ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ  ᠲᠠᠶᠢᠯᠪᠤᠷᠢᠯᠠᠬᠤ ᠪᠦᠯᠬᠦᠮ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠳᠤ ᠤᠬᠠᠭᠤᠯᠤᠨ  ᠲᠠᠶᠢᠯᠪᠤᠷᠢᠯᠠᠵᠠᠢ
ᠨᠡᠶᠢᠲᠡᠯᠡᠭᠰᠡᠨ ᠴᠠᠭ᠄
2024/11/21
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ᠄ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ  ᠲᠠᠶᠢᠯᠪᠤᠷᠢᠯᠠᠬᠤ ᠪᠦᠯᠬᠦᠮ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠳᠤ ᠤᠬᠠᠭᠤᠯᠤᠨ  ᠲᠠᠶᠢᠯᠪᠤᠷᠢᠯᠠᠵᠠᠢ       8 ᠰᠠᠷ᠎ᠠ ᠶᠢᠨ 27 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠶᠠᠪᠤᠭᠳᠠᠪᠠ᠃            ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ  ᠳᠤᠭᠤᠶᠢᠯᠠᠩ ᠤᠨ ᠱᠦᠵᠢ  ᠲᠣᠪᠴᠢᠶᠠᠨ ᠳᠠᠷᠤᠭ᠎ᠠ ᠯᠢ ᠰᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠶ᠎ᠠ︔ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠤᠶᠢᠯᠭᠠᠶ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠳᠤ ᠦᠨᠳᠦᠰᠦᠯᠡᠬᠦ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠭᠤᠷᠪᠠᠨ ᠲᠠᠯ᠎ᠠ ᠠᠴᠠ ᠪᠦᠬᠦ ᠲᠠᠯ᠎ᠠ ᠪᠠᠷ ᠤᠬᠠᠭᠤᠯᠤᠨ  ᠲᠠᠶᠢᠯᠪᠤᠷᠢᠯᠠᠪᠠ᠃ ᠮᠡᠳᠡᠭᠦᠯᠦᠯᠲᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠴᠢᠬᠤᠯᠠ ᠠᠭᠤᠯᠤᠭᠳᠠᠬᠤᠨ ᠢ ᠭᠦᠨᠵᠡᠭᠡᠶ  ᠲᠠᠶᠢᠯᠪᠤᠷᠢᠯᠠᠭᠰᠠᠨ ᠪᠥᠭᠡᠳ ᠪᠠᠰᠠ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤ ᠲᠣᠬᠢᠷᠠᠭᠤᠯᠤᠯᠲᠠ  ᠪᠠᠶᠢᠷᠢᠯᠠᠭᠤᠯᠤᠯᠲᠠ ᠬᠢᠪᠠ᠃             ᠤᠬᠠᠭᠤᠯᠤᠨ  ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂  ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠶᠡᠬᠡᠳᠡ ᠵᠣᠷᠢᠭᠵᠢᠪᠠ᠃ ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ᠂  ᠤᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ  ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠠᠴᠠ ᠨᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ  ᠭᠦᠨᠵᠡᠭᠡᠶᠢᠷᠡᠭᠦᠯᠬᠦ ᠠᠮᠵᠢᠯᠲᠠ ᠲᠠᠢ ᠦᠢᠯᠡᠳᠦᠯᠭᠡ ᠪᠠ ᠠᠭᠤᠤ ᠶᠡᠭᠡ ᠠᠮᠵᠢᠯᠲᠠ ᠪᠦᠲᠦᠮᠵᠢ ᠲᠠᠢ ᠤᠶᠠᠯᠳᠤᠭᠤᠯᠵᠤ᠂ ᠰᠤᠷᠤᠯᠴᠠᠨ  ᠤᠠᠶᠢᠯᠭᠠᠵᠤ᠂ ᠨᠡᠪᠲᠡᠷᠡᠲᠡᠯ᠎ᠡ ᠰᠤᠷᠤᠯᠴᠠᠵᠤ᠂ ᠰᠢᠰᠲ᠋ᠧᠮ ᠲᠠᠢ ᠰᠤᠷᠤᠯᠴᠠᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠡᠨᠡ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ᠂ ᠬᠤᠶᠢᠰᠢᠲᠠ ᠶᠢᠨ ᠠᠵᠢᠯ ᠢᠶᠠᠨ ᠲᠥᠯᠥᠪᠵᠢᠭᠦᠯᠬᠦ ᠲᠠᠢ ᠤᠶᠠᠯᠳᠤᠭᠤᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠦᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠥᠬᠦᠳᠡ ᠬᠤᠷᠠᠯ ᠤᠨ ᠡᠯ᠎ᠡ  ᠵᠦᠢᠯ ᠤᠨ ᠡᠭᠦᠷᠭᠡ ᠶᠢᠨ  ᠨᠠᠶᠢᠳᠠᠪᠤᠷᠢᠵᠢᠭᠤᠯᠤᠯᠲᠠ ᠶᠢ  ᠰᠠᠶᠢᠳᠤᠷ ᠠᠳᠬᠤᠨ᠎ᠠ ᠭᠡᠵᠦ ᠢᠯᠡᠳᠬᠡᠵᠡᠭᠡᠪᠡ᠃                                                          ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠳᠡᠪᠰᠢᠭᠦᠯᠦᠭᠴᠢ ᠄  ᠲᠡᠷᠭᠡᠯ 
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2