ᠠᠷᠭᠠᠯ ᠬᠤᠷᠭᠤᠯ ᠢᠶᠠᠨ ᠠᠯᠲᠠ ᠪᠤᠯᠭᠠᠨᠠᠮ
ᠨᠡᠶᠢᠲᠡᠯᠡᠭᠰᠡᠨ ᠴᠠᠭ᠄
2024/11/18
      ᠠᠷᠭᠠᠯ ᠬᠤᠷᠭᠤᠯ ᠢᠶᠠᠨ ᠠᠯᠲᠠ ᠪᠤᠯᠭᠠᠨᠠᠮ              ᠮᠠᠨ ᠤ ᠬᠤᠰᠢᠭᠤ ᠨᠢ ᠣᠷᠴᠢᠨ ᠲᠣᠭᠤᠷᠢᠨ ᠤᠨ ᠲᠣᠭᠲᠠᠪᠤᠷᠢᠲᠠᠢ ᠬᠥᠳᠡᠭᠡ ᠠᠵᠤ ᠠᠬᠤᠢ ᠶᠢᠨ ᠣᠶᠢᠯᠠᠭᠠᠯᠲᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠠᠷᠭᠠᠯ ᠬᠤᠷᠭᠤᠯ ᠢᠶᠠᠨ ᠥᠨᠳᠥᠷ ᠨᠡᠮᠡᠭᠳᠡᠯ ᠥᠷᠲᠡᠭ ᠪᠦᠬᠦᠢ ᠦᠢᠯᠡᠳᠬᠦᠨ ᠪᠣᠯᠭᠠᠨ ᠬᠤᠪᠢᠷᠠᠭᠤᠯᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ ᠭᠠᠷᠭᠠᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ᠣᠷᠭᠠᠨᠢᠭ ᠪᠣᠷᠳᠣᠭᠤᠷ ᠨᠢ ᠣᠯᠠᠨ ᠵᠦᠢᠯ ᠤᠨ ᠰᠢᠮ᠎ᠡ ᠲᠡᠵᠢᠭᠡᠯ ᠤᠨ ᠡᠯᠧᠮᠧᠨᠲ ᠠᠭᠤᠯᠵᠤ᠂ ᠲᠠᠷᠢᠮᠠᠯ ᠤᠨ ᠬᠡᠷᠡᠭᠰᠡᠬᠦ ᠪᠢᠴᠢᠯ ᠡᠯᠧᠮᠧᠨᠲ ᠢ ᠠᠭᠤᠯᠵᠤ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠭᠠᠵᠠᠷ ᠤᠨ ᠰᠢᠮ᠎ᠡ ᠶᠢ ᠳᠡᠭᠡᠭᠰᠢᠯᠡᠭᠦᠯᠬᠦ᠂ ᠲᠠᠷᠢᠮᠠᠯ ᠤᠨ ᠦᠨᠳᠦᠰᠦᠨ ᠰᠢᠰᠲ᠋ᠧᠮ ᠤᠨ ᠤᠷᠭᠤᠯᠲᠠ ᠶᠢ ᠠᠬᠢᠭᠤᠯᠬᠤ ᠦᠢᠯᠡᠳᠦᠯ ᠲᠠᠢ ᠪᠠᠶᠢᠵᠤ᠂ ᠥᠷᠭᠡᠨ ᠣᠯᠠᠨ ᠲᠠᠷᠢᠶᠠᠴᠢᠨ ᠡᠷᠦᠬᠡ ᠳᠤ ᠭᠦᠨ ᠬᠦᠷᠢᠶᠡᠯᠡᠭᠳᠡᠵᠦ ᠪᠣᠢ᠃        ᠬᠤᠵᠢᠷᠲᠤ ᠰᠢᠶᠠᠩ ᠤᠨ ᠱᠠᠩᠲᠤ ᠲᠣᠰᠬᠤᠨ ᠳᠤ ᠪᠠᠶᠢᠷᠢᠯᠠᠭ᠎ᠠ ᠠᠮᠢᠳᠤ ᠪᠣᠳᠠᠰ ᠤᠨ ᠣᠷᠭᠠᠨᠢᠭ ᠪᠣᠷᠳᠣᠭᠤᠷ ᠤᠨ ᠬᠢᠵᠠᠭᠠᠷᠲᠤ ᠺᠣᠮᠫᠠᠨᠢ᠂ 2019 ᠣᠨ ᠳᠤ ᠪᠠᠶᠢᠭᠤᠯᠵᠤ ᠠᠰᠢᠭᠯᠠᠯᠲᠠ ᠳᠤ ᠣᠷᠣᠭᠰᠠᠨ ᠤ ᠳᠠᠷᠠᠭ᠎ᠠ ᠂ ᠵᠢᠯ ᠳᠤ 20 ᠭᠠᠷᠤᠢ ᠲᠦᠮᠡᠨ ᠠᠷᠭᠠᠯ ᠬᠤᠷᠭᠤᠯ ᠪᠣᠷᠣᠯᠠᠭᠤᠯᠬᠤ ᠪᠠᠨ ᠪᠡᠶᠡᠯᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠠᠷᠭᠠᠯ ᠬᠤᠷᠭᠤᠯ ᠢ ᠦᠷ᠎ᠡ ᠪᠦᠲᠦᠮᠵᠢᠲᠡᠢ ᠪᠠᠷ ᠰᠢᠢᠳᠪᠦᠷᠢᠯᠡᠬᠦ ᠠᠰᠠᠭᠤᠳᠠᠯ ᠢ ᠰᠢᠢᠳᠪᠦᠷᠢᠯᠡᠵᠦ᠂ ᠠᠷᠭᠠᠯ ᠬᠤᠷᠭᠤᠯ ᠢ ᠬᠤᠪᠣᠷ ᠡᠷᠳᠡᠨᠢ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠠᠷᠭᠠᠯ ᠬᠤᠷᠭᠤᠯ ᠰᠢᠢᠳᠪᠦᠷᠢᠯᠡᠬᠦ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠪᠠᠰᠠ ᠠᠵᠢᠯ ᠣᠯᠭᠤᠯᠲᠠ ᠪᠠ ᠠᠵᠤ ᠠᠬᠤᠢ ᠶᠢᠨ ᠨᠡᠮᠡᠭᠳᠡᠯ ᠢ ᠳᠠᠶᠢᠴᠢᠯᠠᠨ᠂ ᠬᠤᠨᠢᠨ ᠠᠵᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠵᠦ᠂ ᠠᠮᠢ ᠠᠬᠤᠢ ᠶᠢᠨ ᠲᠡᠵᠢᠭᠡᠨ ᠦᠷᠡᠵᠢᠭᠦᠯᠬᠦ᠂ ᠦᠷᠭᠦᠯᠵᠢᠯᠡᠨ ᠬᠥᠭᠵᠢᠬᠦ ᠵᠠᠮ ᠢ ᠨᠡᠭᠡᠭᠡᠭᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠰᠣᠷᠣᠨ᠎ᠠ   ᠢᠦᠢ ᡁᠢ ᠹᠠᠩ   ᠯᠢ ᠨᠢᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2