ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ᠦᠢᠯᠡᠰ ᠪᠦᠲᠦᠭᠡᠬᠦ ᠵᠠᠮᠨᠠᠯ
ᠨᠡᠶᠢᠲᠡᠯᠡᠭᠰᠡᠨ ᠴᠠᠭ᠄
2024/11/18
      ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ᠦᠢᠯᠡᠰ ᠪᠦᠲᠦᠭᠡᠬᠦ ᠵᠠᠮᠨᠠᠯ                ᠣᠷᠭᠢᠯᠤᠮ᠎ᠠ ᠬᠠᠯᠠᠭᠤᠨ ᠰᠡᠳᠬᠢᠯᠭᠡ ᠲᠠᠢ ᠬᠦᠰᠡᠯ ᠵᠡᠭᠦᠳᠦ ᠪᠢᠯᠬᠠᠭᠰᠠᠨ ᠵᠠᠯᠠᠭᠤ ᠦᠢᠯᠡᠰ ᠪᠦᠲᠦᠭᠡᠭᠴᠢ—ᠢᠦᠢ ᠶᠠᠩ᠂ ᠴᠠᠭᠠᠨ ᠢᠳᠡᠭᠡᠨ ᠤ ᠰᠣᠶᠣᠯ ᠪᠠᠨ ᠬᠠᠶᠢᠷᠠᠯᠠᠵᠤ᠂ ᠴᠠᠭᠠᠨ ᠢᠳᠡᠭᠡᠨ ᠤ ᠦᠢᠯᠡᠰ ᠪᠤᠰᠬᠠᠵᠤ ᠶᠠᠪᠤᠨ᠎ᠠ᠃       ᠢᠦᠢ ᠶᠠᠩ᠂ ᠳᠥᠷᠪᠡᠳ ᠬᠤᠰᠢᠭᠤᠨ ᠤ ᠨᠤᠲᠤᠭ ᠤᠨ ᠬᠡᠦᠬᠡᠳ ᠪᠣᠯᠤᠭᠰᠠᠨ ᠬᠤᠪᠢ  ᠳᠤ᠂ ᠬᠠᠷᠠᠬᠠᠨ ᠪᠠᠭ᠎ᠠ ᠠᠴᠠ ᠪᠠᠨ ᠨᠤᠲᠤᠭ ᠤᠨ ᠢᠶᠠᠨ ᠴᠠᠭᠠᠨ ᠢᠳᠡᠭᠡᠨ ᠤ ᠰᠣᠶᠣᠯ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠴᠠᠭᠠᠨ ᠢᠳᠡᠭᠡᠨ ᠤ ᠦᠢᠯᠡᠰ ᠪᠦᠲᠦᠭᠡᠬᠦ ᠠᠶᠠᠯᠠᠯ ᠢᠶᠠᠨ ᠡᠬᠢᠯᠡᠭᠦᠯᠦᠭᠰᠡᠨ ᠶᠦ᠋ᠮ᠃ ᠴᠢᠨᠠᠷ ᠴᠢᠨᠰᠠᠭ᠎ᠠ ᠲᠠᠢ ᠴᠠᠭᠠᠨ ᠢᠳᠡᠭᠡ ᠬᠢᠬᠦ ᠶᠢᠨ ᠲᠦᠯᠦᠭᠡ᠂ ᠲᠡᠷᠡ ᠲᠤᠬᠠᠢ ᠶᠢᠨ ᠭᠠᠵᠠᠷ ᠤᠨ ᠴᠢᠨᠠᠷ ᠰᠠᠶᠢᠨ ᠰᠦᠨ ᠤ ᠢᠷᠡᠯᠲᠡ ᠶᠢ ᠰᠠᠶᠢᠲᠤᠷ ᠰᠣᠩᠭᠤᠵᠤ᠂ ᠦᠢᠯᠡᠳᠬᠦ ᠮᠡᠷᠭᠡᠵᠢᠯ ᠤᠨ ᠲᠠᠯ᠎ᠠ ᠪᠠᠷ ᠠᠬᠠᠮᠠᠳ ᠨᠢᠭᠡ ᠦᠶ᠎ᠡ ᠶᠢᠨ ᠤᠯᠠᠮᠵᠢᠯᠠᠯᠲᠤ ᠮᠡᠷᠭᠡᠵᠢᠯ ᠢ ᠵᠠᠯᠭᠠᠮᠵᠢᠯᠠᠭᠰᠠᠨ ᠮᠥᠷᠲᠡᠭᠡᠨ ᠪᠠᠰᠠ ᠣᠲᠣ ᠦᠶ᠎ᠡ ᠶᠢᠨ ᠪᠣᠯᠪᠠᠰᠤᠷᠠᠭᠤᠯᠬᠤ ᠶᠠᠪᠤᠴᠠ ᠶᠢ ᠢᠳᠡᠪᠬᠢᠲᠡᠢ ᠡᠷᠢᠯᠬᠢᠯᠡᠭᠰᠡᠨ ᠪᠠᠶᠢᠨ᠎ᠠ᠃       ᠴᠠᠭᠠᠨ ᠢᠳᠡᠭᠡ ᠬᠢᠬᠦ ᠬᠥᠭᠵᠢᠯᠲᠡ ᠶᠢᠨ ᠵᠠᠮ ᠳᠡᠭᠡᠷ᠎ᠡ᠂ ᠢᠦᠢ ᠶᠠᠩ ᠣᠯᠠᠨ ᠵᠦᠢᠯ ᠤᠨ ᠢᠷᠠᠭᠤ ᠠᠯᠳᠠᠷ ᠢ ᠬᠦᠷᠲᠡᠵᠦ ᠥᠩᠭᠡᠷᠡᠭᠰᠡᠨ ᠶᠦ᠋ᠮ᠂ ᠡᠨᠡ ᠵᠢᠯ ᠤᠨ 7 ᠰᠠᠷ᠎ᠠ ᠳᠤ ︽ᠳᠥᠷᠪᠡᠳ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡ ᠬᠢᠬᠦ ᠤᠷ᠎ᠠ ᠮᠡᠷᠭᠡᠵᠢᠯ︾  ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠳᠤ ᠵᠢᠭ᠌ᠰᠡᠭᠠᠭᠳᠠᠪᠠ᠃        ᠲᠡᠭᠦᠨ ᠤ ᠴᠠᠭᠠᠨ ᠢᠳᠡᠭᠡᠨ ᠤ ᠦᠢᠯᠡᠰ ᠨᠢ ᠬᠡᠷᠡᠭᠯᠡᠭᠴᠢᠳ ᠲᠤ ᠴᠢᠨᠠᠷ ᠰᠠᠶᠢᠲᠠᠢ ᠴᠠᠭᠠᠨ ᠢᠳᠡᠭᠡ ᠬᠠᠩᠭᠠᠭᠰᠠᠨ ᠢᠶᠠᠷ ᠪᠠᠷᠠᠬᠤ ᠦᠭᠡᠢ᠂ ᠨᠤᠲᠤᠭ ᠤᠨ ᠢᠶᠠᠨ ᠠᠮᠲᠠᠲᠤ ᠢᠳᠡᠭᠡᠨ ᠤ ᠭᠠᠵᠠᠷ ᠤᠨ ᠵᠢᠷᠤᠭ ᠢ ᠪᠠᠶᠠᠯᠢᠭᠵᠢᠭᠤᠯᠤᠭᠰᠠᠨ ᠤ ᠤᠯᠠᠮ᠂ ᠲᠤᠬᠠᠢ ᠶᠢᠨ ᠭᠠᠵᠠᠷ ᠤᠨ ᠵᠠᠯᠠᠭᠤᠴᠤᠳ ᠲᠤ ᠦᠯᠢᠭᠡᠷ ᠳᠠᠭᠤᠷᠢᠶᠠᠯ ᠪᠣᠯᠵᠤ᠂ ᠠᠵᠢᠯ ᠣᠯᠭᠤᠯᠲᠠ ᠶᠢ ᠳᠠᠶᠢᠴᠢᠯᠠᠵᠤ᠂ ᠨᠤᠲᠤᠭ ᠤᠨ ᠢᠶᠠᠨ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ ᠤᠷᠢᠶᠠᠯᠠᠨ᠂ ᠰᠢᠨ᠎ᠡ ᠠᠮᠢᠵᠢᠷᠠᠯ ᠤᠨ ᠬᠦᠴᠦᠨ ᠤᠯᠭᠤᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠴᠧᠨ ᠯᠢᠨ   ᠰᠦᠩ ᠰᠢᠶᠣᠣ ᠢᠦᠢ    ᠲᠡᠷᠭᠡᠯ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2