᠎ᠠ ᠪᠥᠬᠦᠢ ᠠᠵᠢᠯ ᠢ ᠵᠢᠯᠣᠭᠤᠳᠤᠨ᠎ᠠ᠃            ( ᠵᠢᠰᠦ ) ᠪᠦᠬᠦ ᠬᠤᠰᠢᠭᠤᠨ ᠤ ᠣᠢ ᠰᠢᠭᠤᠢ᠂ ᠨᠤᠲᠤᠭ ᠪᠡᠯᠴᠢᠭᠡᠷ ᠤᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃        ( ᠠᠷᠪᠠ ) ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠠᠬᠢᠭᠤᠯᠤᠨ᠎ᠠ᠃ᠬᠤᠰᠢᠭᠤᠨ ᠤ ᠬᠠᠮᠲᠤ ᠶᠢᠨ ᠣᠢ ᠰᠢᠭᠤᠢ ᠶᠢᠨ ᠡᠷᠬᠡ ᠶᠢᠨ ᠳᠦᠷᠢᠮ ᠢ ᠲᠣᠭᠲᠠᠭᠠᠵᠤ᠂ ᠤᠯᠤᠰ ᠤᠨ ᠥᠮᠴᠢᠯᠡᠯᠲᠦ ᠰᠢᠭᠤᠶᠢᠲᠤ ᠣᠷᠣᠨ᠂ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠲᠠᠯ᠎ᠠ ᠶᠢᠨ ᠥᠭᠡᠷᠡᠴᠢᠯᠡᠯᠲᠡ ᠶᠢᠨ ᠰᠠᠨᠠᠯ ᠢ ᠭᠤᠣᠯᠳᠠᠯᠭ᠎ᠠ ᠲᠠᠢ ᠬᠢᠨᠠᠨ ᠬᠡᠷᠡᠭᠵᠢᠭᠦᠯᠦᠨ᠎ᠡ᠃ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠬᠥᠭᠵᠢᠯᠲᠡ ᠵᠢᠴᠢ ᠣᠢ ᠰᠢᠭᠤᠢ᠂ ᠨᠤᠲᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠵᠤ᠂ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ᠃ᠲᠠᠷᠢᠶᠠᠯᠠᠬᠤ ᠪᠠᠨ ᠵᠣᠭᠰᠣᠭᠠᠵᠤ ᠪᠡᠯᠴᠢᠭᠡᠷᠯᠡᠭᠦᠯᠦᠨ ᠮᠠᠯᠵᠢᠬᠤ ᠶᠢ ᠵᠣᠭᠰᠣᠭᠠᠵᠤ ᠡᠪᠡᠰᠦ ᠮᠣᠳᠣ ᠲᠠᠷᠢᠬᠤ ᠪᠠ ᠪᠠᠶᠢᠭᠠᠯᠢ ᠶᠢᠨ ᠣᠢ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃       ( ᠠᠷᠪᠠᠨ ᠨᠢᠭᠡ ) ᠰᠠᠯᠠᠭ᠎ᠠ ᠮᠥᠴᠢᠷ ᠤᠨ ᠲᠥᠰᠥᠪ ᠢ ᠳᠤᠷᠠᠳᠤᠨ ᠭᠠᠷᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠬᠤ ᠬᠡᠷᠡᠭᠲᠡᠢ᠃ᠬᠤᠰᠢᠭᠤ ᠣᠢ ᠰᠢᠭᠤᠢ ᠪᠣᠯᠤᠨ ᠲᠠᠯ᠎ᠠ ᠨᠤᠲᠤᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠲᠣᠭᠲᠠᠭᠠᠯ ᠶᠣᠰᠣᠭᠠᠷ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠡᠮᠡᠯᠵᠡᠯᠡᠨ ᠮᠡᠳᠡᠭᠦᠯᠦᠨ᠎ᠡ᠃ᠬᠤᠰᠢᠭᠤ ᠣᠢ ᠰᠢᠭᠤᠢ ᠪᠣᠯᠤᠨ ᠲᠠᠯ᠎ᠠ ᠨᠤᠲᠤᠭ ᠤᠨ ᠠᠵᠤ ᠠᠬᠤᠢ ᠶᠢᠨ ᠲᠣᠬᠢᠷᠠᠭᠤᠯᠤᠯᠲᠠ ᠪᠠ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠣᠢ ᠰᠢᠭᠤᠢ ᠪᠣᠯᠤᠨ ᠲᠠᠯ᠎ᠠ ᠨᠤᠲᠤᠭ ᠤᠨ ᠠᠮᠢ ᠠᠬᠤᠢ ᠶᠢᠨ ᠨᠥᠬᠦᠪᠥᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠵᠢᠯ ᠤᠨ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠲᠣᠭᠲᠠᠭᠠᠨ᠎ᠠ᠃           (ᠠᠷᠪᠠᠨ ᠬᠤᠶᠠᠷ ) ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠣᠯᠤᠨ ᠭᠠᠳᠠᠭᠠᠳᠤ ᠯᠤᠭ᠎ᠠ ᠰᠣᠯᠢᠯᠴᠠᠭ᠎ᠠ ᠬᠢᠬᠦ ᠪᠠ ᠬᠤᠷᠰᠢᠯᠴᠠᠬᠤ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠣᠢ ᠰᠢᠭᠤᠢ ᠪᠣᠯᠤᠨ ᠲᠠᠯ᠎ᠠ ᠨᠤᠲᠤᠭ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ᠨᠤᠭᠤ ᠭᠠᠵᠠᠷ᠂ ᠴᠥᠯᠡᠷᠬᠡᠭᠵᠢᠯ ᠢ ᠰᠡᠷᠭᠡᠶᠢᠯᠡᠨ ᠵᠠᠰᠠᠬᠤ᠂ ᠲᠦᠭᠰᠢᠭᠦᠷᠢᠳᠡᠭᠰᠡᠨ ᠬᠡᠭᠡᠷ᠎ᠡ ᠶᠢᠨ ᠠᠮᠢᠲᠠᠨ ᠤᠷᠭᠤᠮᠠᠯ ᠤᠨ ᠲᠥᠷᠥᠯ ᠵᠡᠷᠭᠡ ᠣᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃            ( ᠠᠷᠪᠠᠨ ᠭᠤᠷᠪᠠ ) ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠰᠢᠭᠤᠶᠢᠲᠤ ᠣᠷᠣᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃           ( ᠠᠷᠪᠠᠨ ᠳᠥᠷᠪᠡ ) ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠥᠬᠡᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠪᠠᠶᠢᠬᠤ ᠶᠢ ᠬᠠᠮᠠᠭᠠᠯᠠᠬᠤ᠂ ᠢᠳᠡᠭᠡᠨ ᠤ ᠠᠶᠤᠯ ᠥᠬᠡᠢ᠂ ᠶᠠᠳᠠᠭᠤ᠋_‍ᠠ᠋ᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃            ( ᠠᠷᠪᠠᠨ ᠲᠠᠪᠤ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃           ( ᠠᠷᠪᠠᠨ ᠵᠢᠷᠭᠤᠭ᠎ᠠ ) ᠡᠭᠦᠷᠭᠡ ᠴᠢᠳᠠᠪᠤᠷᠢ ᠪᠠᠨ ᠬᠤᠪᠢᠷᠠᠭᠤᠯᠬᠤ ᠬᠡᠷᠡᠭᠲᠡᠢ᠃ᠬᠤᠰᠢᠭᠤᠨ ᠤ ᠣᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠨᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠬᠦᠴᠦᠯᠡᠴᠡ ᠪᠠᠨ ᠦᠨᠡᠨᠬᠦ ᠨᠡᠮᠡᠭᠳᠡᠭᠦᠯᠵᠦ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠂ ᠣᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ ᠤᠨ ᠬᠢᠨᠠᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠠᠬᠢᠭᠤᠯᠤᠨ᠂ ᠪᠦᠬᠦ ᠬᠤᠰᠢᠭᠤᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ ᠪᠠᠲᠤᠯᠠᠨ᠎ᠠ᠃ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠢᠯᠭᠠᠷᠠᠭᠤᠯᠤᠨ ᠵᠢᠷᠤᠮᠵᠢᠭᠤᠯᠬᠤ ᠪᠠ ᠨᠡᠶᠢᠯᠡᠭᠦᠯᠦᠨ ᠡᠮᠬᠢᠯᠡᠨ ᠨᠡᠶᠢᠯᠡᠭᠦᠯᠬᠦ ᠶᠢ ᠨᠢᠭᠡᠳᠦᠯᠲᠡᠢ ᠲᠦᠯᠬᠢᠨ ᠠᠬᠢᠭᠤᠯᠤᠨ᠎ᠠ᠃            (ᠠᠷᠪᠠᠨ ᠳᠣᠯᠤᠭ᠎ᠠ ) ᠡᠭᠦᠷᠭᠡ  ᠬᠠᠷᠢᠭᠤᠴᠠᠯᠭ᠎ᠠ ᠶᠢᠨ ᠬᠤᠪᠢᠶᠠᠷᠢᠯᠠᠯ᠃        1. ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤ ᠣᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠨᠢ ᠬᠤᠰᠢᠭᠤ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠣᠢ ᠰᠢᠭᠤᠢ ᠪᠠ ᠲᠠᠯ᠎ᠠ ᠨᠤᠲᠤᠭ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ ;ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠡᠭᠦᠰᠦᠯ ᠤᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠪᠣᠳᠠᠲᠠᠢ ᠪᠠᠶᠢᠳᠠᠯ ᠢᠶᠠᠨ ᠦᠨᠳᠦᠰᠦᠯᠡᠵᠦ᠂ ᠣᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠵᠥᠪᠳᠡᠯᠴᠡᠵᠦ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠣᠯᠤᠨ᠎ᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠦᠬᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠥᠷᠥ ᠶᠢᠨ ᠪᠣᠳᠣᠯᠭ᠎ᠠ ᠪᠠ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢ ᠬᠠᠷᠢᠭᠤᠴᠠᠵᠤ᠂ ᠪᠦᠬᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠶᠡᠷᠦᠩᠬᠡᠢ ᠲᠥᠯᠥᠪᠵᠢᠭᠦᠯᠭᠡ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠢᠨᠠᠨ ᠬᠡᠷᠡᠭᠵᠢᠭᠦᠯᠦᠨ᠎ᠡ᠃ᠣᠢ ᠰᠢᠭᠤᠢ ᠶᠢᠨ ᠭᠠᠯ ᠰᠡᠷᠭᠡᠶᠢᠯᠡᠬᠦ ᠲᠣᠨᠤᠭ ᠲᠥᠬᠦᠭᠡᠷᠦᠮᠵᠢ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠪᠦᠬᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠠᠷᠢᠭᠤᠴᠠᠨ᠎ᠠ ;ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ᠂ ᠴᠠᠭᠳᠠᠨ ᠪᠠᠶᠢᠴᠠᠭᠠᠬᠤ ᠪᠠ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ᠂ ᠭᠠᠯ ᠤᠨ ᠠᠶᠤᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠤᠨᠲᠠᠷᠠᠭᠠᠬᠤ ᠠᠵᠢᠯ ᠢ ᠵᠢᠯᠣᠭᠤᠳᠬᠤ ᠬᠡᠷᠡᠭᠲᠡᠢ᠃ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠤᠭᠤᠷᠣᠨᠳᠣᠬᠢ᠂ ᠰᠠᠯᠠᠭ᠎ᠠ ᠮᠥᠴᠢᠷ ᠤᠨ ᠬᠤᠭᠤᠷᠣᠨᠳᠣᠬᠢ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ ;ᠪᠦᠬᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠱᠠᠭᠠᠷᠳᠠᠨ ᠪᠠᠶᠢᠴᠠᠭᠠᠬᠤ ᠪᠠ ᠭᠠᠯ ᠰᠡᠷᠭᠡᠶᠢᠯᠡᠬᠦ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠭᠠᠯ ᠰᠡᠷᠭᠡᠶᠢᠯᠡᠬᠦ ᠪᠣᠯᠪᠠᠰᠤᠷᠠᠯ ᠵᠡᠷᠭᠡ ᠠᠵᠢᠯ ᠢ ᠬᠠᠷᠢᠭᠤᠴᠠᠨ᠎ᠠ ;ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠡᠳᠦᠷ ᠳᠣᠳᠣᠮ ᠤᠨ ᠠᠵᠢᠯ ᠢ ᠬᠠᠷᠢᠭᠤᠴᠠᠨ᠎ᠠ᠃         2᠃ ᠬᠤᠰᠢᠭᠤᠨ ᠤ ᠬᠥᠭᠵᠢᠯ᠂ ᠥᠭᠡᠷᠡᠴᠢᠯᠡᠨ ᠪᠠᠶᠢᠭᠤᠯᠤᠯᠲᠠ ᠶᠢᠨ ᠬᠤᠷᠢᠶ᠎ᠠ ᠲᠠᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯᠲᠠ᠃ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ‌‍ᠡᠴᠡ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠢᠨᠵᠢᠯᠡᠵᠦ᠂ ᠬᠥᠭᠵᠢᠯᠲᠡ ᠶᠢᠨ ᠲᠥᠯᠥᠪᠵᠢᠭᠦᠯᠭᠡ᠂ ᠪᠠᠶᠢᠭᠤᠯᠤᠮᠵᠢ ᠶᠢᠨ ᠥᠭᠡᠷᠡᠴᠢᠯᠡᠯᠲᠡ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ ᠨᠤᠲᠤᠭ ᠪᠡᠯᠴᠢᠭᠡᠷ᠂ ᠤᠰᠤᠨ ᠠᠰᠢᠭᠯᠠᠯᠲᠠ᠂ ᠠᠮᠢ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠪᠠ ᠲᠥᠷᠥ ᠶᠢᠨ ᠪᠣᠳᠣᠯᠭ᠎ᠠ ᠶᠢ ᠬᠠᠷᠢᠯᠴᠠᠨ ᠲᠡᠩᠴᠡᠭᠦᠷᠢᠰᠢᠭᠦᠯᠦᠨ᠎ᠡ᠃ ᠬᠤᠰᠢᠭᠤ ᠣᠢ ᠰᠢᠭᠤᠢ ᠪᠣᠯᠤᠨ ᠲᠠᠯ᠎ᠠ ᠨᠤᠲᠤᠭ ᠤᠨ ᠲᠣᠪᠴᠢᠶ᠎ᠠ ᠬᠠᠮᠢᠶ᠎ᠠ ᠪᠦᠬᠦᠢ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃         ᠬᠤᠶᠠᠷ᠂ ᠳᠣᠲᠣᠭᠠᠳᠤ ᠪᠠᠶᠢᠭᠤᠯᠤᠮᠵᠢ᠄      ( ᠨᠢᠭᠡ ) ᠠᠯᠪᠠᠨ ᠭᠡᠷ᠃ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠲᠣᠪᠴᠢᠶᠠᠨ ᠤ ᠤᠳᠤᠷᠢᠳᠤᠯᠭ᠎ᠠ ᠶᠢ ᠬᠠᠪᠰᠤᠷᠤᠨ ᠡᠳᠦᠷ ᠲᠤᠲᠤᠮ ᠤᠨ ᠴᠢᠨᠠᠷᠲᠠᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠢ ᠰᠢᠢᠳᠪᠦᠷᠢᠯᠡᠬᠦ ᠪᠥᠭᠡᠳ ᠲᠣᠭᠲᠠᠭᠠᠯ᠂ ᠰᠢᠢᠳᠪᠦᠷᠢ ᠳᠤ ᠰᠢᠮᠳᠠᠭᠤᠯᠤᠨ ᠭᠦᠢᠴᠡᠳᠬᠡᠬᠦ ᠪᠠ ᠬᠠᠷᠢᠭᠤ ᠲᠤᠰᠬᠠᠬᠤ ᠠᠵᠢᠯ ᠬᠢᠨ᠎ᠡ ;ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯ ᠢ ᠵᠣᠬᠢᠴᠠᠭᠤᠯᠵᠤ᠂ ᠭᠦᠢᠴᠡᠳᠬᠡᠬᠦ ᠪᠠᠶᠢᠭᠤᠯᠭ᠎ᠠ ᠶᠢᠨ ᠡᠯ᠎ᠡ ᠵᠦᠢᠯ ᠤᠨ ᠬᠡᠷᠡᠭ ᠵᠥᠪᠯᠡᠬᠦ ᠳᠦᠷᠢᠮ ᠪᠠ ᠠᠵᠢᠯ ᠤᠨ ᠳᠦᠷᠢᠮ ᠢ ᠲᠣᠭᠲᠠᠭᠠᠬᠤ ᠪᠠ ᠲᠡᠭᠦᠨ ᠳᠤ ᠬᠢᠨᠠᠯᠲᠠ ᠲᠠᠯᠪᠢᠵᠤ᠂ ᠳᠣᠲᠣᠭᠠᠳᠤ ᠭᠠᠳᠠᠭᠠᠳᠤ ᠶᠢᠨ ᠠᠵᠢᠯ ᠢ ᠵᠣᠬᠢᠴᠠᠭᠤᠯᠬᠤ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠵᠥᠷᠢᠴᠡᠯ ᠢ ᠠᠷᠢᠯᠭᠠᠬᠤ᠂ ᠵᠠᠬᠢᠳᠠᠯ ᠰᠤᠷᠪᠤᠯᠵᠢᠯᠠᠭ᠎ᠠ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠰᠠᠨᠠᠭᠤᠯᠭ᠎ᠠ ᠪᠠ ᠰᠠᠨᠠᠯ ᠵᠥᠪᠯᠡᠯᠭᠡ ᠵᠢᠴᠢ ᠡᠯ᠎ᠡ ᠵᠦᠢᠯ ᠤᠨ ᠬᠦᠯᠢᠶᠡᠨ ᠠᠪᠬᠤ ᠠᠵᠢᠯ ᠢ ᠬᠠᠷᠢᠭᠤᠴᠠᠨ᠎ᠠ ;ᠪᠠᠶᠢᠭᠤᠯᠭ᠎ᠠ ᠶᠢᠨ ᠨᠠᠷᠢᠨ ᠨᠢᠭᠤᠴᠠ᠂ ᠳᠠᠩᠰᠠ ᠡᠪᠬᠡᠮᠡᠯ᠂ ᠤᠬᠠᠭᠤᠯᠭ᠎ᠠ᠂ ᠨᠢᠭᠤᠴᠠ ᠶᠢ ᠬᠠᠮᠠᠭᠠᠯᠠᠬᠤ ᠠᠵᠢᠯ᠂ ᠣᠶᠤᠨ ᠤ ᠪᠣᠯᠪᠠᠰᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠶᠤᠯᠭᠦᠢ ᠵᠡᠷᠭᠡ ᠠᠵᠢᠯ ᠢ ᠬᠠᠷᠢᠭᠤᠴᠠᠨ᠎ᠠ ;ᠪᠠᠶᠢᠭᠤᠯᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡ᠂ ᠡᠯ᠎ᠡ ᠵᠦᠢᠯ ᠤᠨ ᠪᠠᠶᠢᠭᠤᠯᠤᠯᠭ᠎ᠠ ᠶᠢᠨ ᠬᠠᠮᠢᠶᠠᠷᠤᠯᠲᠠ᠂ ᠬᠤᠷᠠᠯ ᠤᠨ ᠪᠡᠯᠡᠳᠬᠡᠯ ᠠᠵᠢᠯ ᠢ ᠬᠠᠷᠢᠭᠤᠴᠠᠵᠤ᠂ ᠲᠣᠪᠴᠢᠶᠠᠨ ᠤ ᠪᠠᠶᠢᠭᠤᠯᠤᠯᠭ᠎ᠠ ᠶᠢᠨ ᠬᠤᠷᠠᠯᠳᠤᠭᠤᠯᠤᠭᠰᠠᠨ ᠡᠯ᠎ᠡ ᠲᠥᠷᠥᠯ ᠤᠨ ᠬᠤᠷᠠᠯᠳᠤᠭᠠᠨ ᠢ ᠵᠣᠬᠢᠶᠠᠨ ᠪᠠᠶᠢᠭᠤᠯᠵᠤ ᠬᠤᠷᠠᠯᠳᠤᠭᠤᠯᠬᠤ ᠪᠥᠭᠡᠳ ᠬᠤᠷᠠᠯ‌‍ᠠ᠋ᠴᠠ ᠡᠮᠦᠨᠡᠬᠢ᠂ ᠬᠤᠷᠠᠯ ᠤᠨ ᠳᠠᠷᠠᠭᠠᠬᠢ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ ;ᠲᠤᠭ᠎ᠠ ᠪᠦᠷᠢᠳᠬᠡᠯ ᠬᠢᠵᠦ᠂ ᠣᠢ ᠰᠢᠭᠤᠢ ᠪᠠ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠡᠯ᠎ᠡ ᠵᠦᠢᠯ ᠤᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ ;ᠶᠡᠷᠦᠩᠬᠡᠶᠢᠯᠡᠨ ᠬᠠᠮᠢᠶᠠᠷᠬᠤ ᠲᠣᠪᠴᠢᠶᠠᠨ ᠤ ᠪᠠᠶᠢᠭᠤᠯᠭ᠎ᠠ ᠬᠢᠭᠡᠳ ᠲᠣᠪᠴᠢᠶᠠᠨ ᠤ ᠬᠠᠷᠢᠶ᠎ᠠ ᠨᠢᠭᠡᠴᠢ ᠶᠢᠨ ᠵᠣᠬᠢᠶᠠᠨ ᠪᠠᠶᠢᠭᠤᠯᠤᠯᠲᠠ᠂ ᠠᠵᠢᠯᠲᠠᠨ ᠤ ᠶᠠᠪᠤᠳᠠᠯ᠂ ᠬᠥᠳᠡᠯᠮᠦᠷᠢ ᠶᠢᠨ ᠠᠵᠢᠯ ;ᠲᠣᠪᠴᠢᠶᠠᠨ ᠤ ᠪᠠᠶᠢᠭᠤᠯᠭ᠎ᠠ ᠵᠢᠴᠢ ᠲᠣᠪᠴᠢᠶᠠᠨ ᠤ ᠬᠠᠷᠢᠶ᠎ᠠ ᠨᠢᠭᠡᠴᠢ ᠶᠢᠨ ᠠᠵᠢᠯᠲᠠᠨ ᠤ ᠣᠨ ᠤ ᠬᠢᠨᠠᠨ ᠰᠢᠯᠭᠠᠯᠲᠠ ᠶᠢ ᠬᠠᠷᠢᠭᠤᠴᠠᠬᠤ ᠪᠥᠭᠡᠳ ᠲᠣᠪᠴᠢᠶᠠᠨ ᠤ ᠡᠯ᠎ᠡ ᠨᠢᠭᠡᠴᠢ ᠶᠢᠨ ᠬᠠᠷᠠᠯᠲᠠᠲᠤ ᠬᠠᠮᠢᠶᠠᠷᠤᠯᠲᠠ ᠶᠢ ᠰᠢᠪᠠᠳᠠᠨ ᠪᠠᠶᠢᠴᠠᠭᠠᠨ᠎ᠠ ;ᠲᠣᠪᠴᠢᠶᠠᠨ ᠤ ᠬᠠᠷᠢᠶ᠎ᠠ ᠨᠢᠭᠡᠴᠢ ᠶᠢᠨ ᠲᠤᠰᠬᠠᠢ ᠮᠡᠷᠭᠡᠵᠢᠯ ᠤᠨ ᠠᠵᠢᠯᠲᠠᠨ ᠢ ᠰᠢᠯᠭᠠᠬᠤ᠂ ᠬᠢᠨᠠᠨ ᠰᠢᠯᠭᠠᠬᠤ᠂ ᠮᠡᠷᠭᠡᠵᠢᠯ ᠤᠨ ᠴᠣᠯᠠ ᠲᠣᠭᠲᠠᠭᠠᠬᠤ᠂ ᠤᠷᠢᠨ ᠲᠣᠮᠢᠯᠠᠬᠤ ᠪᠠ ᠠᠵᠢᠯᠴᠢᠨ ᠤ ᠮᠡᠷᠭᠡᠵᠢᠯ ᠤᠨ ᠵᠡᠷᠭᠡ ᠳᠡᠰ ᠤᠨ ᠪᠣᠯᠪᠠᠰᠤᠷᠠᠯ ᠪᠠ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ ;ᠪᠠᠶᠢᠭᠤᠯᠭ᠎ᠠ ᠶᠢᠨ ᠠᠯᠪᠠᠲᠠᠨ ᠪᠠ ᠲᠣᠪᠴᠢᠶᠠᠨ ᠤ ᠬᠠᠷᠢᠶ᠎ᠠ ᠨᠢᠭᠡᠴᠢ ᠶᠢᠨ ᠠᠵᠢᠯᠲᠠᠨ ᠠᠵᠢᠯᠴᠢᠨ ᠤ ᠴᠠᠯᠢᠩ᠂ ᠳᠠᠭᠠᠳᠬᠠᠯ ᠠᠰᠠᠷᠠᠮᠵᠢ᠂ ᠠᠵᠢᠯ ᠤᠨ ᠲᠣᠬᠢᠷᠠᠭᠤᠯᠤᠯᠲᠠ ᠵᠡᠷᠭᠡ ᠲᠠᠯ᠎ᠠ ᠶᠢᠨ ᠠᠵᠢᠯ ᠢ ᠳᠠᠭᠠᠭᠠᠨ ᠠᠪᠴᠤ ᠭᠦᠢᠴᠡᠳᠬᠡᠵᠦ᠂ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠨᠠᠮ ᠤᠨ ᠠᠵᠢᠯ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠣᠯᠠᠨ ᠲᠦᠮᠡᠨ ᠤ ᠪᠦᠯᠬᠦᠮ ᠤᠨ ᠡᠳᠦᠷ ᠳᠣᠳᠣᠮ ᠤᠨ ᠠᠵᠢᠯ ᠢ ᠬᠠᠷᠢᠭᠤᠴᠠᠨ᠎ᠠ ;ᠡᠯ᠎ᠡ ᠵᠦᠢᠯ ᠤᠨ ᠡᠳ᠋ ᠤᠨ ᠵᠠᠰᠠᠭ ᠤᠨ ᠪᠡᠯᠡ ᠮᠥᠩᠭᠦ᠂ ᠲᠤᠰᠬᠠᠢ ᠵᠦᠢᠯ ᠤᠨ ᠪᠡᠯᠡ ᠮᠥᠩᠭᠦ ᠵᠢᠴᠢ ᠣᠢ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ᠂ ᠲᠣᠭᠠᠴᠠᠭ᠎ᠠ᠂ ᠬᠡᠷᠡᠭᠯᠡᠯᠲᠡ᠂ ᠬᠢᠨᠠᠯᠲᠠ ᠲᠠᠯᠪᠢᠯᠲᠠ ᠶᠢ ᠬᠠᠷᠢᠭᠤᠴᠠᠨ᠎ᠠ ;ᠡᠯ᠎ᠡ ᠵᠦᠢᠯ ᠤᠨ ᠵᠠᠷᠤᠳᠠᠯ ᠢ ᠬᠢᠨᠠᠨ ᠬᠠᠷᠭᠤᠭᠤᠯᠬᠤ᠂ ᠳᠠᠩᠰᠠ ᠲᠠᠶᠢᠯᠬᠤ ᠶᠢ ᠬᠠᠷᠢᠭᠤᠴᠠᠬᠤ ᠪᠥᠭᠡᠳ ᠲᠤᠰ ᠨᠢᠭᠡᠴᠢ ᠶᠢᠨ ᠢᠶᠠᠨ ᠲᠥᠰᠥᠪ ᠪᠠ ᠲᠥᠰᠥᠪ ᠤᠨ ᠭᠦᠢᠴᠡᠳᠬᠡᠯ᠂ ᠨᠢᠭᠲᠡᠯᠠᠨ ᠪᠣᠳᠣᠯᠲᠠ ᠶᠢᠨ ᠮᠡᠳᠡᠭᠦᠯᠦᠯᠲᠡ ᠶᠢᠨ ᠬᠦᠰᠦᠨᠦᠭᠲᠦ ᠵᠢᠴᠢ ᠬᠤᠯᠪᠣᠭᠳᠠᠯ ᠪᠦᠬᠦᠢ ᠮᠡᠳᠡᠭᠦᠯᠦᠯᠲᠡ ᠵᠡᠷᠭᠡ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠨᠠᠶᠢᠷᠠᠭᠤᠯᠤᠨ ᠵᠣᠬᠢᠶᠠᠨ᠎ᠠ ;ᠤᠯᠤᠰ ᠤᠨ 《 ᠨᠢᠭᠲᠡᠯᠠᠨ ᠪᠣᠳᠣᠬᠤ ᠬᠠᠤᠯᠢ 》 ᠪᠣᠯᠤᠨ ᠳᠡᠭᠡᠳᠦ ᠱᠠᠲᠤᠨ ᠤ ᠬᠤᠯᠪᠣᠭᠳᠠᠯ ᠪᠦᠬᠦᠢ ᠡᠳ᠋ ᠤᠨ ᠶᠠᠪᠤᠳᠠᠯ ᠤᠨ ᠬᠠᠤᠯᠢ ᠲᠣᠭᠲᠠᠭᠠᠯ ᠤᠨ ᠲᠣᠭᠲᠠᠭᠠᠯ ᠢ ᠬᠢᠨᠠᠮᠠᠭᠠᠢ ᠰᠤᠷᠤᠯᠴᠠᠨ᠂ ᠡᠵᠡᠮᠰᠢᠨ᠂ ᠲᠤᠤᠱᠯᠠᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠪᠠ ᠡᠳ᠋ ᠤᠨ ᠵᠠᠰᠠᠭ ᠠᠵᠤ ᠠᠬᠤᠢ ᠶᠢᠨ ᠳᠦᠷᠢᠮ ᠲᠣᠭᠲᠠᠭᠠᠯ ᠤᠳ ᠢ ᠴᠢᠩᠭ᠎ᠠ ᠬᠡᠷᠡᠭᠵᠢᠭᠦᠯᠵᠦ᠂ ᠡᠳ᠋ ᠤᠨ ᠶᠠᠪᠤᠳᠠᠯ ᠤᠨ ᠳᠠᠩᠰᠠ ᠬᠠᠷ᠎ᠠ ᠶᠢ ᠡᠳᠦᠷ ᠰᠠᠷ᠎ᠠ ᠪᠠᠷ ᠳ᠋ᠦ᠋ᠩᠨᠡᠨ ᠪᠣᠳᠣᠬᠤ ᠬᠡᠷᠡᠭᠲᠡᠢ ;ᠡᠳ᠋ ᠤᠨ ᠵᠠᠰᠠᠭ᠂ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠯᠤᠭ᠎ᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠪᠡᠯᠡ ᠮᠥᠩᠭᠦ ᠰᠠᠯᠭᠠᠨ ᠥᠭᠬᠦ ᠵᠡᠷᠭᠡ ᠲᠠᠯ᠎ᠠ ᠶᠢᠨ ᠬᠠᠷᠢᠴᠠᠭ᠎ᠠ ᠶᠢ ᠵᠣᠬᠢᠴᠠᠭᠤᠯᠬᠤ ;ᠲᠣᠭᠲᠠᠮᠠᠯ ᠬᠥᠷᠥᠩᠭᠡ ᠶᠢᠨ ᠲᠣᠭᠠᠴᠠᠭ᠎ᠠ ᠶᠢᠨ ᠠᠵᠢᠯ ᠢ ᠬᠠᠷᠢᠭᠤᠴᠠᠵᠤ᠂ ᠲᠣᠭᠲᠠᠮᠠᠯ ᠬᠥᠷᠥᠩᠭᠡ ᠶᠢ ᠬᠤᠳᠠᠯᠳᠤᠨ ᠠᠪᠬᠤ᠂ ᠰᠢᠢᠳᠪᠦᠷᠢᠯᠡᠬᠦ᠂ ᠢᠯᠭᠠᠷᠠᠭᠤᠯᠤᠨ ᠪᠠᠶᠢᠴᠠᠭᠠᠬᠤ ᠠᠵᠢᠯ ᠳᠤ ᠣᠷᠣᠯᠴᠠᠵᠤ᠂ ᠲᠣᠭᠲᠠᠮᠠᠯ ᠬᠥᠷᠥᠩᠭᠡ ᠶᠢᠨ ᠡᠬᠡ ᠳᠠᠩᠰᠠ ᠶᠢ ᠪᠠᠶᠢᠭᠤᠯᠤᠨ᠎ᠠ ;ᠡᠳ᠋ ᠤᠨ ᠶᠠᠪᠤᠳᠠᠯ ᠤᠨ ᠠᠮᠤᠷ ᠲᠦᠪᠰᠢᠨ ᠤ ᠠᠵᠢᠯ ᠢ ᠬᠠᠷᠢᠭᠤᠴᠠᠨ ᠰᠠᠶᠢᠲᠤᠷ ᠬᠢᠵᠦ᠂ ᠬᠤᠯᠠᠭᠠᠶᠢᠯᠠᠬᠤ ᠶᠠᠪᠤᠳᠠᠯ ᠢ ᠰᠡᠷᠭᠡᠶᠢᠯᠡᠨ ᠬᠤᠷᠢᠭᠯᠠᠵᠤ᠂ ᠱᠠᠮᠰᠢᠨ ᠨᠡᠭᠦᠯᠭᠡᠨ ᠬᠡᠷᠡᠭᠯᠡᠬᠦ ᠶᠢ ᠬᠤᠷᠢᠭᠯᠠᠨ ᠵᠣᠭᠰᠣᠭᠠᠬᠤ ᠬᠡᠷᠡᠭᠲᠡᠢ ;ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠰᠢᠰᠲ᠋ᠧᠮ ᠤᠨ ᠡᠳ᠋ ᠤᠨ ᠶᠠᠪᠤᠳᠠᠯ ᠤᠨ ᠨᠢᠭᠲᠡᠯᠠᠨ ᠪᠣᠳᠣᠬᠤ ᠪᠠ ᠨᠢᠭᠲᠡᠯᠠᠨ ᠪᠣᠳᠣᠬᠤ ᠲᠣᠭᠠᠴᠠᠭ᠎ᠠ ᠶᠢᠨ ᠠᠵᠢᠯ ᠢ ᠵᠢᠯᠣᠭᠤᠳᠤᠨ᠂ ᠡᠳ᠋ ᠤᠨ ᠶᠠᠪᠤᠳᠠᠯ ᠤᠨ ᠨᠢᠭᠲᠡᠯᠠᠨ ᠪᠣᠳᠣᠬᠤ ᠠᠵᠢᠯᠲᠠᠳ ᠢ ᠪᠣᠯᠪᠠᠰᠤᠷᠠᠭᠤᠯᠵᠤ᠂ ᠲᠣᠪᠴᠢᠶᠠᠨ ᠤ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ ᠤᠨ ᠨᠢᠭᠲᠡᠯᠠᠨ ᠪᠣᠳᠣᠬᠤ ᠠᠵᠢᠯᠲᠠᠨ ᠤ ᠨᠢᠭᠲᠡᠯᠠᠨ ᠪᠣᠳᠣᠬᠤ ᠦᠨᠡᠮᠯᠡᠯ ᠮᠡᠳᠡᠭᠦᠯᠬᠦ ᠠᠵᠢᠯ ᠢ ᠳᠠᠭᠠᠭᠠᠨ ᠬᠢᠨ᠎ᠡ᠃ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠳᠠᠭᠠᠭᠠᠨ ᠠᠪᠴᠤ ᠭᠦᠢᠴᠡᠳᠬᠡᠨ᠎ᠡ᠃           ( ᠬᠤᠶᠠᠷ ) ᠣᠢ ᠮᠣᠳᠣ ᠡᠪᠡᠰᠦ ᠲᠠᠷᠢᠵᠤ ᠡᠯᠡᠰᠦ ᠶᠢ ᠵᠠᠰᠠᠬᠤ ᠰᠲ᠋ᠣᠺ᠃ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠪᠠ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠡᠯᠡᠰᠦᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠬᠤᠯᠪᠣᠭᠳᠠᠯ ᠪᠦᠬᠦᠢ ᠣᠷᠣᠨ ᠨᠤᠲᠤᠭ ᠤᠨ ᠪᠠᠷᠢᠮᠵᠢᠶ᠎ᠠ ᠪᠠ ᠲᠧᠭ᠌ᠨᠢᠭ ᠮᠡᠷᠭᠡᠵᠢᠯ ᠤᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ᠴᠥᠯᠡᠷᠬᠡᠭ ᠭᠠᠵᠠᠷ ᠢ ᠪᠠᠶᠢᠴᠠᠭᠠᠬᠤ᠂ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠬᠢᠭᠡᠳ ᠦᠨᠡᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠢ ᠶᠡᠷᠦᠩᠬᠡᠶᠢᠯᠡᠨ ᠬᠠᠮᠢᠶᠠᠷᠴᠤ᠂ ᠮᠣᠳᠣ ᠲᠠᠷᠢᠵᠤ ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠪᠠ ᠡᠪᠡᠰᠦ ᠮᠣᠳᠣ ᠲᠠᠷᠢᠬᠤ ᠵᠡᠷᠭᠡ ᠠᠮᠢᠳᠤ ᠪᠣᠳᠠᠰ ᠤᠨ ᠠᠷᠭ᠎ᠠ ᠬᠡᠮᠵᠢᠶ᠎ᠡ ᠪᠠᠷ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠬᠤ ᠬᠡᠷᠡᠭᠲᠡᠢ᠃ᠴᠥᠯᠡᠷᠬᠡᠭᠵᠢᠯ ᠢ ᠰᠡᠷᠭᠡᠶᠢᠯᠡᠨ ᠵᠠᠰᠠᠬᠤ ᠭᠤᠣᠯᠳᠠᠯᠭ᠎ᠠ  ᠲᠠᠢ ᠠᠮᠢ ᠠᠬᠤᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠴᠥᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ ᠶᠢ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠪᠠ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠠᠵᠢᠯ ᠢ ᠵᠢᠯᠣᠭᠤᠳᠤᠨ᠎ᠠ᠃ᠡᠷᠲᠡᠨ ᠤ ᠮᠣᠳᠣ ᠨᠡᠷᠡᠲᠦ ᠮᠣᠳᠣ ᠶᠢ ᠬᠠᠮᠠᠭᠠᠯᠠᠬᠤ᠂ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠷᠢᠮᠵᠢᠶᠠᠵᠢᠭᠤᠯᠬᠤ᠂ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠬᠢᠨᠠᠨ ᠰᠢᠨᠵᠢᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯ ᠦᠭᠡᠢ ᠪᠠᠶᠢᠳᠠᠯ ᠳᠤ ᠬᠢᠨᠠᠯᠲᠠ ᠲᠠᠯᠪᠢᠨ ᠬᠠᠮᠢᠶᠠᠷᠤᠨ᠎ᠠ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ᠬᠤᠯᠪᠣᠭᠳᠠᠯ ᠪᠥᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠨ᠎ᠡ᠃ᠪᠦᠬᠦ ᠬᠤᠰᠢᠭᠤᠨ ᠤ ᠣᠢ ᠰᠢᠭᠤᠢ ᠪᠠ ᠲᠠᠯ᠎ᠠ ᠨᠤᠲᠤᠭ ᠤᠨ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ;ᠣᠢ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠢᠨᠠᠨ ᠲᠣᠭᠲᠠᠭᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠠᠵᠢᠯ ᠢ ᠵᠢᠯᠣᠭᠤᠳᠤᠨ᠎ᠠ ;ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠳ ᠢ ᠰᠣᠩᠭᠤᠨ ᠤᠷᠢᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ ;ᠣᠢ ᠰᠢᠭᠤᠢ᠂ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠮᠡᠳᠡᠭᠦᠯᠬᠦ᠂ ᠣᠢ ᠰᠢᠭᠤᠢ ᠪᠠ ᠨᠤᠲᠤᠭ ᠪᠡᠯᠴᠢᠭᠡᠷ ᠤᠨ ᠬᠡᠷᠡᠭᠯᠡᠭᠡᠨ ᠤ ᠮᠡᠷᠭᠡᠵᠢᠯ ᠤᠨ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠰᠢᠨᠵᠢᠯᠡᠭᠡ ᠮᠡᠷᠭᠡᠵᠢᠯ ᠤᠨ ᠪᠣᠯᠪᠠᠰᠤᠷᠠᠯ ᠪᠠ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ ;ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠵᠣᠬᠢᠶᠠᠨ ᠪᠠᠶᠢᠭᠤᠯᠬᠤ ᠪᠠ ᠮᠡᠳᠡᠭᠦᠯᠬᠦ ᠠᠵᠢᠯ ᠢ ᠬᠠᠷᠢᠭᠤᠴᠠᠨ᠎ᠠ ;ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠶᠠᠰᠤ ᠴᠢᠨᠠᠷ᠂ ᠪᠠᠷᠢᠮᠵᠢᠶᠠᠵᠢᠭᠤᠯᠤᠯᠲᠠ ᠪᠠ ᠲᠤᠰᠬᠠᠢ ᠠᠰᠢᠭ ᠵᠡᠷᠭᠡ ᠠᠵᠢᠯ ᠢ ᠬᠠᠮᠢᠶᠠᠷᠤᠨ᠎ᠠ᠃            ( ᠭᠤᠷᠪᠠ ) ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠰᠲ᠋ᠣᠺ᠃ᠣᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ᠂ ᠠᠮᠢ ᠠᠬᠤᠢ ᠶᠢ ᠬᠠᠮᠠᠭᠠᠯᠠᠬᠤ ᠳᠤ ᠬᠢᠨᠠᠯᠲᠠ ᠲᠠᠯᠪᠢᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠣᠢ ᠮᠣᠳᠣ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠬᠡᠷᠡᠭᠲᠡᠢ ;ᠣᠶᠢᠲᠤ ᠭᠠᠵᠠᠷ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠢᠭᠡᠳ ᠵᠦᠢ ᠵᠣᠬᠢᠰᠲᠠᠢ ᠠᠰᠢᠭᠯᠠᠬᠤ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ;ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠠᠢ ;ᠣᠶᠢᠲᠤ ᠭᠠᠵᠠᠷ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠨ ᠵᠢᠯᠣᠭᠤᠳᠴᠤ᠂ ᠣᠶᠢᠲᠤ ᠭᠠᠵᠠᠷ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ;ᠣᠢ ᠮᠣᠳᠣᠨ ᠤ ᠭᠠᠵᠠᠷ ᠪᠠ ᠨᠤᠲᠤᠭ ᠪᠡᠯᠴᠢᠭᠡᠷ ᠤᠨ ᠠᠮᠢ ᠠᠬᠤᠢ ᠳᠤ ᠨᠥᠬᠦᠪᠥᠷᠢᠯᠡᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ;ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠶᠢᠲᠤ ᠭᠠᠵᠠᠷ᠂ ᠡᠪᠡᠰᠦᠲᠦ ᠭᠠᠵᠠᠷ ᠢ ᠡᠵᠡᠯᠡᠨ ᠬᠡᠷᠡᠭᠯᠡᠬᠦ ᠶᠢᠨ ᠠᠩᠬ᠎ᠠ ᠬᠢᠨᠠᠯᠲᠠ ᠵᠢᠴᠢ ᠣᠶᠢᠲᠤ ᠭᠠᠵᠠᠷ᠂ ᠡᠪᠡᠰᠦᠲᠦ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ᠳᠠᠭᠠᠭᠠᠨ ᠡᠷᠬᠢᠯᠡᠨ᠎ᠡ ;ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠲᠣᠭᠲᠠᠭᠠᠬᠤ ᠶᠢ ᠬᠠᠷᠢᠭᠤᠴᠠᠨ᠎ᠠ ;ᠣᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠦᠨᠡᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠢᠨᠠᠵᠤ ᠬᠠᠮᠢᠶᠠᠷᠤᠨ᠎ᠠ᠃ᠣᠶᠢᠲᠤ ᠭᠠᠵᠠᠷ ᠪᠠ ᠨᠤᠲᠤᠭ ᠪᠡᠯᠴᠢᠭᠡᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠣᠢ ᠮᠣᠳᠣᠨ ᠤ ᠭᠠᠵᠠᠷ ᠪᠠ ᠪᠡᠯᠴᠢᠭᠡᠷ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠬᠡᠷᠡᠭᠲᠡᠢ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠡᠵᠡᠩᠨᠡᠯᠲᠡ ᠶᠢᠨ ᠲᠥᠯᠥᠪᠵᠢᠭᠦᠯᠭᠡ ᠪᠣᠯᠤᠨ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠡᠵᠡᠩᠨᠡᠯᠲᠡ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ᠣᠢ ᠮᠣᠳᠣ ᠶᠢ ᠦᠨᠡᠮᠯᠡᠯ ᠲᠠᠢ ᠪᠠᠷ ᠣᠭᠲᠣᠯᠬᠤ᠂ ᠲᠡᠭᠡᠭᠡᠪᠦᠷᠢᠯᠡᠬᠦ ᠳᠤ ᠵᠢᠯᠣᠭᠤᠳᠤᠯᠭ᠎ᠠ ᠬᠢᠵᠦ ᠬᠢᠨᠠᠯᠲᠠ ᠲᠠᠯᠪᠢᠨ᠎ᠠ᠃ᠦᠨᠳᠦᠰᠦᠨ ᠱᠠᠲᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠵᠢᠯᠣᠭᠤᠳᠬᠤ ᠬᠡᠷᠡᠭᠲᠡᠢ᠃ᠣᠢ ᠰᠢᠭᠤᠢ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ ;ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠬᠠᠤᠯᠢ ᠴᠠᠭᠠᠵᠠ᠂ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠣᠷᠣᠨ ᠨᠤᠲᠤᠭ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠨ ᠬᠡᠷᠡᠭᠵᠢᠭᠦᠯᠦᠨ᠎ᠡ ;ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠡᠪᠡᠳᠴᠢᠨ ᠬᠤᠷᠣᠬᠠᠢ ᠶᠢᠨ ᠬᠥᠨᠥᠭᠡᠯ ᠤᠨ ᠬᠢᠵᠢᠭ ᠪᠠᠶᠢᠴᠠᠭᠠᠯᠲᠠ ᠪᠣᠯᠤᠨ ᠦᠷ᠎ᠡ ᠴᠢᠬᠢ ᠶᠢ ᠰᠢᠯᠭᠠᠨ ᠪᠠᠶᠢᠴᠠᠭᠠᠬᠤ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠬᠦ ᠶᠢ ᠬᠠᠷᠢᠭᠤᠴᠠᠵᠤ᠂ ᠣᠢ ᠰᠢᠭᠤᠢ᠂ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶᠢᠲᠤ ᠡᠪᠡᠳᠴᠢᠨ ᠵᠡᠷᠭᠡ ᠬᠤᠣᠷᠲᠠᠢ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠬᠦ ᠪᠠ ᠤᠷᠢᠳᠴᠢᠯᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠢᠯᠣᠭᠤᠳᠤᠨ᠎ᠠ ;ᠣᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ᠂ ᠣᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠣᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠵᠠᠷᠭᠤ ᠪᠠ ᠵᠠᠰᠠᠭ ᠵᠠᠬᠢᠷᠭᠠᠨ ᠤ ᠲᠥᠯᠥᠪᠦᠷᠢ ᠶᠢᠨ ᠠᠵᠢᠯ ᠢ ᠬᠠᠷᠢᠭᠤᠴᠠᠵᠤ ᠪᠠ ᠳᠠᠭᠠᠭᠠᠨ ᠡᠷᠬᠢᠯᠡᠨ᠎ᠡ ;ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠣᠢ ᠰᠢᠭᠤᠢ ᠪᠣᠯᠤᠨ ᠨᠤᠲᠤᠭ ᠪᠡᠯᠴᠢᠭᠡᠷ ᠢ ᠡᠪᠳᠡᠭᠰᠡᠨ ᠬᠦᠨᠳᠦ ᠶᠡᠭᠡ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠬᠠᠷᠢᠭᠤᠴᠠᠨ᠎ᠠ ;ᠣᠢ ᠰᠢᠭᠤᠢ ᠪᠠ ᠨᠤᠲᠤᠭ ᠪᠡᠯᠴᠢᠭᠡᠷ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠬᠠᠷᠢᠭᠤᠴᠠᠨ᠎ᠠ ;ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ᠣᠢ ᠰᠢᠭᠤᠢ ᠨᠤᠲᠤᠭ ᠪᠡᠯᠴᠢᠭᠡᠷ ᠤᠨ ᠠᠶᠤᠯ ᠥᠬᠡᠢ ᠦᠢᠯᠡᠳᠪᠦᠷᠢᠯᠡᠯ ᠢ ᠵᠢᠯᠣᠭᠤᠳᠤᠨ᠎ᠠ᠃ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠴᠢᠬᠢ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠤᠨ᠎ᠠ᠃ᠣᠢ ᠮᠣᠳᠣᠨ ᠤ ᠦᠷ᠎ᠡ᠂ ᠡᠪᠡᠰᠦᠨ ᠦᠷ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠦᠨᠡᠯᠡᠬᠦ᠂ ᠠᠰᠢᠭᠯᠠᠬᠤ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ ;ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ᠂ ᠬᠢᠨᠠᠨ ᠲᠣᠭᠲᠠᠭᠠᠬᠤ᠂ ᠦᠯᠢᠭᠡᠷ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠣᠢ ᠮᠣᠳᠣᠨ ᠤ ᠦᠷ᠎ᠡ ᠴᠢᠬᠢ᠂ ᠡᠪᠡᠰᠦᠨ ᠤ ᠦᠷ᠎ᠡ ᠡᠭᠦᠯᠳᠡᠷ ᠢ ᠬᠢᠨᠠᠵᠤ ᠰᠢᠯᠭᠠᠨ ᠪᠠᠶᠢᠴᠠᠭᠠᠬᠤ ᠠᠵᠢᠯ ᠢ ᠬᠠᠷᠢᠭᠤᠴᠠᠨ᠎ᠠ ;ᠰᠠᠶᠢᠨ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ ;ᠣᠢ ᠮᠣᠳᠣᠨ ᠤ ᠦᠷ᠎ᠡ ᠪᠠ ᠵᠤᠯᠵᠠᠭ᠎ᠠ ᠮᠣᠳᠣ᠂ ᠡᠪᠡᠰᠦᠨ ᠦᠷ᠎ᠡ ᠶᠢᠨ ᠶᠠᠰᠤ ᠴᠢᠨᠠᠷ ᠪᠣᠯᠤᠨ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠳᠤ ᠬᠢᠨᠠᠯᠲᠠ ᠲᠠᠯᠪᠢᠨ ᠬᠠᠮᠢᠶᠠᠷᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠬᠠᠷᠢᠭᠤᠴᠠᠵᠤ᠂ ᠪᠡᠯᠴᠢᠭᠡᠷ ᠬᠠᠳᠤᠯᠠᠩ ᠢ ᠰᠡᠯᠭᠦᠨ ᠮᠠᠯᠯᠠᠬᠤ᠂ ᠡᠭᠡᠯᠵᠢᠯᠡᠨ ᠮᠠᠯᠵᠢᠬᠤ ᠠᠵᠢᠯ ᠢ ᠵᠢᠯᠣᠭᠤᠳᠤᠨ᠎ᠠ ;ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ;ᠣᠢ ᠰᠢᠭᠤᠢ᠂ ᠨᠤᠲᠤᠭ ᠪᠡᠯᠴᠢᠭᠡᠷ ᠢ ᠨᠡᠭᠡᠭᠡᠨ ᠬᠥᠭᠵᠢᠭᠦᠯᠵᠦ ᠠᠰᠢᠭᠯᠠᠬᠤ ᠳᠤ ᠬᠢᠨᠠᠯᠲᠠ ᠲᠠᠯᠪᠢᠨ ᠬᠠᠮᠢᠶᠠᠷᠴᠤ᠂ ᠣᠢ ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠤᠨ ᠠᠮᠢ ᠠᠬᠤᠢ ᠶᠢᠨ ᠴᠢᠳᠠᠮᠵᠢᠲᠤ ᠣᠷᠣᠨ ᠢ ᠵᠠᠭᠠᠭᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ ;ᠣᠢ ᠰᠢᠭᠤᠢ ᠨᠤᠲᠤᠭ ᠪᠡᠯᠴᠢᠭᠡᠷ ᠤᠨ ᠵᠤᠭᠠᠴᠠᠯ ᠤᠨ ᠬᠤᠯᠪᠣᠭᠳᠠᠯ ᠪᠦᠬᠦᠢ ᠠᠵᠢᠯ ᠢ ᠬᠢᠨᠠᠨ ᠬᠠᠮᠢᠶᠠᠷᠤᠨ᠎ᠠ᠃ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠬᠡᠷᠡᠭᠲᠡᠢ ;ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠡᠭᠦᠰᠦᠯ ᠤᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠥᠷᠨᠢᠭᠦᠯᠦᠨ᠎ᠡ ;ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠳᠤ ᠣᠷᠣᠯᠴᠠᠨ᠎ᠠ᠃         ( ᠳᠥᠷᠪᠡ ) ᠨᠤᠭᠤ ᠭᠠᠵᠠᠷ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠢᠶᠠᠷᠤᠯᠲᠠ ᠶᠢᠨ ᠲᠠᠰᠤᠭ᠃ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠨᠤᠭᠤ ᠭᠠᠵᠠᠷ ᠪᠠ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠠᠶ᠋ᠢᠴᠠᠭᠠᠬᠤ᠂ ᠬᠥᠳᠡᠯᠦᠩᠭᠦᠢ ᠬᠢᠨᠠᠨ ᠰᠢᠨᠵᠢᠬᠦ ᠪᠠ ᠦᠨᠡᠯᠡᠬᠦ ᠬᠠᠮᠢᠶ᠎ᠠ ᠪᠥᠬᠦᠢ ᠠᠵᠢᠯ ᠢ ᠵᠣᠬᠢᠶᠠᠨ ᠪᠠᠶ᠋ᠢᠭᠤᠯᠥᠨ ᠥᠷᠨᠢᠭᠦᠯᠦᠨ᠎ᠡ᠃ᠨᠤᠭᠤ ᠭᠠᠵᠠᠷ ᠢ ᠬᠠᠮᠠᠭᠠᠯᠠᠬᠤ ᠠᠵᠢᠯ ᠢ ᠵᠢᠯᠣᠭᠤᠳᠴᠤ᠂ ᠨᠤᠭᠤ ᠭᠠᠵᠠᠷ ᠤᠨ ᠠᠮᠢ ᠠᠬᠤᠢ ᠶᠢ ᠰᠡᠷᠭᠦᠭᠡᠬᠦ᠂ ᠠᠮᠢ ᠠᠬᠤᠢ ᠶᠢ ᠨᠥᠬᠦᠪᠥᠷᠢᠯᠡᠬᠦ ᠠᠵᠢᠯ ᠢ ᠵᠣᠬᠢᠶᠠᠨ ᠪᠠᠶ᠋ᠢᠭᠤᠯᠥᠨ ᠬᠡᠷᠡᠭᠵᠢᠭᠦᠯᠵᠦ᠂ ᠴᠢᠬᠤᠯᠠ ᠨᠤᠭᠤ ᠭᠠᠵᠠᠷ ᠪᠠ ᠨᠤᠭᠤ ᠭᠠᠵᠠᠷ ᠤᠨ ᠴᠡᠴᠡᠷᠯᠢᠭ ᠢ ᠬᠢᠨᠠᠨ ᠬᠠᠮᠢᠶᠠᠷᠴᠤ᠂ ᠨᠤᠭᠤ ᠭᠠᠵᠠᠷ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠨ ᠬᠠᠮᠢᠶᠠᠷᠴᠤ᠂ ᠨᠤᠭᠤ ᠭᠠᠵᠠᠷ ᠤᠨ ᠭᠡᠷ᠎ᠡ ᠶᠢ ᠭᠦᠢᠴᠡᠳᠬᠡᠬᠦ ᠬᠠᠮᠢᠶ᠎ᠠ ᠪᠥᠬᠦᠢ ᠠᠵᠢᠯ ᠢ ᠳᠠᠭᠠᠭᠠᠨ ᠡᠭᠦᠷᠭᠡᠯᠡᠨ᠎ᠡ᠃ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠨ ᠬᠠᠮᠢᠶᠠᠷᠤᠨ᠎ᠠ᠃ᠬᠤᠲᠠ ᠶᠢᠨ ᠳᠡᠰ ᠤᠨ ᠭᠤᠣᠯᠳᠠᠯᠭ᠎ᠠ ᠲᠠᠢ ᠬᠠᠮᠠᠭᠠᠯᠠᠬᠤ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠨᠡᠷᠡᠰ ᠤᠨ ᠵᠢᠭᠰᠡᠭᠠᠯᠲᠠ ᠶᠢ ᠲᠣᠬᠢᠷᠠᠭᠤᠯᠬᠤ ᠰᠠᠨᠠᠯ ᠢ ᠰᠤᠳᠤᠯᠤᠨ ᠳᠤᠷᠠᠳᠤᠨ᠎ᠠ᠃ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠭᠠᠳᠠᠭᠠᠲᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠢ ᠠᠵᠢᠯ ᠤᠨ ᠬᠤᠪᠢᠶᠠᠷᠢᠯᠠᠯ ᠤᠨ ᠶᠣᠰᠣᠭᠠᠷ ᠬᠢᠨᠠᠵᠤ ᠬᠠᠮᠢᠶᠠᠷᠤᠨ᠎ᠠ᠃ ᠤᠯᠤᠰ ᠤᠨ ᠴᠡᠴᠡᠷᠯᠢᠭ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠨ ᠬᠠᠮᠢᠶᠠᠷᠴᠤ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠮᠠᠭᠠᠯᠠᠨ ᠬᠥᠭᠵᠢᠭᠦᠯᠬᠦ ᠲᠥᠯᠥᠪᠵᠢᠭᠦᠯᠭᠡ ᠶᠢ ᠲᠤᠭᠤᠷᠪᠢᠵᠤ᠂ ᠡᠯ᠎ᠡ ᠲᠥᠷᠥᠯ ᠤᠨ ᠬᠤᠲᠠ ᠶᠢᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ᠂ ᠲᠣᠬᠢᠷᠠᠭᠤᠯᠤᠯᠲᠠ ᠬᠢᠬᠦ ᠶᠢᠨ ᠬᠢᠨᠠᠨ ᠬᠠᠷᠭᠤᠭᠤᠯᠬᠤ ᠰᠠᠨᠠᠭᠤᠯᠭ᠎ᠠ ᠳᠤᠷᠠᠳᠤᠨ᠎ᠠ᠃ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠢ ᠶᠢ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ᠳᠡᠯᠡᠬᠡᠢ ᠶᠢᠨ ᠪᠠᠶᠢᠭᠠᠯ ᠤᠨ ᠥᠪ ᠤᠨ ᠲᠥᠰᠦᠯ ᠪᠣᠯᠤᠨ ᠳᠡᠯᠡᠬᠡᠢ ᠶᠢᠨ ᠪᠠᠶᠢᠭᠠᠯᠢ᠂ ᠰᠣᠶᠣᠯ ᠤᠨ ᠬᠤᠣᠰ ᠥᠪ ᠬᠥᠷᠥᠩᠭᠡ ᠶᠢᠨ ᠲᠥᠰᠦᠯ ᠤᠨ ᠬᠤᠯᠪᠣᠭᠳᠠᠬᠤ ᠠᠵᠢᠯ ᠢ ᠬᠠᠷᠢᠭᠤᠴᠠᠨ ᠶᠠᠪᠤᠭᠤᠯᠤᠨ᠎ᠠ᠃ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠢᠭᠤᠯᠴᠢᠯᠠᠯ ᠤᠨ ᠨᠡᠭᠡᠭᠡᠯᠲᠡ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠲᠠᠪᠤᠳᠤᠭᠠᠷ ᠵᠦᠢᠯ ᠬᠤᠰᠢᠭᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶᠠᠨ ᠤ ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠨᠢ 10 ᠨᠡᠷᠡᠰ᠃ᠲᠣᠪᠴᠢᠶᠠᠨ ᠳᠠᠷᠤᠭ᠎ᠠ 1 ᠬᠥᠮᠦᠨ᠂ ᠲᠣᠪᠴᠢᠶᠠᠨ ᠳᠡᠳ᠋ ᠳᠠᠷᠤᠭ᠎ᠠ 3 ᠬᠥᠮᠦᠨ ᠲᠣᠬᠢᠷᠠᠭᠤᠯᠤᠨ᠎ᠠ᠃ ᠵᠢᠷᠭᠤᠳᠤᠭᠠᠷ ᠵᠦᠢᠯ ᠬᠤᠰᠢᠭᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠢᠯᠡᠰ ᠢ ᠠᠰᠲᠠᠭᠠᠨ ᠲᠣᠭᠲᠠᠭᠠᠨ᠎ᠠ᠃ ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠵᠥᠪᠯᠡᠯ ᠤᠨ ᠪᠠᠶᠢᠭᠤᠯᠤᠮᠵᠢ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ‌‍ᠡᠴᠡ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠤ ᠲᠣᠬᠢᠷᠠᠭᠤᠯᠤᠯᠲᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠵᠥᠪᠯᠡᠯ ᠤᠨ ᠪᠠᠶᠢᠭᠤᠯᠤᠮᠵᠢ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ‌‍ᠡᠴᠡ ᠲᠣᠭᠲᠠᠭᠰᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 20 ᠤ ᠡᠳᠦᠷ‌‍ᠡᠴᠡ ᠡᠬᠢᠯᠡᠨ ᠬᠡᠷᠡᠭᠵᠢᠭᠦᠯᠦᠨ᠎ᠡ᠃        ᠭᠤᠷᠪᠠ᠂ ᠬᠠᠷᠢᠶ᠎ᠠ ᠪᠦᠬᠦᠢ ᠬᠤᠶᠠᠳᠤᠭᠠᠷ ᠳᠠᠪᠬᠤᠷᠭᠠᠵᠢᠯ ᠠᠵᠢᠯ ᠦᠢᠯᠡᠰ ᠤᠨ ᠨᠢᠭᠡᠴᠡ᠄       ( ᠨᠢᠭᠡ ) ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠪᠣᠯ ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃      ᠭᠤᠣᠯ ᠡᠭᠦᠷᠭᠡ ᠬᠠᠷᠢᠭᠤᠴᠠᠯᠭ᠎ᠠ        ( 1 ) ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠤᠷᠢᠳᠴᠢᠯᠠᠨ ᠰᠡᠷᠭᠡᠶᠢᠯᠡᠬᠦ ᠪᠠ ᠤᠬᠠᠭᠤᠯᠬᠤ ᠠᠵᠢᠯ ᠢ ᠡᠭᠦᠷᠭᠡᠯᠡᠨ᠂ ᠪᠦᠬᠦ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠤᠷᠢᠳᠴᠢᠯᠠᠨ ᠤᠬᠠᠭᠤᠯᠬᠤ ᠪᠠ ᠵᠢᠯᠣᠭᠤᠳᠬᠤ ᠠᠵᠢᠯ ᠢ ᠬᠠᠷᠢᠭᠤᠴᠠᠨ᠎ᠠ᠃         ( 2 ) ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠬᠡᠷᠡᠭᠲᠡᠢ           ( 3 ) ᠭᠠᠯ ᠰᠡᠷᠭᠡᠶᠢᠯᠡᠬᠦ ᠡᠳ᠋ ᠪᠣᠳᠠᠰ ᠢ ᠬᠠᠷᠢᠭᠤᠴᠠᠨ ᠬᠠᠮᠢᠶᠠᠷᠴᠤ᠂ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃          ( 4 ) ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠰᠢᠭᠤᠶᠢᠲᠤ ᠣᠷᠣᠨ ᠪᠣᠯᠤᠨ ᠨᠤᠲᠤᠭ ᠪᠡᠯᠴᠢᠭᠡᠷ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠬᠠᠮᠢᠶ᠎ᠠ ᠪᠦᠬᠦᠢ ᠠᠵᠢᠯ ᠥᠷᠨᠢᠭᠦᠯᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ ᠵᠢᠯᠣᠭᠤᠳᠤᠨ᠎ᠠ᠃         ( 5 ) ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ᠃        ( ᠬᠤᠶᠠᠷ ) ᠳᠥᠷᠪᠡᠳ ᠬᠤᠰᠢᠭᠤᠨ ᠤ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠳᠥᠷᠪᠡᠳ ᠬᠤᠰᠢᠭᠤᠨ ᠤ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠪᠣᠯ ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃                    ᠭᠤᠣᠯ ᠡᠭᠦᠷᠭᠡ ᠬᠠᠷᠢᠭᠤᠴᠠᠯᠭ᠎ᠠ        ( 1 ) ᠪᠦᠬᠦ ᠬᠤᠰᠢᠭᠤᠨ ᠤ ᠨᠤᠲᠤᠭ ᠪᠡᠯᠴᠢᠭᠡᠷ ᠢ ᠬᠠᠮᠠᠭᠠᠯᠠᠵᠤ ᠪᠦᠲᠦᠭᠡᠨ ᠪᠠᠶᠢᠭᠤᠯᠬᠤ ᠪᠠ ᠵᠦᠢ ᠵᠣᠬᠢᠰᠲᠠᠢ ᠠᠰᠢᠭᠯᠠᠬᠤ ᠮᠡᠷᠭᠡᠵᠢᠯ ᠢ ᠳᠡᠯᠭᠡᠷᠡᠭᠦᠯᠬᠦ ᠪᠠ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃          ( 2 ) ᠪᠦᠬᠦ ᠬᠤᠰᠢᠭᠤᠨ ᠤ ᠲᠠᠯ᠎ᠠ ᠨᠤᠲᠤᠭ ᠤᠨ ᠬᠤᠯᠤᠭᠠᠨ᠎ᠠ᠂ ᠬᠤᠷᠣᠬᠠᠢ᠂ ᠡᠪᠡᠳᠴᠢᠨ᠂ ᠬᠤᠣᠷᠲᠤ ᠡᠪᠡᠰᠦ ᠵᠢᠴᠢ ᠪᠤᠰᠤᠳ ᠬᠤᠣᠷᠲᠤ ᠠᠮᠢᠳᠤ ᠪᠣᠳᠠᠰ ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠵᠢᠴᠢ ᠰᠡᠷᠭᠡᠶᠢᠯᠡᠨ ᠵᠠᠰᠠᠬᠤ ᠠᠵᠢᠯ ᠢ ᠡᠭᠦᠷᠭᠡᠯᠡᠨ᠎ᠡ ;ᠪᠦᠬᠦ ᠬᠤᠰᠢᠭᠤᠨ ᠤ ᠨᠤᠲᠤᠭ ᠪᠡᠯᠴᠢᠭᠡᠷ ᠢ ᠬᠠᠮᠠᠭᠠᠯᠠᠵᠤ ᠪᠦᠲᠦᠭᠡᠨ ᠪᠠᠶᠢᠭᠤᠯᠵᠤ ᠠᠰᠢᠭᠯᠠᠬᠤ ᠲᠥᠷᠥᠯ ᠵᠦᠢᠯ ᠵᠢᠴᠢ ᠰᠢᠨ᠎ᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃           ( 3 ) ᠪᠦᠬᠦ ᠬᠤᠰᠢᠭᠤᠨ ᠤ ᠡᠪᠡᠰᠦᠨ ᠦᠷ᠎ᠡ ᠡᠳ᠋ ᠤᠨ ᠡᠬᠢ ᠪᠠᠶᠠᠯᠢᠭ ᠤᠨ ᠬᠠᠮᠠᠭᠠᠯᠠᠯᠲᠠ᠂ ᠡᠪᠡᠰᠦᠨ ᠤ ᠲᠥᠷᠥᠯ ᠵᠦᠢᠯ ᠢ ᠰᠣᠩᠭᠤᠨ ᠪᠤᠶᠢᠵᠢᠭᠤᠯᠬᠤ᠂ ᠬᠢᠨᠠᠨ ᠲᠣᠭᠲᠠᠭᠠᠬᠤ᠂ ᠬᠢᠨᠠᠨ ᠲᠣᠭᠲᠠᠭᠠᠬᠤ᠂ ᠡᠪᠡᠰᠦᠨ ᠤ ᠲᠥᠷᠥᠯ ᠤᠨ ᠡᠬᠢ ᠪᠠᠶᠠᠯᠢᠭ ᠢ ᠪᠠᠶᠢᠴᠠᠭᠠᠬᠤ ᠵᠢᠴᠢ ᠡᠪᠡᠰᠦᠨ ᠤ ᠲᠥᠷᠥᠯ ᠵᠦᠢᠯ ᠢ ᠣᠷᠣᠨ ᠪᠦᠰᠡ ᠲᠤᠷᠰᠢᠯᠲᠠ ᠬᠢᠬᠦ᠂ ᠰᠢᠨ᠎ᠡ ᠡᠭᠦᠯᠳᠡᠷ ᠢ ᠳᠡᠯᠭᠡᠨ ᠦᠵᠡᠭᠦᠯᠬᠦ᠂ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠠᠵᠢᠯ ᠢ ᠡᠭᠦᠷᠭᠡᠯᠡᠵᠦ᠂ ᠡᠪᠡᠰᠦᠨ ᠤ ᠲᠥᠷᠥᠯ ᠦᠢᠯᠡᠳᠪᠦᠷᠢᠯᠡᠬᠦ᠂ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠮᠡᠷᠭᠡᠵᠢᠯ ᠤᠨ ᠬᠢᠨᠠᠨ ᠬᠠᠷᠭᠤᠭᠤᠯᠬᠤ ᠠᠵᠢᠯ ᠢ ᠡᠭᠦᠷᠭᠡᠯᠡᠨ᠎ᠡ᠃        (4)ᠪᠦᠬᠦ ᠬᠤᠰᠢᠭᠤᠨ ᠤ ᠡᠪᠡᠰᠦ ᠪᠣᠷᠳᠤᠭ᠎ᠠ᠂ ᠡᠪᠡᠰᠦ ᠪᠡᠯᠴᠢᠭᠡᠷ ᠦᠷ᠎ᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃      (5) ᠪᠦᠬᠦ ᠬᠤᠰᠢᠭᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃        ( 6 ) ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃       ( ᠭᠤᠷᠪᠠ ) ᠳᠥᠷᠪᠡᠳ ᠬᠤᠰᠢᠭᠤᠨ ᠤ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠥᠷᠲᠡᠭᠡ ᠳᠥᠷᠪᠡᠳ ᠬᠤᠰᠢᠭᠤᠨ ᠤ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠥᠷᠲᠡᠭᠡ ᠪᠣᠯ᠂ ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃       ᠭᠤᠣᠯ ᠡᠭᠦᠷᠭᠡ ᠬᠠᠷᠢᠭᠤᠴᠠᠯᠭ᠎ᠠ      ( 1 ) ᠪᠦᠬᠦ ᠬᠤᠰᠢᠭᠤᠨ ᠤ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠬᠢᠨᠠᠨ ᠰᠢᠯᠭᠠᠵᠤ ᠤᠷᠢᠳᠴᠢᠯᠠᠨ ᠮᠡᠳᠡᠭᠡᠯᠡᠬᠦ ᠠᠵᠢᠯ ᠢ ᠬᠠᠷᠢᠭᠤᠴᠠᠨ᠎ᠠ ;《 ᠳᠥᠷᠪᠡᠳ ᠬᠤᠰᠢᠭᠤᠨ ᠤ ᠤᠯᠤᠰ ᠤᠨ ᠳᠡᠰ ᠤᠨ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠲᠥᠪ ᠤᠨ ᠬᠡᠮᠵᠢᠨ ᠮᠡᠳᠡᠭᠦᠯᠬᠦ ᠴᠡᠭ 》 ᠤᠨ ᠠᠵᠢᠯ ᠤᠨ ᠡᠭᠦᠷᠭᠡ ᠶᠢ ᠪᠡᠶᠡᠯᠡᠭᠦᠯᠵᠦ᠂ ᠤᠯᠤᠰ ᠤᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠢ ᠰᠢᠭᠤᠢ ᠶᠢᠨ ᠰᠡᠷᠭᠡᠶᠢᠯᠡᠨ ᠬᠠᠮᠠᠭᠠᠯᠠᠬᠤ ᠶᠡᠷᠦᠩᠬᠡᠢ ᠥᠷᠲᠡᠭᠡᠨ ᠳᠤ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠠᠲ᠋ᠧᠷᠢᠶᠠᠯ ᠢᠶᠠᠨ ᠴᠠᠭ ᠲᠤᠬᠠᠢ ᠳᠤᠨᠢ᠂ ᠣᠨᠣᠪᠴᠢᠲᠠᠢ ᠮᠡᠳᠡᠭᠦᠯᠬᠦ ᠬᠡᠷᠡᠭᠲᠡᠢ᠃         ( 2 ) ᠪᠦᠬᠦ ᠬᠤᠰᠢᠭᠤᠨ ᠤ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠬᠡᠮᠵᠢᠨ ᠮᠡᠳᠡᠭᠦᠯᠬᠦ ᠮᠡᠳᠡᠭᠡ ᠵᠠᠩᠭᠢ ᠶᠢᠨ ᠳᠠᠩᠰᠠ ᠡᠪᠬᠡᠮᠡᠯ ᠤᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠂ ᠭᠤᠣᠯ ᠪᠣᠯᠬᠤ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠡᠭᠦᠰᠬᠦ ᠪᠠᠶᠢᠳᠠᠯ ᠢ ᠡᠵᠡᠮᠰᠢᠵᠦ᠂ ᠣᠬᠤᠷ ᠬᠤᠭᠤᠴᠠᠭᠠᠨ ᠤ ᠴᠢᠨᠠᠷᠲᠠᠢ ᠦᠢᠯᠡᠳᠪᠦᠷᠢᠯᠡᠯ ᠤᠨ ᠤᠷᠢᠳᠴᠢᠯᠠᠭᠰᠠᠨ ᠮᠡᠳᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠪᠠ ᠳᠤᠮᠳᠠ᠂ ᠤᠷᠲᠤ ᠬᠤᠭᠤᠴᠠᠭᠠᠨ ᠤ ᠬᠠᠨᠳᠤᠰᠢ ᠭᠠᠷᠬᠤ ᠶᠢ ᠤᠷᠢᠳᠴᠢᠯᠠᠨ ᠮᠡᠳᠡᠭᠡᠯᠡᠬᠦ ᠶᠢ ᠳᠤᠷᠠᠳᠴᠤ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠣᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠣᠢ ᠰᠢᠭᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠦᠨᠳᠦᠰᠦᠯᠡᠯ ᠬᠠᠩᠭᠠᠵᠤ᠂ ᠣᠢ ᠰᠢᠭᠤᠢ ᠳᠤ ᠬᠤᠯᠪᠣᠭᠳᠠᠬᠤ ᠨᠢᠭᠡᠴᠡ ᠪᠠ ᠬᠤᠪᠢ ᠬᠥᠮᠦᠨ ᠤ ᠦᠢᠯᠡᠳᠪᠦᠷᠢᠯᠡᠯ ᠡᠵᠡᠩᠨᠡᠯᠲᠡ ᠳᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃         ( 3 ) ᠰᠤᠮᠤ᠂ ᠰᠢᠶᠠᠩ ᠪᠠᠯᠭᠠᠰᠤ᠂ ᠲᠣᠰᠬᠤᠨ ᠤ ᠱᠠᠲᠤᠨ ᠤ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠲᠤᠰᠢᠶᠠᠯ ᠬᠠᠪᠰᠤᠷᠭᠠᠭᠰᠠᠨ ᠢ ᠪᠠᠶᠢᠴᠠᠭᠠᠨ ᠮᠡᠳᠡᠭᠦᠯᠬᠦ ᠠᠵᠢᠯᠲᠠᠨ ᠤ ᠬᠠᠮᠢᠶᠠᠷᠤᠯᠲᠠ ᠶᠢᠨ ᠪᠣᠯᠪᠠᠰᠣᠷᠠᠭᠤᠯᠤᠯ ᠢ ᠪᠡᠶᠡᠯᠡᠭᠦᠯᠦᠨ᠎ᠡ᠃       ( 4 ) ᠪᠦᠬᠦ ᠬᠤᠰᠢᠭᠤᠨ ᠤ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠪᠠᠷᠢᠮᠵᠢᠶ᠎ᠠ ᠶᠢ ᠲᠤᠭᠤᠷᠪᠢᠬᠤ᠂ ᠭᠤᠣᠯᠳᠠᠯᠭ᠎ᠠ ᠲᠠᠢ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠢᠨᠵᠧᠨᠧᠷᠢᠩ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠰᠢᠯᠭᠠᠨ ᠠᠪᠬᠤ ᠂ 《 ᠳᠥᠷᠪᠡᠳ ᠬᠤᠰᠢᠭᠤᠨ ᠤ ᠬᠦᠨᠳᠦ ᠶᠡᠭᠡ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ 》 ᠢ ᠨᠠᠶᠢᠷᠠᠭᠤᠯᠤᠨ ᠵᠣᠬᠢᠶᠠᠬᠤ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠬᠦ ᠶᠢ ᠬᠠᠷᠢᠭᠤᠴᠠᠨ᠎ᠠ᠃        ( 5 ) ᠣᠢ ᠶᠢᠨ ᠬᠦᠨᠳᠦ ᠶᠡᠭᠡ ᠬᠥᠨᠥᠭᠡᠯᠲᠡᠢ ᠠᠮᠢᠳᠤ ᠪᠣᠳᠠᠰ ᠢ ᠪᠠᠴᠢᠮ ᠤᠰᠠᠳᠬᠠᠬᠤ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠮᠡᠷᠭᠡᠵᠢᠯ ᠤᠨ ᠲᠤᠯᠭᠠᠭᠤᠷᠢᠯᠠᠬᠤ ᠦᠢᠯᠡᠴᠢᠯᠡᠭᠡ᠂ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠰᠢᠨ᠎ᠡ ᠮᠡᠷᠭᠡᠵᠢᠯ ᠪᠠ ᠰᠢᠨ᠎ᠡ ᠡᠮ ᠤᠨ ᠪᠠᠭᠠᠵᠢ ᠬᠡᠷᠡᠭᠰᠡᠯ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠶᠢ ᠵᠣᠬᠢᠶᠠᠨ ᠪᠠᠶᠢᠭᠤᠯᠬᠤ ᠬᠡᠷᠡᠭᠲᠡᠢ᠃          ( 6 ) ᠦᠨᠳᠦᠰᠦᠨ ᠱᠠᠲᠤᠨ ᠤ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠮᠡᠷᠭᠡᠵᠢᠯ ᠤᠨ ᠵᠢᠯᠣᠭᠤᠳᠬᠤ ᠪᠣᠯᠪᠠᠰᠤᠷᠠᠯ᠂ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠ ᠬᠢᠵᠢᠭ ᠢ ᠪᠠᠶᠢᠴᠠᠭᠠᠬᠤ ᠤᠬᠠᠭᠤᠯᠭ᠎ᠠ ;ᠣᠢ ᠰᠢᠭᠤᠢ ᠶᠢᠨ ᠦᠢᠯᠡᠳᠬᠦᠨ ᠢ ᠰᠢᠯᠵᠢᠭᠦᠯᠦᠨ ᠲᠡᠭᠡᠭᠡᠪᠦᠷᠢᠯᠡᠬᠦ ᠬᠢᠭᠡᠳ ᠦᠷ᠎ᠡ ᠴᠢᠬᠢ ᠶᠢᠨ ᠭᠠᠷᠤᠯᠲᠠ ᠶᠢᠨ ᠭᠠᠵᠠᠷ ᠤᠨ ᠬᠢᠵᠢᠭ ᠪᠠᠶᠢᠴᠠᠭᠠᠬᠤ ᠠᠵᠢᠯ ᠢ ᠶᠠᠪᠤᠭᠳᠠᠭᠤᠯᠬᠤ ᠬᠡᠷᠡᠭᠲᠡᠢ᠃          ( 7 ) ᠬᠤᠰᠢᠭᠤᠨ ᠤ ᠣᠢ ᠰᠢᠭᠤᠢ ᠪᠠ ᠲᠠᠯ᠎ᠠ ᠨᠤᠲᠤᠭ ᠤᠨ ᠲᠣᠪᠴᠢᠶᠠᠨ ᠤ ᠲᠤᠰᠢᠶᠠᠭᠰᠠᠨ ᠬᠠᠮᠢᠶ᠎ᠠ ᠪᠦᠬᠦᠢ ᠠᠵᠢᠯ ᠢ ᠪᠡᠶᠡᠯᠡᠭᠦᠯᠦᠨ᠎ᠡ᠃      ( ᠳᠥᠷᠪᠡ ) ᠳᠥᠷᠪᠡᠳ ᠬᠤᠰᠢᠭᠤᠨ ᠤ ᠣᠢ ᠰᠢᠭᠤᠢ ᠶᠢᠨ ᠠᠵᠢᠯ ᠤᠨ ᠥᠷᠲᠡᠭᠡ ᠳᠥᠷᠪᠡᠳ ᠬᠤᠰᠢᠭᠤᠨ ᠤ ᠣᠢ ᠰᠢᠭᠤᠢ ᠶᠢᠨ ᠠᠵᠢᠯ ᠤᠨ ᠥᠷᠲᠡᠭᠡ ᠪᠣᠯ ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃      ᠭᠤᠣᠯ ᠡᠭᠦᠷᠭᠡ ᠬᠠᠷᠢᠭᠤᠴᠠᠯᠭ᠎ᠠ        ( 1 ) ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ ;ᠪᠦᠬᠦ ᠬᠤᠰᠢᠭᠤᠨ ᠤ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠵᠢᠴᠢ ᠣᠷᠣᠨ ᠨᠤᠲᠤᠭ ᠤᠨ ᠭᠤᠣᠯᠳᠠᠯᠭᠠᠲᠤ ᠣᠷᠣᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠨᠡᠶᠢᠭᠡᠮ ᠤᠨ ᠪᠡᠯᠡ ᠣᠷᠣᠭᠤᠯᠵᠤ ᠣᠶᠢᠵᠢᠭᠤᠯᠬᠤ ᠶᠢᠨ ᠵᠣᠬᠢᠶᠠᠨ ᠪᠠᠶᠢᠭᠤᠯᠤᠯᠲᠠ᠂ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ᠪᠦᠬᠦ ᠬᠤᠰᠢᠭᠤᠨ ᠤ ᠬᠥᠳᠡᠭᠡ ᠲᠣᠰᠬᠤᠨ ᠤ ᠣᠶᠢᠵᠢᠭᠤᠯᠤᠯᠲᠠ ᠶᠢᠨ ᠮᠡᠷᠭᠡᠵᠢᠯ ᠤᠨ ᠵᠢᠯᠣᠭᠤᠳᠤᠯᠭ᠎ᠠ ᠪᠣᠯᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃         ( 2 ) ᠦᠨᠳᠦᠰᠦᠨ ᠱᠠᠲᠤᠨ ᠤ ᠣᠢ ᠰᠢᠭᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ ;ᠪᠦᠬᠦ ᠬᠤᠰᠢᠭᠤᠨ ᠤ ᠣᠢ ᠰᠢᠭᠤᠢ ᠶᠢᠨ ᠬᠡᠷᠡᠭᠯᠡᠭᠡᠨ ᠤ ᠮᠡᠷᠭᠡᠵᠢᠯ᠂ ᠣᠢ ᠰᠢᠭᠤᠢ ᠶᠢᠨ ᠦᠢᠯᠡᠰ ᠤᠨ ᠠᠵᠤ ᠦᠢᠯᠡᠰᠵᠢᠯᠲᠡ ᠶᠢᠨ ᠨᠡᠭᠡᠭᠡᠯᠲᠡ ᠶᠢᠨ ᠮᠡᠷᠭᠡᠵᠢᠯ ᠢ ᠣᠷᠣᠭᠤᠯᠤᠨ ᠳᠡᠯᠭᠡᠷᠡᠭᠦᠯᠬᠦ ᠪᠠ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠡᠯ᠎ᠡ ᠲᠥᠷᠥᠯ ᠤᠨ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠢ ᠰᠢᠭᠤᠢ ᠶᠢᠨ ᠪᠠᠶᠢᠳᠠᠯ ᠢ ᠲᠣᠬᠢᠷᠠᠭᠤᠯᠬᠤ᠂ ᠮᠡᠷᠭᠡᠵᠢᠯ ᠤᠨ ᠪᠣᠯᠪᠠᠰᠤᠷᠠᠯ ᠬᠦᠷᠲᠡᠭᠡᠬᠦ᠂ ᠠᠰᠠᠭᠤᠨ ᠯᠠᠪᠯᠠᠬᠤ ᠪᠠ ᠮᠡᠷᠭᠡᠵᠢᠯ ᠤᠨ ᠵᠢᠯᠣᠭᠤᠳᠤᠯᠭ᠎ᠠ ᠬᠢᠬᠦ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃         ( 3 ) ᠪᠦᠬᠦ ᠬᠤᠰᠢᠭᠤᠨ ᠤ ᠣᠢ ᠰᠢᠭᠤᠢ ᠶᠢᠨ ᠳᠠᠭᠠᠳᠬᠠᠯ ᠤᠨ ᠡᠳᠦᠷ ᠳᠣᠳᠣᠮ ᠤᠨ ᠠᠵᠢᠯ ᠢ ᠡᠭᠦᠷᠭᠡᠯᠡᠨ᠎ᠡ ;ᠪᠦᠬᠦ ᠬᠤᠰᠢᠭᠤᠨ ᠤ ᠠᠮᠢ ᠠᠬᠤᠢ ᠶᠢᠨ ᠣᠢ ᠬᠠᠮᠠᠭᠠᠯᠠᠭᠴᠢ ᠶᠢᠨ ᠡᠳᠦᠷ ᠳᠣᠳᠣᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠬᠡᠪᠴᠢᠶᠡᠨ ᠳᠠᠬᠢ ᠡᠷᠲᠡᠨ ᠤ ᠣᠢ ᠮᠣᠳᠣ ᠨᠡᠷᠡᠲᠦ ᠮᠣᠳᠣ ᠶᠢ ᠨᠡᠶᠢᠳᠡᠮ ᠪᠠᠶᠢᠴᠠᠭᠠᠬᠤ ᠪᠠ ᠬᠠᠮᠠᠭᠠᠯᠠᠬᠤ ᠠᠵᠢᠯ ᠢ ᠬᠠᠷᠢᠭᠤᠴᠠᠨ᠎ᠠ᠃         ( 4 ) ᠪᠦᠬᠦ ᠬᠤᠰᠢᠭᠤᠨ ᠤ ᠣᠢ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯ ᠢ ᠬᠠᠷᠢᠭᠤᠴᠠᠨ ᠥᠷᠨᠢᠭᠦᠯᠦᠨ᠎ᠡ ;ᠪᠦᠬᠦ ᠬᠤᠰᠢᠭᠤᠨ ᠤ ᠣᠢ ᠰᠢᠭᠤᠢ ᠶᠢᠨ ᠦᠷ᠎ᠡ ᠴᠢᠬᠢ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠢ ᠬᠠᠷᠢᠭᠤᠴᠠᠨ᠎ᠠ︔ᠣᠢ ᠮᠣᠳᠣᠨ ᠤ ᠦᠷ᠎ᠡ ᠪᠠ ᠵᠤᠯᠵᠠᠭ᠎ᠠ ᠮᠣᠳᠣ ᠶᠢ ᠰᠢᠯᠭᠠᠨ ᠪᠠᠶᠢᠴᠠᠭᠠᠬᠤ ᠮᠡᠷᠭᠡᠵᠢᠯ ᠤᠨ ᠵᠢᠯᠣᠭᠤᠳᠤᠯᠭ᠎ᠠ᠂ ᠲᠤᠬᠠᠶᠢᠯᠠᠭᠰᠠᠨ ᠠᠵᠢᠯ ᠤᠨ ᠯᠠᠪᠯᠠᠯᠭ᠎ᠠ ᠪᠠ ᠮᠡᠷᠭᠡᠵᠢᠯ ᠤᠨ ᠪᠣᠯᠪᠠᠰᠣᠷᠠᠭᠤᠯᠤᠯ ᠤᠨ ᠠᠵᠢᠯ ᠢ ᠡᠭᠦᠷᠭᠡᠯᠡᠬᠦ ᠬᠡᠷᠡᠭᠲᠡᠢ ;ᠪᠦᠬᠦ ᠬᠤᠰᠢᠭᠤᠨ ᠤ ᠣᠢ ᠮᠣᠳᠣᠨ ᠤ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ︔ᠣᠢ ᠮᠣᠳᠣᠨ ᠤ ᠦᠷ᠎ᠡ ᠨᠥᠭᠡᠴᠡᠯᠡᠬᠦ ᠠᠵᠢᠯ ᠢ ᠬᠠᠷᠢᠭᠤᠴᠠᠵᠤ᠂ ᠣᠢ ᠮᠣᠳᠣᠨ ᠤ ᠦᠷ᠎ᠡ ᠴᠢᠬᠢ ᠶᠢᠨ ᠦᠢᠯᠡᠳᠪᠦᠷᠢᠯᠡᠯ ᠡᠵᠡᠩᠨᠡᠯᠲᠡ ᠪᠠ ᠬᠡᠷᠡᠭᠯᠡᠭᠡᠨ ᠤ ᠮᠡᠷᠭᠡᠵᠢᠯ ᠤᠨ ᠵᠢᠯᠣᠭᠤᠳᠤᠯᠭ᠎ᠠ ᠬᠢᠭᠡᠳ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠬᠠᠩᠭᠠᠨ᠎ᠠ ;ᠪᠦᠬᠦ ᠬᠤᠰᠢᠭᠤᠨ ᠤ ᠣᠢ ᠮᠣᠳᠣᠨ ᠤ ᠦᠷ᠎ᠡ ᠴᠢᠬᠢ ᠶᠢᠨ ᠲᠤᠭ᠎ᠠ ᠪᠦᠷᠢᠳᠬᠡᠯ ᠵᠢᠴᠢ ᠦᠷ᠎ᠡ ᠴᠢᠬᠢ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠬᠤᠷᠢᠶᠠᠨ ᠴᠤᠭᠯᠠᠭᠤᠯᠬᠤ᠂ ᠵᠠᠳᠠᠯᠬᠤ ᠪᠠ ᠨᠡᠶᠢᠲᠡᠯᠡᠬᠦ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠣᠢ ᠮᠣᠳᠣᠨ ᠤ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ ᠪᠠᠷ ᠮᠡᠳᠡᠭᠦᠯᠬᠦ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ ;ᠤᠭ ᠬᠤᠰᠢᠭᠤᠨ ᠤ ᠦᠷ᠎ᠡ ᠴᠢᠬᠢ ᠣᠷᠣᠭᠤᠯᠬᠤ ᠲᠤᠷᠰᠢᠯᠲᠠ ᠪᠣᠯᠤᠨ ᠰᠢᠨ᠎ᠡ ᠲᠧᠭᠨᠣᠯᠣᠭᠢ ᠶᠢ ᠳᠡᠯᠭᠡᠷᠡᠭᠦᠯᠬᠦ ᠠᠵᠢᠯ ᠢ ᠥᠷᠨᠢᠭᠦᠯᠪᠡ᠃         ( 5 ) ᠪᠦᠬᠦ ᠬᠤᠰᠢᠭᠤᠨ ᠤ ᠣᠢ ᠰᠢᠭᠤᠢ ᠶᠢᠨ ᠠᠵᠤ ᠦᠢᠯᠡᠰᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ ;ᠬᠤᠰᠢᠭᠤ ᠰᠢᠶᠠᠩ ᠤ ᠣᠢ ᠰᠢᠭᠤᠢ ᠶᠢᠨ ᠦᠢᠯᠡᠰ ᠤᠨ ᠠᠵᠤ ᠦᠢᠯᠡᠰᠵᠢᠯᠲᠡ ᠶᠢᠨ ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠂ ᠬᠤᠰᠢᠭᠤ ᠰᠢᠶᠠᠩ ᠤ ᠠᠵᠤ ᠦᠢᠯᠡᠰᠵᠢᠯᠲᠡ ᠶᠢᠨ ᠲᠥᠷᠥᠯ ᠵᠦᠢᠯ ᠢ ᠮᠡᠳᠡᠭᠦᠯᠬᠦ ᠪᠠ ᠪᠠᠶᠢᠴᠠᠭᠠᠵᠤ ᠰᠢᠯᠭᠠᠨ ᠠᠪᠬᠤ ᠠᠵᠢᠯ ᠢ ᠵᠢᠯᠣᠭᠤᠳᠤᠨ᠎ᠠ ;ᠪᠦᠬᠦ ᠬᠤᠰᠢᠭᠤᠨ ᠤ ᠣᠢ ᠰᠢᠭᠤᠢ ᠶᠢᠨ ᠥᠭᠡᠷᠡᠴᠢᠯᠡᠯᠲᠡ ᠶᠢᠨ ᠰᠤᠷᠠᠭ ᠵᠠᠩᠭᠢ ᠶᠢᠨ ᠳ᠋ᠠᠶᠢᠲ᠋ᠠ ᠬᠥᠮᠥᠷᠭᠡ ᠶᠢᠨ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠬᠠᠮᠲᠤ ᠶᠢᠨ ᠣᠢ ᠰᠢᠭᠤᠢ ᠶᠢᠨ ᠡᠷᠬᠡ ᠶᠢᠨ ᠥᠭᠡᠷᠡᠴᠢᠯᠡᠯᠲᠡ ᠶᠢᠨ ᠢᠵᠢ ᠪᠦᠷᠢᠳᠦᠭᠰᠡᠨ ᠬᠠᠮᠢᠶ᠎ᠠ ᠪᠥᠬᠦᠢ ᠠᠵᠢᠯ ᠢ ᠬᠠᠷᠢᠭᠤᠴᠠᠨ᠎ᠠ᠃        ( 6 ) ᠪᠦᠬᠦ ᠬᠤᠰᠢᠭᠤᠨ ᠤ ᠭᠤᠣᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠢ᠂ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠢ ᠶᠢ ᠪᠤᠶᠢᠵᠢᠭᠤᠯᠬᠤ ᠪᠠ ᠬᠠᠮᠠᠭᠠᠯᠠᠨ ᠬᠠᠮᠢᠶᠠᠷᠬᠤ ᠶᠢ ᠬᠠᠷᠢᠭᠤᠴᠠᠨ ᠵᠢᠯᠣᠭᠤᠳᠴᠤ᠂ ᠤᠯᠤᠰ ᠤᠨ ᠭᠤᠣᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠢ᠂ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠣᠢ ᠶᠢᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠮᠡᠳᠡᠭᠦᠯᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠳᠠᠩᠰᠠ ᠡᠪᠬᠡᠮᠡᠯ ᠤᠨ ᠪᠠᠶᠢᠭᠤᠯᠤᠯᠲᠠ ᠪᠠ ᠬᠠᠮᠢᠶᠠᠷᠤᠯᠲᠠ᠂ ᠬᠡᠷᠡᠭᠯᠡᠭᠡᠨ ᠤ ᠥᠷᠭᠡᠵᠢᠯ ᠤᠨ ᠬᠤᠪᠢᠷᠠᠯᠲᠠ ᠶᠢ ᠪᠦᠷᠢᠳᠬᠡᠨ ᠳᠡᠭᠡᠭᠰᠢ ᠮᠡᠳᠡᠭᠦᠯᠬᠦ ᠵᠡᠷᠭᠡ ᠠᠵᠢᠯ ᠢ ᠥᠷᠨᠢᠭᠦᠯᠦᠨ᠎ᠡ᠃       ( 7 ) ᠨᠡᠶᠢᠲᠡ ᠶᠢᠨ ᠠᠰᠠᠷᠠᠮᠵᠢ ᠶᠢᠨ ᠣᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠮᠡᠷᠭᠡᠵᠢᠯ ᠤᠨ ᠳᠦᠷᠢᠮ ᠪᠣᠯᠤᠨ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ ;ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢ ᠬᠠᠮᠠᠭᠠᠯᠠᠬᠤ ᠢᠨᠵᠧᠨᠧᠷᠢᠩ ᠤᠨ ᠤᠬᠠᠭᠤᠯᠭ᠎ᠠ᠂ ᠬᠢᠨᠠᠨ ᠬᠡᠮᠵᠢᠯᠲᠡ᠂ ᠠᠵᠢᠯᠲᠠᠨ ᠤ ᠪᠣᠯᠪᠠᠰᠣᠷᠠᠭᠤᠯᠤᠯ ᠪᠣᠯᠤᠨ ᠬᠡᠷᠡᠭᠯᠡᠭᠡᠨ ᠤ ᠮᠡᠷᠭᠡᠵᠢᠯ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃        ( 8 ) ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠥᠬᠦᠢ ᠠᠵᠢᠯ ᠢ ᠡᠭᠦᠷᠭᠡᠯᠡᠨ᠎ᠡ᠃      ( ᠲᠠᠪᠤ ) ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠪᠣᠯ ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃         ᠭᠤᠣᠯ ᠡᠭᠦᠷᠭᠡ ᠬᠠᠷᠢᠭᠤᠴᠠᠯᠭ᠎ᠠ         ( 1 ) ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠡᠯ᠎ᠡ ᠵᠦᠢᠯ ᠤᠨ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠲᠤᠤᠱᠯᠠᠭᠤᠯᠤᠨ ᠬᠡᠷᠡᠭᠵᠢᠭᠦᠯᠦᠨ᠎ᠡ᠃        ( 2 ) ᠪᠦᠬᠦ ᠬᠤᠰᠢᠭᠤᠨ ᠤ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ ;ᠪᠦᠬᠦ ᠬᠤᠰᠢᠭᠤᠨ ᠤ ᠣᠢ ᠮᠣᠳᠣ ᠣᠭᠲᠣᠯᠬᠤ ᠬᠢᠵᠠᠭᠠᠷ ᠲᠤᠭ᠎ᠠ ᠶᠢᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃         ( 3 ) ᠪᠦᠬᠦ ᠬᠤᠰᠢᠭᠤᠨ ᠤ ᠣᠢ ᠰᠢᠭᠤᠢ ᠪᠠ ᠲᠠᠯ᠎ᠠ ᠨᠤᠲᠤᠭ ᠤᠨ ᠡᠬᠢ ᠪᠠᠶᠠᠯᠢᠭ ᠤᠨ ᠬᠠᠮᠢᠶ᠎ᠠ ᠪᠥᠬᠦᠢ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠣᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ‌‍ᠡᠴᠡ ᠡᠬᠢ ᠪᠠᠶᠠᠯᠢᠭ ᠤᠨ ᠪᠠᠶᠢᠴᠠᠭᠠᠯᠲᠠ᠂ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠨᠡᠮᠡᠭᠳᠡᠵᠦ ᠬᠤᠪᠢᠷᠠᠵᠤ ᠪᠠᠶᠢᠭ᠎ᠠ ᠪᠠᠶᠢᠳᠠᠯ ᠢ ᠡᠵᠡᠮᠰᠢᠬᠦ ᠬᠡᠷᠡᠭᠲᠡᠢ᠃         ( 4 ) ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠣᠢ ᠰᠢᠭᠤᠢ ᠪᠣᠯᠤᠨ ᠨᠤᠲᠤᠭ ᠪᠡᠯᠴᠢᠭᠡᠷ᠂ ᠣᠢ ᠮᠣᠳᠣ ᠪᠠ ᠣᠢ ᠰᠢᠭᠤᠢ ᠨᠤᠲᠤᠭ ᠪᠡᠯᠴᠢᠭᠡᠷ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢᠨ ᠮᠠᠷᠭᠤᠯᠳᠤᠭᠠᠨ᠂ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠡᠷᠡᠭ ᠢ ᠰᠢᠢᠳᠪᠦᠷᠢᠯᠡᠬᠦ ᠳᠤ ᠣᠷᠣᠯᠴᠠᠬᠤ ;ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠵᠤ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠬᠠᠮᠵᠢᠯᠴᠠᠨ᠎ᠠ ;ᠦᠨᠳᠦᠰᠦᠨ ᠱᠠᠲᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠵᠢᠯᠣᠭᠤᠳᠤᠨ᠎ᠠ ;ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠣᠢ ᠰᠢᠭᠤᠢ ᠨᠤᠲᠤᠭ ᠪᠡᠯᠴᠢᠭᠡᠷ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠭᠰᠠᠨ ;ᠨᠤᠲᠤᠭ ᠪᠡᠯᠴᠢᠭᠡᠷ ᠢ ᠳᠦᠷᠢ ᠴᠠᠭ ᠡᠵᠡᠯᠡᠨ ᠬᠡᠷᠡᠭᠯᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠢᠳᠪᠦᠷᠢᠯᠡᠬᠦ ᠬᠡᠷᠡᠭᠲᠡᠢ᠃         ( 5 ) ᠪᠦᠬᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠣᠯᠭᠠᠭᠰᠠᠨ ᠬᠥᠳᠡᠯᠦᠩᠭᠦᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃        (6) ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠲᠣᠪᠴᠢᠶᠠᠨ ᠤ ᠲᠤᠰᠢᠶᠠᠭᠰᠠᠨ ᠬᠤᠯᠪᠣᠭᠳᠠᠯ ᠪᠦᠬᠦᠢ ᠠᠵᠢᠯ ᠢ ᠪᠡᠶᠡᠯᠡᠭᠦᠯᠦᠨ᠎ᠡ᠃        ( ᠵᠢᠷᠭᠤᠭ᠎ᠠ ) ᠳᠥᠷᠪᠡᠳ ᠬᠤᠰᠢᠭᠤᠨ ᠤ ᠣᠢ ᠰᠢᠭᠤᠢ ᠶᠢᠨ ᠲᠠᠯᠠᠪᠠᠢ ᠶᠢᠨ ᠬᠠᠮᠢᠶᠠᠷᠤᠨ ᠬᠠᠮᠠᠭᠠᠯᠠᠬᠤ ᠲᠥᠪ ᠳᠥᠷᠪᠡᠳ ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠲᠣᠪᠴᠢᠶᠠᠨ ᠤ ᠬᠠᠷᠢᠶ᠎ᠠ ᠪᠦᠬᠦᠢ ᠰᠲ᠋ᠣᠺ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ       (1) ᠤᠯᠤᠰ ᠤᠨ ᠬᠤᠯᠪᠣᠭᠳᠠᠯ ᠪᠦᠬᠦᠢ ᠴᠢᠭᠯᠡᠯᠲᠡ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ᠂ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠪᠤᠶᠢᠵᠢᠭᠤᠯᠬᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠶᠢ ᠬᠠᠷᠢᠭᠤᠴᠠᠨ᠎ᠠ᠃           ( 2 ) ᠰᠢᠯᠢᠳᠡᠭ ᠮᠣᠳᠣᠨ ᠤ ᠲᠥᠷᠥᠯ᠂ ᠦᠷ᠎ᠡ ᠡᠳ᠋ ᠤᠨ ᠡᠬᠢ ᠪᠠᠶᠠᠯᠢᠭ ᠢ ᠲᠤᠷᠰᠢᠨ ᠲᠤᠷᠰᠢᠵᠤ᠂ ᠦᠷᠡᠵᠢᠭᠦᠯᠵᠦ᠂ ᠳᠡᠯᠭᠡᠷᠡᠭᠦᠯᠵᠦ᠂ ᠳᠡᠭᠡᠳᠦ ᠱᠠᠲᠤᠨ᠋‌‍ᠠ᠋ᠴᠠ ᠪᠠᠭᠤᠯᠭᠠᠭᠰᠠᠨ ᠵᠢᠯ ᠤᠨ ᠴᠢᠬᠢ ᠮᠣᠳᠣ ᠪᠤᠶᠢᠵᠢᠭᠤᠯᠬᠤ ᠡᠭᠦᠷᠭᠡ ᠶᠢ ᠰᠠᠶᠢᠲᠤᠷ ᠪᠡᠶᠡᠯᠡᠭᠦᠯᠦᠨ᠎ᠡ ;ᠪᠦᠬᠦ ᠬᠤᠰᠢᠭᠤᠨ ᠤ ᠠᠮᠢ ᠠᠬᠤᠢ ᠶᠢᠨ ᠭᠤᠣᠯᠳᠠᠯᠭ᠎ᠠ ᠲᠠᠢ ᠢᠨᠵᠧᠨᠧᠷᠢᠩ ᠪᠠ ᠨᠣᠭᠤᠭᠠᠷᠠᠭᠤᠯᠤᠨ ᠣᠶᠢᠵᠢᠭᠤᠯᠬᠤ ᠳᠤ ᠡᠯ᠎ᠡ ᠲᠥᠷᠥᠯ ᠤᠨ ᠰᠢᠯᠢᠳᠡᠭ ᠴᠢᠬᠢ ᠮᠣᠳᠣ ᠬᠠᠩᠭᠠᠨ᠎ᠠ᠃          ( 3 ) ᠴᠢᠬᠢ ᠮᠣᠳᠣᠨ ᠤ ᠬᠦᠷᠢᠶᠡᠯᠡᠩ ᠤᠨ ᠦᠢᠯᠡᠳᠪᠦᠷᠢᠯᠡᠯ ᠢ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠵᠤ᠂ ᠴᠢᠬᠢ ᠮᠣᠳᠣᠨ ᠤ ᠦᠢᠯᠡᠳᠪᠦᠷᠢᠯᠡᠯ ᠢ ᠵᠦᠢ ᠵᠣᠬᠢᠰᠲᠠᠢ ᠪᠠᠷ ᠵᠣᠬᠢᠶᠠᠨ ᠪᠠᠶᠢᠭᠤᠯᠤᠨ᠎ᠠ ;ᠴᠢᠬᠢ ᠮᠣᠳᠣᠨ ᠤ ᠦᠢᠯᠡᠳᠪᠦᠷᠢᠯᠡᠯ ᠤᠨ ᠮᠡᠷᠭᠡᠵᠢᠯ ᠤᠨ ᠬᠠᠮᠢᠶᠠᠷᠤᠯᠲᠠ ᠶᠢ ᠬᠠᠷᠢᠭᠤᠴᠠᠵᠤ᠂ ᠴᠢᠬᠢ ᠮᠣᠳᠣ ᠪᠤᠶᠢᠵᠢᠭᠤᠯᠬᠤ ᠡᠯ᠎ᠡ ᠵᠦᠢᠯ ᠤᠨ ᠮᠡᠷᠭᠡᠵᠢᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠎ᠡ ;ᠰᠢᠨ᠎ᠡ ᠡᠭᠦᠯᠳᠡᠷ ᠰᠢᠨ᠎ᠡ ᠮᠡᠷᠭᠡᠵᠢᠯ ᠢ ᠣᠷᠣᠭᠤᠯᠵᠤ ᠢᠷᠡᠨ ᠳᠡᠯᠭᠡᠷᠡᠭᠦᠯᠬᠦ ᠶᠢ ᠬᠠᠷᠢᠭᠤᠴᠠᠵᠤ᠂ ᠣᠢ ᠮᠣᠳᠣᠨ ᠤ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ ᠪᠠ ᠳᠡᠯᠭᠡᠷᠡᠭᠦᠯᠬᠦ ᠶᠢ ᠵᠣᠬᠢᠶᠠᠨ ᠪᠠᠶᠢᠭᠤᠯᠤᠨ᠎ᠠ᠃         ( 4 ) ᠬᠠᠮᠢᠶᠠᠷᠴᠤ ᠬᠠᠮᠠᠭᠠᠯᠠᠬᠤ ᠣᠷᠣᠨ ᠪᠦᠰᠡ ᠶᠢᠨ ᠳᠣᠲᠣᠷᠠᠬᠢ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠵᠢᠴᠢ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠤᠨᠲᠠᠷᠠᠭᠠᠬᠤ ᠠᠵᠢᠯ ᠢ ᠬᠠᠷᠢᠭᠤᠴᠠᠵᠤ᠂ ᠤᠯᠤᠰ ᠤᠨ ᠥᠮᠴᠢᠯᠡᠯᠲᠦ ᠣᠢ ᠰᠢᠭᠤᠢ ᠶᠢᠨ ᠡᠬᠢ ᠪᠠᠶᠠᠯᠢᠭ ᠬᠤᠬᠢᠷᠠᠯ ᠳᠤ ᠤᠴᠠᠷᠠᠬᠤ ᠥᠬᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ;ᠬᠠᠮᠢᠶᠠᠷᠴᠤ ᠬᠠᠮᠠᠭᠠᠯᠠᠬᠤ ᠣᠷᠣᠨ ᠪᠦᠰᠡ ᠶᠢᠨ ᠳᠣᠲᠣᠷᠠᠬᠢ ᠣᠢ ᠰᠢᠭᠤᠢ ᠶᠢᠨ ᠡᠬᠢ ᠪᠠᠶᠠᠯᠢᠭ ᠢ ᠪᠤᠶᠢᠵᠢᠭᠤᠯᠵᠤ ᠬᠠᠮᠠᠭᠠᠯᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ᠂ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ ;ᠠᠮᠢ ᠠᠬᠤᠢ ᠶᠢᠨ ᠵᠢᠭᠤᠯᠴᠢᠯᠠᠯ ᠢ ᠬᠠᠷᠢᠭᠤᠴᠠᠨ ᠬᠥᠭᠵᠢᠭᠦᠯᠵᠦ᠂ ᠣᠢ ᠰᠢᠭᠤᠢ ᠶᠢᠨ ᠲᠠᠯᠠᠪᠠᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ;ᠣᠢ ᠰᠢᠭᠤᠢ ᠶᠢᠨ ᠲᠠᠯᠠᠪᠠᠢ ᠶᠢᠨ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠢᠭᠤᠶᠢᠲᠤ ᠣᠷᠣᠨ ᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃       (5) ᠣᠢ ᠰᠢᠭᠤᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ᠂ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ ;ᠭᠤᠣᠯᠳᠠᠯᠭ᠎ᠠ ᠲᠠᠢ ᠣᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ;ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠵᠣᠬᠢᠶᠠᠨ ᠪᠠᠶᠢᠭᠤᠯᠵᠤ ᠬᠠᠮᠢᠶᠠᠷᠤᠨ᠎ᠠ ;ᠡᠯ᠎ᠡ ᠵᠦᠢᠯ ᠤᠨ ᠣᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃      (6) ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠲᠣᠪᠴᠢᠶᠠᠨ ᠤ ᠲᠤᠰᠢᠶᠠᠭᠰᠠᠨ ᠬᠤᠯᠪᠣᠭᠳᠠᠯ ᠪᠦᠬᠦᠢ ᠠᠵᠢᠯ ᠢ ᠪᠡᠶᠡᠯᠡᠭᠦᠯᠦᠨ᠎ᠡ᠃         ( ᠳᠣᠯᠤᠭ᠎ᠠ ) ᠳᠥᠷᠪᠡᠳ ᠬᠤᠰᠢᠭᠤᠨ ᠤ ᠪᠠᠶᠢᠭᠠᠯᠢ ᠶᠢᠨ ᠴᠡᠴᠡᠷᠯᠢᠭ ᠤᠨ ᠦᠢᠯᠡᠴᠢᠯᠡᠭᠡᠨ ᠤ ᠲᠥᠪ ᠪᠠᠶᠢᠭᠠᠯᠢ ᠶᠢᠨ ᠴᠡᠴᠡᠷᠯᠢᠭ ᠤᠨ ᠦᠢᠯᠡᠴᠢᠯᠡᠭᠡᠨ ᠤ ᠲᠥᠪ ᠨᠢ ᠳᠥᠷᠪᠡᠳ ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠲᠣᠪᠴᠢᠶ᠎ᠠ ᠳᠤ ᠬᠠᠷᠢᠶᠠᠯᠠᠭᠳᠠᠬᠤ ᠲᠠᠰᠤᠭ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃         ᠭᠤᠣᠯ ᠡᠭᠦᠷᠭᠡ ᠬᠠᠷᠢᠭᠤᠴᠠᠯᠭ᠎ᠠ        ( 1 ) ᠤᠯᠤᠰ ᠤᠨ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠲᠤᠬᠠᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠤᠨ᠂ ᠲᠤᠤᠱᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠪᠣᠯᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠦᠨ᠎ᠡ᠃           ( 2 ) ᠪᠠᠶᠢᠭᠠᠯᠢ ᠶᠢᠨ ᠴᠡᠴᠡᠷᠯᠢᠭ ᠳᠣᠲᠣᠷᠠᠬᠢ ᠪᠠᠶᠢᠭᠠᠯᠢ ᠶᠢᠨ ᠣᠷᠴᠢᠨ ᠲᠣᠭᠤᠷᠢᠨ ᠪᠠ ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠬᠢᠵᠦ᠂ ᠡᠬᠢ ᠪᠠᠶᠠᠯᠢᠭ ᠤᠨ ᠳᠠᠩᠰᠠ ᠡᠪᠬᠡᠮᠡᠯ ᠢ ᠪᠠᠶᠢᠭᠤᠯᠤᠨ᠎ᠠ ;ᠬᠠᠮᠢᠶᠠᠷᠤᠯᠲᠠ ᠶᠢᠨ ᠣᠷᠣᠨ ᠤ ᠳᠣᠲᠣᠷᠠᠬᠢ ᠳᠦᠷᠢᠮ ᠲᠣᠭᠲᠠᠭᠠᠯ ᠢ ᠲᠣᠭᠲᠠᠭᠠᠵᠤ᠂ ᠣᠷᠣᠨ ᠤ ᠳᠣᠲᠣᠷᠠᠬᠢ ᠡᠯ᠎ᠡ ᠵᠦᠢᠯ ᠤᠨ ᠠᠵᠢᠯᠯᠠᠭ᠎ᠠ ᠶᠢ ᠨᠢᠭᠡᠳᠦᠯᠲᠡᠢ ᠬᠠᠮᠢᠶᠠᠷᠤᠨ᠎ᠠ ;ᠣᠷᠣᠨ ᠨᠤᠲᠤᠭ ᠤᠨ ᠵᠠᠰᠠᠭ ᠤᠨ ᠣᠷᠳᠣᠨ ᠢ ᠬᠠᠪᠰᠤᠷᠴᠤ ᠪᠠᠶᠢᠭᠠᠳ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠦᠢᠯᠡᠳᠪᠦᠷᠢᠯᠡᠯ ᠪᠠ ᠠᠮᠢᠳᠤᠷᠠᠯ ᠢ ᠰᠠᠶᠢᠲᠤᠷ ᠲᠣᠬᠢᠷᠠᠭᠤᠯᠤᠨ᠎ᠠ ;ᠣᠷᠴᠢᠨ ᠲᠣᠭᠤᠷᠢᠨ ᠤ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠣᠷᠴᠢᠨ ᠲᠣᠭᠤᠷᠢᠨ ᠪᠠ ᠪᠠᠶᠢᠭᠠᠯᠢ ᠶᠢᠨ ᠡᠬᠢ ᠪᠠᠶᠠᠯᠢᠭ ᠢ ᠨᠥᠯᠥᠭᠡᠯᠡᠬᠦ ᠦᠭᠡᠢ ᠤᠷᠢᠳᠠᠯ ᠳᠣᠣᠷ᠎ᠠ᠂ ᠲᠣᠭᠤᠷᠢᠨ ᠦᠵᠡᠬᠦ᠂ ᠵᠢᠭᠤᠯᠴᠢᠯᠠᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃        ( 3 ) ᠬᠠᠷᠢᠶ᠎ᠠ ᠣᠷᠣᠨ ᠤ ᠪᠠᠨ ᠳᠣᠲᠣᠷᠠᠬᠢ ᠬᠡᠭᠡᠷ᠎ᠡ ᠶᠢᠨ ᠠᠮᠢᠲᠠᠨ ᠤ ᠬᠢᠵᠢᠭ ᠤᠨ ᠡᠬᠢ ᠰᠤᠷᠪᠤᠯᠵᠢ ᠶᠢᠨ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠪᠠ ᠬᠡᠷᠡᠭᠵᠢᠭᠦᠯᠦᠯᠲᠡ ᠶᠢ ᠰᠠᠶᠢᠲᠤᠷ ᠬᠢᠬᠦ ᠬᠡᠷᠡᠭᠲᠡᠢ᠃ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠰᠬᠠᠢ ᠠᠵᠢᠯᠲᠠᠨ ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠬᠠᠷᠢᠶ᠎ᠠ ᠣᠷᠣᠨ ᠤ ᠪᠠᠨ ᠳᠣᠲᠣᠷᠠᠬᠢ ᠬᠡᠭᠡᠷ᠎ᠡ ᠶᠢᠨ ᠠᠮᠢᠲᠠᠨ ᠤ ᠬᠢᠵᠢᠭ ᠡᠪᠡᠳᠴᠢᠨ ᠤ ᠡᠳᠦᠷ ᠳᠣᠳᠣᠮ ᠤᠨ ᠬᠢᠨᠠᠨ ᠬᠡᠮᠵᠢᠬᠦ᠂ ᠳᠠᠯᠳᠠ ᠭᠡᠮ ᠢ ᠵᠢᠭᠰᠡᠭᠠᠨ ᠪᠠᠶᠢᠴᠠᠭᠠᠬᠤ᠂ ᠪᠣᠯᠪᠠᠰᠣᠷᠠᠭᠤᠯᠤᠯ ᠬᠢᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠬᠢᠨᠠᠨ ᠬᠡᠮᠵᠢᠵᠦ ᠰᠡᠷᠭᠡᠶᠢᠯᠡᠨ ᠬᠢᠵᠠᠭᠠᠷᠯᠠᠬᠤ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ᠃        ( 4 ) ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠢᠵᠢᠭ ᠤᠨ ᠡᠬᠢ ᠰᠤᠷᠪᠤᠯᠵᠢ ᠶᠢᠨ ᠬᠢᠵᠢᠭ ᠡᠪᠡᠳᠴᠢᠨ ᠢ ᠬᠢᠨᠠᠨ ᠬᠡᠮᠵᠢᠬᠦ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠵᠢᠴᠢ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠡᠳᠦᠷ ᠳᠣᠳᠣᠮ ᠤᠨ ᠬᠤᠷᠢᠶᠠᠨ ᠠᠪᠴᠤ ᠠᠪᠤᠷᠠᠬᠤ᠂ ᠰᠢᠯᠵᠢᠭᠦᠯᠬᠦ ᠪᠤᠶᠤ ᠲᠠᠯᠪᠢᠵᠤ ᠶᠠᠪᠤᠭᠤᠯᠬᠤ ᠶᠢ ᠡᠭᠦᠷᠭᠡᠯᠡᠨ᠎ᠡ᠃        ( 5 ) ᠤᠯᠤᠰ ᠤᠨ ᠳᠦᠷᠢᠮ ᠢ ᠦᠨᠳᠦᠰᠦᠯᠡᠵᠦ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠮᠠᠨ ᠤ ᠬᠤᠰᠢᠭᠤᠨ ᠤ ᠬᠢᠯᠢ ᠳᠣᠲᠣᠷᠠᠬᠢ ᠬᠡᠭᠡᠷ᠎ᠡ ᠶᠢᠨ ᠤᠷᠭᠤᠮᠠᠯ ᠪᠠ ᠬᠤᠪᠣᠷ ᠨᠠᠨᠳᠢᠨ ᠵᠡᠷᠯᠢᠭ ᠮᠣᠳᠣ ᠵᠢᠴᠢ ᠲᠡᠳᠡᠭᠡᠷ ᠤᠨ ᠤᠷᠭᠤᠬᠤ ᠣᠷᠴᠢᠨ ᠲᠣᠭᠤᠷᠢᠨ ᠢ ᠬᠢᠨᠠᠨ ᠪᠠᠶᠢᠴᠠᠭᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ᠡᠷᠲᠡᠨ ᠤ ᠮᠣᠳᠣ ᠨᠡᠷᠡᠲᠦ ᠮᠣᠳᠣ᠂ ᠬᠤᠪᠣᠷ ᠴᠤᠬᠠᠭ ᠮᠣᠳᠣᠨ ᠤ ᠲᠥᠷᠥᠯ᠂ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ᠡᠷᠲᠡᠨ ᠤ ᠮᠣᠳᠣ ᠨᠡᠷᠡᠲᠦ ᠮᠣᠳᠣ ᠶᠢ ᠬᠠᠮᠠᠭᠠᠯᠠᠬᠤ ᠪᠠ ᠠᠪᠤᠷᠠᠬᠤ ᠠᠵᠢᠯ ᠢ ᠵᠢᠯᠣᠭᠤᠳᠤᠨ᠎ᠠ᠃ᠣᠢ ᠰᠢᠭᠤᠢ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠲᠦᠭᠰᠢᠭᠦᠷᠢᠳᠡᠭᠰᠡᠨ ᠠᠮᠢᠳᠤ ᠪᠣᠳᠠᠰ ᠤᠨ ᠳᠦᠷᠰᠦ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠ ᠤᠯᠤᠰ ᠠᠴᠠ ᠬᠠᠮᠠᠭᠠᠯᠠᠵᠤ ᠪᠠᠶᠢᠭ᠎ᠠ ᠬᠡᠭᠡᠷ᠎ᠡ ᠶᠢᠨ ᠠᠮᠢᠲᠠᠨ᠂ ᠬᠤᠪᠣᠷ ᠴᠤᠬᠠᠭ ᠮᠣᠳᠣᠨ ᠤ ᠲᠥᠷᠥᠯ᠂ ᠬᠤᠪᠣᠷ ᠴᠤᠬᠠᠭ ᠬᠡᠭᠡᠷ᠎ᠡ ᠶᠢᠨ ᠤᠷᠭᠤᠮᠠᠯ ᠵᠢᠴᠢ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠶᠢ ᠬᠢᠨᠠᠨ ᠵᠥᠪᠰᠢᠶᠡᠷᠡᠬᠦ ᠶᠢ ᠮᠡᠳᠡᠭᠦᠯᠬᠦ ᠠᠵᠢᠯ ᠢ ᠥᠷᠨᠢᠭᠦᠯᠬᠦ ᠬᠡᠷᠡᠭᠲᠡᠢ᠃        ( 6 ) ᠨᠦᠢᠲᠠᠨ ᠭᠠᠵᠠᠷ ᠤᠨ ᠠᠮᠢᠳᠤ ᠪᠣᠳᠠᠰ ᠢ ᠬᠠᠮᠠᠭᠠᠯᠠᠬᠤ ᠭᠠᠵᠠᠷ ᠣᠷᠣᠨ ᠤ ᠨᠦᠢᠲᠠᠨ ᠭᠠᠵᠠᠷ ᠤᠨ ᠠᠮᠢ ᠠᠬᠤᠢ ᠶᠢᠨ ᠰᠢᠰᠲ᠋ᠧᠮ ᠳᠤ ᠤᠰᠤᠨ ᠤ ᠡᠬᠢ᠂ ᠬᠥᠷᠥᠰᠥ᠂ ᠨᠦᠢᠲᠠᠨ ᠭᠠᠵᠠᠷ ᠤᠨ ᠤᠷᠭᠤᠮᠠᠯ᠂ ᠨᠦᠢᠲᠠᠨ ᠭᠠᠵᠠᠷ ᠲᠤ ᠠᠮᠢᠳᠤᠷᠠᠳᠠᠭ ᠠᠮᠢᠲᠠᠨ᠂ ᠮᠢᠺᠷᠣᠪ ᠵᠢᠴᠢ ᠲᠡᠭᠦᠨ ᠤ ᠣᠷᠴᠢᠨ ᠲᠣᠭᠤᠷᠢᠨ ᠢ ᠪᠠᠭᠲᠠᠭᠠᠨ᠎ᠠ ;ᠬᠠᠮᠠᠭᠠᠯᠠᠬᠤ ᠂ ᠠᠮᠢᠳᠤ ᠪᠣᠳᠠᠰ ᠤᠨ ᠣᠯᠠᠨ ᠵᠦᠢᠯᠲᠦ ᠴᠢᠨᠠᠷ ᠢ ᠬᠠᠮᠠᠭᠠᠯᠠᠬᠤ ᠪᠠᠷ ᠳᠠᠮᠵᠢᠨ᠂ ᠤᠷᠤᠰᠬᠠᠯ ᠮᠥᠷ ᠢ ᠲᠣᠬᠢᠷᠠᠭᠤᠯᠬᠤ᠂ ᠤᠰᠤᠨ ᠤ ᠴᠢᠨᠠᠷ ᠢ ᠰᠠᠶᠢᠵᠢᠷᠠᠭᠤᠯᠬᠤ᠂ ᠪᠠᠭ᠎ᠠ ᠠᠭᠤᠷ ᠠᠮᠢᠰᠬᠤᠯ ᠢ ᠲᠣᠬᠢᠷᠠᠭᠤᠯᠬᠤ ᠵᠢᠴᠢ ᠢᠳᠡᠭᠡᠨ ᠵᠢᠴᠢ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠢ ᠬᠠᠩᠭᠠᠬᠤ ᠵᠢᠭᠤᠯᠴᠢᠯᠠᠯ ᠤᠨ ᠡᠬᠢ ᠪᠠᠶᠠᠯᠢᠭ ᠬᠠᠩᠭᠠᠨ᠎ᠠ᠃        ( 7 ) ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠣᠷᠴᠢᠨ ᠲᠣᠭᠤᠷᠢᠨ ᠪᠣᠯᠤᠨ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠵᠤ᠂ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠷᠣᠨ ᠤ ᠳᠣᠲᠣᠷᠠᠬᠢ ᠠᠮᠢᠳᠤ ᠪᠣᠳᠠᠰ ᠤᠨ ᠡᠬᠢ ᠪᠠᠶᠠᠯᠢᠭ ᠪᠣᠯᠤᠨ ᠪᠠᠶᠢᠭᠠᠯᠢ ᠶᠢᠨ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠠᠷᠢᠭᠤᠴᠠᠯᠭ᠎ᠠ ᠡᠭᠦᠷᠭᠡᠯᠡᠭᠴᠢ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃        ( 8 ) ᠪᠠᠶᠢᠭᠠᠯᠢ ᠶᠢᠨ ᠴᠡᠴᠡᠷᠯᠢᠭ ᠤᠨ ᠬᠠᠮᠠᠭᠠᠯᠠᠯᠲᠠ ᠶᠢᠨ ᠣᠷᠣᠨ ᠳᠠᠬᠢ ᠣᠢ ᠰᠢᠭᠤᠢ ᠡᠪᠡᠰᠦᠲᠦ ᠭᠠᠵᠠᠷ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠵᠠᠭᠠᠭ ᠤᠨ ᠪᠠᠭᠠᠨ᠎ᠠ᠂ ᠵᠠᠭᠠᠭ ᠤᠨ ᠬᠥᠰᠢᠶ᠎ᠡ ᠶᠢ ᠲᠡᠭᠦᠯᠳᠡᠷᠵᠢᠭᠦᠯᠦᠨ᠂ ᠣᠢ ᠰᠢᠭᠤᠢ ᠡᠪᠡᠰᠦ ᠪᠡᠯᠴᠢᠭᠡᠷ ᠤᠨ ᠡᠷᠬᠡ ᠶᠢᠨ ᠬᠠᠷᠢᠶ᠎ᠠ ᠶᠢ ᠲᠣᠭᠲᠠᠭᠤᠨ ᠪᠠᠶᠢᠯᠭᠠᠨ᠎ᠠ᠃       ( 9 ) ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠵᠢᠴᠢ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠬᠡᠨ᠎ᠡ᠃  ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ᠄ 0474 —5212527 ᠵᠢᠵᠢᠭᠦᠷ ᠤᠨ ᠲᠠᠰᠤᠭ᠄ 0474 —5212526 ᠠᠵᠢᠯᠯᠠᠬᠤ ᠴᠠᠭ᠄ ᠬᠠᠤᠯᠢ ᠳᠤ ᠲᠣᠭᠲᠠᠭᠠᠭᠰᠠᠨ ᠠᠵᠢᠯ ᠤᠨ ᠡᠳᠦᠷ 9᠄ 00—12᠄ 00 ;14 : 30 —18 : 00 ᠪᠠᠶᠢᠭᠤᠯᠭ᠎ᠠ ᠶᠢᠨ ᠬᠠᠶᠢᠭ ᠄ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠰᠢᠨ᠎ᠡ ᠲᠣᠭᠤᠷᠢᠭ ᠨᠢᠭᠡᠴᠢ ᠰᠢᠤᠳᠠᠨ ᠬᠠᠶᠢᠷᠴᠠᠭ᠄ lyj520238 @163. com ᠬᠠᠷᠢᠭᠤᠴᠠᠯᠭᠠᠲᠠᠨ᠄ ᠭᠦᠸᠧ ᠫᠧᠩ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠤᠤ ᠱᠤᠸᠠᠩ ᠯᠢᠩᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2