ᠰᠢᠨᠵᠢᠯᠡᠭᠡ ᠮᠡᠷᠭᠡᠵᠢᠯ ᠢᠶᠠᠷ ᠡᠭᠦᠯᠳᠡᠷ ᠤᠨ ᠬᠤᠨᠢ ᠶᠢᠨ ᠦᠨᠳᠦᠷ ᠴᠢᠨᠠᠷ ᠴᠢᠨᠰᠠᠭᠠᠲᠤ ᠬᠥᠭᠵᠢᠯᠲᠡ ᠳᠤ ᠡᠷᠴᠢ ᠣᠯᠭᠤᠨᠠᠮ
ᠨᠡᠶᠢᠲᠡᠯᠡᠭᠰᠡᠨ ᠴᠠᠭ᠄
2024/11/11
      ᠰᠢᠨᠵᠢᠯᠡᠭᠡ ᠮᠡᠷᠭᠡᠵᠢᠯ ᠢᠶᠠᠷ ᠡᠭᠦᠯᠳᠡᠷ ᠤᠨ ᠬᠤᠨᠢ ᠶᠢᠨ ᠦᠨᠳᠦᠷ ᠴᠢᠨᠠᠷ ᠴᠢᠨᠰᠠᠭᠠᠲᠤ ᠬᠥᠭᠵᠢᠯᠲᠡ ᠳᠤ ᠡᠷᠴᠢ ᠣᠯᠭᠤᠨᠠᠮ               ᠮᠠᠨ ᠤ ᠬᠤᠰᠢᠭᠤ ᠮᠠᠯ ᠠᠵᠤ ᠠᠬᠤᠢ ᠶᠢᠨ ᠣᠨᠴᠠᠯᠢᠭᠲᠤ ᠲᠡᠵᠢᠭᠡᠨ ᠦᠷᠡᠵᠢᠭᠦᠯᠬᠦ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ ᠲᠠᠰᠤᠷᠠᠯᠲᠠ ᠦᠭᠡᠢ ᠬᠦᠴᠦᠯᠡᠵᠦ᠂ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠳᠤᠬᠢᠴᠢᠯᠠᠭᠰᠠᠨ ᠡᠭᠦᠯᠳᠡᠷ ᠤᠨ ᠬᠤᠨᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠦᠷᠭᠦᠯᠵᠢᠯᠡᠨ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠪᠠ ᠲᠠᠯ᠎ᠠ ᠨᠤᠲᠤᠭ ᠤᠨ ᠠᠮᠢ ᠠᠬᠤᠢ ᠶᠢ ᠪᠦᠲᠦᠮᠵᠢᠲᠡᠢ ᠰᠡᠷᠭᠦᠭᠡᠬᠦ ᠶᠢ ᠪᠡᠶᠡᠯᠡᠭᠦᠯᠵᠦ᠂ ᠦᠷ᠎ᠡ ᠶᠢᠨ ᠦᠢᠯᠡᠰ ᠤᠨ《ᠰᠢᠨᠵᠢᠯᠡᠭᠡ ᠮᠡᠷᠭᠡᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ 》 ᠢ ᠰᠠᠶᠢᠲᠤᠷ ᠬᠢᠵᠦ《ᠦᠷ᠎ᠡ ᠶᠢᠨ ᠦᠢᠯᠡᠰ ᠤᠨ ᠲᠥᠪ 》 ᠢ ᠬᠦᠴᠦᠯᠡᠨ ᠪᠠᠶᠢᠭᠤᠯᠤᠨ᠎ᠠ᠃       ᠰᠠᠢ ᠨᠦᠸᠧ ᠡᠭᠦᠯᠳᠡᠷ ᠤᠨ ᠬᠤᠨᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠰᠢᠨᠵᠢᠯᠡᠬᠦ ᠮᠡᠷᠭᠡᠵᠢᠯ ᠤᠨ ᠬᠦᠴᠦᠨ ᠢ ᠨᠢᠭ᠌ᠲᠡᠷᠠᠭᠤᠯᠵᠤ᠂ ᠠᠵᠤ ᠦᠢᠯᠡᠰ ᠤᠨ《ᠰᠢᠪᠲᠤᠯᠤᠯᠲᠠ》 ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠰᠢᠨᠵᠢᠯᠡᠬᠦ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠡᠭᠦᠯᠳᠡᠷ ᠤᠨ ᠬᠤᠨᠢ ᠪᠤᠶᠢᠵᠢᠭᠤᠯᠬᠤ᠂ ᠡᠭᠦᠯᠳᠡᠷ ᠤᠨ ᠬᠤᠨᠢ ᠦᠷᠭᠡᠳᠬᠡᠨ ᠦᠷᠡᠵᠢᠭᠦᠯᠬᠦ ᠪᠠ ᠡᠷᠯᠢᠰᠡᠵᠢᠭᠦᠯᠦᠭᠰᠡᠨ ᠢᠳᠡᠰᠢᠨ ᠬᠤᠨᠢ ᠦᠢᠯᠡᠳᠪᠦᠷᠢᠯᠡᠬᠦ ᠭᠤᠷᠪᠠᠨ ᠶᠡᠭᠡ ᠬᠤᠯᠪᠣᠭᠠᠲᠤ ᠴᠣᠭᠴᠠ ᠶᠢ ᠬᠥᠭᠵᠢᠭᠦᠯᠵᠦ ᠂ 《 ᠵᠠᠰᠠᠭ ᠤᠨ ᠣᠷᠳᠣᠨ + ᠬᠥᠲᠥᠴᠢ ᠠᠵᠤ ᠠᠬᠤᠶᠢᠯᠠᠯ + ᠬᠤᠷᠰᠢᠶᠠᠵᠢᠯ + ᠮᠠᠯᠴᠢᠨ ᠡᠷᠦᠬᠡ 》 ᠶᠢᠨ ᠡᠵᠡᠩᠨᠡᠯᠲᠡ ᠶᠢᠨ ᠵᠠᠭᠪᠤᠷ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠡᠯᠭᠡᠷᠡᠭᠦᠯᠵᠦ᠂ ᠳᠥᠷᠪᠡᠳ ᠬᠤᠰᠢᠭᠤᠨ ᠳᠤ ᠭᠦᠨ ᠠᠰᠢᠭ ᠲᠤᠰᠠ ᠶᠢᠨ ᠬᠤᠯᠪᠣᠭ᠎ᠠ ᠪᠦᠬᠦᠢ ᠮᠠᠯᠴᠢᠨ ᠲᠠᠷᠢᠶᠠᠴᠢᠨ ᠢ 5000 ᠭᠠᠷᠤᠢ ᠡᠷᠦᠬᠡ ᠳᠠᠶᠢᠴᠢᠯᠠᠨ᠂ ᠣᠳᠣᠬᠠᠨ ᠳᠤ᠂ ᠬᠡᠪᠴᠢᠶᠡᠵᠢᠯ ᠨᠢ ᠳᠥᠷᠪᠡᠳ ᠬᠤᠰᠢᠭᠤᠨ ᠳᠤ ᠨᠢᠭᠡᠨᠲᠡ ᠵᠢᠯ ᠳᠤ 60 ᠲᠦᠮᠡᠨ ᠲᠣᠯᠣᠭᠠᠢ᠂ ᠤᠯᠠᠭᠠᠨᠴᠠᠪ ᠬᠤᠲᠠ ᠳᠤ ᠵᠢᠯ ᠳᠤ 100 ᠲᠦᠮᠡᠨ ᠲᠣᠯᠣᠭᠠᠢ᠂ ᠪᠦᠬᠦ ᠣᠷᠣᠨ ᠤ ᠵᠢᠯ ᠳᠤ 200 ᠲᠦᠮᠡᠨ ᠲᠣᠯᠣᠭᠠᠢ ᠦᠢᠯᠡᠳᠪᠦᠷᠢᠯᠡᠬᠦ ᠦᠢᠯᠡᠰ ᠤᠨ ᠬᠥᠭᠵᠢᠯᠲᠡ ᠶᠢᠨ ᠰᠠᠭᠤᠷᠢ ᠪᠣᠢ ᠪᠣᠯᠵᠤ᠂ 10000 ᠭᠠᠷᠤᠢ ᠮᠠᠯᠴᠢᠨ ᠲᠠᠷᠢᠶᠠᠴᠢᠨ ᠢ ᠳᠠᠶᠢᠴᠢᠯᠠᠨ ᠲᠣᠭᠲᠠᠭᠤᠨ ᠢᠶᠠᠷ  ᠬᠥᠭᠵᠢᠭᠦᠯᠦᠨ᠎ᠡ᠃      ᠰᠢᠨᠵᠢᠯᠡᠬᠦ ᠤᠬᠠᠭᠠᠨ ᠮᠡᠷᠭᠡᠵᠢᠯ ᠤᠨ 《 ᠪᠦᠰᠡᠯᠡᠯᠲᠡ ᠶᠢ ᠰᠢᠪᠲᠤᠯᠬᠤ 》 ᠵᠠᠮ ᠳᠡᠭᠡᠷ᠎ᠡ᠂ ᠮᠠᠨ ᠤ ᠬᠤᠰᠢᠭᠤ 《ᠳᠠᠭᠠᠭᠤᠯᠤᠭᠴᠢ 》ᠠᠵᠤ ᠠᠬᠤᠶᠢᠯᠠᠯ ᠰᠠᠢ ᠨᠦᠸᠧ ᠺᠣᠮᠫᠠᠨᠢ ᠳᠤ ᠲᠦᠰᠢᠭᠯᠡᠨ᠂ ᠢᠳᠡᠰᠢᠨ ᠬᠤᠨᠢᠨ ᠤ ᠦᠷ᠎ᠡ ᠶᠢᠨ ᠦᠢᠯᠡᠰ ᠤᠨ ᠬᠥᠭᠵᠢᠯᠲᠡ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠡᠭᠦᠯᠳᠡᠷ ᠤᠨ ᠬᠤᠨᠢᠨ ᠤ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠳ᠋ᠦ᠋ ᠮᠧᠩ ᠬᠤᠨᠢᠨ ᠤ ᠠᠵᠤ ᠦᠢᠯᠡᠰ ᠤᠨ ᠬᠡᠯᠬᠢᠶᠡᠵᠢᠯ ᠢ ᠲᠦᠷᠭᠡᠳᠬᠡᠨ ᠪᠠᠶᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ 《 ᠰᠢᠨ᠎ᠡ ᠬᠥᠳᠡᠯᠭᠡᠭᠦᠷ 》 ᠢ ᠪᠠᠶᠢᠭᠤᠯᠵᠤ᠂ ᠪᠣᠬᠢᠷᠲᠤᠯ ᠦᠭᠡᠢ ᠥᠨᠳᠥᠷ ᠦᠷ᠎ᠡ ᠠᠰᠢᠭᠲᠤ ᠣᠳᠣ ᠦᠶ᠎ᠡ ᠶᠢᠨ ᠮᠠᠯ ᠠᠵᠤ ᠠᠬᠤᠢ ᠶᠢ ᠬᠦᠴᠦᠯᠡᠨ ᠬᠥᠭᠵᠢᠭᠦᠯᠵᠦ᠂《 ᠦᠷ᠎ᠡ ᠶᠢᠨ ᠦᠢᠯᠡᠰ ᠤᠨ ᠲᠥᠪ 》 ᠢ ᠬᠦᠴᠦᠯᠡᠨ ᠪᠠᠶᠢᠭᠤᠯᠤᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠸᠧᠢ ᠱᠧᠦ ᠭᠠᠩ    ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2