ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ | | | ᠨᠢᠭᠡ᠂ ᠭᠤᠣᠯ ᠡᠭᠦᠷᠭᠡ ᠬᠠᠷᠢᠭᠤᠴᠠᠯᠭ᠎ᠠ | ᠵᠠᠰᠠᠭ ᠤᠨ ᠣᠷᠳᠣᠨ ᠤ ᠠᠯᠪᠠᠨ ᠭᠡᠷ ᠪᠣᠯ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠪᠰᠤᠷᠤᠨ | ᠵᠠᠰᠠᠭ ᠤᠨ ᠣᠷᠳᠣᠨ ᠤ ᠡᠳᠦᠷ ᠳᠣᠳᠣᠮ ᠤᠨ ᠠᠵᠢᠯ ᠢ ᠰᠢᠢᠳᠪᠦᠷᠢᠯᠡᠬᠦ ᠪᠠᠶᠢᠭᠤᠯᠤᠮᠵᠢ ᠪᠣᠯᠤᠨ᠎ᠠ᠃ | ᠭᠤᠣᠯ ᠡᠭᠦᠷᠭᠡ ᠬᠠᠷᠢᠭᠤᠴᠠᠯᠭ᠎ᠠ ᠨᠢ᠄ | | ( ᠨᠢᠭᠡ ) ᠬᠤᠰᠢᠭᠤ ᠵᠠᠰᠠᠭ ᠤᠨ ᠣᠷᠳᠣᠨ ᠪᠣᠯᠤᠨ ᠬᠤᠰᠢᠭᠤ ᠵᠠᠰᠠᠭ ᠤᠨ ᠣᠷᠳᠣᠨ ᠤ ᠤᠳᠤᠷᠢᠳᠬᠤ | ᠨᠥᠬᠦᠳ ᠤᠨ ᠴᠢᠬᠤᠯᠠ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠡᠯᠡᠳᠬᠡᠬᠦ ᠠᠵᠢᠯ ᠢ ᠬᠠᠷᠢᠭᠤᠴᠠᠵᠤ᠂ ᠬᠤᠰᠢᠭᠤ | ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯᠠ᠋ᠴᠠ ᠲᠣᠭᠲᠠᠭᠠᠭᠰᠠᠨ ᠤᠴᠢᠷ ᠶᠠᠪᠤᠳᠠᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ( ᠬᠤᠶᠠᠷ ) ᠬᠤᠯᠪᠣᠭᠳᠠᠯ ᠪᠦᠬᠦᠢ ᠴᠢᠬᠤᠯᠠ ᠶᠡᠭᠡ ᠬᠦᠯᠢᠶᠡᠨ ᠵᠣᠴᠢᠯᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠬᠤ ᠪᠤᠶᠤ ᠲᠡᠭᠦᠨ ᠳᠤ ᠣᠷᠣᠯᠴᠠᠨ᠎ᠠ᠃ | ( ᠭᠤᠷᠪᠠ ) ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠰᠢᠭᠤ | ᠵᠠᠰᠠᠭ ᠤᠨ ᠣᠷᠳᠣᠨ᠂ ᠬᠤᠰᠢᠭᠤ ᠵᠠᠰᠠᠭ ᠤᠨ ᠣᠷᠳᠣᠨ ᠤ ᠠᠯᠪᠠᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ | ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠪᠠᠶᠢᠴᠠᠭᠠᠨ᠎ᠠ᠃ᠵᠠᠰᠠᠭ ᠤᠨ ᠣᠷᠳᠣᠨ ᠤ ᠠᠵᠢᠯ ᠤᠨ ᠢᠯᠡᠳᠬᠡᠯ | ᠪᠣᠯᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠨᠣᠣᠷᠠᠭ ᠢ ᠬᠠᠷᠢᠭᠤᠴᠠᠨ | ᠲᠤᠭᠤᠷᠪᠢᠨ ᠪᠢᠴᠢᠨ᠎ᠡ᠃ᠪᠦᠬᠦ ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠪᠢᠴᠢᠭ | ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ | ( ᠳᠥᠷᠪᠡ ) ᠬᠤᠰᠢᠭᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠠ ᠡᠯ᠎ᠡ ᠰᠤᠮᠤ ᠰᠢᠶᠠᠩ | ᠪᠠᠯᠭᠠᠰᠤᠨ ᠤ ᠵᠠᠰᠠᠭ ᠤᠨ ᠣᠷᠳᠣᠨ ᠤ ᠵᠢᠭᠠᠪᠤᠷᠢ ᠠᠪᠬᠤ᠂ ᠬᠤᠰᠢᠭᠤ ᠵᠠᠰᠠᠭ ᠤᠨ ᠣᠷᠳᠣᠨ ᠤ ᠮᠡᠳᠡᠭᠦᠯᠬᠦ | ᠶᠠᠪᠤᠳᠠᠯ ᠤᠳ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠰᠠᠨᠠᠯ ᠳᠤᠷᠠᠳᠴᠤ᠂ ᠬᠤᠰᠢᠭᠤ ᠵᠠᠰᠠᠭ ᠤᠨ | ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠪᠠ ᠬᠤᠲᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠵᠢᠴᠢ ᠡᠯ᠎ᠡ ᠲᠠᠯ᠎ᠠ ᠶᠢᠨ ᠬᠢᠨ ᠤ ᠢᠷᠡᠭᠦᠯᠦᠭᠰᠡᠨ ᠪᠢᠴᠢᠭ ᠬᠠᠷ᠎ᠠ ᠶᠢᠨ ᠤᠲᠠᠰᠤ ᠶᠢ ᠭᠦᠢᠴᠡᠳᠬᠡᠨ᠎ᠡ | ᠃ | ( ᠲᠠᠪᠤ ) ᠬᠤᠰᠢᠭᠤ ᠵᠠᠰᠠᠭ ᠤᠨ ᠣᠷᠳᠣᠨ ᠤ ᠠᠵᠢᠯ ᠤᠨ ᠴᠢᠬᠤᠯᠠ ᠪᠠᠶᠢᠷᠢᠯᠠᠭᠤᠯᠤᠯᠲᠠ ᠶᠢ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠨ᠎ᠠ᠃ᠬᠤᠰᠢᠭᠤ ᠵᠠᠰᠠᠭ ᠤᠨ ᠣᠷᠳᠣᠨ ᠤ ᠠᠯᠪᠠᠨ ᠪᠢᠴᠢᠭ᠂ ᠬᠤᠷᠠᠯ ᠢᠶᠠᠷ | ᠲᠣᠭᠲᠠᠭᠠᠭᠰᠠᠨ ᠵᠦᠢᠯᠡᠰ ᠵᠢᠴᠢ ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠯᠪᠣᠭᠳᠠᠯ | ᠪᠦᠬᠦᠢ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ | ᠮᠥᠷᠳᠡᠨ ᠪᠠᠶᠢᠴᠠᠭᠠᠨ ᠰᠤᠳᠤᠯᠬᠤ ᠶᠢ ᠬᠠᠷᠢᠭᠤᠴᠠᠨ᠎ᠠ᠃ | ( ᠵᠢᠷᠭᠤᠭ᠎ᠠ ) ᠬᠤᠰᠢᠭᠤ ᠵᠠᠰᠠᠭ ᠤᠨ ᠣᠷᠳᠣᠨ ᠤ ᠰᠢᠰᠲ᠋ᠧᠮ ᠤᠨ ᠳᠠᠭᠠᠭᠠᠨ ᠭᠦᠢᠴᠡᠳᠬᠡᠵᠦ ᠪᠠᠶᠢᠭ᠎ᠠ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠰᠠᠨᠠᠯ | ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠵᠣᠬᠢᠶᠠᠨ | ᠪᠠᠶᠢᠭᠤᠯᠤᠨ ᠵᠣᠬᠢᠴᠠᠭᠤᠯᠬᠤ᠂ ᠵᠢᠯᠣᠭᠤᠳᠤᠨ ᠱᠠᠯᠠᠪᠳᠠᠭᠤᠯᠬᠤ ᠶᠢ ᠬᠠᠷᠢᠭᠤᠴᠠᠨ᠎ᠠ᠃ | ( ᠳᠣᠯᠤᠭ᠎ᠠ ) ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ | ᠡᠮᠬᠢᠳᠬᠡᠬᠦ᠂ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠮᠡᠳᠡᠭᠡ | ᠵᠠᠩᠭᠢ ᠶᠢᠨ ᠠᠵᠢᠯ ᠢ ᠵᠢᠯᠣᠭᠤᠳᠤᠨ᠎ᠠ᠃ | ( ᠨᠠᠢᠮᠠ ) ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ | ᠡᠯᠧᠺᠳ᠋ᠷᠣᠨ ᠪᠠᠶᠢᠭᠤᠯᠤᠯᠲᠠ ᠶᠢᠨ ᠠᠵᠢᠯ ᠢ ᠲᠥᠯᠥᠪᠵᠢᠭᠦᠯᠦᠨ ᠵᠣᠬᠢᠴᠠᠭᠤᠯᠬᠤ᠂ ᠵᠢᠯᠣᠭᠤᠳᠤᠨ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ᠵᠠᠰᠠᠭ ᠤᠨ ᠭᠠᠵᠠᠷ ᠤᠨ ᠸᠧᠶᠢᠪᠥᠷ ᠳᠤ᠂ ᠵᠠᠰᠠᠭ ᠤᠨ ᠭᠠᠵᠠᠷ ᠤᠨ ᠮᠣᠩᠭᠤᠯ ᠬᠡᠯᠡᠨ ᠤ | ᠸᠧᠪᠰᠠᠶᠢᠲᠤ ᠶᠢᠨ ᠠᠵᠢᠯᠯᠠᠭᠠᠨ ᠤ ᠤᠳᠤᠷᠢᠳᠬᠤ ᠠᠵᠢᠯ ᠢ ᠬᠠᠷᠢᠭᠤᠴᠠᠵᠤ᠃ | ( ᠵᠢᠰᠦ ) ᠪᠦᠬᠦ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠪᠠ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠵᠤ᠂ | ᠬᠤᠰᠢᠭᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ | ᠠᠷᠭᠠᠴᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ( ᠠᠷᠪᠠ ) ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠨ ᠠᠵᠢᠯ ᠤᠨ ᠠᠦᠲ᠋ᠣᠴᠢᠯᠠᠬᠤ | ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠰᠤᠮᠤ ᠰᠢᠶᠠᠩ ᠪᠠᠯᠭᠠᠰᠤ ᠪᠣᠯᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ ᠤᠨ ᠠᠯᠪᠠᠨ ᠠᠵᠢᠯ ᠤᠨ ᠠᠦᠲ᠋ᠣᠴᠢᠯᠠᠬᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ( ᠠᠷᠪᠠᠨ ᠨᠢᠭᠡ ) ᠪᠦᠬᠦ ᠬᠤᠰᠢᠭᠤᠨ ᠤ ᠲᠡᠷᠭᠡ ᠬᠥᠰᠬᠡ ᠶᠢᠨ ᠣᠷᠣᠨ ᠲᠣᠭᠠᠨ ᠤ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ( ᠠᠷᠪᠠᠨ ᠬᠤᠶᠠᠷ ) ᠬᠤᠰᠢᠭᠤᠨ ᠤ ᠴᠢᠬᠤᠯᠠ ᠶᠡᠭᠡ ᠭᠠᠳᠠᠭᠠᠳᠤ ᠶᠠᠪᠤᠳᠠᠯ ᠤᠨ ᠠᠵᠢᠯ᠂ ᠭᠠᠳᠠᠭᠠᠳᠤ ᠲᠠᠢ | ᠬᠤᠯᠪᠣᠭᠳᠠᠬᠤ ᠠᠵᠢᠯᠯᠠᠭ᠎ᠠ ᠪᠠ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ ᠶᠢᠨ ᠰᠣᠯᠢᠯᠴᠠᠭᠠᠨ ᠤ ᠠᠵᠢᠯ ᠢ | ᠵᠣᠬᠢᠴᠠᠭᠤᠯᠵᠤ᠂ ᠬᠤᠰᠢᠭᠤ ᠠᠶᠢᠯᠴᠢᠯᠠᠬᠤ ᠭᠠᠳᠠᠭᠠᠳᠤ ᠡᠶᠢᠨ ᠴᠢᠬᠤᠯᠠ ᠵᠣᠴᠢᠳ ᠢ ᠬᠦᠯᠢᠶᠡᠨ ᠠᠪᠴᠤ ᠵᠣᠴᠢᠯᠠᠬᠤ | ᠬᠡᠷᠡᠭᠲᠡᠢ᠃ | ( ᠠᠷᠪᠠᠨ ᠭᠤᠷᠪᠠ ) ᠪᠦᠬᠦ ᠬᠤᠰᠢᠭᠤᠨ ᠤ ᠴᠢᠬᠤᠯᠠ ᠶᠡᠭᠡ ᠭᠠᠳᠠᠭᠠᠳᠤ ᠲᠠᠢ ᠬᠤᠯᠪᠣᠭᠳᠠᠭᠰᠠᠨ ᠬᠡᠷᠡᠭ | ᠶᠠᠪᠤᠳᠠᠯ ᠢ ᠰᠢᠢᠳᠪᠦᠷᠢᠯᠡᠬᠦ ᠪᠤᠶᠤ ᠬᠠᠪᠰᠤᠷᠤᠨ ᠰᠢᠢᠳᠪᠦᠷᠢᠯᠡᠵᠦ᠂ ᠪᠦᠬᠦ ᠬᠤᠰᠢᠭᠤᠨ ᠤ ᠠᠷᠠᠳ ᠤᠨ | ᠬᠤᠭᠤᠷᠣᠨᠳᠣᠬᠢ ᠨᠥᠬᠦᠷᠰᠡᠭ ᠬᠠᠷᠢᠯᠴᠠᠭᠠᠨ ᠤ ᠠᠵᠢᠯ ᠢ ᠵᠢᠯᠣᠭᠤᠳᠤᠨ᠎ᠠ᠃ | ( ᠠᠷᠪᠠᠨ ᠳᠥᠷᠪᠡ ) ᠪᠦᠬᠦ ᠬᠤᠰᠢᠭᠤᠨ ᠤ ᠠᠯᠪᠠᠨ ᠶᠠᠪᠤᠳᠠᠯ ᠢᠶᠠᠷ ᠲᠣᠮᠢᠯᠠᠭᠰᠠᠨ ᠤᠯᠤᠰ ( ᠬᠢᠯᠢ ) ᠳᠤ | ᠪᠦᠯᠬᠦᠮ ᠳᠤᠭᠤᠶᠢᠯᠠᠩ ᠢ ᠬᠢᠨᠠᠬᠤ ᠠᠵᠢᠯ ᠢ ᠬᠠᠷᠢᠭᠤᠴᠠᠨ᠎ᠠ᠃ ᠠᠷᠪᠠᠨ ᠲᠠᠪᠤ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠲᠤ ᠳᠣᠣᠷᠠᠬᠢ ᠠᠷᠪᠠᠨ ᠭᠤᠷᠪᠠᠨ ᠳᠣᠲᠣᠭᠠᠳᠤ | ᠪᠠᠶᠢᠭᠤᠯᠤᠮᠵᠢ ᠪᠠᠶᠢᠭᠤᠯᠤᠨ᠎ᠠ᠄ | ( ᠨᠢᠭᠡ ) ᠨᠠᠷᠢᠨ ᠪᠢᠴᠢᠭ ᠤᠨ ᠭᠡᠷ᠃ᠬᠤᠰᠢᠭᠤ ᠵᠠᠰᠠᠭ ᠤᠨ ᠣᠷᠳᠣᠨ ᠪᠠ ᠬᠤᠰᠢᠭᠤ ᠵᠠᠰᠠᠭ ᠤᠨ | ᠣᠷᠳᠣᠨ ᠤ ᠠᠯᠪᠠᠨ ᠨᠡᠷ᠎ᠡ ᠪᠠᠷ ᠨᠡᠶᠢᠲᠡᠯᠡᠭᠰᠡᠨ ᠪᠤᠰᠤᠳ ᠲᠥᠷᠥᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ᠂ | ᠬᠢᠨᠠᠨ ᠬᠠᠷᠭᠤᠭᠤᠯᠬᠤ ᠶᠢ ᠬᠠᠷᠢᠭᠤᠴᠠᠨ᠎ᠠ ;ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ | ᠬᠤᠷᠠᠯᠳᠤᠭᠠᠨ ᠤ ᠶᠠᠷᠢᠶ᠎ᠠ ᠵᠢᠴᠢ ᠪᠤᠰᠤᠳ ᠦᠰᠦᠭ ᠪᠢᠴᠢᠭ ᠤᠨ ᠮᠠᠲ᠋ᠧᠷᠢᠶᠠᠯ ᠢ ᠬᠠᠷᠢᠭᠤᠴᠠᠨ ᠪᠢᠴᠢᠬᠦ ᠬᠡᠷᠡᠭᠲᠡᠢ ; | ᠵᠠᠰᠠᠭ ᠤᠨ ᠣᠷᠳᠣᠨ ᠤ ᠡᠯ᠎ᠡ ᠲᠥᠷᠥᠯ ᠤᠨ ᠲᠤᠰᠬᠠᠢ ᠰᠡᠳᠦᠪᠲᠦ ᠬᠤᠷᠠᠯ ᠪᠠ ᠬᠤᠰᠢᠭᠤ ᠵᠠᠰᠠᠭ ᠤᠨ ᠣᠷᠳᠣᠨ ᠤ | ᠡᠯ᠎ᠡ ᠲᠥᠷᠥᠯ ᠤᠨ ᠬᠤᠷᠠᠯ ᠢ ᠡᠷᠬᠢᠯᠡᠭᠰᠡᠨ ᠲᠡᠮᠳᠡᠭᠯᠡᠯ ᠵᠢᠴᠢ ᠬᠤᠷᠠᠯ ᠤᠨ ᠲᠡᠮᠳᠡᠭᠯᠡᠯ ᠢ ᠲᠤᠭᠤᠷᠪᠢᠬᠤ᠂ | ᠬᠤᠷᠠᠯ ᠤᠨ ᠪᠡᠯᠡᠳᠬᠡᠯ ᠪᠠ ᠬᠤᠷᠠᠯ ᠤᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠶᠢ ᠬᠠᠷᠢᠭᠤᠴᠠᠨ᠎ᠠ ;ᠡᠯ᠎ᠡ | ᠲᠥᠷᠥᠯ ᠤᠨ ᠬᠤᠷᠠᠯ ᠤᠨ ᠪᠣᠢ ᠪᠣᠯᠤᠭᠰᠠᠨ ᠲᠣᠭᠲᠠᠭᠠᠯ ᠢ ᠱᠠᠭᠠᠷᠳᠠᠨ ᠨᠠᠶᠢᠳᠠᠪᠤᠷᠢᠵᠢᠭᠤᠯᠵᠤ ᠬᠠᠷᠢᠭᠤ | ᠲᠤᠰᠬᠠᠬᠤ ᠶᠢ ᠬᠠᠷᠢᠭᠤᠴᠠᠨ᠎ᠠ ;ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠠᠰᠠᠭ ᠤᠨ | ᠶᠠᠪᠤᠳᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ ; | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠬᠤᠷᠢᠶᠠᠨ ᠨᠠᠶᠢᠷᠠᠭᠤᠯᠬᠤ᠂ | ᠪᠠᠶᠢᠴᠠᠭᠠᠨ ᠰᠤᠳᠤᠯᠬᠤ᠂ ᠬᠠᠷᠢᠭᠤ ᠲᠤᠰᠬᠠᠬᠤ ᠵᠡᠷᠭᠡ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠵᠠᠰᠠᠭ ᠤᠨ | ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠵᠣᠬᠢᠶᠠᠨ | ᠪᠠᠶᠢᠭᠤᠯᠤᠯᠲᠠ ᠶᠢᠨ ᠵᠢᠯᠣᠭᠤᠳᠤᠯᠭ᠎ᠠ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠲᠣᠣᠷ ᠰᠦᠯᠵᠢᠶᠡᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠣᠯᠤᠨ ᠰᠣᠯᠢᠯᠴᠠᠭᠠᠨ ᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ;ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ | ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ( ᠬᠤᠶᠠᠷ ) ᠪᠢᠴᠢᠭ ᠮᠠᠲ᠋ᠧᠷᠢᠶᠠᠯ ᠤᠨ ᠡᠷᠭᠢᠯᠲᠡ ᠶᠢᠨ ᠲᠠᠰᠤᠭ᠃ᠳᠡᠭᠡᠳᠦ ᠱᠠᠲᠤᠨ ᠤ ᠪᠢᠴᠢᠭ ᠮᠠᠲᠧᠷᠢᠶᠠᠯ᠂ | ᠳ᠋ᠢᠶᠠᠩᠬᠤᠸᠠ ᠶᠢᠨ ᠲᠡᠮᠳᠡᠭᠯᠡᠯ ᠪᠠ ᠳᠡᠭᠡᠳᠦ ᠱᠠᠲᠤᠨ ᠤ ᠢᠯᠡ ᠪᠠᠷ ᠳᠠᠮᠵᠢᠭᠤᠯᠬᠤ ᠴᠠᠬᠢᠯᠭᠠᠨ ᠮᠡᠳᠡᠭᠡ ᠶᠢ ᠭᠠᠷ ᠤᠨ | ᠥᠰᠥᠭ ᠵᠢᠷᠤᠵᠤ ᠬᠦᠯᠢᠶᠡᠨ ᠠᠪᠬᠤ᠂ ᠳᠠᠩᠰᠠᠯᠠᠬᠤ᠂ ᠳᠠᠮᠵᠢᠭᠤᠯᠤᠨ ᠦᠵᠡᠬᠦ᠂ ᠬᠤᠪᠢᠶᠠᠨ ᠲᠠᠷᠬᠠᠭᠠᠬᠤ᠂ ᠳᠠᠩᠰᠠ | ᠡᠪᠬᠡᠮᠡᠯ ᠳᠤ ᠣᠷᠣᠭᠤᠯᠬᠤ ᠠᠵᠢᠯ ᠢ ᠬᠠᠷᠢᠭᠤᠴᠠᠨ᠎ᠠ ;ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠵᠢᠭᠠᠪᠤᠷᠢ ᠠᠪᠴᠤ ᠮᠡᠳᠡᠭᠦᠯᠬᠦ ᠪᠢᠴᠢᠭ ᠮᠠᠲ᠋ᠧᠷᠢᠶᠠᠯ ᠢ | ᠳᠠᠩᠰᠠᠯᠠᠨ ᠲᠡᠮᠳᠡᠭᠯᠡᠬᠦ᠂ ᠳᠠᠮᠵᠢᠭᠤᠯᠤᠨ ᠤᠩᠰᠢᠬᠤ ᠶᠢ ᠬᠠᠷᠢᠭᠤᠴᠠᠨ᠎ᠠ᠃ | ( ᠭᠤᠷᠪᠠ ) ᠰᠢᠮᠳᠠᠭᠤᠯᠤᠨ ᠪᠠᠶᠢᠴᠠᠭᠠᠬᠤ ᠭᠡᠷ᠃ᠬᠤᠰᠢᠭᠤ ᠵᠠᠰᠠᠭ ᠤᠨ ᠣᠷᠳᠣᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ ;ᠣᠨ ᠤ 《 ᠵᠠᠰᠠᠭ ᠤᠨ | ᠣᠷᠳᠣᠨ ᠤ ᠠᠵᠢᠯ ᠤᠨ ᠢᠯᠡᠳᠬᠡᠯ 》 ᠤᠨ ᠬᠠᠷᠠᠯᠲᠠ ᠡᠭᠦᠷᠭᠡ ᠶᠢ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠬᠤ | ᠠᠵᠢᠯ ᠢ ᠬᠠᠷᠢᠭᠤᠴᠠᠨ᠎ᠠ ;ᠬᠤᠰᠢᠭᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠡᠷᠬᠡ ᠣᠯᠭᠤᠯᠲᠠ ᠶᠢ | ᠦᠨᠳᠦᠰᠦᠯᠡᠨ᠂ ᠱᠠᠭᠠᠷᠳᠠᠨ ᠭᠦᠢᠴᠡᠳᠬᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ ;ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠲᠤᠰᠢᠶᠠᠨ ᠥᠭᠴᠦ ᠰᠢᠢᠳᠪᠦᠷᠢᠯᠡᠭᠦᠯᠬᠦ᠂ ᠵᠣᠬᠢᠴᠠᠭᠤᠯᠬᠤ᠂ | ᠰᠢᠪᠠᠳᠠᠨ ᠰᠢᠢᠳᠪᠦᠷᠢᠯᠡᠭᠦᠯᠬᠦ᠂ ᠬᠠᠷᠢᠭᠤ ᠲᠤᠰᠬᠠᠬᠤ ᠵᠡᠷᠭᠡ ᠠᠵᠢᠯ ᠢ ᠬᠠᠷᠢᠭᠤᠴᠠᠨ᠎ᠠ ;ᠬᠤᠰᠢᠭᠤ ᠵᠠᠰᠠᠭ ᠤᠨ | ᠣᠷᠳᠣᠨ ᠪᠠ ᠵᠠᠰᠠᠭ ᠤᠨ ᠣᠷᠳᠣᠨ ᠤ ᠠᠯᠪᠠᠨ ᠭᠡᠷ ᠤᠨ ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ | ᠠᠵᠢᠯ ᠢ ᠪᠡᠶᠡᠯᠡᠭᠦᠯᠦᠨ᠎ᠡ | ( ᠳᠥᠷᠪᠡ ) ᠴᠢᠨᠡᠭᠡᠯᠢᠭ ᠨᠡᠶᠢᠭᠡᠮ ᠤᠨ ᠬᠢᠨᠠᠨ ᠰᠢᠯᠭᠠᠬᠤ ᠠᠯᠪᠠᠨ ᠭᠡᠷ᠃ᠪᠦᠬᠦ ᠬᠤᠰᠢᠭᠤᠨ ᠤ ᠡᠯ᠎ᠡ ᠰᠤᠮᠤ | ᠰᠢᠶᠠᠩ ᠪᠠᠯᠭᠠᠰᠤᠨ ᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠬᠢᠴᠠ ᠶᠢ ᠲᠦᠯᠬᠢᠨ | ᠠᠬᠢᠭᠤᠯᠬᠤ ᠶᠢ ᠬᠠᠷᠢᠭᠤᠴᠠᠬᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠵᠢᠭᠠᠨ ᠵᠢᠯᠣᠭᠤᠳᠴᠤ ᠰᠢᠯᠭᠠᠨ | ᠬᠢᠨᠠᠨ᠎ᠠ ;ᠬᠠᠮᠢᠶ᠎ᠠ ᠪᠦᠬᠦᠢ ᠬᠢᠨᠠᠨ ᠰᠢᠯᠭᠠᠬᠤ ᠦᠨᠳᠦᠰᠦᠯᠡᠯ ᠪᠠ ᠪᠠᠷᠢᠮᠵᠢᠶ᠎ᠠ ᠵᠡᠷᠭᠡ ᠶᠢ ᠲᠣᠭᠲᠠᠭᠠᠬᠤ ᠬᠡᠷᠡᠭᠲᠡᠢ᠃ | ( ᠲᠠᠪᠤ ) ᠨᠢᠭᠤᠴᠠ ᠠᠵᠢᠯ ᠤᠨ ᠲᠠᠰᠤᠭ᠃ᠬᠤᠰᠢᠭᠤ ᠵᠠᠰᠠᠭ ᠤᠨ ᠣᠷᠳᠣᠨ᠂ ᠬᠤᠰᠢᠭᠤ ᠵᠠᠰᠠᠭ ᠤᠨ | ᠣᠷᠳᠣᠨ᠋ᠠ᠋ᠴᠠ ᠡᠷᠬᠢᠯᠡᠭᠰᠡᠨ ᠡᠯ᠎ᠡ ᠲᠥᠷᠥᠯ ᠤᠨ ᠰᠣᠶᠣᠯ ᠴᠠᠬᠢᠯᠭᠠᠨ ᠬᠡᠷᠡᠭᠰᠡᠯ ᠢ ᠰᠢᠢᠳᠪᠦᠷᠢᠯᠡᠬᠦ᠂ ᠨᠢᠭᠤᠴᠠ | ᠪᠢᠴᠢᠭ ᠮᠠᠲ᠋ᠧᠷᠢᠶᠠᠯ ᠢ ᠳᠠᠩᠰᠠᠯᠠᠬᠤ᠂ ᠳᠠᠮᠵᠢᠭᠤᠯᠤᠨ ᠦᠵᠡᠬᠦ᠂ ᠬᠤᠪᠢᠶᠠᠨ ᠭᠦᠢᠴᠡᠳᠬᠡᠬᠦ᠂ ᠳᠠᠮᠵᠢᠭᠤᠯᠤᠨ | ᠭᠦᠢᠴᠡᠳᠬᠡᠬᠦ᠂ ᠴᠡᠪᠡᠷᠯᠡᠨ ᠪᠤᠴᠠᠭᠠᠬᠤ᠂ ᠤᠰᠠᠳᠬᠠᠬᠤ ᠪᠠ ᠪᠢᠴᠢᠭ ᠬᠠᠷ᠎ᠠ ᠳᠠᠩᠰᠠ ᠡᠪᠬᠡᠮᠡᠯ ᠢ ᠬᠠᠮᠢᠶᠠᠷᠬᠤ ᠵᠡᠷᠭᠡ | ᠠᠵᠢᠯ ᠢ ᠬᠠᠷᠢᠭᠤᠴᠠᠨ᠎ᠠ ; | ( ᠵᠢᠷᠭᠤᠭ᠎ᠠ ) ᠬᠤᠷᠠᠯ ᠤᠨ ᠭᠡᠷ᠃ᠬᠤᠰᠢᠭᠤ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠬᠤᠷᠠᠯ᠂ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤ ᠳᠠᠷᠤᠭ᠎ᠠ ᠶᠢᠨ ᠠᠯᠪᠠᠨ ᠬᠤᠷᠠᠯ ᠪᠠ ᠠᠯᠪᠠᠨ ᠭᠡᠷ ᠤᠨ | ᠨᠠᠮ ᠤᠨ ᠳᠤᠭᠤᠶᠢᠯᠠᠩ ᠤᠨ ᠬᠤᠷᠠᠯ᠂ ᠡᠷᠬᠢᠯᠡᠭᠴᠢ ᠶᠢᠨ ᠬᠤᠷᠠᠯ ᠤᠨ ᠪᠡᠯᠡᠳᠬᠡᠯ ᠪᠠ ᠲᠡᠮᠳᠡᠭᠯᠡᠯ ᠠᠵᠢᠯ ᠢ | ᠬᠠᠷᠢᠭᠤᠴᠠᠨ᠎ᠠ ;ᠬᠤᠰᠢᠭᠤ ᠵᠠᠰᠠᠭ ᠤᠨ ᠣᠷᠳᠣᠨ ᠪᠠ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ | ᠶᠠᠪᠤᠳᠠᠯ᠂ ᠣᠶᠤᠨ ᠤ ᠪᠣᠯᠪᠠᠰᠤᠨ᠂ ᠣᠨ ᠤ ᠬᠢᠨᠠᠨ ᠰᠢᠯᠭᠠᠯᠲᠠ ᠵᠡᠷᠭᠡ ᠠᠵᠢᠯ ᠢ ᠬᠠᠷᠢᠭᠤᠴᠠᠨ᠎ᠠ ;ᠵᠠᠰᠠᠭ ᠤᠨ | ᠣᠷᠳᠣᠨ ᠤ ᠠᠯᠪᠠᠨ ᠭᠡᠷ ᠤᠨ ᠡᠷᠬᠢᠯᠡᠭᠴᠢ ᠶᠢ ᠬᠠᠪᠰᠤᠷᠤᠨ ᠬᠤᠰᠢᠭᠤ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠭᠠᠷᠠᠭ ᠪᠦᠷᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠰᠠᠶᠢᠲᠤᠷ ᠬᠢᠨ᠎ᠡ᠃ | ( ᠳᠣᠯᠤᠭ᠎ᠠ ) ᠵᠠᠰᠠᠭ ᠤᠨ ᠶᠠᠪᠤᠳᠠᠯ ᠢ ᠢᠯᠡ ᠪᠣᠯᠭᠠᠵᠤ ᠡᠷᠬᠢᠯᠡᠬᠦ᠃ᠪᠦᠬᠦ ᠬᠤᠰᠢᠭᠤᠨ ᠤ ᠵᠠᠰᠠᠭ ᠤᠨ | ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠦᠯᠬᠢᠨ ᠠᠬᠢᠭᠤᠯᠬᠤ᠂ | ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ ;ᠬᠤᠰᠢᠭᠤᠨ ᠤ ᠵᠠᠰᠠᠭ ᠤᠨ | ᠣᠷᠳᠣᠨ ᠤ ᠮᠣᠩᠭᠤᠯ ᠬᠡᠯᠡᠨ ᠤ ᠫᠤᠷᠲ᠋ᠧᠯ ᠰᠠᠶᠢᠢᠲ ᠪᠠ ᠸ᠊'ᠵᠴᠠᠲ ᠣᠯᠠᠨ ᠨᠡᠶᠢᠲᠡ ᠶᠢᠨ ᠨᠣᠮᠧᠷ ᠠᠪᠬᠤ ᠠᠵᠢᠯ ᠢ | ᠬᠠᠷᠢᠭᠤᠴᠠᠨ᠎ᠠ᠃ᠪᠦᠬᠦ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠯᠪᠠᠨ | ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ ᠲᠣᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠪᠦᠬᠦ | ᠬᠤᠰᠢᠭᠤᠨ ᠤ ᠡᠯᠧᠺᠳ᠋ᠷᠣᠨ ᠵᠠᠰᠠᠭ ᠤᠨ ᠶᠠᠪᠤᠳᠠᠯ ᠤᠨ ᠲᠣᠣᠷ ᠰᠦᠯᠵᠢᠶᠡᠨ ᠤ ᠲᠥᠪ ᠤᠨ ᠪᠦᠲᠦᠭᠡᠨ ᠪᠠᠶᠢᠭᠤᠯᠤᠯᠲᠠ | ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ ( ᠮᠣᠩᠭᠤᠯ | ᠰᠦᠯᠵᠢᠶ᠎ᠡ )᠂ 《 12345 》 ᠵᠢᠴᠢ ᠵᠠᠰᠠᠭ ᠤᠨ ᠣᠷᠳᠣᠨ ᠤ ᠰᠦᠯᠵᠢᠶᠡᠨ ᠤ ᠲᠥᠬᠦᠭᠡᠷᠦᠮᠵᠢ ᠶᠢᠨ | ᠠᠵᠢᠯᠯᠠᠭᠠᠨ ᠵᠢᠴᠢ ᠬᠠᠮᠠᠭᠠᠯᠠᠬᠤ ᠠᠵᠢᠯ ᠢ ᠬᠠᠷᠢᠭᠤᠴᠠᠨ᠎ᠠ ;ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ | ᠬᠥᠳᠡᠯᠦᠯ ᠪᠠᠶᠢᠳᠠᠯ ᠵᠢᠴᠢ ᠪᠦᠬᠦ ᠬᠤᠰᠢᠭᠤᠨ ᠤ ᠪᠤᠰᠤᠳ ᠴᠢᠬᠤᠯᠠ ᠶᠡᠭᠡ ᠰᠣᠨᠢᠨ ᠮᠡᠳᠡᠭᠡ ᠶᠢ ᠰᠦᠯᠵᠢᠶᠡᠨ ᠳᠡᠭᠡᠷ᠎ᠡ | ᠮᠡᠳᠡᠭᠡᠯᠡᠬᠦ ᠪᠠ ᠰᠢᠨᠡᠳᠬᠡᠬᠦ ᠠᠵᠢᠯ ᠢ ᠬᠠᠷᠢᠭᠤᠴᠠᠨ᠎ᠠ ;ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ | ᠤᠳᠤᠷᠢᠳᠬᠤ ᠨᠥᠬᠦᠳ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ( ᠨᠠᠢᠮᠠ ) ᠨᠠᠶᠢᠷᠠᠭᠤᠯᠤᠨ ᠣᠷᠴᠢᠭᠤᠯᠬᠤ ᠲᠠᠰᠤᠭ᠃ᠬᠤᠰᠢᠭᠤᠨ ᠤ ᠵᠠᠰᠠᠭ ᠤᠨ ᠣᠷᠳᠣᠨ᠂ ᠵᠠᠰᠠᠭ ᠤᠨ | ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠵᠢᠴᠢ ᠮᠣᠩᠭᠤᠯ ᠬᠡᠯᠡᠨ ᠤ ᠡᠬᠡ ᠪᠢᠴᠢᠭ ᠤᠨ | ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ ;ᠬᠤᠰᠢᠭᠤ ᠵᠠᠰᠠᠭ ᠤᠨ ᠣᠷᠳᠣᠨ ᠤ ᠡᠯ᠎ᠡ ᠲᠥᠷᠥᠯ ᠤᠨ ᠲᠣᠮᠣ | ᠬᠡᠯᠪᠡᠷᠢ ᠶᠢᠨ ᠬᠤᠷᠠᠯ ᠤᠨ ᠠᠵᠢᠯ ᠤᠨ ᠢᠯᠡᠳᠬᠡᠯ᠂ ᠪᠢᠴᠢᠭ ᠮᠠᠲ᠋ᠧᠷᠢᠶᠠᠯ ᠤᠨ ᠣᠷᠴᠢᠭᠤᠯᠭ᠎ᠠ᠂ ᠶᠠᠷᠢᠶᠠᠨ ᠤ ᠪᠠ | ᠪᠤᠰᠤᠳ ᠣᠷᠴᠢᠭᠤᠯᠬᠤ ᠠᠵᠢᠯ ᠢ ᠬᠠᠷᠢᠭᠤᠴᠠᠨ ᠡᠷᠬᠢᠯᠡᠨ᠎ᠡ ;ᠰᠤᠮᠤ ᠰᠢᠶᠠᠩ ᠰᠠᠭᠤᠷᠢᠨ᠂ ᠬᠡᠷᠡᠭ ᠡᠷᠬᠢᠯᠡᠬᠦ ᠭᠠᠵᠠᠷ | ᠪᠣᠯᠤᠨ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠡ ᠶᠢᠨ ᠮᠣᠩᠭᠤᠯ ᠣᠷᠴᠢᠭᠤᠯᠭ᠎ᠠ ᠶᠢᠨ ᠠᠵᠢᠯ ᠢ | ᠵᠢᠯᠣᠭᠤᠳᠤᠨ᠎ᠠ᠃ | ( ᠶᠢᠰᠣ ) ᠮᠡᠳᠡᠭᠡ ᠵᠠᠩᠭᠢ ᠶᠢᠨ ᠲᠠᠰᠤᠭ᠃ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠮᠡᠳᠡᠭᠡ ᠵᠠᠩᠭᠢ ᠶᠢᠨ | ᠪᠠᠶᠢᠴᠠᠭᠠᠨ ᠰᠤᠳᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ ;ᠪᠦᠬᠦ ᠬᠤᠰᠢᠭᠤᠨ ᠤ ᠵᠠᠰᠠᠭ ᠤᠨ | ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠵᠣᠬᠢᠶᠠᠨ | ᠪᠠᠶᠢᠭᠤᠯᠤᠯᠲᠠ ᠶᠢᠨ ᠵᠢᠯᠣᠭᠤᠳᠤᠯᠭ᠎ᠠ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠲᠣᠣᠷ ᠰᠦᠯᠵᠢᠶᠡᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ;ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠰᠣᠯᠢᠯᠴᠠᠭᠠᠨ ᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠬᠠᠶᠢᠯᠠᠭᠰᠠᠨ | ᠠᠵᠢᠯ ᠤᠨ ᠪᠣᠯᠪᠠᠰᠤᠷᠠᠯ᠂ ᠤᠬᠠᠭᠤᠯᠭ᠎ᠠ᠂ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠬᠦ ᠪᠠ ᠪᠠᠶᠢᠴᠠᠭᠠᠨ | ᠰᠤᠳᠤᠯᠬᠤ ᠠᠵᠢᠯ ᠢ ᠬᠠᠷᠢᠭᠤᠴᠠᠨ᠎ᠠ ;ᠬᠤᠰᠢᠭᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ | ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠪᠠ ; | ( ᠠᠷᠪᠠ ) ᠶᠡᠷᠦᠩᠬᠡᠶᠢᠯᠡᠭᠰᠡᠨ ᠲᠠᠰᠤᠭ᠃ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ | ᠠᠵᠢᠯ ᠢ ᠬᠠᠷᠢᠭᠤᠴᠠᠵᠤ᠂ ᠠᠵᠤ ᠠᠬᠤᠢ᠂ ᠨᠡᠶᠢᠭᠡᠮ ᠤᠨ ᠬᠥᠭᠵᠢᠯᠲᠡ ᠵᠡᠷᠭᠡ ᠬᠠᠮᠢᠶᠠᠲᠠᠢ ᠰᠤᠷᠠᠭ ᠵᠠᠩᠭᠢ ᠶᠢᠨ | ᠮᠠᠲ᠋ᠧᠷᠢᠶᠠᠯ ᠢ ᠴᠤᠭᠯᠠᠭᠤᠯᠤᠨ᠂ ᠡᠮᠬᠢᠳᠬᠡᠵᠦ᠂ ᠨᠠᠶᠢᠷᠠᠭᠤᠯᠤᠨ ᠲᠠᠷᠬᠠᠭᠠᠵᠤ᠂ ᠴᠢᠬᠤᠯᠠ ᠪᠠᠶᠢᠳᠠᠯ ᠢᠶᠠᠨ ᠴᠠᠭ | ᠲᠤᠬᠠᠢ ᠳᠤᠨᠢ ᠳᠡᠭᠡᠭᠰᠢ ᠮᠡᠳᠡᠭᠦᠯᠦᠨ᠎ᠡ ;ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ᠂ ᠰᠠᠨᠠᠯ ᠵᠥᠪᠯᠡᠯᠭᠡ ᠶᠢ | ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠭᠡᠷ ᠤᠨ | ᠡᠳᠦᠷ ᠳᠣᠳᠣᠮ ᠤᠨ ᠠᠵᠢᠯ ᠢ ᠬᠠᠷᠢᠭᠤᠴᠠᠨ ᠡᠭᠦᠷᠭᠡᠯᠡᠵᠦ᠂ ᠪᠦᠬᠦ ᠬᠤᠰᠢᠭᠤᠨ ᠤ ᠴᠢᠬᠤᠯᠠ ᠶᠡᠭᠡ ᠭᠠᠳᠠᠭᠠᠳᠤ ᠲᠠᠢ | ᠬᠤᠯᠪᠣᠭᠳᠠᠭᠰᠠᠨ ᠬᠡᠷᠡᠭ ᠶᠠᠪᠤᠳᠠᠯ ᠢ ᠰᠢᠢᠳᠪᠦᠷᠢᠯᠡᠬᠦ ᠪᠤᠶᠤ ᠬᠠᠪᠰᠤᠷᠤᠨ ᠰᠢᠢᠳᠪᠦᠷᠢᠯᠡᠨ᠎ᠡ᠃ᠬᠤᠰᠢᠭᠤᠨ ᠤ | ᠵᠠᠬᠢᠷᠭ᠎ᠠ᠂ ᠬᠤᠲᠠ ᠶᠢᠨ ᠵᠠᠬᠢᠷᠭ᠎ᠠ᠂ ᠪᠠᠶᠢᠭᠤᠯᠤᠯᠭ᠎ᠠ ᠶᠢᠨ ᠵᠣᠬᠢᠶᠠᠨ ᠪᠠᠶᠢᠭᠤᠯᠬᠤ᠂ ᠠᠵᠢᠯᠲᠠᠨ ᠤ ᠠᠵᠢᠯ ᠢ | ᠬᠠᠷᠢᠭᠤᠴᠠᠵᠤ᠃ᠬᠤᠰᠢᠭᠤᠨ ᠤ ᠵᠠᠬᠢᠷᠭ᠎ᠠ᠂ ᠵᠠᠰᠠᠭ ᠤᠨ ᠭᠠᠵᠠᠷ ᠤᠨ ᠲᠠᠮᠠᠭ᠎ᠠ ᠶᠢᠨ ᠭᠠᠵᠠᠷ ᠤᠨ ᠪᠠᠷᠢᠮᠲᠠ ᠪᠢᠴᠢᠭ ᠢ | ᠣᠷᠴᠢᠭᠤᠯᠬᠤ ᠠᠵᠢᠯ ᠢ ᠬᠠᠷᠢᠭᠤᠴᠠᠨ᠎ᠠ᠃ | ( ᠠᠷᠪᠠᠨ ᠨᠢᠭᠡ ) ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ | ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠵᠢᠴᠢ ᠬᠤᠶᠠᠳᠤᠭᠠᠷ ᠳᠡᠰ ᠤᠨ ᠨᠢᠭᠡᠴᠡ ᠶᠢᠨ ᠨᠠᠮ ᠤᠨ | ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠣᠯᠠᠨ ᠲᠦᠮᠡᠨ ᠤ ᠪᠦᠯᠬᠦᠮ ᠤᠨ | ᠠᠵᠢᠯ ᠢ ᠬᠠᠷᠢᠭᠤᠴᠠᠨ᠎ᠠ᠃ | ( ᠠᠷᠪᠠᠨ ᠬᠤᠶᠠᠷ ) ᠡᠳ᠋ ᠤᠨ ᠶᠠᠪᠤᠳᠠᠯ ᠤᠨ ᠲᠠᠰᠤᠭ᠃ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ | ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠠᠵᠢᠯ ᠢ ᠬᠠᠷᠢᠭᠤᠴᠠᠨ᠎ᠠ ;ᠡᠳ᠋ ᠤᠨ ᠶᠠᠪᠤᠳᠠᠯ ᠤᠨ ᠠᠵᠢᠯ ᠢ | ᠬᠠᠷᠢᠭᠤᠴᠠᠨ᠎ᠠ ;ᠺᠠᠳ᠋ᠷ ᠠᠵᠢᠯᠲᠠᠨ ᠤ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠳᠠᠭᠠᠳᠬᠠᠯ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠬᠤᠷᠢᠶᠠᠨ ᠠᠪᠬᠤ ᠵᠡᠷᠭᠡ ᠠᠵᠢᠯ ᠢ ᠬᠠᠷᠢᠭᠤᠴᠠᠨ᠎ᠠ᠃ | | ( ᠠᠷᠪᠠᠨ ᠭᠤᠷᠪᠠ ) ᠶᠡᠷᠦᠩᠬᠡᠢ ᠵᠢᠵᠢᠭᠦᠷ ᠤᠨ ᠭᠡᠷ᠃ᠬᠤᠰᠢᠭᠤᠨ ᠤ ᠵᠠᠰᠠᠭ ᠤᠨ ᠭᠠᠵᠠᠷ ᠤᠨ | ᠪᠠᠶᠢᠭᠤᠯᠤᠯᠭ᠎ᠠ ᠶᠢᠨ ᠵᠠᠰᠠᠭ ᠤᠨ ᠶᠠᠪᠤᠳᠠᠯ ᠤᠨ ᠵᠢᠵᠢᠭᠦᠷ ᠪᠠ ᠤᠳᠤᠷᠢᠳᠬᠤ ᠺᠠᠲᠧᠷ ᠮᠡᠳᠡᠭᠦᠯᠦᠨ ᠴᠢᠯᠥᠭᠡ ᠠᠪᠬᠤ᠂ | ᠮᠡᠳᠡᠭᠦᠯᠦᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃ | ᠪᠠᠶᠢᠭᠤᠯᠭ᠎ᠠ ᠶᠢᠨ ᠬᠠᠶᠠᠭ᠄ ᠤᠯᠠᠭᠠᠨᠬᠤᠸᠠ ᠪᠠᠯᠭᠠᠰᠤᠨ ᠤ ᠡᠩᠬᠡ ᠲᠠᠶᠢᠪᠤᠩ ᠵᠠᠮ | ᠬᠠᠷᠢᠯᠴᠠᠬᠤ ᠤᠲᠠᠰᠤ᠄ ( 0474 ) 5202652 | ᠬᠢᠨᠠᠯᠲᠠ ᠲᠠᠯᠪᠢᠬᠤ ᠤᠲᠠᠰᠤ᠄ ( 0474 ) 5202652 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠦᠳᠡ ᠶᠢᠨ ᠡᠮᠦᠨᠡᠬᠢ 9᠄ 00—12᠄ 00 | ᠂ ᠦᠳᠡ ᠶᠢᠨ ᠬᠤᠶᠢᠨᠠᠬᠢ 14᠄ 30—18᠄ 00 ( ᠪᠠᠶᠠᠷ ᠳᠤᠷᠠᠰᠬᠠᠯ ᠤᠨ ᠡᠳᠦᠷ ᠨᠢ ᠡᠭᠦᠨ ᠳᠤ ᠪᠠᠭᠲᠠᠬᠤ | ᠦᠭᠡᠢ ) | ᠬᠠᠷᠢᠭᠤᠴᠠᠯᠭᠠᠲᠠᠨ᠄ ᠭᠦᠸᠧ ᠫᠧᠩ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |