ᠳᠥᠷᠪᠡᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | | | ᠳᠥᠷᠪᠡᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠡᠷᠬᠢᠯᠡᠭᠴᠢ᠂ ᠡᠳ᠋ ᠤᠨ | ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ 1 ᠨᠡᠷᠡᠰ᠂ ᠳᠡᠳ᠋ ᠡᠷᠬᠢᠯᠡᠭᠴᠢ 4 | ᠨᠡᠷᠡᠰ (ᠡᠭᠦᠨ ᠳᠤ᠄ 1 ᠨᠡᠷᠡᠰ ᠨᠢ ᠳᠥᠷᠪᠡᠳ ᠬᠤᠰᠢᠭᠤᠨ ᠤ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ | ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ᠂ 1 ᠨᠡᠷᠡᠰ ᠨᠢ ᠳᠥᠷᠪᠡᠳ ᠬᠤᠰᠢᠭᠤᠨ ᠤ | ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ | ᠬᠠᠪᠰᠤᠷᠭᠠᠨ ᠡᠭᠦᠷᠭᠡᠯᠡᠵᠦ ᠪᠣᠢ) ᠶᠢᠨ ᠳᠣᠲᠣᠷ᠎ᠠ 10 ᠡᠷᠬᠡ ᠲᠤᠰᠢᠶᠠᠯᠲᠤ ᠲᠠᠰᠤᠭ ᠭᠠᠷᠭᠠᠵᠤ᠂ ᠬᠠᠷᠢᠯᠴᠠᠬᠤ | ᠤᠲᠠᠰᠤ᠄ 520556᠂ ᠲᠡᠭᠦᠨ ᠤ ᠡᠭᠦᠷᠭᠡ ᠴᠢᠳᠠᠪᠤᠷᠢ ᠨᠢ ᠳᠣᠣᠷᠠᠬᠢ ᠮᠡᠲᠦ᠄ | | ( ᠨᠢᠭᠡ ) ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠳᠣᠳᠣᠮ ᠤᠨ ᠠᠵᠢᠯᠯᠠᠭᠠᠨ ᠤ ᠠᠵᠢᠯ ᠢ | ᠬᠠᠷᠢᠭᠤᠴᠠᠨ᠎ᠠ᠃ᠰᠣᠶᠣᠯ ᠴᠠᠬᠢᠯᠭᠠᠨ᠂ ᠬᠤᠷᠠᠯ ᠤᠨ ᠶᠠᠪᠤᠳᠠᠯ᠂ ᠴᠢᠬᠤᠯᠠ ᠨᠢᠭᠤᠴᠠ᠂ ᠳᠠᠩᠰᠠ ᠡᠪᠬᠡᠮᠡᠯ᠂ ᠮᠡᠳᠡᠭᠡ | ᠵᠠᠩᠭᠢ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ᠪᠠᠶᠢᠭᠤᠯᠤᠯᠭ᠎ᠠ ᠶᠢᠨ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠣᠷᠠᠭᠤᠯᠤᠯ᠂ | ᠴᠢᠳᠠᠪᠤᠷᠢᠲᠠᠨ ᠤ ᠬᠥᠭᠵᠢᠯᠲᠡ᠂ ᠬᠥᠳᠡᠯᠮᠦᠷᠢ ᠴᠠᠯᠢᠩ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ᠂ ᠡᠳ᠋ ᠤᠨ | ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ | ᠡᠭᠦᠷᠭᠡᠯᠡᠨ᠎ᠡ᠃ | ( ᠬᠤᠶᠠᠷ ) ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠬᠤᠪᠢ᠃ᠲᠠᠷᠢᠶᠠᠯᠠᠬᠤ | ᠮᠠᠯᠵᠢᠬᠤ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠪᠠᠶᠢᠭᠤᠯᠤᠯ ᠤᠨ ᠥᠭᠡᠷᠡᠴᠢᠯᠡᠯᠲᠡ ᠬᠢᠭᠡᠳ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠬᠡᠷᠡᠭᠲᠡᠢ᠃ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ | ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠨᠤᠲᠤᠭ ᠪᠡᠯᠴᠢᠭᠡᠷ᠂ ᠤᠰᠤᠨ ᠠᠰᠢᠭᠯᠠᠯᠲᠠ᠂ ᠴᠠᠭ ᠠᠭᠤᠷ᠂ | ᠠᠮᠢ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠬᠢᠭᠡᠳ ᠲᠠᠷᠢᠶᠠᠯᠠᠬᠤ ᠮᠠᠯᠵᠢᠬᠤ | ᠣᠷᠣᠨ ᠤ ᠬᠤᠯᠪᠣᠭᠳᠠᠯ ᠪᠦᠬᠦᠢ ᠰᠠᠭᠤᠷᠢ ᠪᠡᠯᠡᠳᠬᠡᠮᠵᠢ ᠵᠡᠷᠭᠡ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ | ᠪᠣᠯᠤᠨ ᠲᠥᠷᠥ ᠶᠢᠨ ᠪᠣᠳᠣᠯᠭ᠎ᠠ ᠶᠢ ᠵᠣᠯᠭᠠᠯᠳᠤᠭᠤᠯᠵᠤ᠂ ᠴᠢᠬᠤᠯᠠ ᠶᠡᠭᠡ ᠲᠥᠷᠥᠯ ᠵᠦᠢᠯ ᠤᠨ | ᠪᠠᠶᠢᠷᠢᠯᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠬᠦ ᠬᠡᠷᠡᠭᠲᠡᠢ᠃ | ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠰᠠᠨᠠᠭᠤᠯᠭ᠎ᠠ ᠶᠢ ᠳᠤᠷᠠᠳᠴᠤ᠂ ᠬᠥᠳᠡᠭᠡ | ᠲᠣᠰᠬᠤᠨ ᠤ ᠪᠣᠬᠢᠷᠲᠤᠯ ᠥᠬᠡᠢ ᠬᠥᠭᠵᠢᠯᠲᠡ ᠶᠢ ᠲᠦᠯᠬᠢᠨ ᠠᠬᠢᠭᠤᠯᠪᠠ᠃ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠬᠢᠭᠡᠳ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠵᠦᠢᠯᠡᠰ | ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ( ᠭᠤᠷᠪᠠ ) ᠨᠡᠶᠢᠭᠡᠮ ᠤᠨ ᠬᠥᠭᠵᠢᠯᠲᠡ ᠶᠢᠨ ᠬᠤᠪᠢ᠃ᠨᠡᠶᠢᠭᠡᠮ ᠤᠨ ᠬᠥᠭᠵᠢᠯᠲᠦ ᠶᠢᠨ ᠪᠠᠶᠢᠯᠳᠤᠬᠤ | ᠪᠣᠳᠣᠯᠭ᠎ᠠ᠂ ᠲᠥᠯᠥᠪᠯᠡᠭᠡ ᠪᠣᠯᠤᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠳᠤᠷᠠᠳᠤᠨ ᠭᠠᠷᠭᠠᠬᠤ ᠪᠥᠭᠡᠳ | ᠵᠣᠬᠢᠴᠠᠭᠤᠯᠤᠨ ᠬᠡᠷᠡᠭᠵᠢᠭᠦᠯᠵᠦ᠃ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ ; | ᠨᠡᠶᠢᠭᠡᠮ ᠤᠨ ᠬᠥᠭᠵᠢᠯ ᠤᠨ ᠣᠨ ᠤ ᠲᠥᠯᠥᠪᠯᠡᠭᠡ ᠶᠢ ᠰᠤᠳᠤᠯᠤᠨ ᠳᠤᠷᠠᠳᠪᠠ᠃ᠨᠡᠶᠢᠭᠡᠮ ᠤᠨ ᠦᠢᠯᠡᠰ ᠪᠣᠯᠤᠨ | ᠠᠵᠤ ᠦᠢᠯᠡᠰ ᠤᠨ ᠬᠥᠭᠵᠢᠯᠲᠦ ᠶᠢᠨ ᠲᠥᠷᠥ ᠶᠢᠨ ᠪᠣᠳᠣᠯᠭ᠎ᠠ ᠵᠢᠴᠢ ᠥᠭᠡᠷᠡᠴᠢᠯᠡᠯᠲᠡ ᠶᠢᠨ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠵᠤ᠃ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠃ᠬᠥᠮᠦᠨ ᠠᠮᠠ ᠶᠢᠨ ᠬᠥᠭᠵᠢᠯᠲᠡ ᠪᠣᠯᠤᠨ | ᠨᠠᠰᠤᠵᠢᠯᠲᠠ ᠶᠢ ᠠᠷᠭᠠᠴᠠᠬᠤ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠨ᠎ᠠ᠃ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ | ᠲᠣᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ | ᠪᠣᠳᠣᠯᠭ᠎ᠠ᠂ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠰᠠᠨᠠᠭᠤᠯᠭ᠎ᠠ ᠶᠢ ᠳᠤᠷᠠᠳᠤᠨ | ᠭᠠᠷᠭᠠᠵᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠬᠢᠭᠡᠳ ᠬᠤᠯᠪᠣᠭᠳᠠᠯ ᠪᠦᠬᠦᠢ | ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠦᠯᠬᠢᠨ ᠠᠬᠢᠭᠤᠯᠤᠨ᠎ᠠ᠃ᠬᠡᠷᠡᠭᠯᠡᠭᠡᠨ ᠤ ᠪᠠᠶᠢᠭᠤᠯᠤᠮᠵᠢ | ᠲᠣᠭᠲᠠᠴᠠ ᠶᠢ ᠠᠬᠢᠭᠤᠯᠬᠤ ᠵᠢᠴᠢ ᠰᠠᠭᠤᠭᠠᠯᠢ ᠠᠷᠠᠳ ᠤᠨ ᠬᠡᠷᠡᠭᠯᠡᠭᠡ ᠶᠢ ᠥᠷᠭᠡᠳᠬᠡᠬᠦ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠶᠢᠨ ᠬᠠᠮᠲᠤ ᠵᠣᠬᠢᠴᠠᠭᠤᠯᠤᠨ | ᠬᠡᠷᠡᠭᠵᠢᠭᠦᠯᠦᠨ᠎ᠡ᠃ᠰᠣᠶᠣᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠬᠥᠳᠡᠯᠮᠦᠷᠢ᠂ ᠪᠡᠶ᠎ᠡ ᠶᠢᠨ ᠲᠠᠮᠢᠷ᠂ | ᠷᠠᠳᠢᠣ ᠨᠡᠪᠲᠡᠷᠡᠭᠦᠯᠭᠡ ᠲᠧᠯᠸᠢᠰ᠂ ᠵᠢᠭᠤᠯᠴᠢᠯᠠᠯ ᠵᠡᠷᠭᠡ ᠨᠡᠶᠢᠭᠡᠮ ᠤᠨ ᠦᠢᠯᠡᠰ ᠢ ᠤᠯᠤᠰ ᠠᠷᠠᠳ ᠤᠨ ᠠᠵᠤ | ᠠᠬᠤᠢ ᠶᠢᠨ ᠬᠥᠭᠵᠢᠯᠲᠡ ᠯᠦᠭᠡ ᠵᠣᠯᠭᠠᠯᠳᠤᠭᠤᠯᠤᠨ ᠲᠡᠩᠴᠡᠭᠦᠷᠢᠲᠡᠢ ᠪᠠᠶᠢᠯᠭᠠᠬᠤ ᠬᠡᠷᠡᠭᠲᠡᠢ᠃ | ( ᠳᠥᠷᠪᠡ ) ᠠᠵᠣ ᠦᠢᠯᠡᠳᠪᠦᠷᠢ ᠵᠠᠮ ᠬᠠᠷᠢᠯᠴᠠᠭ᠎ᠠ ᠣᠷᠴᠢᠨ ᠲᠣᠭᠤᠷᠢᠨ ᠤ ᠡᠳ᠋ ᠬᠤᠭᠰᠢᠯ | ᠠᠷᠠᠯᠵᠢᠶ᠎ᠠ ᠶᠢᠨ ᠰᠲ᠋ᠣᠺ᠃ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠨ᠎ᠠ᠃ᠠᠵᠤ ᠦᠢᠯᠡᠳᠪᠦᠷᠢ ᠶᠢᠨ ᠬᠥᠭᠵᠢᠯᠲᠦ ᠶᠢᠨ ᠲᠥᠯᠥᠪᠵᠢᠭᠦᠯᠭᠡ ᠶᠢ | ᠨᠢᠭᠡᠳᠦᠯᠲᠡᠢ ᠲᠥᠯᠥᠪᠯᠡᠨ ᠵᠣᠯᠭᠠᠯᠳᠣᠭᠤᠯᠬᠤ ᠬᠡᠷᠡᠭᠲᠡᠢ᠃ᠪᠦᠬᠦ ᠬᠤᠰᠢᠭᠤᠨ ᠤ ᠠᠵᠤ ᠦᠢᠯᠡᠳᠪᠦᠷᠢ ᠶᠢᠨ | ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠠᠳᠠᠯᠤᠨ ᠰᠤᠳᠤᠯᠬᠤ ᠪᠠ ᠵᠣᠬᠢᠴᠠᠭᠤᠯᠤᠨ ᠰᠢᠢᠳᠪᠦᠷᠢᠯᠡᠵᠦ᠂ | ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ | ᠪᠣᠳᠠᠲᠤ ᠴᠣᠭᠴᠠᠲᠤ ᠠᠵᠤ ᠠᠬᠤᠢ ᠶᠢᠨ ᠬᠥᠭᠵᠢᠯᠲᠡ ᠶᠢ ᠳᠡᠮᠵᠢᠬᠦ᠂ ᠲᠡᠷᠢᠭᠦᠨ ᠤ ᠦᠢᠯᠡᠳᠬᠦ ᠦᠢᠯᠡᠰ ᠢ | ᠲᠦᠷᠭᠡᠳᠬᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠦᠢᠯᠡᠳᠪᠦᠷᠢ ᠶᠢᠨ ᠴᠢᠬᠤᠯᠠ ᠶᠡᠭᠡ ᠲᠥᠷᠥᠯ ᠵᠦᠢᠯ ᠤᠨ | ᠪᠠᠶᠢᠷᠢᠰᠢᠭᠤᠯᠤᠯᠲᠠ ᠶᠢᠨ ᠰᠠᠨᠠᠭᠤᠯᠭ᠎ᠠ ᠪᠣᠯᠤᠨ ᠬᠠᠮᠢᠶ᠎ᠠ ᠪᠦᠬᠦᠢ ᠠᠵᠤ ᠦᠢᠯᠡᠰ ᠤᠨ ᠴᠢᠬᠤᠯᠠ ᠶᠡᠭᠡ ᠢᠨᠵᠧᠨᠧᠷᠢᠩ ᠢ | ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ᠴᠢᠬᠤᠯᠠ ᠶᠡᠭᠡ ᠮᠡᠷᠭᠡᠵᠢᠯ ᠤᠨ ᠲᠣᠨᠤᠭ | ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠪᠠ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠵᠣᠬᠢᠴᠠᠭᠤᠯᠤᠨ᠎ᠠ᠃ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ | ᠲᠥᠯᠥᠪᠵᠢᠭᠦᠯᠭᠡ ᠪᠠ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ᠂ | ᠲᠥᠯᠥᠪᠯᠡᠭᠡ ᠶᠢᠨ ᠵᠣᠯᠭᠠᠯᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ᠎ᠡ᠃ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ | ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠬᠦ ᠬᠡᠷᠡᠭᠲᠡᠢ᠃ | ( ᠲᠠᠪᠤ ) ᠣᠷᠣᠨ ᠪᠦᠰᠡ ᠶᠢᠨ ᠬᠠᠮᠵᠢᠯᠴᠠᠭᠠᠨ ᠤ ᠠᠯᠪᠠᠨ ᠭᠡᠷ᠃ᠤᠯᠤᠰ᠂ ᠥᠪᠡᠷᠲᠡᠭᠡᠨ ᠵᠠᠰᠠᠬᠤ ᠣᠷᠣᠨ᠂ | ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ᠪᠦᠬᠦ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠣᠷᠣᠨ ᠪᠦᠰᠡ ᠶᠢᠨ ᠠᠵᠤ ᠠᠬᠤᠢ ᠶᠢᠨ | ᠬᠥᠭᠵᠢᠯᠲᠡ ᠶᠢᠨ ᠴᠢᠭᠯᠡᠯᠲᠡ ᠲᠦᠷᠦ ᠶᠢᠨ ᠪᠣᠳᠣᠯᠭ᠎ᠠ ᠶᠢ ᠰᠤᠳᠤᠯᠤᠨ᠎ᠠ᠃ᠦᠷᠭᠦᠯᠵᠢᠯᠡᠬᠦ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠣᠷᠣᠨ ᠪᠦᠰᠡ ᠶᠢᠨ ᠠᠵᠤ ᠠᠬᠤᠢ ᠶᠢᠨ | ᠵᠣᠬᠢᠴᠠᠩᠭᠤᠢ ᠬᠥᠭᠵᠢᠯᠲᠡ ᠶᠢ ᠬᠥᠲᠥᠯᠦᠨ ᠵᠢᠯᠣᠭᠤᠳᠴᠤ ᠠᠬᠢᠭᠤᠯᠤᠨ᠎ᠠ᠃ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠢ ᠪᠠᠶᠢᠷᠢᠯᠠᠭᠤᠯᠬᠤ | ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ᠂ ᠬᠤᠰᠢᠭᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠣᠭᠲᠠᠭᠠᠭᠰᠠᠨ ᠣᠨᠳᠣᠣ | ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠡᠯ᠎ᠡ ᠵᠦᠢᠯ ᠤᠨ ᠠᠵᠢᠯ ᠢ ᠵᠣᠬᠢᠶᠠᠨ | ᠪᠠᠶᠢᠭᠤᠯᠬᠤ᠂ ᠵᠣᠬᠢᠴᠠᠭᠤᠯᠬᠤ᠂ ᠵᠢᠯᠣᠭᠤᠳᠬᠤ ᠶᠢ ᠬᠠᠷᠢᠭᠤᠴᠠᠨ᠎ᠠ᠃ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠬᠦ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ᠂ ᠣᠨ ᠤ ᠬᠡᠷᠡᠭᠵᠢᠭᠦᠯᠬᠦ ᠲᠥᠰᠦᠯ ᠪᠠ ᠣᠨ ᠤ ᠨᠡᠭᠦᠯᠭᠡᠬᠦ | ᠲᠥᠯᠥᠪᠯᠡᠭᠡ ᠶᠢ ᠲᠣᠭᠲᠠᠭᠠᠨ᠎ᠠ᠃ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠷᠥᠯ ᠵᠦᠢᠯ ᠢ ᠬᠢᠨᠠᠨ | ᠬᠠᠮᠢᠶᠠᠷᠬᠤ᠂ ᠪᠠᠶᠢᠴᠠᠭᠠᠵᠤ ᠵᠢᠯᠣᠭᠤᠳᠬᠤ᠂ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠲᠥᠷᠥᠯ ᠵᠦᠢᠯ ᠢ | ᠰᠢᠯᠭᠠᠨ ᠬᠤᠷᠢᠶᠠᠬᠤ ᠵᠡᠷᠭᠡ ᠠᠵᠢᠯ᠃ | ( ᠵᠢᠷᠭᠤᠭ᠎ᠠ ) ᠠᠮᠢ ᠠᠬᠤᠢ ᠶᠢᠨ ᠠᠯᠪᠠᠨ ᠭᠡᠷ᠃ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠶᠢ | ᠬᠠᠮᠵᠢᠨ ᠳᠡᠭᠡᠳᠦ ᠱᠠᠲᠤᠨ ᠤ ᠪᠠᠭᠤᠯᠭᠠᠭᠰᠠᠨ ᠠᠷᠠᠳ ᠢ ᠨᠡᠭᠦᠯᠭᠡᠬᠦ ᠡᠯ᠎ᠡ ᠵᠦᠢᠯ ᠤᠨ ᠡᠭᠦᠷᠭᠡ ᠶᠢ ᠬᠡᠷᠡᠭᠵᠢᠭᠦᠯᠦᠨ᠎ᠡ᠃ | ᠨᠡᠭᠦᠳᠡᠯ ᠠᠷᠠᠳ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠯ᠎ᠡ ᠵᠦᠢᠯ ᠤᠨ ᠬᠠᠮᠢᠶ᠎ᠠ ᠪᠦᠬᠦᠢ ᠭᠠᠷᠳᠠᠮ ᠢ | ᠭᠦᠢᠴᠡᠳᠬᠡᠬᠦ ᠶᠢ ᠬᠠᠷᠢᠭᠤᠴᠠᠨ᠎ᠠ᠃ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ ᠬᠢᠨᠠᠯᠲᠠ ᠲᠠᠯᠪᠢᠨ ᠬᠡᠷᠡᠭᠵᠢᠭᠦᠯᠵᠦ᠂ ᠢᠨᠵᠧᠨᠧᠷᠢᠩ ᠤᠨ ᠲᠥᠯᠥᠪᠵᠢᠭᠦᠯᠭᠡ ᠶᠢᠨ | ᠠᠭᠤᠯᠭ᠎ᠠ ᠶᠢ ᠴᠢᠨᠠᠷ ᠰᠠᠶᠢᠲᠠᠢ ᠲᠤᠭ᠎ᠠ ᠬᠡᠮᠵᠢᠶ᠎ᠡ ᠪᠠᠲᠤᠯᠠᠨ ᠪᠡᠶᠡᠯᠡᠭᠦᠯᠦᠨ᠎ᠡ᠃ᠭᠤᠣᠯᠳᠠᠯᠭ᠎ᠠ ᠲᠠᠢ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠦᠢᠯ ᠢ ᠪᠠᠶᠢᠷᠢᠯᠠᠭᠤᠯᠬᠤ ᠵᠡᠷᠭᠡ ᠰᠠᠨᠠᠭᠤᠯᠭ᠎ᠠ ᠶᠢ ᠳᠤᠷᠠᠳᠬᠤ ᠶᠢᠨ | ᠬᠠᠮᠲᠤ ᠵᠣᠬᠢᠴᠠᠩᠭᠤᠢ ᠬᠡᠷᠡᠭᠵᠢᠭᠦᠯᠦᠨ᠎ᠡ᠃ᠲᠠᠷᠢᠶᠠᠯᠠᠬᠤ ᠪᠠᠨ ᠵᠣᠭᠰᠣᠭᠠᠵᠤ ᠣᠢ ᠮᠣᠳᠣ ᠲᠠᠷᠢᠬᠤ᠂ ᠮᠠᠯᠵᠢᠬᠤ ᠪᠠᠨ | ᠵᠣᠭᠰᠣᠭᠠᠵᠤ ᠡᠪᠡᠰᠦ ᠲᠠᠷᠢᠬᠤ᠂ ᠠᠮᠢ ᠠᠬᠤᠢ ᠶᠢᠨ ᠨᠥᠬᠦᠪᠥᠷᠢ ᠥᠭᠬᠦ ᠵᠡᠷᠭᠡ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠳᠤ ᠬᠤᠯᠪᠣᠭᠳᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠤᠯ ᠤᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠵᠢᠴᠢ ᠬᠤᠯᠪᠣᠭᠳᠠᠯ ᠪᠦᠬᠦᠢ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠪᠠᠶᠢᠴᠠᠭᠠᠨ ᠰᠤᠳᠤᠯᠬᠤ᠂ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ᠂ | ᠪᠠᠶᠢᠴᠠᠭᠠᠵᠤ᠂ ᠰᠢᠯᠭᠠᠨ ᠠᠪᠤᠨ᠎ᠠ᠃ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠬᠦ | ᠬᠡᠷᠡᠭᠲᠡᠢ᠃ᠪᠦᠬᠦ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠮᠡᠳᠡᠭᠡ | ᠵᠠᠩᠭᠢ ᠶᠢ ᠴᠤᠭᠯᠠᠭᠤᠯᠬᠤ ᠪᠠ ᠪᠦᠷᠢᠳᠬᠡᠬᠦ ᠠᠵᠢᠯ ᠢ ᠬᠠᠷᠢᠭᠤᠴᠠᠨ᠎ᠠ᠃ | ( ᠳᠣᠯᠤᠭ᠎ᠠ ) ᠬᠤᠪᠢ ᠣᠷᠣᠬᠤ ᠶᠢ ᠬᠢᠨᠠᠨ ᠵᠥᠪᠰᠢᠶᠡᠷᠡᠬᠦ᠃ᠲᠤᠰ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠦᠢᠴᠡᠳᠬᠡᠬᠦ ᠴᠤᠪᠤᠷᠠᠯ ᠢ ᠲᠣᠬᠢᠷᠠᠭᠤᠯᠬᠤ ᠰᠠᠨᠠᠯ ᠢ ᠰᠤᠳᠤᠯᠤᠨ | ᠳᠤᠷᠠᠳᠬᠤ ᠶᠢᠨ ᠬᠠᠮᠲᠤ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠲᠣᠭᠲᠠᠭᠰᠠᠨ ᠡᠷᠬᠡ ᠮᠠᠲᠠᠯ ᠤᠨ ᠶᠣᠰᠣᠭᠠᠷ ᠬᠢᠨᠠᠨ ᠬᠠᠷᠭᠤᠭᠤᠯᠵᠤ | ᠳᠡᠭᠡᠭᠰᠢ ᠮᠡᠳᠡᠭᠦᠯᠬᠦ ᠪᠤᠶᠤ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ᠂ ᠳᠠᠩᠰᠠᠯᠠᠭᠤᠯᠬᠤ ᠶᠢ | ᠬᠠᠷᠢᠭᠤᠴᠠᠨ᠎ᠠ᠃ᠪᠤᠰᠤᠳ ᠵᠦᠢᠯ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠲᠠᠢ ᠬᠤᠯᠪᠣᠭᠳᠠᠯ ᠲᠠᠢ ᠵᠦᠢᠯ᠃ | ᠭᠤᠣᠯᠳᠠᠯᠭ᠎ᠠ ᠲᠠᠢ ᠲᠥᠷᠥᠯ ᠵᠦᠢᠯ ᠤᠨ ᠶᠡᠷᠦᠩᠬᠡᠶᠢᠯᠡᠨ ᠰᠡᠳᠦᠵᠦ ᠲᠥᠯᠥᠪᠯᠡᠬᠦ᠂ ᠰᠢᠯᠢᠵᠦ᠂ ᠨᠥᠭᠡᠴᠡᠯᠡᠬᠦ ᠶᠢ | ᠬᠠᠷᠢᠭᠤᠴᠠᠵᠤ᠂ ᠲᠥᠷᠥᠯ ᠵᠦᠢᠯ ᠤᠨ ᠬᠥᠮᠥᠷᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ | ᠲᠡᠭᠦᠯᠳᠡᠷᠵᠢᠭᠦᠯᠬᠦ ᠶᠢᠨ ᠬᠠᠮᠲᠤ ᠬᠠᠷᠢᠴᠠᠩᠭᠤᠢ ᠪᠣᠯᠪᠠᠰᠤᠷᠠᠩᠭᠤᠢ ᠲᠥᠷᠥᠯ ᠵᠦᠢᠯ ᠢ ᠪᠠᠲᠤᠯᠠᠨ ᠲᠠᠨᠢᠯᠴᠠᠭᠤᠯᠤᠨ᠎ᠠ᠃ | ᠪᠦᠬᠦ ᠬᠤᠰᠢᠭᠤᠨ ᠤ ᠲᠥᠷᠥᠯ ᠵᠦᠢᠯ ᠢ ᠵᠣᠬᠢᠴᠠᠭᠤᠯᠤᠨ ᠲᠣᠬᠢᠷᠠᠭᠤᠯᠬᠤ᠂ ᠬᠢᠨᠠᠨ ᠵᠢᠯᠣᠭᠤᠳᠴᠤ ᠬᠢᠨᠠᠨ ᠰᠢᠯᠭᠠᠬᠤ᠂ | ᠶᠡᠷᠦᠩᠬᠡᠶᠢᠯᠡᠨ ᠵᠠᠳᠠᠯᠬᠤ ᠠᠵᠢᠯ ᠢ ᠬᠠᠷᠢᠭᠤᠴᠠᠵᠤ᠂ ᠪᠦᠬᠦ ᠬᠤᠰᠢᠭᠤᠨ ᠤ ᠲᠥᠷᠥᠯ ᠵᠦᠢᠯ ᠤᠨ ᠠᠬᠢᠴᠠ ᠶᠢᠨ | ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ᠪᠦᠬᠦ | ᠬᠤᠰᠢᠭᠤᠨ ᠤ ᠡᠭᠦᠷᠭᠡ ᠴᠢᠳᠠᠪᠬᠢ ᠶᠢᠨ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ | ᠪᠡᠯᠡ ᠮᠥᠩᠭᠦ ᠲᠡᠮᠡᠴᠡᠨ ᠣᠯᠬᠤ ᠡᠳᠦᠷ ᠳᠣᠳᠣᠮ ᠤᠨ ᠱᠠᠭᠠᠷᠳᠠᠨ ᠬᠢᠯᠭᠡᠬᠦ ᠠᠵᠢᠯ ᠢ ᠰᠠᠶᠢᠲᠤᠷ ᠠᠳᠬᠤᠬᠤ ᠶᠢ | ᠬᠠᠷᠢᠭᠤᠴᠠᠨ᠎ᠠ᠃ᠭᠤᠣᠯᠳᠠᠯᠭ᠎ᠠ ᠲᠠᠢ ᠲᠥᠷᠥᠯ ᠵᠦᠢᠯ ᠤᠨ ᠮᠡᠳᠡᠭᠦᠯᠬᠦ ᠠᠵᠢᠯ ᠢ ᠬᠠᠷᠢᠭᠤᠴᠠᠨ᠎ᠠ᠃ᠭᠤᠣᠯᠳᠠᠯᠭ᠎ᠠ ᠲᠠᠢ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ᠂ ᠭᠠᠷᠳᠠᠮ ᠢ | ᠭᠦᠢᠴᠡᠳᠬᠡᠬᠦ ᠵᠡᠷᠭᠡ ᠦᠢᠯᠡᠴᠢᠯᠡᠭᠡᠨ ᠬᠠᠩᠭᠠᠨ᠎ᠠ᠃ | ( ᠨᠠᠢᠮᠠ ) ᠰᠢᠨ᠎ᠡ ᠡᠨᠧᠷᠭᠢ ᠶᠢᠨ ᠠᠯᠪᠠᠨ ᠭᠡᠷ᠃ ᠪᠦᠬᠦ ᠬᠤᠰᠢᠭᠤᠨ ᠤ ᠰᠢᠨ᠎ᠡ ᠡᠨᠧᠷᠭᠢ᠂ ᠳᠠᠬᠢᠨ | ᠡᠭᠦᠰᠴᠦ ᠪᠣᠯᠬᠤ ᠡᠨᠧᠷᠭᠢ ᠪᠣᠯᠤᠨ ᠲᠠᠷᠢᠶᠠᠯᠠᠬᠤ ᠮᠠᠯᠵᠢᠬᠤ ᠣᠷᠣᠨ ᠤ ᠡᠨᠧᠷᠭᠢ ᠶᠢᠨ ᠬᠥᠭᠵᠢᠯᠲᠡ ᠶᠢᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ᠰᠢᠨ᠎ᠡ ᠡᠨᠧᠷᠭᠢ᠂ ᠠᠮᠢᠳᠤ ᠪᠣᠳᠠᠰ ᠤᠨ ᠮᠠᠰ ᠡᠨᠧᠷᠭᠢ ᠪᠣᠯᠤᠨ | ᠪᠤᠰᠤᠳ ᠳᠠᠬᠢᠨ ᠪᠣᠢ ᠪᠣᠯᠬᠤ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠪᠣᠯᠤᠨ | ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ | ᠬᠡᠷᠡᠭᠵᠢᠭᠦᠯᠬᠦ ᠬᠡᠷᠡᠭᠲᠡᠢ᠃ᠪᠦᠬᠦ ᠬᠤᠰᠢᠭᠤᠨ ᠤ ᠰᠢᠨ᠎ᠡ ᠡᠨᠧᠷᠭᠢ᠂ ᠠᠮᠢᠳᠤ ᠪᠣᠳᠠᠰ ᠤᠨ ᠮᠠᠰ ᠡᠨᠧᠷᠭᠢ ᠪᠠ ᠪᠤᠰᠤᠳ | ᠳᠠᠬᠢᠨ ᠪᠣᠢ ᠪᠣᠯᠬᠤ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠪᠠ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠰᠢᠨ᠎ᠡ ᠡᠷᠴᠢᠮ ᠬᠦᠴᠦᠨ ᠤ ᠰᠠᠭᠤᠷᠢ ᠠᠵᠤ ᠦᠢᠯᠡᠳᠪᠦᠷᠢ ᠶᠢᠨ ᠬᠥᠭᠵᠢᠯ ᠤᠨ ᠪᠠᠶᠢᠳᠠᠯ᠂ ᠵᠠᠬ᠎ᠠ ᠵᠡᠭᠡᠯᠢ ᠶᠢᠨ | ᠡᠷᠢᠯᠲᠡ ᠬᠡᠷᠡᠭᠴᠡᠭᠡ ᠪᠣᠯᠤᠨ ᠲᠥᠰᠦᠯ ᠤᠨ ᠪᠠᠶᠢᠷᠢᠯᠠᠭᠤᠯᠤᠯᠲᠠ ᠶᠢ ᠵᠠᠳᠠᠯᠤᠨ ᠰᠤᠳᠤᠯᠵᠤ᠂ ᠰᠢᠨ᠎ᠡ ᠡᠷᠴᠢᠮ | ᠬᠦᠴᠦᠨ ᠤ ᠲᠠᠯ᠎ᠠ ᠪᠠᠷ ᠬᠢ ᠴᠢᠬᠤᠯᠠ ᠲᠣᠮᠣ ᠦᠢᠯᠡ ᠶᠠᠪᠤᠳᠠᠯ ᠪᠣᠯᠤᠨ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠬᠦ᠃ᠪᠦᠬᠦ ᠬᠤᠰᠢᠭᠤᠨ ᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠣᠯᠤᠮᠵᠢᠲᠤ ᠰᠤᠳᠤᠯᠭᠠᠨ ᠤ | ᠮᠡᠳᠡᠭᠦᠯᠦᠯᠲᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ | ( ᠶᠢᠰᠣ ) ᠦᠨ᠎ᠡ ᠬᠠᠩᠰᠢ ᠶᠢᠨ ᠬᠤᠪᠢ ᠣᠷᠣᠭᠤᠯᠤᠯᠲᠠ᠃ᠦᠨ᠎ᠡ ᠬᠠᠩᠰᠢ ᠪᠣᠯᠤᠨ ᠲᠥᠯᠥᠪᠦᠷᠢ | ᠬᠤᠷᠢᠶᠠᠬᠤ ᠠᠵᠢᠯ ᠤᠨ ᠲᠤᠬᠠᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠃ | ᠤᠯᠤᠰ᠂ ᠥᠪᠡᠷᠲᠡᠭᠡᠨ ᠵᠠᠰᠠᠬᠤ ᠣᠷᠣᠨ ᠤ ᠰᠦᠢᠳᠬᠡᠯ ᠬᠤᠷᠢᠶᠠᠬᠤ ᠥᠭᠡᠷᠡᠴᠢᠯᠡᠯᠲᠡ ᠶᠢᠨ ᠲᠥᠰᠦᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠰᠦᠢᠳᠬᠡᠯ ᠬᠤᠷᠢᠶᠠᠬᠤ ᠠᠷᠭ᠎ᠠ ᠠᠪᠴᠠᠯ ᠢ ᠰᠤᠳᠤᠯᠤᠨ | ᠲᠣᠭᠲᠠᠭᠠᠨ᠎ᠠ᠃ᠪᠦᠬᠦ ᠬᠤᠰᠢᠭᠤᠨ ᠤ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠨ ᠬᠢᠨᠠᠨ | ᠪᠠᠶᠢᠴᠠᠭᠠᠬᠤ ᠠᠵᠢᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠳᠦᠷᠢᠮ ᠢ ᠰᠤᠳᠤᠯᠤᠨ ᠲᠣᠭᠲᠠᠭᠠᠨ᠎ᠠ᠃ | ᠪᠦᠬᠦ ᠬᠤᠰᠢᠭᠤᠨ ᠤ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠥᠪᠡᠷ ᠤᠨ ᠥᠷᠲᠡᠭ ᠪᠠ ᠠᠰᠢᠭ ᠣᠷᠣᠯᠭ᠎ᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠪᠦᠬᠦ ᠬᠤᠰᠢᠭᠤᠨ ᠤ ᠦᠨ᠎ᠡ ᠬᠠᠩᠰᠢ ᠶᠢᠨ | ᠥᠪᠡᠷ ᠤᠨ ᠥᠷᠲᠡᠭ ᠢ ᠪᠠᠶᠢᠴᠠᠭᠠᠬᠤ ᠡᠭᠦᠷᠭᠡ ᠶᠢ ᠨᠠᠶᠢᠳᠠᠪᠤᠷᠢᠵᠢᠭᠤᠯᠵᠤ᠂ ᠬᠠᠤᠯᠢ ᠳᠤ ᠲᠣᠭᠲᠠᠭᠠᠭᠰᠠᠨ ᠡᠷᠬᠡ | ᠮᠠᠲᠠᠯ ᠤᠨ ᠬᠡᠪᠴᠢᠶᠡᠨ ᠳᠤ ᠵᠠᠰᠠᠭ ᠤᠨ ᠣᠷᠳᠣᠨ ᠤ ᠦᠨ᠎ᠡ ᠲᠣᠭᠲᠠᠭᠠᠭᠰᠠᠨ ᠥᠪᠡᠷ ᠤᠨ ᠥᠷᠲᠡᠭ ᠢ ᠬᠢᠨᠠᠨ | ᠪᠠᠶᠢᠴᠠᠭᠠᠨ᠎ᠠ᠃ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠨ ᠬᠢᠨᠠᠬᠤ ᠠᠵᠢᠯ ᠢ ᠥᠷᠨᠢᠭᠦᠯᠦᠨ᠎ᠡ ;ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠨ᠎ᠡ ᠬᠠᠩᠰᠢ ᠶᠢᠨ ᠬᠤᠪᠢᠷᠠᠯᠲᠠ ᠶᠢ ᠲᠥᠰᠦᠭᠡᠯᠡᠵᠦ᠂ ᠦᠨ᠎ᠡ | ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠪᠣᠯᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ᠴᠢᠬᠤᠯᠠ ᠪᠠᠷᠠᠭ᠎ᠠ᠂ ᠦᠢᠯᠡᠴᠢᠯᠡᠭᠡ ᠪᠠ ᠴᠢᠬᠤᠯᠠ ᠡᠯᠧᠮᠧᠨᠲ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢ | ᠠᠬᠢᠭᠤᠯᠤᠨ᠎ᠠ᠃ᠬᠤᠯᠪᠣᠭᠳᠠᠯ ᠪᠦᠬᠦᠢ ᠦᠨ᠎ᠡ ᠬᠠᠩᠰᠢ ᠪᠠ ᠰᠦᠢᠳᠬᠡᠯ ᠬᠤᠷᠢᠶᠠᠬᠤ ᠲᠥᠰᠦᠯ ᠪᠠ ᠪᠢᠴᠢᠭ | ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠨ ᠪᠢᠴᠢᠨ᠎ᠡ᠃ᠪᠦᠬᠦ ᠬᠤᠰᠢᠭᠤᠨ ᠤ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠦᠨ᠎ᠡ | ᠬᠠᠩᠰᠢ ( ᠰᠦᠢᠳᠬᠡᠯ ᠬᠤᠷᠢᠶᠠᠬᠤ ) ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ᠳᠤᠷ᠎ᠠ | ᠪᠠᠷ ᠢᠶᠠᠨ ᠰᠦᠢᠳᠬᠡᠯ ᠬᠤᠷᠢᠶᠠᠬᠤ ᠶᠢ ᠵᠠᠰᠠᠬᠤ ᠠᠷᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ | ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ᠪᠦᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ | ᠰᠦᠢᠳᠬᠡᠯ ᠬᠤᠷᠢᠶᠠᠬᠤ ᠲᠥᠷᠥᠯ ᠵᠦᠢᠯ ᠢ ᠪᠠᠶᠢᠭᠤᠯᠬᠤ ᠳᠤ ᠣᠷᠣᠯᠴᠠᠨ᠎ᠠ᠃ᠦᠨ᠎ᠡ ᠬᠠᠩᠰᠢ ᠶᠢ ᠮᠠᠭᠠᠳᠯᠠᠨ | ᠲᠣᠭᠲᠠᠭᠠᠬᠤ ᠪᠠ ᠳᠠᠬᠢᠨ ᠬᠢᠨᠠᠬᠤ ᠠᠵᠢᠯ ᠢ ᠵᠢᠯᠣᠭᠤᠳᠤᠨ᠎ᠠ᠃ | ( ᠠᠷᠪᠠ ) ᠠᠮᠤ ᠪᠤᠳᠠᠭ᠎ᠠ ᠬᠢᠭᠡᠳ ᠡᠳ᠋ ᠪᠠᠷᠠᠭ᠎ᠠ ᠨᠥᠭᠡᠴᠡᠯᠡᠬᠦ ᠠᠯᠪᠠᠨ ᠭᠡᠷ᠃ᠪᠦᠬᠦ ᠬᠤᠰᠢᠭᠤᠨ ᠤ ᠠᠮᠤ | ᠪᠤᠳᠠᠭ᠎ᠠ ᠪᠠ ᠡᠳ᠋ ᠪᠣᠳᠠᠰ ᠬᠠᠳᠠᠭᠠᠯᠠᠬᠤ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ᠃ᠪᠦᠬᠦ | ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠬᠠᠳᠠᠭᠠᠯᠠᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠲᠥᠷᠥ ᠶᠢᠨ ᠪᠣᠳᠣᠯᠭ᠎ᠠ ᠶᠢᠨ | ᠴᠢᠨᠠᠷᠲᠠᠢ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠬᠤ ᠰᠠᠨᠠᠭᠤᠯᠭ᠎ᠠ ᠶᠢ ᠳᠤᠷᠠᠳᠤᠨ᠎ᠠ᠃ᠤᠯᠤᠰ᠂ | ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠴᠢᠬᠤᠯᠠ ᠡᠳ᠋ ᠪᠠᠷᠠᠭ᠎ᠠ ᠨᠥᠭᠡᠴᠡᠯᠡᠬᠦ ᠲᠥᠯᠥᠪᠵᠢᠭᠦᠯᠭᠡ᠂ | ᠲᠥᠷᠥᠯ ᠵᠦᠢᠯ ᠤᠨ ᠭᠠᠷᠴᠠᠭ ᠢ ᠲᠤᠤᠱᠯᠠᠭᠤᠯᠤᠨ ᠬᠡᠷᠡᠭᠵᠢᠭᠦᠯᠬᠦ ᠲᠤᠬᠠᠢ ᠰᠠᠨᠠᠯ ᠢ ᠰᠤᠳᠤᠯᠤᠨ ᠳᠤᠷᠠᠳᠴᠤ᠂ ᠪᠦᠬᠦ | ᠬᠤᠰᠢᠭᠤᠨ ᠤ ᠬᠤᠳᠠᠯᠳᠤᠨ ᠠᠪᠬᠤ᠂ ᠪᠣᠷᠣᠯᠠᠭᠤᠯᠬᠤ ᠵᠢᠴᠢ ᠡᠭᠡᠯᠵᠢᠯᠡᠬᠦ ᠲᠥᠯᠥᠪᠯᠡᠭᠡ ᠶᠢ ᠳᠤᠷᠠᠳᠴᠤ᠂ | ᠬᠤᠳᠠᠯᠳᠤᠨ ᠠᠪᠴᠤ ᠬᠠᠳᠠᠭᠠᠯᠠᠬᠤ᠂ ᠡᠭᠡᠯᠵᠢᠯᠡᠬᠦ ᠪᠠ ᠡᠳᠦᠷ ᠳᠣᠳᠣᠮ ᠤᠨ ᠬᠠᠮᠢᠶᠠᠷᠤᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠬᠠᠮᠢᠶ᠎ᠠ ᠪᠦᠬᠦᠢ ᠰᠢᠯᠵᠢᠭᠦᠯᠬᠦ ᠲᠥᠯᠥᠪᠯᠡᠭᠡ ᠪᠠ ᠵᠠᠷᠯᠢᠭ ᠢ | ᠨᠠᠶᠢᠳᠠᠪᠤᠷᠢᠵᠢᠭᠤᠯᠵᠤ᠃ᠬᠤᠰᠢᠭᠤᠨ ᠤ ᠠᠮᠤ ᠲᠣᠰᠣ ᠪᠠ ᠡᠳ᠋ ᠪᠣᠳᠠᠰ ᠤᠨ ᠲᠤᠭ᠎ᠠ ᠬᠡᠮᠵᠢᠶ᠎ᠡ᠂ ᠶᠠᠰᠤ ᠴᠢᠨᠠᠷ ᠪᠠ | ᠠᠮᠤᠷ ᠲᠦᠪᠰᠢᠨ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠪᠦᠬᠦ ᠬᠤᠰᠢᠭᠤᠨ ᠤ | ᠠᠮᠤ ᠪᠤᠳᠠᠭᠠᠨ ᠤ ᠭᠦᠢᠯᠭᠡᠭᠡᠨ ᠤ ᠠᠵᠢᠯ ᠲᠥᠷᠥᠯ ᠪᠠ ᠪᠦᠬᠦ ᠬᠤᠰᠢᠭᠤᠨ ᠤ ᠳᠠᠭᠠᠭᠠᠨ ᠬᠠᠳᠠᠭᠠᠯᠠᠬᠤ ᠠᠵᠤ | ᠠᠬᠤᠶᠢᠯᠠᠯ ᠤᠨ ᠠᠶᠤᠯ ᠦᠭᠡᠢ ᠬᠠᠳᠠᠭᠠᠯᠠᠬᠤ ᠪᠠ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ | ᠠᠵᠢᠯ ᠢ ᠡᠭᠦᠷᠭᠡᠯᠡᠨ᠎ᠡ᠃ᠠᠮᠤ ᠪᠤᠳᠠᠭ᠎ᠠ ᠪᠣᠯᠤᠨ ᠪᠣᠳᠠᠰ ᠤᠨ ᠨᠥᠭᠡᠴᠡ ᠶᠢᠨ ᠮᠡᠳᠡᠭᠡ ᠵᠠᠩᠭᠢᠴᠢᠯᠠᠬᠤ | ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ | ᠪᠠᠶᠢᠭᠤᠯᠭ᠎ᠠ ᠨᠢᠭᠡᠴᠢ ᠶᠢᠨ ᠬᠠᠷᠢᠯᠴᠠᠬᠤ ᠤᠲᠠᠰᠤ᠄ ᠠᠯᠪᠠᠨ ᠭᠡᠷ᠄ 0474 —52055566 | ᠵᠢᠵᠢᠭᠦᠷ ᠤᠨ ᠲᠠᠰᠤᠯᠭ᠎ᠠ᠄ 0474 —5200815 | ᠠᠵᠢᠯᠯᠠᠬᠤ ᠴᠠᠭ᠄ ᠬᠠᠤᠯᠢ ᠳᠤ ᠲᠣᠭᠲᠠᠭᠠᠭᠰᠠᠨ ᠠᠵᠢᠯ ᠤᠨ ᠡᠳᠦᠷ 9᠄ 00—12᠄ 00 ;14 : 30 —18 : | 00 | ᠪᠠᠶᠢᠭᠤᠯᠭ᠎ᠠ ᠶᠢᠨ ᠬᠠᠶᠢᠭ ᠄ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠪᠡᠶ᠎ᠡ ᠲᠠᠮᠢᠷ ᠤᠨ ᠪᠠᠷᠠᠭᠤᠨ | ᠵᠠᠮ ᠨᠢᠭᠡᠴᠢ | ᠰᠢᠤᠳᠠᠨ ᠬᠠᠶᠢᠷᠴᠠᠭ᠄ szwfgw@163. com | ᠬᠠᠷᠢᠭᠤᠴᠠᠯᠭᠠᠲᠠᠨ᠄ ᠰᠢᠦᠸᠠᠢ ᠧᠧᠨ ᡁᠢ | | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |