ᠶᠠᠨ ᠬᠤᠩ ᠭᠤᠸᠠᠩ ᠮᠠᠨ ᠤ ᠬᠤᠰᠢᠭᠤᠨ ᠳᠤ ᠬᠥᠳᠡᠭᠡ ᠲᠣᠰᠬᠤᠨ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/11/25
      ᠶᠠᠨ ᠬᠤᠩ ᠭᠤᠸᠠᠩ ᠮᠠᠨ ᠤ ᠬᠤᠰᠢᠭᠤᠨ ᠳᠤ ᠬᠥᠳᠡᠭᠡ ᠲᠣᠰᠬᠤᠨ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ               ᠣᠶᠢᠷ᠎ᠠ ᠳᠤ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠠᠨ ᠬᠤᠩ ᠭᠤᠸᠠᠩ ᠮᠠᠨ ᠤ ᠬᠤᠰᠢᠭᠤᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ ᠪᠠᠷ᠎ᠠ  ᠪᠣᠯᠤᠭᠰᠠᠨ ᠪᠠᠶᠢᠨ᠎ᠠ᠃       ᠶᠠᠨ ᠬᠤᠩ ᠭᠤᠸᠠᠩ᠂ ᠳ᠋ᠦᠩ ᠪᠠ ᠬᠤᠤ ᠰᠢᠶᠠᠩ ᠤᠨ ᠭᠤᠣ ᠵᠢᠶᠠ ᠭᠧᠦ ᠲᠣᠰᠬᠤᠨ ᠤ ᠴᠠᠢ ᠶᠢᠨ ᠲᠠᠩ᠂ ᠶᠠᠩ ᠱᠤᠸᠠᠨ ᠵᠣ᠋᠂ ᠹᠠᠨ ᠢᠦᠢ ᠮᠢᠨ ᠤ ᠭᠡᠷ ᠲᠤ ᠭᠦᠨᠵᠡᠭᠡᠶᠢᠷᠡᠵᠦ᠂ ᠲᠡᠳᠡᠨ ᠢ ᠲᠣᠬᠤᠨᠢᠭᠤᠯᠵᠤ᠂ ᠲᠡᠳᠡᠨ ᠲᠠᠢ ᠳᠣᠲᠣᠨᠣᠰᠤᠭ ᠢᠶᠠᠷ ᠶᠠᠷᠢᠯᠴᠠᠨ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠤᠨ ᠡᠯ᠎ᠡ ᠲᠥᠷᠥᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠠᠢ᠃      ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳ᠋ᠦᠩ ᠪᠠ ᠬᠤᠤ ᠰᠢᠶᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠯᠢ ᠨᠢᠩ   ᠷᠧᠨ ᠫᠧᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2