ᠵᠠᠩᠭᠠᠨ ᠰᠤᠮᠤ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠲᠤᠰᠢᠶᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ | | 2025 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠲᠥᠪᠯᠡᠷᠡᠭᠦᠯᠦᠨ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠵᠦ᠂ ᠬᠠᠷᠢᠶ᠎ᠠ | ᠲᠣᠭᠤᠷᠢᠭ ᠤᠨ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠵᠠᠩᠭᠠᠨ ᠰᠤᠮᠤ 2025 ᠣᠨ ᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | | | | | ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠤᠮᠤᠨ ᠤ ᠳᠠᠷᠤᠭ᠎ᠠ ᠰᠠᠷᠠᠨᠲᠤᠶᠠᠭ᠎ᠠ ᠨᠥᠬᠦᠷ 2025 | ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢ ᠤᠯᠠᠮᠵᠢᠯᠠᠪᠠ ;ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠰᠤᠮᠤᠨ ᠤ ᠳᠠᠷᠤᠭ᠎ᠠ ᠯᠢ ᠰᠢᠶᠠᠩ ᠯᠢᠨ ᠨᠥᠬᠦᠷ ᠳᠠᠭᠠᠳᠬᠠᠯ ᠳᠤ ᠣᠷᠣᠬᠤ | ᠰᠦᠢᠳᠬᠡᠯ ᠲᠤᠰᠢᠶᠠᠬᠤ ᠠᠵᠢᠯ ᠤᠨ ᠲᠤᠬᠠᠢ ᠪᠣᠳᠠᠲᠠᠢ ᠲᠣᠬᠢᠷᠠᠭᠤᠯᠤᠯᠲᠠ ᠬᠢᠵᠡᠢ᠃ | ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠮ ᠡᠮᠨᠡᠯᠭᠡ ᠶᠢᠨ | ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ᠬᠤᠶᠠᠷ ᠲᠤ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠃《 ᠥᠪᠡᠷ ᠢᠶᠠᠨ ᠲᠤᠰᠢᠶᠠᠬᠤ + ᠬᠠᠪᠰᠤᠷᠤᠨ | ᠲᠤᠰᠢᠶᠠᠬᠤ 》 ᠵᠠᠭᠪᠤᠷ ᠢ ᠠᠪᠴᠤ᠂ ᠨᠠᠰᠤ ᠠᠬᠢᠵᠤ ᠪᠡᠶ᠎ᠡ ᠪᠠᠭᠤᠷᠠᠢ ᠪᠠᠶᠢᠭ᠎ᠠ ᠵᠡᠷᠭᠡ ᠣᠨᠴᠣᠭᠤᠢ ᠨᠡᠶᠢᠲᠡ | ᠴᠣᠭᠴᠠ ᠳᠤ ᠴᠢᠭᠯᠡᠭᠦᠯᠦᠨ᠂ ᠰᠦᠢᠳᠬᠡᠯ ᠲᠤᠰᠢᠶᠠᠬᠤ ᠦᠢᠯᠡᠴᠢᠯᠡᠭᠡ ᠶᠢ ᠣᠯᠠᠨ ᠲᠦᠮᠡᠨ ᠤ ᠭᠡᠷ ᠲᠤ ᠬᠦᠷᠭᠡᠬᠦ | ᠬᠡᠷᠡᠭᠲᠡᠢ᠂ ᠭᠤᠷᠪᠠ ᠳᠤ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠣᠯᠠᠨ ᠲᠦᠮᠡᠨ ᠤ ᠪᠡᠶ᠎ᠡ ᠪᠠᠨ ᠳᠠᠭᠠᠭᠠᠨ | ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠢ ᠦᠨᠡᠨᠬᠦ ᠨᠡᠮᠡᠭᠳᠡᠭᠦᠯᠬᠦ ᠬᠡᠷᠡᠭᠲᠡᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |