ᠵᠠᠩᠭᠠᠨ ᠰᠤᠮᠤ ᠵᠣᠬᠢᠶᠠᠨ ᠪᠠᠶᠢᠭᠤᠯᠤᠯᠲᠠ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠰᠤᠷᠭᠠᠨ | ᠬᠥᠮᠦᠵᠢᠯ ᠤᠨ ᠪᠣᠯᠪᠠᠰᠤᠷᠠᠯ ᠤᠨ ᠬᠤᠷᠠᠯ ᠬᠢᠭᠰᠡᠨ | | ᠠᠵᠢᠯᠲᠠᠨ ᠤ ᠨᠢᠭᠤᠴᠠ ᠶᠢ ᠬᠠᠮᠠᠭᠠᠯᠠᠬᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠰᠢᠨ᠎ᠡ | ᠪᠠᠶᠢᠳᠠᠯ ᠳᠣᠣᠷᠠᠬᠢ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ ᠮᠠᠨ ᠤ | ᠰᠤᠮᠤ ᠪᠦᠬᠦ ᠺᠠᠳ᠋ᠷ᠂ ᠭᠠᠴᠠᠭᠠᠨ ᠤ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ ᠨᠢᠭᠤᠴᠠ ᠶᠢ | ᠬᠠᠮᠠᠭᠠᠯᠠᠬᠤ ᠠᠵᠢᠯ ᠤᠨ ᠬᠥᠮᠦᠵᠢᠯ ᠪᠣᠯᠪᠠᠰᠤᠷᠠᠯ ᠤᠨ ᠬᠤᠷᠠᠯ ᠬᠢᠪᠡ᠃ | | | | | ᠬᠤᠷᠠᠯᠳᠤᠭᠠᠨ ᠳᠡᠭᠡᠷ᠎ᠡ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠨᠢᠭᠤᠴᠠ ᠶᠢ ᠬᠠᠮᠠᠭᠠᠯᠠᠬᠤ ᠬᠠᠤᠯᠢ 》 ᠪᠣᠯᠤᠨ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ 》 ᠢ ᠲᠥᠪᠯᠡᠷᠡᠭᠦᠯᠦᠨ ᠰᠤᠷᠤᠯᠴᠠᠵᠤ᠂ | ᠬᠤᠷᠠᠯ ᠳᠤ ᠣᠷᠣᠯᠴᠠᠭᠰᠠᠳ ᠲᠤ ᠤᠯᠤᠰ ᠤᠨ ᠨᠢᠭᠤᠴᠠ ᠶᠢᠨ ᠬᠡᠪᠴᠢᠶ᠎ᠡ ᠪᠣᠯᠤᠨ ᠨᠢᠭᠤᠴᠠ ᠶᠢᠨ ᠳᠡᠰ᠂ | ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠦᠨᠳᠦᠰᠦᠨ ᠳᠦᠷᠢᠮ ᠵᠡᠷᠭᠡ ᠠᠭᠤᠯᠭ᠎ᠠ ᠶᠢ ᠲᠣᠳᠣᠷᠬᠠᠢ | ᠣᠶᠢᠯᠠᠭᠠᠭᠤᠯᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠠᠴᠢ ᠬᠤᠯᠪᠣᠭᠳᠠᠯ ᠵᠢᠴᠢ ᠨᠢᠭᠤᠴᠠ ᠶᠢ | ᠵᠠᠳᠠᠷᠠᠭᠤᠯᠬᠤ ᠶᠢᠨ ᠬᠦᠨᠳᠦ ᠨᠣᠴᠢᠲᠠᠢ ᠬᠤᠣᠷ ᠬᠥᠨᠥᠭᠡᠯ ᠢ ᠭᠦᠨᠵᠡᠭᠡᠢ ᠲᠠᠨᠢᠭᠤᠯᠵᠤ᠂ ᠨᠢᠭᠤᠴᠠ ᠶᠢ ᠬᠠᠮᠠᠭᠠᠯᠠᠬᠤ | ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠶᠢ ᠦᠨᠡᠨᠬᠦ ᠴᠢᠩᠭᠠᠳᠬᠠᠪᠠ᠃ | ᠬᠤᠷᠠᠯ ᠠᠴᠠ ᠄ ᠪᠦᠬᠦ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ | ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢᠶᠠᠨ ᠴᠢᠩᠭᠠᠳᠬᠠᠵᠤ᠂ 《 ᠨᠢᠭᠤᠴᠠ ᠶᠢ ᠬᠠᠮᠠᠭᠠᠯᠠᠬᠤ ᠠᠵᠢᠯ ᠳᠤ | ᠪᠠᠭ᠎ᠠ ᠶᠠᠪᠤᠳᠠᠯ ᠦᠭᠡᠢ᠂ ᠨᠢᠭᠤᠴᠠ ᠶᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ 》 ᠠᠵᠢᠯ ᠤᠨ | ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠡᠯ᠎ᠡ ᠵᠦᠢᠯ ᠤᠨ ᠬᠠᠤᠯᠢ | ᠴᠠᠭᠠᠵᠠ ᠬᠠᠤᠯᠢ ᠲᠣᠭᠲᠠᠭᠠᠯ ᠪᠠ ᠲᠣᠭᠲᠠᠭᠠᠯ ᠢ ᠡᠳᠦᠷ ᠲᠤᠲᠤᠮ ᠤᠨ ᠠᠵᠢᠯ ᠤᠨ ᠳᠤᠮᠳᠠ ᠦᠨᠡᠨᠬᠦ | ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠪᠠ ᠦᠨᠡᠨ ᠢ ᠪᠠᠷᠢᠮᠲᠠᠯᠠᠨ ᠪᠣᠳᠠᠲᠠᠢ ᠶᠢ | ᠡᠷᠬᠢᠮᠯᠡᠬᠦ ᠰᠤᠷᠲᠠᠯ ᠢᠶᠠᠷ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ᠂ | ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠨᠡᠶᠢᠲᠡᠯᠡᠬᠦ ᠵᠡᠷᠭᠡ | ᠦᠷᠭᠦᠯᠵᠢ ᠨᠢᠭᠤᠴᠠ ᠶᠢ ᠬᠠᠮᠠᠭᠠᠯᠠᠬᠤ ᠵᠦᠢᠯ ᠲᠠᠢ ᠬᠤᠯᠪᠣᠭᠳᠠᠬᠤ ᠠᠵᠢᠯ ᠤᠨ ᠳᠤᠮᠳᠠ ᠮᠡᠳᠡᠭᠡ ᠵᠠᠩᠭᠢ ᠶᠢᠨ | ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠨᠢᠭᠤᠴᠠ ᠳᠤ ᠬᠤᠯᠪᠣᠭᠳᠠᠬᠤ ᠺᠣᠮᠫᠢᠦ᠋ᠲᠧᠷ | ᠪᠣᠯᠤᠨ ᠸᠢᠴᠠᠲ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ | ᠵᠢᠴᠢ ᠪᠤᠰᠤᠳ ᠨᠢᠭᠤᠴᠠ ᠳᠤ ᠬᠤᠯᠪᠣᠭᠳᠠᠬᠤ ᠠᠴᠢᠶᠠᠯᠠᠪᠤᠷᠢ ᠶᠢ ᠲᠥᠪᠯᠡᠷᠡᠭᠦᠯᠦᠨ ᠬᠠᠮᠢᠶᠠᠷᠬᠤ ᠶᠢ ᠰᠠᠶᠢᠲᠤᠷ ᠬᠢᠵᠦ | ᠂ ᠠᠯᠢᠪᠠ ᠠᠯᠳᠠᠭᠳᠠᠬᠤ ᠠᠰᠠᠭᠤᠳᠠᠯ ᠭᠠᠷᠬᠤ ᠶᠢ ᠡᠷᠡᠰ ᠵᠣᠭᠰᠣᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ | ᠪᠠᠶᠢᠨ᠎ᠠ ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |