ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠤᠨ ᠭᠤᠣᠯ ᠳᠤᠭᠤᠶᠢᠯᠠᠩ ᠤᠨ ( ᠥᠷᠭᠡᠳᠬᠡᠭᠰᠡᠨ ) ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/15
      ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠤᠨ ᠭᠤᠣᠯ ᠳᠤᠭᠤᠶᠢᠯᠠᠩ ᠤᠨ ( ᠥᠷᠭᠡᠳᠬᠡᠭᠰᠡᠨ ) ᠰᠤᠷᠤᠯᠴᠠᠬᠤ ᠬᠤᠷᠠᠯ ᠬᠤᠷᠠᠯᠳᠤᠪᠠ      10 ᠳ᠋ᠤᠭᠠᠷ ᠰᠠᠷ᠎ᠠ ᠶᠢᠨ 25 ᠤ ᠡᠳᠦᠷ᠂ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠤᠨ ᠭᠤᠣᠯ ᠳᠤᠭᠤᠶᠢᠯᠠᠩ ᠤᠨ ( ᠥᠷᠭᠡᠳᠬᠡᠭᠰᠡᠨ ) ᠰᠤᠷᠤᠯᠴᠠᠬᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠢᠦᠢ ᠳ᠋ᠠᠢ ᠴᠢᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠨᠠᠢᠮᠠᠳᠤᠭᠠᠷ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠲᠥᠪ ᠤᠨ ᠳᠤᠭᠤᠶᠢᠯᠠᠩ ᠤᠨ ᠲᠣᠭᠤᠷᠢᠨ ᠰᠣᠨᠣᠰᠬᠤ ᠳᠤᠭᠤᠶᠢᠯᠠᠩ ᠤᠨ ᠳᠠᠷᠤᠭ᠎ᠠ ᠼᠤᠤ ᠯᠢ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠪᠠ᠃
11.16+1.jpeg
       ᠥᠪᠥᠷ ᠮᠣᠩᠭᠤᠯ ᠤᠨ ᠨᠠᠮ ᠤᠨ ᠰᠤᠷᠭᠠᠭᠤᠯᠢ ( ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ) ᠶᠢᠨ ᠳᠡᠳ᠋ ᠵᠠᠬᠢᠷᠤᠯ᠂ ᠳ᠋ᠣᠺᠲ᠋ᠣᠷ ᠤᠨ ᠵᠢᠯᠣᠭᠤᠳᠤᠭᠴᠢ ᠪᠠᠭᠰᠢ ᠪᠤᠤ ᠶᠢᠨ ᠱᠠᠨ 《 ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ 》 ᠭᠡᠰᠡᠨ ᠰᠡᠳᠦᠪ ᠢᠶᠠᠷ ᠲᠤᠰᠬᠠᠢ ᠲᠠᠶᠢᠯᠤᠮᠵᠢ ᠬᠢᠪᠡ᠃ᠵᠠᠷᠢᠮ ᠬᠤᠰᠢᠭᠤᠨ ᠤ ᠤᠳᠤᠷᠢᠳᠤᠯᠭ᠎ᠠ ᠥᠪᠡᠷ ᠥᠪᠡᠷ ᠤᠨ ᠬᠤᠪᠢᠶᠠᠨ ᠬᠠᠮᠢᠶᠠᠷᠴᠢ ᠪᠠᠶᠢᠭ᠎ᠠ ᠠᠵᠢᠯ ᠤᠨ ᠪᠣᠳᠠᠲᠤ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠪᠠ᠃        ᠫᠷᠣᠹᠧᠰᠰᠣᠷ ᠪᠤᠤ ᠶᠢᠨ ᠱᠠᠨ  ᠳᠤᠮᠳᠠᠲᠤ ᠣᠯᠣᠰ  ᠤᠨ ᠮᠠᠶ᠋ᠢᠬ ᠤᠨ ᠣᠳᠣᠬᠢᠴᠢᠯᠠᠯᠲᠠ ᠪᠣᠯᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠳᠣᠲᠣᠭᠠᠳᠤ ᠬᠤᠯᠪᠣᠭ᠎ᠠ ᠶᠢ ᠭᠦᠨᠵᠡᠭᠡᠢ ᠵᠠᠳᠠᠯᠵᠤ᠂ ᠥᠭᠡᠷᠡᠴᠢᠯᠡᠯᠲᠡ᠂ ᠬᠥᠭᠵᠢᠯᠲᠡ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠠᠶᠢᠯᠪᠤᠷᠢᠯᠠᠵᠤ᠂ ᠠᠭᠤᠯᠭ᠎ᠠ  ᠨᠢ ᠪᠦᠬᠦ ᠲᠠᠯ᠎ᠠ ᠪᠠᠷ ᠰᠢᠰᠲ᠋ᠧᠮ ᠲᠠᠢ᠂ ᠠᠭᠤᠯᠬᠤᠨ ᠨᠢ ᠪᠠᠶᠠᠯᠢᠭ᠂ ᠭᠤᠣᠯᠳᠠᠯᠭ᠎ᠠ ᠨᠢ ᠳᠣᠪᠤᠶᠢᠮ᠎ᠠ᠂ ᠣᠨᠣᠯ ᠤᠨ ᠥᠨᠳᠥᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ ᠪᠠᠶᠢᠵᠤ᠂ ᠨᠠᠮ ᠤᠨ ᠭᠡᠰᠢᠭᠦᠨ ᠺᠠᠳ᠋ᠷ ᠤᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢ ᠠᠬᠢᠭᠤᠯᠵᠠᠢ᠃
11.16+2.jpeg
      ᠬᠤᠷᠠᠯ  ᠠᠴᠠ  ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ᠂ ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠡᠷᠠᠭᠤᠯᠵᠤ᠂ ᠪᠦᠭᠦᠳᠡ ᠬᠤᠷᠠᠯ ᠤᠨ ᠲᠥᠯᠥᠪᠯᠡᠨ ᠪᠠᠶᠢᠷᠢᠯᠠᠭᠤᠯᠤᠭᠰᠠᠨ 《 ᠲᠥᠯᠥᠪᠵᠢᠭᠦᠯᠭᠡ ᠶᠢᠨ ᠵᠢᠷᠤᠭ 》 ᠢ ᠦᠨᠡᠨᠬᠦ ᠥᠭᠡᠷᠡᠴᠢᠯᠡᠯᠲᠡ ᠬᠥᠭᠵᠢᠯᠲᠡ ᠶᠢᠨ 《 ᠪᠠᠷᠢᠯᠭ᠎ᠠ ᠶᠢᠨ ᠵᠢᠷᠤᠭ 》 ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠬᠠᠳᠠᠭᠠᠰᠤ ᠪᠣᠯᠭᠠᠬᠤ ᠬᠡᠷᠡᠭᠲᠡᠢ᠃        ᠬᠤᠷᠠᠯ ᠨᠢ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠤ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠬᠤᠭᠤᠴᠠᠭᠠᠨ ᠳᠠᠬᠢ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠢ ᠡᠪᠦᠯ ᠤᠨ ᠤᠯᠠᠷᠢᠯ ᠤᠨ ᠵᠤᠭᠠᠴᠠᠭᠰᠠᠳ ᠤᠨ ᠨᠠᠭᠠᠳᠤᠮ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ + ᠠᠷᠠᠯᠵᠢᠶ᠎ᠠ ᠬᠤᠳᠠᠯᠳᠤᠭᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃ᠬᠤᠰᠢᠭᠤ ᠱᠠᠲᠤᠨ ᠤ ᠤᠳᠤᠷᠢᠳᠤᠯᠭ᠎ᠠ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭ᠎ᠠ ᠶᠢ ᠴᠢᠩᠭ᠎ᠠ ᠡᠵᠡᠮᠳᠡᠵᠦ᠂ ᠡᠯ᠎ᠡ ᠲᠥᠷᠥᠯ ᠤᠨ ᠠᠵᠢᠯ ᠢ ᠪᠠᠲᠤᠲᠠᠢ ᠰᠠᠶᠢᠨ ᠬᠢᠵᠦ᠂ ᠶᠠᠳᠠᠭᠤ  ᠠᠴᠠ  ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠰᠢᠯᠭᠠᠨ ᠬᠤᠷᠢᠶᠠᠬᠤ ᠱᠠᠭᠠᠷᠳᠠᠯᠭ᠎ᠠ ᠳᠤ ᠬᠦᠷᠭᠡᠨ᠎ᠡ᠃ᠲᠤᠷᠰᠢᠯᠲᠠ ᠶᠢᠨ ᠴᠢᠭ ᠲᠤ ᠪᠤᠭ ᠮᠠᠯ ᠢ ᠪᠤᠲᠠ ᠮᠠᠯ ᠢᠶᠠᠷ ᠰᠣᠯᠢᠬᠤ ᠶᠢ ᠤᠷᠢᠳᠠᠪᠡᠷ ᠠᠬᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ ᠲᠡᠵᠢᠭᠡᠭᠰᠡᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃ᠬᠢᠯᠢ ᠶᠢᠨ ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢᠶᠠᠨ ᠪᠠᠬᠢᠵᠢᠭᠦᠯᠬᠦ ᠠᠵᠢᠯ ᠢ ᠭᠦᠨᠵᠡᠭᠡᠶᠢᠷᠡᠭᠦᠯᠬᠦ ᠬᠡᠷᠡᠭᠲᠡᠢ᠃ᠣᠯᠠᠨ ᠲᠦᠮᠡᠨ ᠤ ᠭᠠᠵᠠᠷ ᠰᠢᠷᠣᠢ ᠳᠠᠭᠠᠭᠠᠴᠢᠯᠠᠬᠤ ᠰᠠᠨᠠᠯ ᠢ ᠥᠷᠭᠡᠨ ᠢᠶᠠᠷ ᠬᠤᠷᠢᠶᠠᠵᠤ᠂ ᠣᠯᠠᠨ ᠲᠦᠮᠡᠨ ᠤ ᠤᠴᠢᠷ ᠶᠠᠪᠤᠳᠠᠯ ᠢ ᠣᠯᠠᠨ ᠲᠦᠮᠡᠨ ᠢᠶᠠᠷ ᠶᠠᠷᠢᠯᠴᠠᠭᠤᠯᠤᠨ᠃ᠰᠢᠨ᠎ᠡ ᠡᠨᠧᠷᠭᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠥᠷᠥᠯ ᠵᠦᠢᠯ ᠢ ᠲᠡᠮᠡᠴᠡᠨ ᠣᠯᠬᠤ ᠬᠦᠴᠦᠯᠡᠴᠡ ᠪᠠᠨ ᠨᠡᠮᠡᠭᠳᠡᠭᠦᠯᠵᠦ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠰᠠᠶᠢᠲᠤᠷ ᠪᠠᠶᠢᠷᠢᠯᠠᠭᠤᠯᠤᠨ᠎ᠠ        ᠬᠤᠰᠢᠭᠤ ᠳᠥᠷᠪᠡᠨ ᠶᠡᠭᠡ ᠤᠳᠤᠷᠢᠳᠬᠤ ᠪᠠᠭ  ᠂ ᠡᠯ᠎ᠡ ᠰᠤᠮᠤ᠂ ᠰᠢᠶᠠᠩ ᠰᠠᠭᠤᠷᠢᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠡᠯ᠎ᠡ ᠠᠷᠠᠳ ᠤᠨ ᠪᠦᠯᠬᠦᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠵᠠᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2