ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠠᠯᠲᠠ ᠂ ᠵᠠᠩᠭᠠᠨ ᠰᠤᠮᠤᠨ ᠳᠤ ᠭᠦᠨᠵᠡᠭᠡᠶᠢᠷᠡᠨ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ  ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠤᠭᠰᠠᠨ
ᠨᠡᠶᠢᠲᠡᠯᠡᠭᠰᠡᠨ ᠴᠠᠭ᠄
2024/11/20
      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠡᠷᠢᠭᠦᠯᠡᠭᠴᠢ ᠠᠯᠲᠠ᠂ ᠵᠠᠩᠭᠠᠨ ᠰᠤᠮᠤᠨ ᠳᠤ ᠭᠦᠨᠵᠡᠭᠡᠶᠢᠷᠡᠨ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ  ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠤᠭᠰᠠᠨ        ᠣᠶᠢᠷ᠎ᠠ ᠳᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ ᠳᠡᠳ᠋ ᠲᠡᠷᠢᠭᠦᠯᠡᠭᠴᠢ ᠵᠠᠩ ᠮᠠᠨ ᠶᠤᠸᠠᠨ᠂ ᠳᠠᠭᠠᠭᠠᠴᠢᠯᠠᠨ ᠬᠠᠷᠢᠯᠴᠠᠬᠤ ᠴᠡᠭ ᠤᠨ ᠵᠠᠩᠭᠠᠨ ᠰᠤᠮᠤ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠵᠦ᠂ ᠰᠤᠮᠤ ᠡᠯ᠎ᠡ ᠱᠠᠲᠤᠨ ᠤ ᠺᠠᠳ᠋ᠷ᠂ ᠭᠠᠴᠠᠭᠠᠨ ᠤ 《 ᠬᠤᠶᠠᠷ ᠵᠥᠪᠯᠡᠯ 》 ᠤᠨ ᠺᠠᠳ᠋ᠷ ᠪᠠ ᠭᠠᠴᠠᠭ᠎ᠠ ᠲᠣᠰᠬᠤᠨ ᠳᠤ ᠰᠠᠭᠤᠭ᠎ᠠ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
11.15+1.jpg
       ᠡᠩ ᠲᠡᠷᠢᠭᠦᠨ ᠳᠤ ᠰᠤᠮᠤ ᠰᠢᠶᠠᠩ ᠳᠤ ᠣᠳᠣᠬᠠᠨ ᠤ ᠭᠤᠣᠯᠳᠠᠯᠭ᠎ᠠ ᠲᠠᠢ ᠠᠵᠢᠯ ᠵᠢᠴᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠠᠢ ᠠᠮᠵᠢᠯᠲᠠ ᠶᠢ ᠰᠢᠯᠭᠠᠨ ᠬᠢᠨᠠᠬᠤ ᠪᠡᠯᠡᠳᠬᠡᠯ ᠠᠵᠢᠯ ᠢ ᠬᠦᠯᠢᠶᠡᠨ ᠠᠪᠴᠤ ᠰᠣᠨᠣᠰᠤᠨ᠎ᠠ᠃ᠳᠠᠷᠠᠭ᠎ᠠ ᠨᠢ ᠠᠭᠤᠯᠠ ᠭᠠᠴᠠᠭ᠎ᠠ ᠳᠤ ᠬᠦᠷᠴᠦ ᠲᠤᠬᠠᠢ ᠶᠢᠨ ᠲᠠᠯᠠᠪᠠᠢ ᠳᠤ ᠬᠦᠷᠴᠦ ᠬᠠᠮᠢᠶ᠎ᠠ ᠪᠦᠬᠦᠢ ᠠᠵᠢᠯ ᠤᠨ ᠡᠬᠡ ᠳᠠᠩᠰᠠ ᠶᠢᠨ ᠮᠠᠲ᠋ᠧᠷᠢᠶᠠᠯ ᠢ ᠤᠷᠪᠠᠭᠤᠯᠤᠨ ᠦᠵᠡᠵᠦ᠂ ᠭᠠᠴᠠᠭᠠᠨ ᠤ 《 ᠬᠤᠶᠠᠷ ᠵᠥᠪᠯᠡᠯ 》᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠲᠠᠢ ᠭᠦᠨᠵᠡᠭᠡᠢ ᠰᠣᠯᠢᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠨᠢᠮᠪᠠᠢ ᠣᠶᠢᠯᠠᠭᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠵᠢᠯᠣᠭᠤᠳᠬᠤ ᠰᠠᠨᠠᠯ ᠪᠠ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
11.15+2.jpg
      ᠭᠤᠷᠪᠠᠨ ᠮᠠᠯᠴᠢᠨ ᠡᠷᠦᠬᠡ ᠪᠠᠷ ᠬᠦᠷᠴᠦ ( ᠡᠭᠦᠨ  ᠳᠤ᠂ ᠶᠠᠳᠠᠭᠤ ᠠᠴᠠ ᠠᠩᠭᠢᠵᠢᠷᠠᠭᠰᠠᠨ ᠬᠠᠰᠪᠠᠭᠠᠨ᠎ᠠ᠂ ᠨᠠᠷᠠᠩᠬᠤᠸᠠ ᠪᠠᠷ ᠦᠵᠡᠵᠦ᠂ ᠬᠢᠨᠠᠨ ᠬᠡᠮᠵᠢᠭᠰᠡᠨ ᠡᠷᠦᠬᠡ ᠯᠢ ᠵᠢᠦ ᠲᠣᠰᠬᠤᠨ )᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠠᠰᠠᠭᠤᠨ ᠯᠠᠪᠯᠠᠵᠤ᠂ 《 ᠠᠷᠠᠳ ᠲᠤ ᠠᠰᠢᠭ ᠬᠦᠷᠲᠡᠭᠡᠬᠦ ᠳᠠᠩᠰᠠ 》᠂ 《 ᠲᠥᠷᠥ ᠶᠢᠨ ᠪᠣᠳᠣᠯᠭ᠎ᠠ ᠶᠢᠨ ᠳᠠᠩᠰᠠ 》 ᠶᠢ ᠬᠠᠪᠰᠤᠷᠤᠨ ᠪᠣᠳᠣᠵᠤ ᠥᠭᠭᠦᠨ᠎ᠡ᠃ ᠠᠯᠲᠠ᠂ ᠰᠤᠮᠤ᠂ ᠭᠠᠴᠠᠭ᠎ᠠ ᠲᠣᠰᠬᠤᠨ ᠬᠤᠶᠠᠷ ᠱᠠᠲᠤᠨ ᠤ ᠺᠠᠳ᠋ᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠥᠩᠭᠡᠨ ᠲᠠᠯ᠎ᠠ ᠶᠢᠨ ᠪᠠᠶᠢᠴᠠᠭᠠᠯᠲᠠ ᠳᠤ ᠬᠦᠷᠦᠯᠴᠡᠬᠦ ᠦᠭᠡᠢ ᠲᠠᠯ᠎ᠠ ᠪᠠᠨ ᠨᠥᠬᠦᠪᠥᠷᠢᠯᠡᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠳᠠᠬᠢᠨ ᠶᠠᠳᠠᠭᠤᠷᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠢᠶᠠᠨ ᠠᠬᠢᠭᠤᠯᠤᠨ ᠪᠠᠬᠢᠵᠢᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃  ᠵᠠᠩᠭᠠᠨ ᠰᠤᠮᠤ ᠶᠢᠨ ᠨᠠᠮ ᠤᠨ ᠬᠤᠷᠢᠶᠠᠨ ᠤ  ᠱᠦᠵᠢ ᠳ᠋ᠤᠸᠠᠨ ᠵᠦᠩ ᠵᠢᠶᠧ ᠪᠠᠷ᠎ᠠ ᠪᠣᠯᠤᠭᠰᠠᠨ  ᠪᠠᠶᠢᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2