ᠴᠠᠭ ᠲᠣᠬᠢᠶᠠᠯ ᠢ ᠠᠮᠵᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ ᠣᠯᠠᠨ ᠲᠦᠮᠡᠨ ᠤ 《 ᠳᠣᠲᠣᠨᠣ | ᠬᠥᠮᠦᠨ 》 ᠪᠣᠯᠤᠶ᠎ᠠ | | ᠠᠯᠲᠠᠨ ᠨᠠᠮᠤᠷ ᠤᠨ ᠤᠯᠠᠷᠢᠯ ᠳᠤ᠂ ᠬᠤᠷᠢᠶᠠᠯᠲᠠ ᠶᠢᠨ ᠪᠠᠶᠠᠷ ᠪᠠᠶᠠᠰᠬᠤᠯᠠᠩᠲᠤ ᠴᠠᠭ ᠮᠥᠴᠡ ᠪᠣᠯᠬᠤ | ᠪᠣᠯᠪᠠᠴᠤ᠂ ᠬᠠᠯᠠᠭᠠᠢ ᠲᠣᠰᠬᠤᠨ ᠤ ᠠᠷᠠᠳ ᠤᠨ ᠵᠥᠪᠯᠡᠯ ᠤᠨ ᠨᠢᠭᠡᠳᠦᠭᠡᠷ ᠪᠠᠷᠢᠭᠠᠳᠠ ᠶᠢᠨ ᠲᠠᠷᠢᠶᠠᠴᠢᠨ ᠵᠣᠣ | ᠵᠢᠶᠦ᠋ᠨ ᠮᠢᠩ ᠬᠦᠨᠳᠦ ᠡᠪᠡᠳᠴᠢᠨ ᠢᠶᠠᠷ ᠡᠮᠨᠡᠯᠭᠡ ᠳᠤ ᠰᠠᠭᠤᠵᠤ ᠬᠦᠴᠢᠷᠳᠡᠯ ᠳᠤ ᠲᠤᠯᠭᠠᠷᠠᠵᠠᠢ᠃ᠲᠡᠭᠦᠨ ᠤ | ᠡᠯᠢᠭᠡᠨ ᠤ ᠤᠭᠤᠲᠠᠲᠤ ᠬᠠᠪᠤᠩ ᠨᠢ ᠬᠥᠬᠡᠬᠤᠲᠠ ᠳᠤ ᠮᠡᠰᠡ ᠵᠠᠰᠠᠯ ᠬᠢᠵᠦ 20 ᠭᠠᠷᠤᠢ ᠡᠳᠦᠷ ᠡᠮᠨᠡᠨ | ᠵᠠᠰᠠᠭᠤᠯᠤᠭᠰᠠᠨ ᠪᠣᠯᠬᠤᠷ ᠮᠥᠨ ᠡᠮᠨᠡᠯᠭᠡ ᠳᠤ ᠰᠠᠭᠤᠵᠤ ᠠᠵᠢᠭᠯᠠᠬᠤ ᠴᠢᠬᠤᠯᠠᠲᠠᠢ᠂ ᠡᠮᠨᠡᠨ ᠵᠠᠰᠠᠬᠤ ᠵᠠᠷᠤᠳᠠᠯ ᠨᠢ | 10 ᠭᠠᠷᠤᠢ ᠲᠦᠮᠡ ᠬᠦᠷᠦᠭᠰᠡᠨ ᠪᠠᠶᠢᠨ᠎ᠠ᠃ᠡᠨᠡ ᠪᠠᠶᠢᠳᠠᠯ ᠢ ᠮᠡᠳᠡᠭᠰᠡᠨ ᠤ ᠳᠠᠷᠠᠭ᠎ᠠ ᠵᠣᠣ ᠵᠢᠶᠦ᠋ᠨ ᠮᠢᠩ ᠤᠨ | ᠭᠡᠷ ᠲᠤ ᠲᠦᠷ ᠬᠦᠷᠴᠡᠢ᠂ 75 ᠨᠠᠰᠤᠲᠠᠢ᠂ ᠲᠠᠷᠢᠬᠢ ᠲᠠᠭᠵᠢᠷᠠᠭᠰᠠᠨ ᠠᠪᠤ ᠪᠠᠨ ᠪᠣᠯᠭᠤᠭᠠᠵᠤ ᠦᠵᠡᠭᠡᠳ᠂ ᠨᠠᠮ | ᠵᠠᠰᠠᠭ ᠤᠨ ᠭᠠᠵᠠᠷ ᠲᠡᠳᠡᠨ ᠢ ᠭᠠᠭᠴᠠᠭᠠᠷᠳᠠᠭᠤᠯᠬᠤ ᠥᠬᠡᠢ ᠭᠡᠵᠦ ᠬᠡᠯᠡᠵᠦ᠂ ᠲᠣᠰᠬᠤᠨ ᠤ ᠬᠢᠨ ᠲᠡᠳᠡᠨ ᠢ | ᠬᠠᠪᠰᠤᠷᠴᠤ ᠬᠦᠴᠢᠷ ᠢ ᠨᠢ ᠠᠮᠰᠠᠭᠤᠯᠵᠠᠢ᠃ᠳᠠᠷᠠᠭ᠎ᠠ ᠨᠢ ᠬᠤ᠋ ᡁᠢ ᠱᠤ᠋ ᠲᠦᠷᠭᠡᠨ ᠠᠷᠭ᠎ᠠ ᠬᠡᠮᠵᠢᠶ᠎ᠡ ᠠᠪᠴᠤ᠂ | ᠬᠤᠶᠠᠷ ᠵᠥᠪᠯᠡᠯ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠨᠠᠮ ᠤᠨ ᠭᠡᠰᠢᠭᠦᠨ᠂ | ᠪᠠᠶᠢᠭᠠᠯᠢᠯᠢᠭ ᠲᠣᠰᠬᠤᠨ ᠤ ᠳᠠᠷᠤᠭ᠎ᠠ ᠵᠡᠷᠭᠡ 16 ᠬᠥᠮᠦᠨ ᠢ ᠪᠠᠭᠲᠠᠭᠠᠭᠰᠠᠨ 《 ᠲᠠᠷᠢᠶᠠᠯᠠᠩ ᠢ ᠳᠡᠮᠵᠢᠬᠦ | ᠨᠠᠮᠤᠷ ᠤᠨ ᠬᠤᠷᠢᠶᠠᠯᠲᠠ 》 ᠦᠢᠯᠡᠴᠢᠯᠡᠭᠡᠨ ᠤ ᠠᠩᠭᠢ ᠶᠢ ᠲᠥᠯᠥᠪᠯᠡᠨ ᠵᠣᠬᠢᠶᠠᠨ ᠪᠠᠶᠢᠭᠤᠯᠵᠤ᠂ ᠨᠢᠭᠡ ᠡᠳᠦᠷ ᠤᠨ | ᠬᠤᠭᠤᠴᠠᠭ᠎ᠠ ᠲᠠᠢ ᠨᠠᠮᠤᠷ ᠤᠨ ᠬᠤᠷᠢᠶᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | | | | | | | | | | | | ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠨᠴᠤᠢ ᠰᠢᠮᠡᠯᠡᠨ᠂ ᠵᠣᠷᠢᠭᠲᠠᠢ ᠪᠠᠷ | ᠨᠠᠷᠠᠨ ᠬᠤᠸᠠᠷ ᠴᠡᠴᠡᠭ ᠲᠡᠭᠦᠵᠦ ᠬᠤᠷᠢᠶᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠵᠢᠪᠬᠤᠭ᠎ᠠ ᠪᠠᠨ | ᠢᠯᠡᠷᠡᠭᠦᠯᠦᠨ᠂ ᠲᠣᠰᠬᠤᠨ ᠤ ᠠᠷᠠᠳ ᠲᠤ ᠪᠣᠳᠠᠲᠠᠢ ᠶᠠᠪᠤᠳᠠᠯ ᠬᠢᠵᠦ ᠥᠭᠬᠦ ᠪᠠ ᠬᠦᠴᠢᠷᠳᠡᠯ ᠢ ᠨᠢ ᠰᠢᠢᠳᠪᠦᠷᠢᠯᠡᠵᠦ | ᠥᠭᠭᠦᠨ᠂ ᠲᠣᠰᠬᠤᠨ ᠤ ᠠᠷᠠᠳ ᠲᠠᠢ ᠣᠶᠢᠷᠠᠲᠤᠬᠤ ᠲᠤᠲᠤᠮ᠂ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ | ᠣᠯᠵᠠᠢ᠃ᠲᠤᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠤᠨ ᠵᠥᠪᠯᠡᠯ ᠤᠨ ᠲᠣᠰᠬᠤᠨ ᠤ ᠠᠷᠠᠳ ᠤᠨ | ᠬᠦᠴᠢᠷ ᠵᠣᠪᠠᠯᠠᠩ ᠢ ᠰᠢᠢᠳᠪᠦᠷᠢᠯᠡᠵᠦ ᠥᠭᠬᠦ ᠵᠣᠷᠢᠭ ᠪᠣᠯᠤᠨ ᠠᠵᠢᠯᠯᠠᠭ᠎ᠠ ᠶᠢ ᠭᠦᠢᠴᠡᠳ ᠢᠯᠡᠷᠡᠭᠦᠯᠵᠦ᠂ ᠨᠡᠮᠡᠷᠢ | ᠬᠠᠨᠳᠢᠪ᠂ ᠨᠥᠬᠦᠷᠯᠡᠯ᠂ ᠬᠠᠷᠢᠯᠴᠠᠨ ᠬᠠᠪᠰᠤᠷᠤᠯᠴᠠᠬᠤ᠂ ᠲᠠᠪᠰᠢᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ | ᠵᠣᠷᠢᠭ ᠰᠠᠨᠠᠭ᠎ᠠ ᠶᠢ ᠪᠠᠳᠠᠷᠠᠭᠤᠯᠵᠠᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |