ᠨᠠᠷᠠᠨ ᠬᠤᠸᠠᠷ ᠤᠨ ᠦᠷ᠎ᠡ ᠶᠢ ᠰᠢᠯᠢᠨ ᠰᠣᠩᠭᠤᠬᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠢᠨ᠎ᠡ ᠪᠠᠶᠢᠳᠠᠯ ᠢ ᠵᠢᠷᠤᠭᠯᠠᠨᠠᠮ
ᠨᠡᠶᠢᠲᠡᠯᠡᠭᠰᠡᠨ ᠴᠠᠭ᠄
2024/11/18
      ᠨᠠᠷᠠᠨ ᠬᠤᠸᠠᠷ ᠤᠨ ᠦᠷ᠎ᠡ ᠶᠢ ᠰᠢᠯᠢᠨ ᠰᠣᠩᠭᠤᠬᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠢᠨ᠎ᠡ ᠪᠠᠶᠢᠳᠠᠯ ᠢ ᠵᠢᠷᠤᠭᠯᠠᠨᠠᠮ              ᠣᠳᠣᠬᠠᠨ ᠳᠤ᠂ ᠮᠠᠨ ᠤ ᠬᠤᠰᠢᠭᠤᠨ ᠳᠤ ᠠᠷᠪᠠᠭᠠᠳ ᠨᠠᠷᠠᠨ ᠬᠤᠸᠠᠷ ᠤᠨ ᠦᠷ᠎ᠡ ᠰᠣᠩᠭᠤᠬᠤ ᠦᠢᠯᠡᠳᠪᠦᠷᠢ ᠪᠠᠶᠢᠵᠤ᠂ ᠡᠳᠦᠷ ᠪᠦᠷᠢ ᠪᠠᠷᠤᠭ 500 ᠠᠴᠠ 600 ᠲᠤᠨ ᠨᠠᠷᠠᠨ ᠬᠤᠸᠠᠷ ᠤᠨ ᠦᠷ᠎ᠡ ᠶᠢ ᠰᠢᠯᠢᠨ ᠰᠣᠩᠭᠤᠬᠤ ᠶᠢᠨ ᠬᠠᠮᠲᠤ᠂ ᠡᠳ᠋ᠰᠢᠭᠦᠯᠦᠨ ᠪᠣᠯᠪᠠᠰᠤᠷᠠᠭᠤᠯᠬᠤ ᠶᠢ ᠬᠠᠷᠢᠭᠤᠴᠠᠵᠤ᠂ ᠨᠠᠷᠠᠨ ᠬᠤᠸᠠᠷ ᠤᠨ ᠦᠷ᠎ᠡ ᠲᠠᠷᠢᠬᠤ ᠡᠷᠦᠬᠡ ᠨᠢ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠠᠵᠢᠯᠯᠠᠭ᠎ᠠ ᠳᠤ ᠲᠦᠰᠢᠭᠯᠡᠵᠦ᠂ ᠨᠠᠷᠠᠨ ᠬᠤᠸᠠᠷ ᠤᠨ ᠦᠷ᠎ᠡ ᠶᠢᠨ ᠪᠣᠷᠣᠯᠠᠭᠤᠯᠭ᠎ᠠ ᠮᠠᠰᠢ ᠰᠠᠶᠢᠨ  ᠪᠣᠯᠤᠭᠰᠠᠨ ᠪᠠᠶᠢᠨ᠎ᠠ᠃       ᠣᠶᠢᠷ᠎ᠠ ᠶᠢᠨ ᠵᠢᠯ ᠠᠴᠠ ᠨᠡᠰᠢ᠂ ᠮᠠᠨ ᠤ ᠬᠤᠰᠢᠭᠤ ᠲᠠᠷᠢᠶᠠᠴᠢᠨ ᠡᠷᠦᠬᠡ ᠶᠢ ᠢᠳᠡᠪᠬᠢᠲᠡᠢ ᠵᠣᠷᠢᠭᠵᠢᠭᠤᠯᠤᠨ ᠲᠠᠷᠢᠮᠠᠯ ᠤᠨ ᠪᠦᠲᠦᠴᠡ ᠶᠢ ᠬᠤᠪᠢᠷᠠᠭᠤᠯᠵᠤ᠂ ᠨᠠᠷᠠᠨ ᠬᠤᠸᠠᠷ ᠤᠨ ᠲᠠᠷᠢᠮᠠᠯ ᠤᠨ ᠲᠠᠯᠠᠪᠠᠢ ᠶᠢ ᠲᠠᠰᠤᠷᠠᠯᠲᠠ ᠦᠭᠡᠢ ᠥᠷᠭᠡᠳᠬᠡᠵᠦ᠂ ᠨᠠᠷᠠᠨ ᠬᠤᠸᠠᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠠᠷᠠᠨ ᠬᠤᠸᠠᠷ ᠤᠨ ᠲᠠᠷᠢᠮᠠᠯ ᠤᠨ ᠨᠡᠮᠡᠯᠲᠡ ᠥᠷᠲᠡᠭ ᠢ ᠳᠡᠭᠡᠭᠰᠢᠯᠡᠭᠦᠯᠵᠦ᠂ 《 ᠨᠤᠲᠤᠭ ᠤᠨ ᠣᠨᠴᠠ ᠭᠠᠷᠤᠯᠲᠠ 》 ᠶᠢ ᠬᠦᠴᠦᠯᠡᠨ ᠰᠠᠶᠢᠲᠤᠷ ᠬᠢᠬᠦ  ᠶᠢᠨ ᠬᠠᠮᠲᠤ᠂ ᠵᠠᠬ᠎ᠠ ᠳᠡᠯᠭᠡᠭᠦᠷ ᠲᠤ ᠣᠯᠠᠨ ᠨᠠᠷᠠᠨ ᠬᠤᠸᠠᠷ ᠤᠨ ᠦᠷ᠎ᠡ ᠰᠣᠩᠭᠤᠬᠤ ᠦᠢᠯᠡᠳᠪᠦᠷᠢ ᠡᠷᠬᠢᠯᠡᠵᠦ᠂ ᠠᠵᠤ ᠠᠬᠤᠢ ᠶᠢᠨ ᠦᠷ᠎ᠡ ᠠᠰᠢᠭ ᠢ ᠪᠦᠲᠦᠮᠵᠢᠲᠡᠢ ᠳᠡᠭᠡᠭᠰᠢᠯᠡᠭᠦᠯᠵᠦ᠂ ᠨᠠᠷᠠᠨ ᠬᠤᠸᠠᠷ ᠤᠨ ᠠᠵᠤ ᠦᠢᠯᠡᠰ ᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠵᠤ ᠦᠢᠯᠡᠰ  ᠪᠣᠯᠭᠠᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠲᠠᠨ᠎ᠠ    ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2