ᠳᠥᠷᠪᠡᠳ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2024/11/1
      ᠳᠥᠷᠪᠡᠳ ᠬᠤᠰᠢᠭᠤᠨ ᠤ ᠰᠤᠷᠭᠠᠨ ᠬᠥᠮᠦᠵᠢᠯ ᠤᠨ ᠪᠡᠶ᠎ᠡ ᠲᠠᠮᠢᠷ ᠤᠨ ᠲᠣᠪᠴᠢᠶ᠎ᠠ      ᠳᠥᠷᠪᠡᠳ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠠᠩᠭᠢ ᠶᠢᠨ ᠳᠡᠰ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ ᠪᠣᠯ᠄       ( ᠨᠢᠭᠡ ) ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠨ ᠬᠡᠷᠡᠭᠵᠢᠭᠦᠯᠦᠨ᠎ᠡ᠃          ( ᠬᠤᠶᠠᠷ ) ᠪᠦᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠨᠢᠭᠡᠳᠦᠯᠲᠡᠢ ᠲᠥᠯᠥᠪᠵᠢᠭᠦᠯᠭᠡ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠳᠤᠮᠳᠠ ᠵᠡᠷᠭᠡ ᠶᠢᠨ ᠪᠠ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠪᠠᠷᠢᠮᠵᠢᠶ᠎ᠠ ᠶᠢ ᠬᠡᠷᠡᠭᠵᠢᠭᠦᠯᠬᠦ ᠪᠠ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ᠃          ( ᠭᠤᠷᠪᠠ )  ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠬᠤ ᠪᠠ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ ᠶᠢ ᠬᠠᠷᠢᠭᠤᠴᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠰᠤᠷᠬᠤ  ᠨᠠᠰᠣᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠣᠭᠤᠢ ᠰᠤᠷᠭᠠᠨ ᠬᠥᠮᠦᠵᠢᠯ ᠪᠣᠯᠤᠨ  ᠠᠷᠠᠤᠨ ᠠᠴᠠ ᠡᠷᠬᠢᠯᠡᠭᠰᠡᠨ ᠰᠠᠭᠤᠷᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠦᠨᠳᠦᠰᠦᠨ ᠱᠠᠭᠠᠷᠳᠠᠯᠭ᠎ᠠ ᠪᠣᠯᠤᠨ ᠵᠢᠭᠠᠨ ᠰᠤᠷᠭᠠᠬᠤ ᠦᠨᠳᠦᠰᠦᠨ ᠪᠢᠴᠢᠭ ᠮᠠᠲ᠋ᠧᠷᠢᠶᠠᠯ ᠢ ᠲᠣᠭᠲᠠᠭᠠᠵᠤ᠃ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠣᠯᠤᠨ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠤᠨ᠎ᠠ᠃ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠥᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲᠧᠮ ᠢ ᠪᠠᠶᠢᠭᠤᠯᠤᠨ᠎ᠠ᠃       ( ᠳᠥᠷᠪᠡ ) ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠢᠯᠣᠭᠤᠳᠤᠨ᠎ᠠ᠃ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠬᠦ ᠶᠢᠨ ᠬᠠᠮᠲᠤ ᠵᠢᠯᠣᠭᠤᠳᠤᠨ᠎ᠠ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠵᠢᠯᠣᠭᠤᠳᠤᠨ᠎ᠠ᠃        ( ᠲᠠᠪᠤ ) ᠡᠯ᠎ᠡ ᠲᠥᠷᠥᠯ ᠤᠨ ᠠᠷᠠᠤᠨ ᠠᠴᠠ ᠡᠷᠬᠢᠯᠡᠭᠰᠡᠨ ᠰᠤᠷᠭᠠᠨ ᠬᠥᠮᠦᠵᠢᠯ ᠢ ᠵᠢᠯᠣᠭᠤᠳᠴᠤ᠂  ᠠᠷᠠᠤᠨ  ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠠᠷᠭ᠎ᠠ ᠬᠡᠮᠵᠢᠶ᠎ᠡ ᠶᠢ ᠲᠣᠭᠲᠠᠭᠠᠵᠤ᠂  ᠠᠷᠠᠤᠨ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠡᠮᠬᠢ ᠳᠢᠭᠯᠢᠮ ᠢ ᠵᠢᠯᠣᠭᠤᠳᠤᠨ ᠵᠢᠷᠤᠮᠵᠢᠭᠤᠯᠵᠤ᠂  ᠠᠷᠠᠤᠨ  ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃       ( ᠵᠢᠷᠭᠤᠭ᠎ᠠ ) ᠡᠯ᠎ᠡ  ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠪᠠᠶᠢᠴᠠᠭᠠᠬᠤ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠬᠠᠷᠢᠭᠤᠴᠠᠨ᠎ᠠ᠃ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠮᠡᠳᠡᠭᠦᠯᠦᠯᠲᠡ ᠶᠢ ᠨᠡᠶᠢᠲᠡᠯᠡᠨ᠎ᠡ᠃         ( ᠳᠣᠯᠤᠭ᠎ᠠ ) ᠲᠤᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠬᠠᠷᠢᠭᠤᠴᠠᠵᠤ᠂ ᠰᠤᠷᠭᠠᠨ ᠬᠥᠮᠦᠵᠢᠯ ᠤᠨ ᠵᠠᠷᠤᠳᠠᠯ ᠢ ᠬᠤᠷᠠᠮᠳᠤᠭᠤᠯᠤᠨ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠢ ᠬᠢᠨᠠᠨ ᠬᠡᠮᠵᠢᠵᠦ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠪᠡᠯᠡ ᠣᠷᠣᠭᠤᠯᠤᠯᠲᠠ ᠪᠠ ᠬᠡᠷᠡᠭᠵᠢᠭᠦᠯᠦᠭᠰᠡᠨ ᠪᠠᠶᠢᠳᠠᠯ ᠢ ᠪᠦᠷᠢᠳᠬᠡᠬᠦ ᠠᠵᠢᠯ ᠢ ᠬᠠᠷᠢᠭᠤᠴᠠᠨ᠎ᠠ᠃ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠤᠭᠴᠢᠳ ᠢ ᠵᠣᠭᠤᠰ ᠮᠥᠩᠭᠦ ᠪᠠᠷ ᠲᠤᠰᠠᠯᠠᠬᠤ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠤᠨ ᠥᠷᠨᠢᠭᠦᠯᠦᠨ᠎ᠡ᠃        ( ᠨᠠᠢᠮᠠ ) ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠥᠯᠥᠪᠵᠢᠭᠦᠯᠦᠨ ᠵᠢᠯᠣᠭᠤᠳᠤᠨ᠎ᠠ᠃ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠪᠠ᠃        ( ᠶᠢᠰᠣ ) ᠪᠦᠬᠦ ᠬᠤᠰᠢᠭᠤᠨ ᠤ ᠪᠠᠭᠰᠢ ᠶᠢᠨ ᠠᠵᠢᠯ ᠢ ᠭᠤᠣᠯᠯᠠᠨ ᠬᠠᠮᠢᠶᠠᠷᠴᠤ᠂ ᠪᠦᠬᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠤᠨ᠎ᠠ᠃ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠪᠣᠯᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠡᠯᠰᠡᠬᠦ᠂ ᠠᠵᠢᠯ ᠤᠨ ᠪᠠᠶᠢᠷᠢ ᠳᠤ ᠤᠷᠢᠨ ᠲᠣᠮᠢᠯᠠᠬᠤ ᠬᠠᠮᠢᠶᠠᠷᠤᠯᠲᠠ᠂ ᠮᠡᠷᠭᠡᠵᠢᠯ ᠤᠨ ᠴᠣᠯᠠ ᠰᠢᠯᠭᠠᠷᠠᠭᠤᠯᠤᠨ ᠤᠷᠢᠬᠤ ᠠᠵᠢᠯ ᠢ ᠵᠢᠯᠣᠭᠤᠳᠤᠨ᠎ᠠ᠃ᠪᠠᠭᠰᠢ ᠶᠢᠨ ᠬᠢᠷᠢ ᠭᠡᠮ ᠤᠨ ᠳᠦᠷᠢᠮ᠂ ᠪᠠᠭᠰᠢ ᠶᠢᠨ ᠪᠣᠯᠪᠠᠰᠣᠷᠠᠭᠤᠯᠤᠯ ᠪᠣᠯᠤᠨ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃        (ᠠᠷᠪᠠ ) ᠡᠯ᠎ᠡ  ᠲᠥᠷᠥᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠬᠠᠷᠢᠭᠤᠴᠠᠨ᠎ᠠ᠃        ( ᠠᠷᠪᠠᠨ ᠨᠢᠭᠡ )   ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ ᠠᠵᠢᠯ ᠢ ᠵᠢᠯᠣᠭᠤᠳᠤᠨ᠎ᠠ᠃ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠤᠷᠠᠭ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃       (ᠠᠷᠪᠠᠨ ᠬᠤᠶᠠᠷ ) ᠰᠤᠷᠭᠠᠨ ᠬᠥᠮᠦᠵᠢᠯ ᠤᠨ ᠰᠢᠰᠲ᠋ᠧᠮ ᠤᠨ ᠲᠣᠭᠲᠠᠭᠤᠨ ᠢ ᠬᠠᠮᠠᠭᠠᠯᠠᠬᠤ ᠬᠢᠭᠡᠳ ᠠᠶᠤᠯ ᠥᠬᠡᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠰᠠᠭᠤᠷᠢ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠶᠢᠨ ᠠᠶᠤᠯ ᠥᠬᠡᠢ ᠦᠢᠯᠡᠳᠪᠦᠷᠢᠯᠡᠯ ᠤᠨ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠠᠳᠬᠤᠨ᠎ᠠ᠃ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠵᠥᠷᠢᠴᠡᠯ ᠢ ᠠᠷᠢᠯᠭᠠᠬᠤ᠂ ᠵᠠᠬᠢᠳᠠᠯ ᠰᠤᠷᠪᠤᠯᠵᠢᠯᠠᠯ ᠵᠢᠴᠢ ᠲᠣᠭᠲᠠᠭᠤᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯᠤᠨ ᠰᠤᠷᠭᠠᠭᠤᠯᠢ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃       ( ᠠᠷᠪᠠᠨ ᠭᠤᠷᠪᠠ ) ᠰᠤᠷᠭᠠᠨ ᠬᠥᠮᠦᠵᠢᠯ ᠤᠨ ᠭᠠᠳᠠᠭᠠᠳᠤ ᠯᠤᠭ᠎ᠠ ᠬᠤᠷᠰᠢᠯᠴᠠᠬᠤ ᠪᠠ ᠰᠣᠯᠢᠯᠴᠠᠭ᠎ᠠ ᠬᠢᠬᠦ ᠪᠠ ᠭᠠᠳᠠᠭᠠᠳᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃       ( ᠠᠷᠪᠠᠨ  ᠳᠥᠷᠪᠡ ) ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠣᠭᠲᠠᠭᠠᠨ᠎ᠠ᠃ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠢ ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ᠂ ᠨᠡᠶᠢᠲᠡᠯᠢᠭ ᠬᠡᠯᠡ ᠪᠣᠯᠤᠨ ᠬᠢᠲᠠᠳ ᠦᠰᠦᠭ ᠢ ᠵᠢᠷᠤᠮᠵᠢᠭᠤᠯᠬᠤ ᠠᠵᠢᠯ ᠢ ᠵᠢᠯᠣᠭᠤᠳᠤᠨ ᠳᠡᠯᠭᠡᠷᠡᠭᠦᠯᠦᠨ᠎ᠡ᠃      (  ᠠᠷᠪᠠᠨ ᠲᠠᠪᠤ  )  ᠨᠠᠮ ᠤᠨ ᠪᠡᠶ᠎ᠡ ᠶᠢᠨ ᠲᠠᠮᠢᠷ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠳᠦᠷᠢᠮ ᠲᠣᠭᠲᠠᠭᠠᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠵᠤ᠂ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠳᠦᠷᠢᠮ ᠲᠣᠭᠲᠠᠭᠠᠯ ᠤᠨ ᠡᠬᠡ ᠨᠣᠣᠷᠠᠭ ᠢ ᠲᠤᠭᠤᠷᠪᠢᠬᠤ ᠰᠠᠨᠠᠭᠤᠯᠭ᠎ᠠ ᠳᠤᠷᠠᠳᠤᠨ᠎ᠠ᠃ᠪᠡᠶ᠎ᠡ ᠶᠢᠨ ᠲᠠᠮᠢᠷ ᠤᠨ ᠬᠦᠷᠢᠶᠡᠨ ᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠭᠦᠯᠦᠯᠲᠡ ᠶᠢᠨ ᠲᠥᠯᠥᠪᠵᠢᠭᠦᠯᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ       ( ᠠᠷᠪᠠᠨ  ᠵᠢᠷᠭᠤᠭ᠎ᠠ ) ᠪᠦᠬᠦ ᠬᠤᠰᠢᠭᠤᠨ ᠤ ᠪᠡᠶ᠎ᠡ ᠶᠢᠨ ᠲᠠᠮᠢᠷ ᠤᠨ ᠬᠦᠷᠢᠶᠡᠨ ᠤ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠬᠠᠷᠢᠭᠤᠴᠠᠵᠤ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠦᠨᠳᠦᠰᠦᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠲᠡᠩᠴᠡᠭᠦᠷᠢᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ᠪᠡᠶ᠎ᠡ ᠶᠢᠨ ᠲᠠᠮᠢᠷ ᠤᠨ ᠠᠵᠤ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠂ ᠪᠡᠶ᠎ᠡ ᠶᠢᠨ ᠲᠠᠮᠢᠷ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃       ( ᠠᠷᠪᠠᠨ  ᠳᠣᠯᠤᠭ᠎ᠠ ) ᠪᠦᠬᠦ ᠬᠤᠰᠢᠭᠤᠨ ᠤ ᠴᠢᠬᠤᠯᠠ ᠶᠡᠭᠡ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠠᠮᠢᠶᠠᠷᠴᠤ᠂ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠵᠢᠷᠤᠮᠵᠢᠭᠤᠯᠬᠤ ᠬᠡᠷᠡᠭᠲᠡᠢ᠃       ( ᠠᠷᠪᠠᠨ ᠨᠠᠢᠮᠠ ) ᠪᠦᠬᠦ ᠬᠤᠰᠢᠭᠤᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠵᠢᠯᠣᠭᠤᠳᠤᠨ ᠵᠣᠬᠢᠴᠠᠭᠤᠯᠬᠤ᠂ ᠲᠠᠮᠢᠷᠴᠢᠳ ᠤᠨ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ ᠵᠢᠯᠣᠭᠤᠳᠤᠨ᠎ᠠ᠃ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠤᠨ᠎ᠠ᠃          ( ᠠᠷᠪᠠ  ᠶᠢᠰᠤ ) ᠣᠯᠠᠨ ᠤᠯᠤᠰ ᠤᠨ᠂ ᠤᠯᠤᠰ ᠤᠨ ᠳᠣᠲᠣᠭᠠᠳᠤ ᠶᠢᠨ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠳᠡᠰ ᠤᠨ ᠴᠢᠬᠤᠯᠠ ᠶᠡᠭᠡ ᠲᠠᠮᠢᠷ ᠤᠨ ᠤᠷᠤᠯᠳᠤᠭᠠᠨ ᠢ ᠳᠠᠭᠠᠭᠠᠨ ᠡᠷᠬᠢᠯᠡᠬᠦ ᠪᠠ ᠲᠡᠭᠦᠨ ᠳᠤ ᠣᠷᠣᠯᠴᠠᠵᠤ᠂ ᠪᠦᠬᠦ ᠬᠤᠰᠢᠭᠤᠨ ᠤ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠤᠷᠤᠯᠳᠤᠭᠠᠨ ᠢ ᠭᠤᠣᠯᠯᠠᠨ ᠡᠷᠬᠢᠯᠡᠨ᠎ᠡ᠃       ( ᠬᠤᠷᠢ  )  ᠣᠯᠠᠨ ᠲᠦᠮᠡᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠤᠭᠴᠢ ᠶᠢᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃       ( ᠬᠤᠷᠢᠨ ᠨᠢᠭᠡ ) ᠪᠦᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃        ( ᠬᠤᠷᠢᠨ ᠬᠤᠶᠠᠷ )ᠡᠭᠦᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠥᠬᠡᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠂ ᠢᠳᠡᠭᠡᠨ ᠤ ᠠᠶᠤᠯ ᠥᠬᠡᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃        ( ᠬᠤᠷᠢᠨ ᠭᠤᠷᠪᠠ ) ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ᠄      ( ᠨᠢᠭᠡ ) ᠠᠯᠪᠠᠨ  ᠭᠡᠷ᠃ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯ ᠢ ᠬᠠᠷᠢᠭᠤᠴᠠᠨ᠎ᠠ᠃ᠪᠠᠶᠢᠭᠤᠯᠤᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠤᠴᠢᠷ ᠶᠠᠪᠤᠳᠠᠯ᠂ ᠡᠳ᠋ ᠤᠨ ᠶᠠᠪᠤᠳᠠᠯ᠂ ᠡᠳ᠋ ᠬᠥᠷᠥᠩᠭᠡ᠂ ᠵᠠᠬᠢᠳᠠᠯ ᠰᠤᠷᠪᠤᠯᠵᠢᠯᠠᠯ᠂ ᠮᠡᠳᠡᠭᠡ ᠵᠠᠩᠭᠢ᠂ ᠠᠵᠢᠯᠴᠢ ᠠᠷᠪᠢᠴᠢ ᠪᠠᠷ ᠰᠤᠷᠤᠯᠴᠠᠬᠤ ᠵᠡᠷᠭᠡ ᠠᠵᠢᠯ ᠢ ᠡᠭᠦᠷᠭᠡᠯᠡᠨ᠎ᠡ᠃ᠪᠠᠶᠢᠭᠤᠯᠭ᠎ᠠ ᠶᠢᠨ ᠨᠠᠷᠢᠨ ᠨᠢᠭᠤᠴᠠ᠂ ᠤᠬᠠᠭᠤᠯᠭ᠎ᠠ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ᠂ ᠭᠠᠳᠠᠭᠠᠳᠤ ᠲᠠᠢ ᠬᠠᠷᠢᠯᠴᠠᠬᠤ ᠠᠵᠢᠯ ᠢ ᠬᠠᠷᠢᠭᠤᠴᠠᠨ᠎ᠠ᠃ᠡᠯ᠎ᠡ ᠲᠥᠷᠥᠯ ᠤᠨ ᠬᠤᠷᠠᠯᠳᠤᠭᠠᠨ ᠢ ᠵᠣᠬᠢᠶᠠᠨ ᠪᠠᠶᠢᠭᠤᠯᠵᠤ᠂ ᠰᠠᠨᠠᠭᠤᠯᠭ᠎ᠠ ᠳᠤᠷᠠᠳᠤᠯᠭ᠎ᠠ ᠶᠢ ᠰᠢᠢᠳᠪᠦᠷᠢᠯᠡᠬᠦ ᠪᠠᠨ ᠵᠣᠬᠢᠴᠠᠭᠤᠯᠬᠤ ᠬᠡᠷᠡᠭᠲᠡᠢ᠃ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠡᠳᠦᠷ ᠳᠣᠳᠣᠮ ᠤᠨ ᠠᠵᠢᠯ ᠢ ᠵᠣᠬᠢᠴᠠᠭᠤᠯᠤᠨ᠎ᠠ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠡᠳᠦᠷ ᠳᠣᠳᠣᠮ ᠤᠨ ᠠᠵᠢᠯ ᠢ ᠬᠠᠷᠢᠭᠤᠴᠠᠨ᠎ᠠ᠃ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠪᠠ ᠣᠨᠣᠯ ᠤᠨ ᠰᠤᠷᠤᠯᠴᠠᠯᠭ᠎ᠠ ᠶᠢᠨ ᠲᠥᠯᠥᠪᠯᠡᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠵᠢᠯᠣᠭᠤᠳᠴᠤ᠂ ᠦᠵᠡᠯ ᠤᠬᠠᠮᠰᠠᠷ ᠤᠨ ᠬᠡᠯᠪᠡᠷᠢ᠂ ᠨᠢᠭᠡᠳᠦᠮᠡᠯ ᠹᠷᠣᠨᠲ ᠪᠣᠯᠤᠨ ᠱᠠᠰᠢᠨ ᠰᠤᠷᠲᠠᠬᠤᠨ ᠤ ᠠᠵᠢᠯ ᠢ ᠵᠣᠬᠢᠴᠠᠭᠤᠯᠤᠨ ᠵᠢᠯᠣᠭᠤᠳᠴᠤ᠂ ᠭᠠᠵᠢᠭᠤ ᠨᠣᠮᠯᠠᠯ ᠢ ᠰᠡᠷᠭᠡᠶᠢᠯᠡᠨ ᠰᠢᠢᠳᠪᠦᠷᠢᠯᠡᠨ᠎ᠡ᠃ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠷᠢᠯᠴᠠᠵᠤ ᠪᠠᠶᠢᠭᠠᠳ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠬᠠᠤᠯᠢ ᠳᠦᠷᠢᠮ ᠤᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ᠲᠤᠰ ᠨᠢᠭᠡᠴᠡ ᠶᠢᠨ ᠢᠶᠠᠨ ᠬᠠᠤᠯᠢ ᠲᠦᠭᠡᠮᠡᠯᠵᠢᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠣᠳᠠᠲᠠᠢ ᠠᠵᠢᠯ ᠢ ᠬᠠᠷᠢᠭᠤᠴᠠᠨ᠎ᠠ᠃       ( ᠬᠤᠶᠠᠷ ) ᠲᠥᠯᠥᠪᠯᠡᠭᠡ ᠡᠳ᠋ ᠤᠨ ᠶᠠᠪᠤᠳᠠᠯ ᠪᠣᠯᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠤ ᠶᠠᠪᠤᠳᠠᠯ ᠤᠨ ᠪᠠᠭᠰᠢ ᠶᠢᠨ ᠬᠤᠪᠢ᠃ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠵᠤ᠂ ᠰᠤᠷᠭᠠᠨ ᠬᠥᠮᠦᠵᠢᠯ ᠤᠨ ᠦᠢᠯᠡᠰ ᠢ ᠪᠦᠷᠢᠳᠬᠡᠬᠦ᠂ ᠵᠠᠳᠠᠯᠬᠤ ᠠᠵᠢᠯ ᠢ ᠬᠠᠷᠢᠭᠤᠴᠠᠨ᠎ᠠ᠃ᠰᠤᠷᠤᠭᠴᠢᠳ ᠢ ᠵᠢᠯᠣᠭᠤᠳᠤᠨ ᠵᠣᠭᠤᠰ ᠮᠥᠩᠭᠦ ᠪᠠᠷ ᠲᠤᠰᠠᠯᠠᠬᠤ᠂ ᠰᠤᠷᠭᠠᠨ ᠬᠥᠮᠦᠵᠢᠭᠦᠯᠵᠦ ᠵᠣᠭᠤᠰ ᠬᠦᠷᠭᠡᠬᠦ᠂ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠠᠵᠢᠯ ᠢ ᠵᠢᠯᠣᠭᠤᠳᠤᠨ᠎ᠠ᠃ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠵᠠᠷᠤᠳᠠᠯ ᠢ ᠪᠦᠷᠢᠳᠬᠡᠨ᠎ᠡ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠲᠤᠰᠬᠠᠢ ᠵᠦᠢᠯ ᠤᠨ ᠵᠠᠷᠤᠳᠠᠯ ᠤᠨ ᠬᠠᠮᠢᠶᠠᠷᠤᠯᠲᠠ᠂ ᠵᠠᠷᠤᠳᠠᠯ ᠤᠨ ᠬᠡᠷᠡᠭᠯᠡᠯᠲᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ᠬᠠᠷᠢᠶ᠎ᠠ ᠪᠦᠬᠦᠢ ᠲᠥᠰᠥᠪ ᠤᠨ ᠨᠢᠭᠡᠴᠡ ᠲᠥᠰᠥᠪ ᠪᠠ ᠲᠥᠰᠥᠪ ᠤᠨ ᠭᠦᠢᠴᠡᠳᠬᠡᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠡᠳ᠋ ᠤᠨ ᠶᠠᠪᠤᠳᠠᠯ ᠤᠨ ᠬᠠᠮᠢᠶᠠᠷᠤᠯᠲᠠ ᠪᠣᠯᠤᠨ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠡᠭᠦᠷᠭᠡᠯᠡᠨ᠎ᠡ᠃ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠪᠠᠶᠢᠷᠢᠯᠠᠭᠤᠯᠤᠯᠲᠠ ᠶᠢ ᠲᠣᠬᠢᠷᠠᠭᠤᠯᠬᠤ ᠪᠠ ᠰᠠᠭᠤᠷᠢ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠤᠯᠤᠯᠭ᠎ᠠ ᠵᠢᠴᠢ ᠰᠢᠭᠤᠳ ᠬᠠᠷᠢᠶ᠎ᠠ ᠰᠤᠷᠭᠠᠭᠤᠯᠢ ᠪᠣᠯᠤᠨ ᠨᠢᠭᠡᠴᠡ ᠶᠢᠨ ᠤᠳᠤᠷᠢᠳᠬᠤ ᠪᠠᠭ᠂ ᠤᠳᠤᠷᠢᠳᠬᠤ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ᠪᠠᠶᠢᠭᠤᠯᠤᠯᠭ᠎ᠠ ᠵᠢᠴᠢ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ᠂ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠪᠣᠯᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠤᠰᠢᠶᠠᠯ ᠤᠨ ᠤᠷᠢᠵᠤ ᠲᠣᠮᠢᠯᠠᠬᠤ ᠠᠵᠢᠯ ᠢ ᠬᠠᠷᠢᠭᠤᠴᠠᠨ᠎ᠠ᠃ᠪᠦᠬᠦ ᠬᠤᠰᠢᠭᠤᠨ ᠤ ᠪᠠᠭᠰᠢ ᠡᠯᠰᠡᠬᠦ ᠪᠠ ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ᠎ᠡ᠃ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠢᠯᠢᠳᠡᠭ ᠢ ᠰᠢᠯᠭᠠᠷᠠᠭᠤᠯᠬᠤ ᠪᠠ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ᠠᠬᠠᠮᠠᠳ ᠺᠠᠳ᠋ᠷ ᠤᠨ ᠠᠵᠢᠯ ᠢ ᠵᠢᠯᠣᠭᠤᠳᠴᠤ᠃ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠬᠤᠷᠸ᠎ᠠ ᠬᠠᠮᠢᠶᠠᠷᠤᠯᠲᠠ ᠶᠢ ᠬᠠᠷᠢᠭᠤᠴᠠᠨ᠎ᠠ᠃ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ᠂ ᠪᠠᠭᠰᠢ ᠶᠢᠨ ᠪᠣᠯᠪᠠᠰᠣᠷᠠᠭᠤᠯᠤᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠪᠣᠯᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠢ ᠵᠢᠯᠣᠭᠤᠳᠤᠨ᠎ᠠ᠃ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ ᠪᠠ ᠰᠤᠷᠭᠠᠭᠤᠯᠢ ᠶᠢᠨ ᠵᠠᠬᠢᠷᠤᠯ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃ᠬᠤᠯᠪᠣᠭᠳᠠᠯ ᠪᠥᠬᠦᠢ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠯᠭᠠᠬᠤ ᠪᠠᠷ ᠮᠡᠳᠡᠭᠦᠯᠬᠦ᠂ ᠪᠠᠭᠰᠢ ᠶᠢ ᠬᠥᠬᠢᠭᠦᠯᠦᠨ ᠱᠠᠩᠨᠠᠬᠤ ᠵᠢᠴᠢ ᠪᠦᠬᠦ ᠬᠤᠰᠢᠭᠤᠨ ᠤ ᠨᠡᠷᠡᠲᠦ ᠪᠠᠭᠰᠢ ᠶᠢ ᠰᠣᠩᠭᠤᠨ ᠬᠥᠮᠦᠵᠢᠭᠦᠯᠬᠦ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ᠪᠦᠬᠦ ᠬᠤᠰᠢᠭᠤᠨ ᠤ ᠬᠢᠲᠠᠳ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠵᠢᠯᠣᠭᠤᠳᠬᠤ ᠪᠠ ᠬᠢᠨᠠᠨ ᠪᠠᠶᠢᠴᠠᠭᠠᠨ᠎ᠠ᠃ ᠲᠣᠪᠴᠢᠶᠠᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃        ( ᠭᠤᠷᠪᠠ ) ᠰᠤᠷᠭᠠᠨ ᠬᠥᠮᠦᠵᠢᠯ ᠤᠨ ᠲᠠᠰᠤᠭ ( ᠬᠢᠨᠠᠨ ᠵᠥᠪᠰᠢᠶᠡᠷᠡᠬᠦ ᠲᠠᠰᠤᠭ )᠃ᠰᠠᠭᠤᠷᠢ ᠰᠤᠷᠭᠠᠨ ᠬᠥᠮᠦᠵᠢᠯ ᠤᠨ ᠬᠤᠷᠸ᠎ᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠬᠤᠯᠪᠣᠭᠳᠠᠯ ᠪᠦᠬᠦᠢ ᠰᠠᠯᠠᠭ᠎ᠠ ᠮᠥᠴᠢᠷ  ᠲᠠᠢ ᠬᠠᠮᠲᠤᠷᠠᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠦᠨᠳᠦᠰᠦᠨ ᠵᠢᠭᠠᠨ ᠰᠤᠷᠭᠠᠬᠤ ᠪᠢᠴᠢᠭ ᠮᠠᠲ᠋ᠧᠷᠢᠶᠠᠯ ᠢ ᠲᠣᠭᠲᠠᠭᠠᠨ᠎ᠠ᠃ᠬᠡᠦᠬᠡᠳ ᠤᠨ ᠰᠤᠷᠭᠠᠨ ᠬᠥᠮᠦᠵᠢᠯ᠂ ᠣᠨᠴᠣᠭᠤᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ ᠪᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠬᠥᠭᠵᠢᠭᠦᠯᠬᠦ ᠠᠷᠭ᠎ᠠ ᠬᠡᠮᠵᠢᠶ᠎ᠡ ᠶᠢ ᠲᠦᠯᠬᠢᠨ ᠠᠬᠢᠭᠤᠯᠬᠤ ᠪᠠᠷ ᠲᠣᠭᠲᠠᠭᠠᠵᠤ᠂ ᠰᠠᠭᠤᠷᠢ ᠰᠤᠷᠭᠠᠨ ᠬᠥᠮᠦᠵᠢᠯ᠂ ᠰᠤᠷᠬᠤ ᠨᠠᠰᠤᠨ᠋‌‍ᠠ᠋ᠴᠠ ᠡᠮᠦᠨᠡᠬᠢ ᠰᠤᠷᠭᠠᠨ ᠬᠥᠮᠦᠵᠢᠯ᠂ ᠣᠨᠴᠣᠭᠤᠢ ᠰᠤᠷᠭᠠᠨ ᠬᠥᠮᠦᠵᠢᠯ ᠢ ᠵᠢᠯᠣᠭᠤᠳᠴᠤ ᠪᠠᠶᠢᠭᠠᠳ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠨᠢ ᠵᠢᠷᠤᠮᠵᠢᠭᠤᠯᠤᠨ᠎ᠠ᠃ᠰᠠᠭᠤᠷᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ᠵᠢᠭᠠᠬᠤ ᠮᠠᠲ᠋ᠧᠷᠢᠶᠠᠯ ᠪᠣᠯᠤᠨ ᠲᠤᠰ ᠬᠢᠴᠢᠶᠡᠯ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠵᠢᠯᠣᠭᠤᠳᠤᠨ᠎ᠠ᠃ᠡᠯ᠎ᠡ ᠲᠥᠷᠥᠯ ᠤᠨ ᠰᠤᠷᠭᠠᠭᠤᠯᠢ ᠶᠢ ᠵᠢᠯᠣᠭᠤᠳᠤᠨ ᠣᠷᠴᠢᠨ ᠲᠣᠭᠤᠷᠢᠨ ᠤ ᠮᠡᠳᠡᠯᠭᠡ ᠶᠢᠨ ᠬᠥᠮᠦᠵᠢᠯ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠬᠡᠷᠡᠭᠲᠡᠢ᠃ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠨᠣᠮ ᠤᠨ ᠰᠠᠩ ᠤᠨ ᠪᠠᠶᠢᠭᠤᠯᠤᠯᠲᠠ ᠪᠣᠯᠤᠨ ᠲᠤᠷᠰᠢᠯᠲᠠ ᠶᠢᠨ ᠵᠢᠭᠠᠨ ᠰᠤᠷᠭᠠᠯᠲᠠ ᠪᠣᠯᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠤᠨ᠎ᠠ᠃ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠠᠷᠠᠤᠨ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠪᠠ ᠠᠷᠠᠤᠨ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠭ᠎ᠠ ᠶᠢᠨ ᠳᠦᠷᠢᠮᠵᠢᠭᠰᠡᠨ ᠬᠠᠮᠢᠶᠠᠷᠤᠯᠲᠠ ᠶᠢ ᠬᠤᠷᠸ᠎ᠠ  ᠲᠠᠯ᠎ᠠ ᠠᠴᠠ  ᠵᠢᠯᠣᠭᠤᠳᠤᠨ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠵᠡᠮᠰᠢᠯ ᠤᠨ ᠰᠤᠷᠤᠯᠭ᠎ᠠ ᠶᠢ ᠪᠠᠲᠤᠯᠠᠬᠤ ᠳᠦᠷᠢᠮ ᠢ ᠨᠠᠶᠢᠳᠠᠪᠤᠷᠢᠵᠢᠭᠤᠯᠬᠤ ᠶᠢ ᠬᠠᠮᠢᠶᠠᠷᠤᠨ᠎ᠠ᠃ ᠬᠠᠮᠢᠶ᠎ᠠ ᠪᠦᠬᠦᠢ ᠵᠢᠭᠠᠨ ᠰᠤᠷᠭᠠᠯᠲᠠ ᠶᠢᠨ ᠵᠢᠯᠣᠭᠤ ᠳᠤ ᠬᠢ ᠪᠢᠴᠢᠭ ᠮᠠᠲ᠋ᠧᠷᠢᠶᠠᠯ᠂ ᠵᠢᠭᠠᠨ ᠰᠤᠷᠭᠠᠯᠲᠠ ᠶᠢᠨ ᠦᠨᠡᠯᠡᠯᠲᠡ ᠶᠢᠨ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠃ᠠᠵᠢᠯᠲᠠᠨ ᠠᠵᠢᠯᠴᠢᠨ ᠤ ᠬᠥᠮᠦᠵᠢᠯ᠂ ᠮᠠᠯᠴᠢᠨ ᠲᠠᠷᠢᠶᠠᠴᠢᠨ ᠤ ᠬᠥᠮᠦᠵᠢᠯ᠂ ᠨᠡᠶᠢᠭᠡᠮ ᠲᠣᠭᠤᠷᠢᠭ ᠤᠨ ᠬᠥᠮᠦᠵᠢᠯ ᠤᠨ ᠠᠵᠢᠯ ᠢ ᠬᠤᠷᠸ᠎ᠠ ᠲᠠᠯ᠎ᠠ  ᠠᠴᠠ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠ ᠣᠷᠣᠨ ᠪᠦᠰᠡ ᠶᠢᠨ ᠬᠠᠮᠲᠤᠷᠠᠯᠴᠠᠭ᠎ᠠ᠂ ᠪᠡᠭᠡᠵᠢᠩ ᠲᠢᠶᠠᠨᠵᠢᠨ ᠾᠧᠪᠧᠢ ᠶᠢᠨ ᠰᠤᠷᠭᠠᠨ ᠬᠥᠮᠦᠵᠢᠯ ᠤᠨ ᠬᠠᠮᠵᠢᠯᠴᠠᠨ ᠬᠥᠭᠵᠢᠬᠦ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠤᠰ ᠬᠤᠰᠢᠭᠤ ᠬᠢᠭᠡᠳ ᠪᠤᠰᠤᠳ ᠭᠠᠵᠠᠷ ᠣᠷᠣᠨ ᠤ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠴᠢᠬᠤᠯᠠ ᠵᠦᠢᠯᠡᠰ᠂ ᠴᠢᠬᠤᠯᠠ ᠶᠡᠭᠡ ᠲᠥᠷᠥᠯ ᠵᠦᠢᠯ ᠪᠠ ᠴᠢᠬᠤᠯᠠ ᠶᠡᠭᠡ ᠠᠵᠢᠯᠯᠠᠭ᠎ᠠ ᠶᠢ ᠵᠣᠬᠢᠴᠠᠭᠤᠯᠤᠨ ᠠᠬᠢᠭᠤᠯᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠬᠠᠷᠢᠭᠤᠴᠠᠨ᠎ᠠ᠃ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠢᠯᠣᠭᠤᠳᠴᠤ᠂ ᠦᠨᠳᠦᠰᠦᠲᠡᠨ ᠤ ᠰᠤᠷᠭᠠᠨ ᠬᠥᠮᠦᠵᠢᠯ ᠢ ᠬᠥᠭᠵᠢᠭᠦᠯᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ᠦᠨᠳᠦᠰᠦᠲᠡᠨ ᠤ ᠰᠤᠷᠭᠠᠨ ᠬᠥᠮᠦᠵᠢᠯ ᠤᠨ 《 ᠬᠤᠶᠠᠷ ᠬᠡᠯᠡᠨ 》 ᠤ ᠵᠢᠭᠠᠨ ᠰᠤᠷᠭᠠᠯᠲᠠ ᠪᠣᠯᠤᠨ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠬᠦ ᠶᠢᠨ ᠬᠠᠮᠲᠤ ᠵᠢᠯᠣᠭᠤᠳᠤᠨ᠎ᠠ᠃ᠦᠨᠳᠦᠰᠦᠲᠡᠨ ᠤ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠴᠤ᠂ 《 ᠬᠤᠶᠠᠷ ᠬᠡᠯᠡᠨ 》 ᠤ ᠪᠠᠭᠰᠢ ᠶᠢᠨ ᠪᠣᠯᠪᠠᠰᠣᠷᠠᠭᠤᠯᠤᠯ᠂ ᠰᠤᠷᠭᠠᠨ ᠬᠥᠮᠦᠵᠢᠯ ᠤᠨ ᠵᠢᠭᠠᠨ ᠰᠤᠷᠭᠠᠬᠤ ᠰᠤᠳᠤᠯᠤᠯ ᠪᠣᠯᠤᠨ ᠬᠠᠮᠵᠢᠯᠴᠠᠨ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ᠎ᠠ᠃ᠦᠨᠳᠦᠰᠦᠲᠡᠨ ᠤ ᠰᠤᠷᠭᠠᠨ ᠬᠥᠮᠦᠵᠢᠯ ᠤᠨ ᠡᠯ᠎ᠡ ᠲᠥᠷᠥᠯ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠵᠣᠬᠢᠴᠠᠭᠤᠯᠤᠨ᠎ᠠ ;ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠵᠢᠯᠣᠭᠤᠳᠤᠨ᠎ᠠ᠃ᠦᠨᠳᠦᠰᠦᠲᠡᠨ ᠤ ᠰᠤᠷᠭᠠᠨ ᠬᠥᠮᠦᠵᠢᠯ ᠤᠨ ᠬᠦᠷᠢᠶᠡᠨ ᠳᠠᠬᠢ ᠣᠨᠴᠠᠭᠠᠢ ᠴᠢᠨᠠᠷᠲᠠᠢ ᠠᠵᠢᠯ ᠢ ᠬᠠᠷᠢᠭᠤᠴᠠᠨ᠎ᠠ᠃ ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠬᠠᠷᠢᠭᠤᠴᠠᠨ᠂ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠭᠦᠢᠴᠡᠳᠬᠡᠬᠦ ᠴᠤᠪᠤᠷᠠᠯ ᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠲᠤᠰ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠪᠤᠰᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠵᠦᠢᠯᠡᠰ ᠢ ᠳᠠᠭᠠᠭᠠᠨ ᠠᠪᠴᠤ ᠭᠦᠢᠴᠡᠳᠬᠡᠬᠦ ᠪᠠ ᠪᠦᠷᠢᠨ ᠭᠦᠢᠴᠡᠳᠬᠡᠨ᠎ᠡ᠃ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠳᠠᠬᠢᠨ ᠵᠥᠪᠯᠡᠬᠦ ᠲᠠᠢ ᠬᠤᠯᠪᠣᠭᠳᠠᠬᠤ ᠪᠤᠰᠤᠳ ᠵᠦᠢᠯ ᠢ ᠵᠣᠬᠢᠴᠠᠭᠤᠯᠬᠤ ᠪᠠ ᠭᠦᠢᠴᠡᠳᠬᠡᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠢ ᠬᠠᠷᠢᠭᠤᠴᠠᠨ᠎ᠠ᠃ᠬᠤᠰᠢᠭᠤᠨ ᠤ ᠰᠤᠷᠤᠭᠴᠢ ᠡᠯᠰᠡᠬᠦ ᠪᠠᠶᠢᠭᠤᠯᠤᠮᠵᠢ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ᠂ ᠳᠤᠮᠳᠠ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ᠂ ᠨᠠᠰᠤᠨ ᠳᠤ ᠬᠦᠷᠦᠭᠰᠡᠳ ᠤᠨ ᠰᠤᠷᠭᠠᠭᠤᠯᠢ ᠶᠢᠨ ᠰᠤᠷᠤᠭᠴᠢ ᠡᠯᠰᠡᠬᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠬᠤᠷᠠᠯ ᠤᠨ ᠰᠢᠯᠭᠠᠯᠲᠠ ᠵᠢᠴᠢ ᠥᠪᠡᠷ ᠢᠶᠠᠨ ᠰᠤᠷᠬᠤ ᠰᠢᠯᠭᠠᠯᠲᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠬᠡᠷᠡᠭᠵᠢᠭᠦᠯᠬᠦ ᠶᠢ ᠬᠠᠷᠢᠭᠤᠴᠠᠵᠤ᠂ ᠡᠯ᠎ᠡ ᠲᠥᠷᠥᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠡᠷ᠎ᠡ ᠮᠡᠳᠡᠭᠦᠯᠬᠦ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ᠂ ᠪᠡᠶ᠎ᠡ ᠶᠢᠨ ᠪᠠᠶᠢᠴᠠᠭᠠᠯᠲᠠ᠂  ᠰᠢᠯᠭᠠᠯᠲᠠ ᠠᠴᠠ ᠡᠮᠦᠨᠡᠬᠢ ᠰᠤᠷᠭᠠᠨ ᠬᠥᠮᠦᠵᠢᠯ ᠢ ᠵᠣᠬᠢᠶᠠᠨ ᠪᠠᠶᠢᠭᠤᠯᠬᠤ᠂ ᠰᠢᠯᠭᠠᠯᠲᠠ ᠬᠢᠬᠦ᠂ ᠰᠠᠶᠢᠨ ᠳᠤᠷ᠎ᠠ ᠶᠢᠨ ᠲᠠᠭᠯᠠᠭ᠎ᠠ ᠶᠢ ᠵᠣᠬᠢᠶᠠᠨ ᠪᠠᠶᠢᠭᠤᠯᠬᠤ᠂ ᠰᠢᠯᠭᠠᠭᠤᠯᠤᠭᠰᠠᠳ ᠤᠨ ᠮᠡᠳᠡᠭᠡ ᠵᠠᠩᠭᠢ ᠴᠤᠭᠯᠠᠭᠤᠯᠬᠤ ᠵᠢᠴᠢ ᠡᠯᠧᠺᠳ᠋ᠷᠣᠨ ᠳᠠᠩᠰᠠ ᠡᠪᠬᠡᠮᠡᠯ ᠦᠢᠯᠡᠳᠬᠦ᠂ ᠰᠢᠯᠭᠠᠭᠤᠯᠤᠭᠰᠠᠳ ᠢ ᠨᠤᠲᠠᠯᠠᠨ ᠭᠡᠷᠡᠴᠢᠯᠡᠬᠦ ᠵᠢᠴᠢ ᠪᠤᠰᠤᠳ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠄ ᠪᠦᠬᠦ ᠬᠤᠰᠢᠭᠤᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠵᠡᠷᠭᠡ ᠮᠡᠳᠡᠭᠡ ᠵᠠᠩᠭᠢ ᠴᠤᠭᠯᠠᠭᠤᠯᠬᠤ ᠠᠵᠢᠯ ᠢ ᠬᠠᠷᠢᠭᠤᠴᠠᠨ᠎ᠠ᠃       ( ᠳᠥᠷᠪᠡ ) ᠪᠡᠶ᠎ᠡ ᠶᠢᠨ ᠲᠠᠮᠢᠷ ᠤᠨ ᠬᠤᠪᠢ᠃ᠰᠤᠷᠭᠠᠭᠤᠯᠢ ᠶᠢᠨ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠤᠨ ᠬᠥᠮᠦᠵᠢᠯ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠴᠤ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠬᠢᠭᠡᠳ ᠡᠷᠡᠭᠦᠯ ᠮᠡᠨᠳᠦ ᠶᠢᠨ ᠬᠥᠮᠦᠵᠢᠯ ᠤᠨ ᠬᠤᠯᠪᠣᠭᠳᠠᠯ ᠪᠦᠬᠦᠢ ᠵᠢᠯᠣᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠤᠨ᠎ᠠ ;ᠡᠯ᠎ᠡ ᠲᠥᠷᠥᠯ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠤᠷᠠᠯᠢᠭ ᠤᠨ ᠰᠤᠷᠭᠠᠨ ᠬᠥᠮᠦᠵᠢᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ ;ᠡᠯ᠎ᠡ ᠱᠠᠲᠤᠨ ᠤ ᠡᠯ᠎ᠡ ᠲᠥᠷᠥᠯ ᠤᠨ ᠪᠣᠯᠪᠠᠰᠤᠷᠠᠯ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠬᠤ ᠪᠥᠭᠡᠳ ᠵᠢᠯᠣᠭᠤᠳᠤᠨ᠎ᠠ ;ᠰᠤᠷᠭᠠᠭᠤᠯᠢ ᠶᠢᠨ ᠪᠡᠶ᠎ᠡ ᠶᠢᠨ ᠲᠠᠮᠢᠷ᠂ ᠤᠷᠠᠯᠢᠭ ᠵᠡᠷᠭᠡ ᠬᠠᠮᠢᠶ᠎ᠠ ᠪᠦᠬᠦᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠪᠠᠭᠰᠢ ᠶᠢᠨ ᠪᠠᠶᠢᠭᠤᠯᠤᠯᠲᠠ ᠪᠣᠯᠤᠨ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠣᠷᠣᠯᠴᠠᠨ ᠵᠢᠯᠣᠭᠤᠳᠤᠨ᠎ᠠ᠃ᠪᠦᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠪᠣᠯᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠤᠷᠤᠯᠳᠤᠭᠠᠨ ᠤ ᠬᠥᠳᠡᠯᠭᠡᠭᠡᠨ ᠤ ᠲᠥᠷᠥᠯ ᠵᠦᠢᠯ ᠤᠨ ᠪᠠᠶᠢᠷᠢᠯᠠᠭᠤᠯᠤᠯᠲᠠ ᠪᠠ ᠪᠠᠶᠢᠷᠢᠯᠠᠭᠤᠯᠤᠯᠲᠠ ᠶᠢ ᠬᠠᠷᠢᠭᠤᠴᠠᠨ᠎ᠠ᠃ᠣᠯᠠᠨ ᠤᠯᠤᠰ ᠤᠨ᠂ ᠤᠯᠤᠰ ᠤᠨ ᠳᠣᠲᠣᠭᠠᠳᠤ ᠶᠢᠨ ᠪᠠ ᠥᠪᠡᠷᠲᠡᠭᠡᠨ ᠵᠠᠰᠠᠬᠤ ᠣᠷᠣᠨ᠂ ᠬᠤᠲᠠ ᠬᠤᠰᠢᠭᠤᠨ ᠤ ᠴᠢᠬᠤᠯᠠ ᠶᠡᠭᠡ ᠤᠷᠤᠯᠳᠤᠭᠠᠨ ᠢ ᠳᠠᠭᠠᠭᠠᠨ ᠡᠷᠬᠢᠯᠡᠬᠦ ᠪᠠ ᠲᠡᠭᠦᠨ ᠳᠤ ᠣᠷᠣᠯᠴᠠᠬᠤ ᠶᠢ ᠵᠣᠬᠢᠶᠠᠨ ᠪᠠᠶᠢᠭᠤᠯᠤᠨ᠎ᠠ᠃ᠪᠡᠶ᠎ᠡ ᠶᠢᠨ ᠲᠠᠮᠢᠷ ᠤᠨ ᠰᠤᠷᠭᠠᠭᠴᠢ ᠂ ᠬᠢᠨᠠᠭᠴᠢ ᠶᠢᠨ ᠪᠣᠯᠪᠠᠰᠣᠷᠠᠭᠤᠯᠤᠯ ᠬᠢᠭᠡᠳ ᠬᠠᠮᠢᠶᠠᠷᠤᠯᠲᠠ ᠶᠢ ᠬᠠᠷᠢᠭᠤᠴᠠᠵᠤ᠂ ᠡᠷᠬᠡ ᠮᠠᠲᠠᠯ ᠤᠨ ᠶᠣᠰᠣᠭᠠᠷ ᠬᠢᠨᠠᠭᠴᠢ᠂ ᠲᠠᠮᠢᠷᠴᠢᠨ ᠤ ᠵᠡᠷᠭᠡ ᠳᠡᠰ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ᠵᠢᠴᠢ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠢᠯᠣᠭᠤᠳᠴᠤ᠂ ᠬᠤᠰᠢᠭᠤ ᠱᠠᠲᠤᠨ ᠤ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠪᠠ ᠮᠣᠵᠢ ᠶᠢᠨ ᠱᠠᠲᠤ᠂ ᠬᠤᠲᠠ  ᠠᠴᠠ ᠳᠡᠭᠡᠭᠰᠢᠬᠢ ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠬᠤ ᠠᠵᠢᠯ ᠢ ᠵᠣᠬᠢᠶᠠᠨ ᠪᠠᠶᠢᠭᠤᠯᠤᠨ᠎ᠠ᠃ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠪᠠ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠤᠭᠴᠢ ᠶᠢᠨ ᠪᠣᠯᠪᠠᠰᠣᠷᠠᠭᠤᠯᠤᠯ ᠪᠣᠯᠤᠨ ᠵᠡᠷᠭᠡ ᠳᠡᠰ ᠤᠨ ᠬᠢᠨᠠᠬᠤ ᠶᠢᠨ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠬᠤ ᠬᠡᠷᠡᠭᠲᠡᠢ᠃ ᠪᠦᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠬᠥᠯ ᠪᠥᠮᠪᠦᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠤᠷᠤᠯᠳᠤᠭᠠᠨ ᠤ ᠲᠥᠯᠥᠪᠯᠡᠭᠡ ᠶᠢ ᠰᠤᠳᠤᠯᠤᠨ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠪᠦᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠠᠵᠢᠯ ᠤᠨ ᠴᠢᠯᠥᠭᠡᠨ ᠤ ᠪᠣᠯᠪᠠᠰᠤᠷᠠᠯ ᠤᠨ ᠠᠵᠢᠯ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ᠂ ᠬᠤᠲᠠ ᠶᠢᠨ  ᠳᠡᠰ  ᠠᠴᠠ ᠳᠡᠭᠡᠭᠰᠢᠬᠢ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠬᠤ ᠬᠡᠷᠡᠭᠲᠡᠢ᠃ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠢᠯᠣᠭᠤᠳᠤᠨ ᠬᠢᠨᠠᠯᠲᠠ ᠲᠠᠯᠪᠢᠵᠤ᠂ ᠪᠦᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠲᠠᠮᠢᠷᠴᠢᠨ ᠢ ᠳᠠᠩᠰᠠᠯᠠᠨ ᠬᠠᠮᠢᠶᠠᠷᠬᠤ ᠶᠢ ᠬᠠᠷᠢᠭᠤᠴᠠᠵᠤ᠂ ᠪᠦᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ ᠠᠵᠢᠯᠴᠢᠨ ᠤ ᠡᠪᠯᠡᠯ ᠪᠣᠯᠤᠨ ᠡᠪᠯᠡᠯ ᠤᠨ ᠬᠤᠷᠢᠶᠠᠨ ᠤ ᠠᠵᠢᠯ ᠢ ᠬᠠᠷᠢᠭᠤᠴᠠᠨ᠎ᠠ᠃ᠪᠦᠬᠦ ᠬᠤᠰᠢᠭᠤᠨ ᠤ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ ᠢ ᠬᠠᠷᠢᠭᠤᠴᠠᠨ ᠵᠢᠯᠣᠭᠤᠳᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠵᠢᠯᠣᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠪᠠ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠴᠤ᠂ ᠶᠣᠰᠣ ᠮᠣᠷᠠᠯ ᠢ ᠪᠣᠢ ᠪᠣᠯᠭᠠᠨ ᠬᠥᠮᠦᠨ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ᠌/‍ᠡᠴᠡ ᠪᠠᠭ᠎ᠠ ᠰᠤᠷᠭᠠᠭᠤᠯᠢ᠂ ᠠᠩᠬ᠎ᠠ ᠳᠤᠮᠳᠠᠳᠤ᠂ ᠥᠨᠳᠥᠷ ᠳᠤᠮᠳᠠᠳᠤ ᠶᠢᠨ ᠡᠯ᠎ᠡ ᠰᠤᠷᠭᠠᠭᠤᠯᠢ ᠬᠦᠷᠲᠡᠯᠡᠬᠢ ᠡᠯ᠎ᠡ ᠰᠤᠷᠤᠯᠭ᠎ᠠ ᠶᠢᠨ ᠬᠤᠭᠤᠴᠠᠭᠠᠨ ᠤ ᠵᠣᠯᠭᠠᠯᠴᠠᠭ᠎ᠠ ᠪᠠ ᠪᠦᠬᠦ ᠠᠵᠢᠯᠲᠠᠨ ᠤ ᠬᠥᠮᠦᠵᠢᠯ᠂ ᠪᠦᠬᠦ ᠶᠠᠪᠤᠴᠠ ᠳᠤ ᠬᠥᠮᠦᠨ ᠬᠥᠮᠦᠵᠢᠭᠦᠯᠬᠦ᠂ ᠪᠦᠬᠦ ᠲᠠᠯ᠎ᠠ ᠪᠠᠷ ᠬᠥᠮᠦᠨ ᠬᠥᠮᠦᠵᠢᠭᠦᠯᠬᠦ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ᠂ ᠭᠤᠸ᠎ᠠ ᠰᠠᠶᠢᠬᠠᠨ ᠤ ᠬᠥᠮᠦᠵᠢᠯ᠂ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠵᠢᠯᠣᠭᠤᠳᠤᠨ᠎ᠠ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠣᠯᠤᠨ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠠᠵᠢᠯ ᠢ ᠵᠢᠯᠣᠭᠤᠳᠤᠨ ᠵᠣᠬᠢᠴᠠᠭᠤᠯᠬᠤ ᠬᠡᠷᠡᠭᠲᠡᠢ᠃ᠭᠡᠷ ᠪᠦᠯᠢ ᠶᠢᠨ ᠬᠥᠮᠦᠵᠢᠯ ᠪᠣᠯᠤᠨ ᠰᠤᠷᠤᠭᠴᠢᠳ ᠢ ᠵᠢᠯᠣᠭᠤᠳᠤᠨ  ᠬᠠᠤᠯᠢ ᠠᠴᠠ ᠵᠥᠷᠢᠴᠡᠨ ᠶᠠᠯ᠎ᠠ ᠬᠢᠬᠦ ᠶᠢ ᠰᠡᠷᠭᠡᠶᠢᠯᠡᠬᠦ ᠠᠵᠢᠯ ᠢ ᠵᠢᠯᠣᠭᠤᠳᠤᠨ᠎ᠠ᠃ᠰᠤᠷᠭᠠᠭᠤᠯᠢ ᠶᠢᠨ ᠰᠣᠶᠣᠯ ᠤᠨ ᠪᠠᠶᠢᠭᠤᠯᠤᠯᠲᠠ᠂ ᠰᠤᠷᠭᠠᠭᠤᠯᠢ ᠶᠢᠨ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ᠂ ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ᠬᠤᠶᠢᠴᠢ ᠦᠶᠡ ᠦᠶᠡᠬᠡᠨ ᠢ ᠬᠠᠯᠠᠮᠵᠢᠯᠠᠬᠤ ᠠᠵᠢᠯ ᠢ ᠵᠣᠬᠢᠴᠠᠭᠤᠯᠵᠤ᠃       ( ᠲᠠᠪᠤ ) ᠠᠶᠤᠯ ᠥᠬᠡᠢ ᠶᠢ ᠬᠢᠨᠠᠨ ᠵᠢᠯᠣᠭᠤᠳᠬᠤ ᠰᠲ᠋ᠣᠺ᠃ᠪᠦᠬᠦ ᠬᠤᠰᠢᠭᠤᠨ ᠤ ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠢᠯᠣᠭᠤᠳᠴᠤ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠠᠷᠭ᠎ᠠ ᠠᠪᠴᠠᠯ ᠢ ᠲᠤᠭᠤᠷᠪᠢᠵᠤ᠂ ᠵᠢᠭᠠᠨ ᠵᠢᠯᠣᠭᠤᠳᠴᠤ ᠬᠡᠷᠡᠭᠵᠢᠭᠦᠯᠦᠨ᠎ᠡ᠃ᠰᠤᠷᠭᠠᠭᠤᠯᠢ ᠶᠢᠨ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ᠂ ᠭᠠᠯ ᠤᠨᠲᠠᠷᠠᠭᠠᠵᠤ ᠠᠶᠤᠯ‌‍ᠠ᠋ᠴᠠ ᠬᠠᠮᠠᠭᠠᠯᠠᠬᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠬᠠᠷᠭᠢᠰ ᠢ ᠱᠦᠭᠦᠷᠳᠡᠨ ᠠᠷᠢᠯᠭᠠᠵᠤ ᠬᠠᠷᠭᠢᠰ ᠬᠦᠴᠦᠨ ᠢ ᠠᠷᠢᠯᠭᠠᠬᠤ᠂ ᠲᠣᠣᠷ ᠰᠦᠯᠵᠢᠶᠡᠨ ᠤ ᠠᠮᠤᠷ ᠲᠦᠪᠰᠢᠨ ᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ᠰᠤᠷᠭᠠᠭᠤᠯᠢ ᠶᠢᠨ ᠬᠦᠨᠳᠦ ᠶᠡᠭᠡ ᠠᠮᠤᠷ ᠲᠦᠪᠰᠢᠨ ᠤ ᠠᠳᠡᠯ᠂ ᠭᠡᠨᠡᠳᠲᠡ ᠶᠢᠨ ᠴᠢᠨᠠᠷᠲᠠᠢ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠡᠭᠦᠰᠬᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠳᠤ ᠠᠶᠤᠯ ᠤᠴᠠᠷᠠᠭᠤᠯᠵᠤ ᠮᠡᠳᠡᠬᠦ ᠦᠶ᠎ᠡ ᠳᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠶᠣᠰᠣᠭᠠᠷ ᠠᠷᠭ᠎ᠠ ᠬᠡᠮᠵᠢᠶ᠎ᠡ ᠠᠪᠬᠤ ᠬᠡᠷᠡᠭᠲᠡᠢ᠃       ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠳᠦᠷᠢᠮ᠂ ᠠᠷᠭ᠎ᠠ ᠪᠣᠯᠤᠨ ᠦᠨᠡᠯᠡᠨ ᠵᠢᠱᠢᠬᠦ ᠪᠠᠷᠢᠮᠵᠢᠶ᠎ᠠ ᠶᠢ ᠬᠠᠷᠢᠭᠤᠴᠠᠨ ᠲᠣᠭᠲᠠᠭᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠳᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠯᠲᠡ ᠬᠢᠬᠦ ᠶᠢ ᠵᠣᠬᠢᠶᠠᠨ ᠪᠠᠶᠢᠭᠤᠯᠬᠤ ᠬᠡᠷᠡᠭᠲᠡᠢ᠃ᠡᠯ᠎ᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠵᠠᠰᠠᠭ ᠤᠨ ᠣᠷᠳᠣᠨ ᠤ ᠡᠯ᠎ᠡ ᠵᠦᠢᠯ ᠤᠨ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠬᠤ᠂ ᠪᠠᠶᠢᠴᠠᠭᠠᠬᠤ᠂ ᠦᠨᠡᠯᠡᠨ ᠵᠢᠱᠢᠬᠦ᠂ ᠵᠢᠭᠠᠨ ᠵᠢᠯᠣᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠤᠭᠰᠠᠨ ᠮᠡᠳᠡᠭᠦᠯᠦᠯᠲᠡ ᠶᠢ ᠨᠡᠶᠢᠲᠡᠯᠡᠨ᠎ᠡ᠃ᠪᠦᠬᠦ ᠬᠤᠰᠢᠭᠤᠨ ᠤ ᠬᠤᠶᠢᠴᠢ ᠦᠶᠡ ᠦᠶᠡᠬᠡᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃ ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ᠄ 0474 —5202908 ᠵᠢᠵᠢᠭᠦᠷ ᠤᠨ ᠲᠠᠰᠤᠭ᠄ 0474 —5202908 ᠰᠢᠤᠳᠠᠨ ᠳ᠋ᠤᠭᠠᠷ᠄ 011800 ᠠᠵᠢᠯᠯᠠᠬᠤ ᠴᠠᠭ᠄ ᠭᠠᠷᠠᠭ ᠤᠨ  ᠨᠢᠭᠡᠨ ᠠᠴᠠ ᠭᠠᠷᠠᠭ ᠤᠨ ᠲᠠᠪᠤᠨ ᠵᠢᠰᠦᠨ ᠴᠠᠭ ᠪᠣᠯᠲᠠᠯ᠎ᠠ —12 : 00᠂ 14 : 30—18 : 00 ( ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ‌‍ᠡᠴᠡ ᠭᠠᠳᠠᠨ᠎ᠠ ) ᠪᠠᠶᠢᠭᠤᠯᠭ᠎ᠠ ᠶᠢᠨ ᠬᠠᠶᠢᠭ ᠄ ᠳᠥᠷᠪᠡᠳ ᠬᠤᠰᠢᠭᠤᠨ ᠤ ᠤᠯᠠᠭᠠᠨ ᠬᠤᠸᠠ ᠪᠠᠯᠭᠠᠰᠤᠨ ᠤ ᠰᠢᠨ᠎ᠡ ᠲᠣᠭᠤᠷᠢᠭ ᠬᠠᠷᠢᠭᠤᠴᠠᠯᠭᠠᠲᠠᠨ᠄ ᠾᠧᠦ ᠢᠦ᠋ᠢ ᠭᠧᠨᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ ᠤᠷᠴᠢᠭᠤᠯᠤᠭᠴᠢ᠄  ᠲᠡᠷᠭᠡᠯ ᠬᠢᠨᠠᠭᠴᠢ᠄  ᠦᠨᠢᠮᠠᠨᠳᠤᠬᠤ ᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2