ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | | 10 ᠳ᠋ᠤᠭᠠᠷ ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ | ᠶᠢᠨ ᠫᠢᠩ ᠤᠨ ᠹᠦᠵᠢᠶᠠᠨ᠂ ᠠᠨᠾᠦᠢ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠣᠯᠤᠨ ᠪᠤᠷᠤᠩᠬᠤᠢ ᠶᠢ ᠱᠦᠭᠦᠷᠳᠡᠨ ᠠᠷᠢᠯᠭᠠᠬᠤ ᠬᠡᠪᠰᠢᠭᠰᠡᠨ ᠲᠡᠮᠡᠴᠡᠯ ᠤᠨ ᠲᠤᠬᠠᠢ ᠰᠢᠷᠢᠰ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠪᠣᠯᠤᠨ ᠨᠠᠮ ᠤᠨ ᠰᠤᠷᠭᠠᠭᠤᠯᠢ ᠶᠢᠨ ᠰᠢᠨ᠎ᠡ ᠶᠢ ᠡᠭᠦᠳᠴᠦ ᠳᠡᠭᠡᠭᠰᠢᠯᠡᠭᠦᠯᠬᠦ ᠵᠡᠷᠭᠡ ᠠᠵᠢᠯ ᠢ ᠰᠤᠳᠤᠯᠤᠨ | ᠳᠣᠭᠤᠭᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠨ᠎ᠠ ᠃ | | | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠪᠥᠬᠦ ᠲᠠᠯ᠎ᠠ ᠶᠢᠨ ᠴᠢᠨᠠᠷᠲᠠᠢ᠂ ᠠᠯᠤᠰ | ᠬᠡᠳᠦ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠥᠷᠪᠡᠳ ᠬᠤᠰᠢᠭᠤᠨ ᠤ ᠪᠣᠳᠠᠲᠤ ᠪᠠᠶᠢᠳᠠᠯ | ᠲᠠᠢ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠰᠢᠵᠦ᠂ ᠭᠦᠨᠵᠡᠭᠡᠢ | ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠠᠵᠢᠯ ᠤᠨ ᠬᠤᠪᠢᠶᠠᠷᠢᠯᠠᠯ ᠤᠨ | ᠲᠥᠰᠦᠯ ᠢ ᠨᠠᠷᠢᠯᠢᠭᠵᠢᠭᠤᠯᠵᠤ᠂ ᠪᠣᠳᠠᠲᠠᠢ ᠡᠭᠦᠷᠭᠡ ᠶᠢᠨ ᠨᠠᠷᠢᠨ ᠬᠠᠭᠤᠳᠠᠰᠤ ᠶᠢ ᠪᠦᠷᠢᠯᠳᠦᠭᠦᠯᠦᠨ᠂ ᠪᠣᠳᠠᠲᠠᠢ ᠲᠥᠷᠥᠯ | ᠵᠦᠢᠯ ᠢ ᠲᠣᠳᠣᠷᠬᠠᠶᠢᠯᠠᠵᠤ᠂ ᠡᠯ᠎ᠡ ᠲᠥᠷᠥᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ᠃ᠨᠠᠮ ᠤᠨ ᠴᠢᠳᠠᠪᠤᠷᠢᠲᠠᠨ ᠬᠥᠮᠦᠵᠢᠭᠦᠯᠬᠦ ᠤᠭ ᠰᠠᠨᠠᠭ᠎ᠠ ᠶᠢ ᠪᠠᠲᠤ ᠰᠠᠬᠢᠵᠤ᠂ | ᠰᠤᠷᠭᠠᠭᠤᠯᠢ ᠡᠷᠬᠢᠯᠡᠬᠦ ᠨᠥᠬᠦᠴᠡᠯ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡ ᠶᠢ ᠬᠥᠮᠦᠵᠢᠭᠦᠯᠬᠦ | ᠶᠠᠪᠤᠳᠠᠯ ᠢ ᠴᠢᠩᠭᠠᠳᠬᠠᠵᠤ᠂ ᠵᠢᠭᠠᠨ ᠰᠤᠷᠭᠠᠬᠤ ᠪᠠ ᠪᠣᠯᠪᠠᠰᠤᠷᠠᠭᠤᠯᠬᠤ ᠴᠢᠨᠠᠷ ᠪᠦᠲᠦᠮᠵᠢ ᠪᠠᠨ ᠳᠡᠭᠡᠭᠰᠢᠯᠡᠭᠦᠯᠵᠦ᠂ | ᠨᠠᠮ ᠤᠨ ᠰᠤᠷᠭᠠᠭᠤᠯᠢ ᠶᠢᠨ ᠠᠵᠢᠯ ᠤᠨ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ | | | | | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠢ᠃ᠵᠠᠷᠢᠮ ᠬᠤᠰᠢᠭᠤᠨ ᠤ | ᠤᠳᠤᠷᠢᠳᠤᠯᠭ᠎ᠠ ᠪᠠ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | | |