ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠤᠤᠯ ᠤᠨ ᠳᠡᠳ᠋ ᠳᠠᠷᠤᠭ᠎ᠠ᠂ ᠤᠯᠠᠭᠠᠨ ᠵᠠᠭᠠᠯᠮᠠᠶᠢᠳᠠᠨ ᠤ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠳᠠᠷᠤᠭ᠎ᠠ ᠸᠠᠩ ᠷᠦ᠋ ᠫᠧᠩ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠡᠢ
ᠨᠡᠶᠢᠲᠡᠯᠡᠭᠰᠡᠨ ᠴᠠᠭ᠄
2024/11/26
      ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠤᠤᠯ ᠤᠨ ᠳᠡᠳ᠋ ᠳᠠᠷᠤᠭ᠎ᠠ᠂ ᠤᠯᠠᠭᠠᠨ ᠵᠠᠭᠠᠯᠮᠠᠶᠢᠳᠠᠨ ᠤ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠳᠠᠷᠤᠭ᠎ᠠ ᠸᠠᠩ ᠷᠦ᠋ ᠫᠧᠩ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠡᠢ      10 ᠰᠠᠷ᠎ᠠ ᠶᠢᠨ 18 ᠤ ᠡᠳᠦᠷ᠂  ᠳᠤᠮᠳᠠᠲᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠤᠤᠯ ᠤᠨ ᠳᠡᠳ᠋ ᠳᠠᠷᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠵᠠᠬᠢᠷᠤᠯ ᠸᠠᠩ ᠷᠦ᠋ ᠫᠧᠩ ᠨᠠᠷ ᠮᠠᠨ ᠤ ᠬᠤᠰᠢᠭᠤᠨ ᠳᠤ ᠢᠷᠡᠵᠦ ᠠᠵᠢᠯ ᠪᠠᠶᠢᠴᠠᠭᠠᠪᠠ᠃
11.26.jpeg
       ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠶᠠᠩ ᠹᠧᠩ ᠢ᠂ ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠸᠠᠩ ᠬᠠᠢ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠡᠦ ᠰᠢᠨ ᠢᠦᠢ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃         ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳᠥᠷᠪᠡᠳ ᠬᠤᠰᠢᠭᠤᠨ ᠤ ᠬᠤᠩᠭᠤᠷ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠬᠤᠪᠢᠯᠭᠠᠨ ᠵᠠᠪᠢ ᠲᠠᠪᠤᠳᠤᠭᠠᠷ ᠨᠣᠮᠧᠷᠲᠦ ᠪᠠᠭᠤᠬᠤ ᠭᠠᠵᠠᠷ᠂ ᠵᠢᠶᠠᠩ ᠠᠨ ᠰᠤᠮᠤᠨ ᠤ ᠬᠢᠯᠢ ᠶᠢᠨ ᠲᠣᠮᠢᠯᠠᠭᠰᠠᠨ ᠰᠠᠯᠪᠤᠷᠢ᠂ ᠭᠠᠯ ᠤᠨᠲᠠᠷᠠᠭᠠᠬᠤ ᠶᠡᠭᠡ ᠠᠩᠭᠢ ᠶᠢᠨ ᠤᠯᠠᠭᠠᠨ ᠵᠠᠭᠠᠯᠮᠠᠶᠢᠳᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠭᠠᠵᠠᠷ᠂ 《 ᠲᠦᠭᠡᠮᠡᠯ ᠬᠠᠶᠢᠷ᠎ᠠ ᠭᠡᠷ ᠣᠷᠣᠨ 》 ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ 《 ᠠᠷᠠᠳ ᠤᠨ ᠦᠯᠢᠭᠡᠷ ᠵᠢᠱᠢᠶ᠎ᠡ 》 ᠤᠨ  ᠳᠦᠭᠦᠶᠢᠮ᠎ᠠ᠂ 《 ᠬᠦᠴᠦᠨ ᠲᠤᠰᠠᠯᠠᠬᠤ ᠠᠵᠢᠯᠯᠠᠭ᠎ᠠ 》 ᠶᠢᠨ ᠠᠰᠢᠭ ᠬᠦᠷᠲᠡᠭᠰᠡᠨ ᠲᠠᠯ᠎ᠠ ᠪᠣᠯᠬᠤ ᠳᠠᠮᠢᠨᠵᠠᠪ ᠪᠣᠯᠤᠨ ᠬᠢᠯᠢ ᠬᠢᠵᠠᠭᠠᠷ ᠢ ᠰᠠᠬᠢᠵᠤ ᠬᠠᠮᠠᠭᠠᠯᠠᠭᠰᠠᠨ ᠮᠠᠯᠴᠢᠳ ᠤᠨ ᠲᠥᠯᠥᠭᠡᠯᠡᠭᠴᠢ  ᠬᠠᠰᠪᠢᠯᠢᠭ᠌ ᠨᠠᠰᠤᠲᠠᠨ ᠢ ᠡᠷᠭᠢᠨ ᠲᠣᠭᠤᠷᠢᠨ ᠦᠵᠡᠵᠦ ᠲᠣᠬᠤᠨᠢᠭᠤᠯᠪᠠ᠃       ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠤ 《 ᠭᠡᠷ ᠣᠷᠣᠨ ᠢᠶᠠᠨ ᠲᠦᠭᠡᠮᠡᠯ ᠬᠠᠶ᠋ᠢᠷᠠᠯᠠᠭᠤ 》 ᠳᠤᠮᠳᠠᠬᠢ 《 ᠠᠷᠠᠳ ᠲᠤ ᠳᠥᠭᠦᠮ ᠦᠵᠡᠭᠦᠯᠵᠦ ᠬᠠᠮᠲᠤᠪᠠᠷ ᠬᠦᠷᠲᠡᠬᠦ ᠦᠢᠯᠡᠴᠢᠯᠡᠭᠡᠨ ᠤ ᠥᠷᠲᠡᠭᠡ 》 《 ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠣᠷᠠᠭᠤᠯᠤᠯ ᠤᠨ ᠲᠣᠭᠲᠠᠴᠠ 》 ᠶᠢᠨ ᠣᠨᠴᠠᠯᠢᠭᠲᠤ ᠠᠷᠭ᠎ᠠ ᠪᠠᠷᠢᠯ ᠢ ᠭᠦᠢᠴᠡᠳ ᠨᠤᠲᠠᠯᠠᠵᠤ᠂ ᠳᠥᠷᠪᠡᠳ ᠬᠤᠰᠢᠭᠤ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠦᠢᠯᠡᠳᠦᠯᠭᠡᠵᠢᠭᠦᠯᠦᠨ᠂ 《 ᠬᠥᠮᠦᠡᠯᠢᠭ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ 》 ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2