ᠳᠥᠷᠪᠡᠳ ᠬᠤᠰᠢᠭᠤᠨ ᠤ ᠬᠤᠵᠢᠷᠲᠤ ᠰᠢᠶᠠᠩ ᠄ ᠳ᠋ᠦ᠋ ᠮᠧᠩ  ᠬᠤᠨᠢ ᠲᠡᠵᠢᠭᠡᠨ ᠦᠷᠡᠵᠢᠭᠦᠯᠬᠦ ᠰᠢᠶᠠᠩ ᠤᠨ ᠲᠣᠰᠬᠤᠨ ᠤ ᠬᠥᠭᠵᠢᠯ ᠮᠠᠨᠳᠤᠯ ᠰᠢᠨ᠎ᠡ ᠬᠥᠭᠵᠢᠯᠲᠡ ᠶᠢ ᠳᠠᠮᠵᠢᠨ ᠲᠤᠰᠠᠯᠠᠭᠰᠠᠨ
ᠨᠡᠶᠢᠲᠡᠯᠡᠭᠰᠡᠨ ᠴᠠᠭ᠄
2024/11/15
      ᠳᠥᠷᠪᠡᠳ ᠬᠤᠰᠢᠭᠤᠨ ᠤ ᠬᠤᠵᠢᠷᠲᠤ ᠰᠢᠶᠠᠩ ᠄ ᠳ᠋ᠦ᠋ ᠮᠧᠩ ᠬᠤᠨᠢ ᠲᠡᠵᠢᠭᠡᠨ ᠦᠷᠡᠵᠢᠭᠦᠯᠬᠦ ᠰᠢᠶᠠᠩ ᠤᠨ ᠲᠣᠰᠬᠤᠨ ᠤ ᠬᠥᠭᠵᠢᠯ ᠮᠠᠨᠳᠤᠯ ᠰᠢᠨ᠎ᠡ ᠬᠥᠭᠵᠢᠯᠲᠡ ᠶᠢ ᠳᠠᠮᠵᠢᠨ ᠲᠤᠰᠠᠯᠠᠭᠰᠠᠨ      ᠣᠳᠣᠬᠠᠨ ᠳᠤ᠂ ᠳᠥᠷᠪᠡᠳ ᠬᠤᠰᠢᠭᠤᠨ ᠤ ᠬᠤᠵᠢᠷᠲᠤ ᠰᠢᠶᠠᠩ ᠤᠨ ᠳᠤ ᠮᠧᠩ ᠮᠢᠬᠠᠨ ᠤ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠨᠢ ᠨᠡᠶᠢᠳᠡᠮ ᠥᠷᠨᠢᠭᠦᠨ ᠬᠥᠭᠵᠢᠭᠰᠡᠨ ᠪᠠᠶᠢᠳᠠᠯ ᠲᠠᠢ ᠪᠠᠶᠢᠵᠤ᠂ 《 ᠲᠡᠵᠢᠭᠡᠬᠦ ᠶᠢᠨ ᠲᠥᠯᠥᠭᠡ ᠲᠠᠷᠢᠵᠤ᠂ ᠲᠠᠷᠢᠵᠤ ᠲᠡᠵᠢᠭᠡᠬᠦ ᠶᠢ ᠠᠬᠢᠭᠤᠯᠵᠤ᠂ ᠲᠡᠵᠢᠭᠡᠬᠦ ᠪᠠᠷ ᠲᠣᠬᠢᠷᠠᠭᠤᠯᠤᠯᠲᠠ ᠶᠢ ᠠᠬᠢᠭᠤᠯᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ 》 ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠡᠳᠬᠢᠴᠡ ᠪᠠᠷ ᠵᠢᠯᠣᠭᠤᠳᠤᠯᠭ᠎ᠠ ᠳᠣᠣᠷ᠎ᠠ᠂ ᠲᠤᠰ ᠨᠤᠲᠤᠭ ᠨᠢ ᠲᠤᠰ ᠭᠠᠵᠠᠷ ᠣᠷᠣᠨ ᠤ ᠣᠨᠴᠠᠯᠢᠭᠲᠤ ᠲᠡᠵᠢᠭᠡᠨ ᠦᠷᠡᠵᠢᠭᠦᠯᠬᠦ ᠵᠠᠮ ᠢ ᠢᠳᠡᠪᠬᠢᠲᠡᠢ ᠰᠦᠪᠡᠭᠴᠢᠯᠡᠵᠦ᠂ ᠳ᠋ᠦ᠋ ᠮᠧᠩ ᠬᠤᠨᠢ ᠲᠡᠵᠢᠭᠡᠨ ᠦᠷᠡᠵᠢᠭᠦᠯᠬᠦ ᠨᠢ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠃
11.16+1.jpg
      ᠲᠡᠵᠢᠭᠡᠪᠦᠷᠢ ᠶᠢᠨ ᠮᠡᠷᠭᠡᠵᠢᠯ ᠤᠨ ᠲᠠᠯ᠎ᠠ ᠪᠠᠷ᠂ ᠬᠤᠵᠢᠷᠲᠤ ᠰᠢᠶᠠᠩ ᠨᠢ ᠳᠠᠭᠠᠭᠤᠯᠤᠭᠴᠢ ᠠᠵᠤ ᠠᠬᠤᠶᠢᠯᠠᠯ ᠪᠣᠯᠬᠤ ᠥᠪᠥᠷ ᠮᠣᠩᠭᠤᠯ ᠤᠨ ᠰᠠᠶᠢᠢᠨᠣ᠋ ᠡᠭᠦᠯᠳᠡᠷ ᠤᠨ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠢᠳᠡᠪᠬᠢᠲᠡᠢ ᠬᠠᠮᠲᠤᠷᠠᠨ ᠠᠵᠢᠯᠯᠠᠬᠤ ᠶᠢᠨ ᠬᠠᠮᠲᠤ ᠲᠡᠵᠢᠭᠡᠨ ᠦᠷᠡᠵᠢᠭᠦᠯᠬᠦ ᠡᠷᠦᠬᠡ ᠳᠤ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠭᠦᠯᠬᠦ ᠮᠡᠷᠭᠡᠵᠢᠯ ᠢ ᠤᠯᠠᠮᠵᠢᠯᠠᠨ ᠥᠭᠴᠦ᠂ ᠲᠠᠷᠢᠶᠠᠯᠠᠬᠤ ᠡᠷᠦᠬᠡ ᠳᠤ ᠲᠡᠵᠢᠭᠡᠨ ᠦᠷᠡᠵᠢᠭᠦᠯᠬᠦ ᠶᠠᠪᠤᠴᠠ ᠳᠠᠬᠢ ᠡᠯ᠎ᠡ ᠵᠦᠢᠯ ᠤᠨ ᠭᠤᠣᠯᠳᠠᠯᠭ᠎ᠠ᠂ ᠭᠤᠣᠯᠳᠠᠯᠭ᠎ᠠ ᠶᠢ ᠨᠢ ᠨᠡᠩ ᠰᠢᠭᠤᠳ ᠨᠠᠷᠢᠨ ᠨᠢᠮᠪᠠᠢ ᠡᠵᠡᠮᠰᠢᠭᠦᠯᠵᠦ᠂ ᠲᠡᠵᠢᠭᠡᠨ ᠦᠷᠡᠵᠢᠭᠦᠯᠬᠦ   ᠲᠦᠭᠰᠢᠭᠦᠷᠢ ᠠᠴᠠ ᠵᠦᠢ ᠵᠣᠬᠢᠰᠲᠠᠢ ᠵᠠᠶᠢᠯᠠᠰᠬᠢᠬᠦ ᠬᠡᠷᠡᠭᠲᠡᠢ᠃ᠡᠭᠦᠨ ᠤ ᠬᠠᠮᠲᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠲᠦᠰᠢᠭᠯᠡᠨ ᠥᠷᠭᠡᠨ ᠣᠯᠠᠨ ᠲᠠᠷᠢᠶᠠᠴᠢᠨ ᠡᠷᠦᠬᠡ ᠶᠢ ᠢᠳᠡᠪᠬᠢᠲᠡᠢ ᠬᠥᠲᠥᠯᠦᠨ ᠵᠢᠯᠣᠭᠤᠳᠴᠤ ᠪᠠᠶᠢᠭᠠᠳ ᠰᠠᠶᠢᠢᠨᠤᠤ ᠶᠢᠨ ᠰᠠᠶᠢᠨ ᠡᠭᠦᠯᠳᠡᠷ ᠤᠨ ᠬᠤᠴᠠ ᠦᠷᠡᠵᠢᠭᠦᠯᠵᠦ ᠪᠤᠶᠢᠵᠢᠭᠤᠯᠬᠤ ᠰᠢᠰᠲ᠋ᠧᠮᠵᠢ ᠶᠢ ᠶᠡᠬᠡᠪᠡᠷ ᠪᠤᠶᠢᠵᠢᠭᠤᠯᠤᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃
11.16+2.jpg
      ᠬᠤᠵᠢᠷᠲᠤ ᠰᠢᠶᠠᠩ ᠤᠨ ᠰᠢᠶᠣᠤ ᠳ᠋ᠦ᠋ᠩ ᠵᠢᠩ ᠲᠣᠰᠬᠤᠨ ᠤ ᠠᠷᠠᠳ ᠤᠨ ᠵᠥᠪᠯᠡᠯ ᠤᠨ ᠵᠢᠢ ᠳ᠋ᠧᠩ ᠲᠣᠰᠬᠤᠨ ᠤ ᠠᠷᠠᠳ ᠵᠠᠩ ᠶᠦᠩ ᠫᠢᠩ ᠪᠣᠯ  ᠳ᠋ᠦ᠋ ᠮᠧᠩ ᠬᠤᠨᠢ ᠲᠡᠵᠢᠭᠡᠨ ᠦᠷᠡᠵᠢᠭᠦᠯᠦᠭᠰᠡᠨ ᠤ ᠠᠰᠢᠭ ᠬᠦᠷᠲᠡᠭᠴᠢ ᠶᠢᠨ ᠨᠢᠭᠡ ᠨᠢ ᠪᠣᠯᠤᠨ᠎ᠠ᠃2020 ᠣᠨ᠋‌‍ᠠ᠋ᠴᠠ ᠡᠬᠢᠯᠡᠨ ᠥᠪᠥᠷ ᠮᠣᠩᠭᠤᠯ ᠤᠨ ᠰᠠᠶᠢᠢᠨᠦ᠋ᠣᠸ᠋ ᠬᠤᠴᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠳ᠋ᠦ᠋ ᠮᠧᠩ ᠬᠤᠨᠢ ᠢ ᠲᠡᠵᠢᠭᠡᠨ ᠦᠷᠡᠵᠢᠭᠦᠯᠵᠦ᠂ ᠣᠳᠣ ᠨᠢᠭᠡᠨᠲᠡ 70 ᠭᠠᠷᠤᠢ ᠲᠡᠵᠢᠭᠡᠨ ᠦᠷᠡᠵᠢᠭᠦᠯᠦᠭᠰᠡᠨ ᠪᠠᠶᠢᠨ᠎ᠠ᠃
11.16+3.jpg
       ᠵᠠᠩ ᠶᠦᠩ ᠫᠢᠩ ᠤᠨ ᠬᠦᠷᠢᠶᠡᠨ ᠳᠤ ᠪᠢᠳᠡ ᠲᠡᠭᠦᠨ ᠢ ᠣᠯᠵᠤ ᠦᠵᠡᠪᠡ᠂ ᠲᠡᠷᠡ ᠬᠤᠨᠢᠨ ᠬᠠᠰᠢᠶᠠᠨ ᠳᠣᠲᠣᠷ᠎ᠠ ᠢᠳᠡᠷᠡᠭᠦᠨ ᠢᠶᠠᠷ ᠦᠰᠦᠨ ᠪᠤᠶᠢᠵᠢᠵᠤ ᠪᠠᠶᠢᠭ᠎ᠠ ᠬᠤᠷᠠᠭ᠎ᠠ ᠶᠢᠨ ᠪᠡᠶ᠎ᠡ ᠳᠡᠭᠡᠷ᠎ᠡ ᠵᠣᠯ ᠵᠢᠷᠭᠠᠯ ᠲᠠᠢ ᠢᠨᠢᠶᠡᠮᠰᠦᠭᠯᠡᠯ ᠢᠯᠡᠷᠡᠵᠦ ᠪᠠᠶᠢᠳᠠᠭ᠄ 《 ᠪᠢ 2020 ᠣᠨ ᠠᠴᠠ ᠡᠬᠢᠯᠡᠨ ᠰᠡᠶᠢᠨᠦ᠋ ᠺᠣᠮᠫᠠᠨᠢ ᠲᠠᠢ ᠬᠠᠮᠲᠤᠷᠠᠨ ᠳ᠋ᠢᠮᠦᠩ ᠬᠤᠨᠢ ᠲᠡᠵᠢᠭᠡᠵᠦ᠂ ᠳ᠋ᠦ᠋ ᠮᠧᠩ ᠬᠤᠨᠢ ᠡᠩ ᠤᠨ ᠬᠠᠬᠢᠷ ᠬᠤᠨᠢᠨ ᠠᠴᠠ ᠥᠨᠳᠥᠷ᠂ ᠡᠮ᠎ᠡ ᠬᠤᠨᠢ ᠪᠦᠷᠢ ᠶᠢᠨ ᠵᠢᠯ ᠤᠨ ᠴᠡᠪᠡᠷ ᠣᠷᠣᠯᠭ᠎ᠠ ᠨᠢ 600 ᠠᠴᠠ 800 ᠲᠥᠭᠦᠷᠢᠭ᠂ ᠪᠢᠳᠡ ᠪᠣᠯ ᠪᠦᠬᠦ ᠶᠠᠪᠤᠴᠠ ᠳᠤ ᠬᠠᠰᠢᠶᠠᠯᠠᠨ ᠲᠡᠵᠢᠭᠡᠵᠦ ᠪᠣᠢ᠂ ᠡᠪᠡᠰᠦ ᠪᠣᠷᠳᠤᠭ᠎ᠠ ᠨᠢ ᠪᠦᠷ ᠬᠤᠪᠢ ᠬᠥᠮᠦᠨ ᠤ ᠬᠢ᠂ ᠡᠮ᠎ᠡ ᠬᠤᠨᠢ ᠪᠦᠷᠢ ᠶᠢᠨ ᠵᠢᠯ ᠪᠦᠷᠢ ᠶᠢᠨ ᠲᠡᠵᠢᠭᠡᠯ ᠪᠣᠷᠳᠤᠭ᠎ᠠ ᠨᠢ ᠪᠠᠷᠤᠭ 800 ᠲᠥᠭᠦᠷᠢᠭ ᠣᠷᠴᠢᠮ᠂ ᠮᠢᠨᠦ ᠲᠡᠵᠢᠭᠡᠵᠦ ᠪᠠᠶᠢᠭ᠎ᠠ 70 ᠭᠠᠷᠤᠢ ᠬᠤᠨᠢ ᠪᠠᠶᠢᠵᠤ᠂ ᠵᠢᠯ ᠪᠦᠷᠢ ᠶᠢᠨ ᠡᠪᠡᠰᠦ ᠪᠣᠷᠳᠤᠭ᠎ᠠ ᠨᠢ ᠳᠠᠷᠤᠢ ᠲᠦᠮᠡᠨ ᠭᠠᠷᠤᠢ ᠵᠢᠩ ᠪᠠᠶᠢᠵᠤ᠂ ᠮᠠᠨ ᠤ ᠭᠡᠷ ᠤᠨ ᠪᠣᠷᠳᠤᠭ᠎ᠠ ᠨᠢ 4 ᠲᠤᠨ ᠣᠷᠴᠢᠮ᠂ ᠮᠠᠨ ᠤ ᠡᠩ ᠤᠨ ᠬᠦᠢᠲᠡᠨ ᠬᠤᠨᠢ ᠠᠴᠠ ᠢᠯᠡᠭᠦᠦ ᠪᠠᠶᠢᠵᠤ᠂ ᠵᠣᠭᠤᠰ ᠮᠥᠩᠭᠦ ᠵᠠᠷᠤᠳᠠᠯ ᠮᠥᠩᠭᠦ ᠵᠠᠷᠤᠳᠠᠯ ᠮᠥᠩᠭᠦ ᠠᠷᠪᠢᠯᠠᠵᠤ ᠠᠰᠢᠭ ᠣᠷᠣᠯᠭ᠎ᠠ ᠶᠢ ᠠᠷᠪᠢᠯᠠᠵᠤ ᠪᠣᠢ 》 ᠭᠡᠵᠦ ᠬᠡᠯᠡᠵᠦ ᠪᠣᠢ᠃       ᠳ᠋ᠦ᠋ ᠮᠧᠩ ᠬᠤᠨᠢ ᠲᠡᠵᠢᠭᠡᠪᠦᠷᠢ ᠶᠢᠨ ᠠᠵᠤ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠮᠧᠢ ᠳᠤ ᠰᠢᠶᠠᠩ ᠨᠢ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠦᠭᠰᠡᠨ ᠢᠶᠠᠷ ᠪᠠᠷᠠᠬᠤ ᠦᠭᠡᠢ᠂ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠳᠤ ᠦᠨᠡᠨ ᠪᠣᠳᠠᠲᠠᠢ ᠠᠵᠤ ᠠᠬᠤᠢ ᠶᠢᠨ ᠠᠰᠢᠭ ᠣᠷᠣᠯᠭ᠎ᠠ ᠣᠯᠭᠤᠵᠠᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2