ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠤᠶ᠎ᠠ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠨᠠᠮ ᠤᠨ ᠬᠤᠷᠢᠶᠠᠨ ᠤ | ᠯᠧᠺᠲ᠋ᠣᠷ ᠤᠨ ᠪᠦᠯᠬᠦᠮ ᠵᠢᠨᠢᠩ ᠳᠤ ᠤᠬᠠᠭᠤᠯᠤᠨ ᠲᠠᠶᠢᠯᠪᠤᠷᠢᠯᠠᠪᠠ | | 8 ᠰᠠᠷ᠎ᠠ ᠶᠢᠨ 13 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠨᠠᠮ ᠤᠨ ᠬᠤᠷᠢᠶ᠎ᠠ ᠶᠢᠨ | ᠯᠧᠺᠲ᠋ᠣᠷ ᠤᠨ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠵᠢᠨᠢᠩ ᠲᠣᠭᠤᠷᠢᠭ ᠲᠤ | ᠶᠠᠪᠤᠭᠳᠠᠪᠠ᠃ | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠪᠦᠷᠢᠯᠳᠦᠬᠦᠨ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠯᠢᠩ | ᠬᠤᠩ ᠪᠥᠸᠧ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ | ᠴᠢᠬᠤᠯᠠ ᠶᠡᠭᠡ ᠠᠴᠢ ᠬᠤᠯᠪᠣᠭᠳᠠᠯ ᠵᠢᠴᠢ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠲᠠᠨᠢᠬᠤ᠂ ᠪᠦᠬᠦᠳᠡ | ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠢ ᠤᠶᠢᠯᠠᠭᠠᠬᠤ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠪᠦᠬᠦ ᠲᠠᠯ᠎ᠠ ᠪᠠᠷ ᠠᠬᠢᠭᠤᠯᠬᠤ ᠵᠡᠷᠭᠡ ᠲᠠᠯ᠎ᠠ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ | ᠲᠠᠶᠢᠯᠪᠤᠷᠢᠯᠠᠬᠤ ᠪᠠ ᠭᠦᠨᠵᠡᠭᠡᠢ ᠲᠠᠶᠢᠯᠪᠤᠷᠢᠯᠠᠪᠠ ᠃ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠭᠤᠣᠯ | ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠭᠦᠨᠵᠡᠭᠡᠢ ᠪᠥᠭᠡᠳ ᠤᠶᠢᠯᠭᠠᠮᠵᠢᠲᠠᠢ᠂ ᠴᠢᠩᠭ᠎ᠠ ᠨᠢᠮᠪᠠᠢ ᠪᠥᠭᠡᠳ | ᠠᠮᠢᠳᠤᠯᠢᠭ ᠪᠠᠶᠢᠵᠤ᠂ ᠤᠯᠤᠰ ᠲᠦᠷᠦ ᠶᠢᠨ ᠦᠨᠳᠦᠷᠴᠡ ᠲᠠᠢ ᠪᠥᠭᠡᠳ ᠤᠨᠤᠯ ᠤᠨ ᠭᠦᠨᠴᠡ ᠲᠠᠢ ᠪᠠᠶᠢᠵᠤ᠂ | ᠬᠤᠷᠠᠯ ᠳᠤ ᠣᠷᠣᠯᠴᠠᠭᠰᠠᠳ ᠲᠤ ᠭᠦᠨ ᠰᠡᠩᠬᠡᠷᠡᠭᠦᠯᠦᠯ ᠣᠯᠭᠤᠵᠠᠢ᠃ | ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠵᠢᠨᠢᠩ ᠲᠣᠭᠤᠷᠢᠭ ᠤᠨ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠶᠡᠬᠡᠳᠡ ᠵᠣᠷᠢᠭᠵᠢᠪᠠ᠃ ᠤᠯᠠᠨ ᠢᠶᠠᠷ ᠢᠶᠠᠨ᠂ ᠮᠡᠳᠡᠭᠦᠯᠦᠯᠲᠡ ᠶᠢᠨ ᠵᠣᠭᠰᠣᠴᠠ ᠥᠨᠳᠥᠷ᠂ | ᠠᠭᠤᠯᠤᠭᠳᠠᠬᠤᠨ ᠡᠯᠪᠡᠭ ᠪᠠᠶᠠᠯᠢᠭ᠂ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠤᠶᠢᠯᠠᠭᠠᠬᠤ ᠪᠠ | ᠡᠵᠡᠮᠳᠡᠬᠦ ᠳᠤ ᠴᠢᠬᠤᠯᠠ ᠵᠢᠯᠣᠭᠤᠳᠬᠤ ᠦᠢᠯᠡᠳᠦᠯ ᠲᠠᠢ ᠶᠤᠮ᠂ ᠲᠤᠰ ᠤᠳᠠᠭ᠎ᠠ ᠶᠢᠨ ᠤᠬᠠᠭᠤᠯᠤᠨ | ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠵᠦᠢᠯ ᠤᠨ | ᠠᠵᠢᠯ ᠢ ᠥᠷᠨᠢᠭᠦᠯᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃ | ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | ᠳᠡᠪᠰᠢᠭᠦᠯᠦᠭᠴᠢ ᠄ ᠲᠡᠷᠭᠡᠯ | |