ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠨ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2024/11/25
      ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠨ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠶ᠎ᠠ               ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠦ᠋ᠴᠢᠷ ᠮᠠᠨ ᠤ ᠬᠤᠰᠢᠭᠤᠨ ᠤ ᠤᠯᠠᠭᠠᠨᠮᠦ᠋ᠴᠢᠷ ᠲᠠᠢ ᠬᠠᠮᠲᠤᠷᠠᠨ᠂ ᠬᠤᠩᠭᠤᠷ ᠰᠤᠮᠤ ᠶᠢᠨ ᠣᠷᠣᠨ ᠪᠦᠰᠡ ᠶᠢᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ《  ᠪᠠᠶᠠᠷ ᠪᠠᠶᠠᠰᠤᠯ ᠪᠣᠯᠪᠠᠰᠤᠨ ᠢ ᠬᠦᠷᠭᠡᠬᠦ 》ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠤᠷᠠᠨ ᠰᠠᠶᠢᠬᠠᠨ ᠤ ᠲᠣᠭᠯᠠᠯᠲᠠ ᠪᠠᠷ ᠠᠴᠢᠶᠠᠯᠠᠪᠤᠷᠢ ᠪᠣᠯᠭᠠᠨ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠤᠮᠠᠷᠠᠲᠤ ᠬᠢᠯᠢ ᠶᠢᠨ ᠰᠣᠶᠣᠯ ᠢ ᠳᠡᠯᠭᠡᠷᠡᠭᠦᠯᠵᠡᠢ᠃       ᠲᠤᠰ ᠤᠳᠠᠭ᠎ᠠ ᠶᠢᠨ ᠠᠵᠢᠯᠯᠠᠭ᠎ᠠ ᠪᠣᠯ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠨᠤᠲᠤᠭᠰᠢᠵᠤ᠂ ᠣᠯᠠᠨ ᠲᠦᠮᠡᠨ ᠳᠤ ᠦᠢᠯᠡᠴᠢᠯᠡᠳᠡᠭ ᠠᠮᠢᠳᠤᠯᠢᠭ ᠦᠢᠯᠡᠳᠦᠯᠭᠡ ᠪᠣᠯᠤᠨ᠎ᠠ᠃《ᠪᠠᠶᠠᠷ ᠪᠠᠶᠠᠰᠤᠯ ᠪᠣᠯᠪᠠᠰᠤᠨ ᠢ ᠬᠦᠷᠭᠡᠬᠦ》 ᠪᠠᠷ ᠳᠠᠮᠵᠢᠨ᠂ ᠤᠯᠠᠭᠠᠨᠮᠦ᠋ᠴᠢᠷ ᠨᠢ ᠤᠮᠠᠷᠠᠲᠤ ᠬᠢᠯᠢ ᠶᠢᠨ ᠰᠣᠶᠣᠯ ᠤᠨ ᠦᠷ᠎ᠡ ᠶᠢ ᠦᠨᠳᠦᠰᠦᠨ ᠱᠠᠲᠤᠨ ᠤ ᠰᠠᠴᠤᠬᠤ᠂ ᠰᠢᠯᠢᠳᠡᠭ ᠤᠯᠠᠮᠵᠢᠯᠠᠯ ᠢ ᠰᠢᠨ᠎ᠡ ᠴᠠᠭ ᠦᠶ᠎ᠡ ᠶᠢᠨ ᠰᠢᠨ᠎ᠡ ᠭᠡᠷᠡᠯ ᠭᠢᠯᠪᠠᠭ᠎ᠠ ᠨᠡᠮᠡᠷᠢᠯᠡᠵᠦ᠂ ᠥᠪᠥᠷ ᠮᠣᠩᠭᠤᠯ ᠤᠨ ᠭᠠᠵᠠᠷ ᠣᠷᠣᠨ ᠤ ᠰᠣᠶᠣᠯ ᠤᠨ ᠴᠡᠴᠡᠭᠯᠡᠯᠲᠡ ᠪᠣᠯᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠭᠡᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠴᠧᠨ ᠯᠢᠨ   ᠳ᠋ᠦᠩ ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2