ᠳᠥᠷᠪᠡᠳ ᠬᠤᠰᠢᠭᠤᠨ ᠤ ᠳ᠋ᠦᠩ ᠪᠠ ᠬᠤᠣ  ᠰᠢᠶᠠᠩ᠄ ᠨᠠᠮ ᠤᠨ ᠪᠦᠲᠦᠭᠡᠨ ᠪᠠᠶᠢᠭᠤᠯᠤᠯᠲᠠ ᠪᠠᠷ ᠳᠠᠶᠢᠴᠢᠯᠠᠨ ᠬᠦᠴᠦ ᠨᠡᠮᠡᠭᠳᠡᠭᠦᠯᠵᠦ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠦᠭᠰᠡᠨ
ᠨᠡᠶᠢᠲᠡᠯᠡᠭᠰᠡᠨ ᠴᠠᠭ᠄
2024/11/27
      ᠳᠥᠷᠪᠡᠳ ᠬᠤᠰᠢᠭᠤᠨ ᠤ ᠳ᠋ᠦᠩ ᠪᠠ ᠬᠤᠣ  ᠰᠢᠶᠠᠩ᠄ ᠨᠠᠮ ᠤᠨ ᠪᠦᠲᠦᠭᠡᠨ ᠪᠠᠶᠢᠭᠤᠯᠤᠯᠲᠠ ᠪᠠᠷ ᠳᠠᠶᠢᠴᠢᠯᠠᠨ ᠬᠦᠴᠦ ᠨᠡᠮᠡᠭᠳᠡᠭᠦᠯᠵᠦ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠦᠭᠰᠡᠨ      ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ ᠬᠥᠲᠥᠯᠦᠨ ᠳᠠᠭᠠᠭᠤᠯᠬᠤ ᠠᠶᠠᠨ ᠵᠠᠮ ᠳᠤ᠂ ᠳᠥᠷᠪᠡᠳ ᠬᠤᠰᠢᠭᠤᠨ ᠤ ᠳ᠋ᠦᠩ ᠪᠠ ᠬᠤᠣ  ᠰᠢᠶᠠᠩ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠂ ᠨᠠᠮ ᠤᠨ ᠪᠠᠶᠢᠭᠤᠯᠤᠯᠲᠠ ᠶᠢᠨ ᠠᠵᠢᠯ ᠤᠨ ᠡᠯ᠎ᠡ ᠲᠥᠷᠥᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠣᠯᠠᠨ ᠲᠠᠯ᠎ᠠ ᠪᠠᠷ ᠴᠡᠴᠡᠭᠯᠡᠵᠦ᠂ ᠥᠷᠨᠢᠭᠦᠨ ᠬᠥᠭᠵᠢᠩᠭᠦᠢ ᠥᠭᠡᠳᠡᠯᠡᠨ ᠲᠠᠪᠰᠢᠬᠤ ᠰᠠᠶᠢᠨ ᠰᠠᠶᠢᠬᠠᠨ ᠪᠠᠶᠢᠳᠠᠯ ᠢᠯᠡᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠡᠮᠡᠷᠢᠯᠡᠬᠦ ᠬᠡᠷᠡᠭᠲᠡᠢ᠃ 
11.27+1.jpg
      ᠰᠡᠳᠬᠢᠯ ᠰᠠᠨᠠᠭ᠎ᠠ ᠪᠠᠨ ᠨᠢᠭᠡᠳᠬᠡᠨ᠂ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ ᠂《 ᠨᠢᠭᠡᠳᠦᠭᠡᠷ ᠵᠥᠪᠯᠡᠬᠦ ᠰᠡᠳᠦᠪ 》 ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠢ ᠪᠠᠲᠤᠳᠬᠠᠨ ᠪᠠᠬᠢᠵᠢᠭᠦᠯᠦᠨ᠎ᠡ᠃《 ᠨᠠᠮ ᠤᠨ ᠬᠤᠷᠢᠶ᠎ᠠ ᠲᠦᠷᠦᠭᠦᠯᠡᠨ ᠰᠤᠷᠤᠯᠴᠠᠬᠤ᠂ ᠨᠠᠮ ᠤᠨ ᠡᠭᠦᠷ ᠤᠨ ᠰᠤᠳᠤᠯᠤᠨ ᠰᠤᠷᠤᠯᠴᠠᠬᠤ᠂ ᠨᠠᠮ ᠤᠨ ᠭᠡᠰᠢᠭᠦᠨ ᠥᠪᠡᠷ ᠢᠶᠠᠨ ᠰᠤᠷᠤᠯᠴᠠᠬᠤ 》 ᠬᠡᠪ ᠵᠠᠭᠪᠤᠷ ᠤᠨ ᠶᠣᠰᠣᠭᠠᠷ᠂ ᠲᠥᠪᠯᠡᠷᠡᠭᠦᠯᠦᠨ ᠨᠣᠮ ᠤᠩᠰᠢᠬᠤ ᠠᠩᠭᠢ 11 ᠬᠤᠭᠤᠴᠠᠭ᠎ᠠ ᠡᠷᠬᠢᠯᠡᠵᠦ᠂ ᠳᠠᠭᠠᠭᠤᠯᠤᠨ ᠰᠤᠷᠤᠯᠴᠠᠬᠤ᠂ ᠤᠭ ᠵᠣᠬᠢᠶᠠᠯ ᠢ ᠲᠠᠶᠢᠯᠪᠤᠷᠢᠯᠠᠬᠤ᠂ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ᠬᠢᠴᠢᠶᠡᠯ ᠣᠷᠣᠭᠤᠯᠬᠤ᠂ ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠭᠠᠵᠠᠷ ᠤᠨ ᠠᠬᠤᠢ ᠲᠠᠯᠠᠪᠠᠢ ᠳᠤ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠮ ᠤᠨ ᠰᠢᠨ᠎ᠡ ᠶᠢ ᠡᠭᠦᠳᠬᠦ ᠣᠨᠣᠯ ᠢ ᠬᠢᠨᠠᠮᠠᠭᠠᠢ ᠰᠤᠷᠤᠯᠴᠠᠵᠠᠢ᠃ ᠡᠭᠦᠨ ᠤ ᠬᠠᠮᠲᠤ 11 ᠤᠳᠠᠭ᠎ᠠ 《 ᠰᠦᠯᠵᠢᠶ᠎ᠡ ᠪᠠᠷ ᠰᠤᠷᠭᠠᠨ ᠬᠥᠮᠦᠵᠢᠯ ᠢ ᠬᠦᠷᠭᠡᠬᠦ 》 ᠦᠢᠯᠡᠴᠢᠯᠡᠭᠡ ᠶᠢ ᠥᠷᠨᠢᠭᠦᠯᠵᠦ᠂ 375 ᠨᠠᠮ ᠤᠨ ᠭᠡᠰᠢᠭᠦᠨ ᠢ ᠬᠠᠮᠤᠷᠴᠤ᠂ ᠦᠨᠡᠨᠬᠦ ᠨᠠᠮ ᠤᠨ ᠭᠡᠰᠢᠭᠦᠨ ᠺᠠᠳ᠋ᠷ ᠢᠶᠠᠷ ᠮᠡᠳᠡᠯᠭᠡ ᠰᠤᠷᠭᠠᠵᠤ᠂ ᠰᠡᠷᠡᠮᠵᠢᠯᠡᠯ ᠣᠯᠭᠤᠵᠤ᠂ ᠦᠨᠳᠦᠰᠦᠨ ᠱᠤᠭᠤᠮ ᠢ ᠲᠣᠳᠣᠷᠬᠠᠢ ᠲᠠᠨᠢᠵᠤ᠂ ᠮᠡᠳᠡᠯᠭᠡ ᠪᠢᠰᠢᠷᠡᠭᠦᠯᠵᠦ᠂ ᠣᠨᠣᠯ ᠰᠤᠷᠤᠯᠴᠠᠯᠭ᠎ᠠ ᠪᠠᠷ ᠣᠶᠤᠨ ᠤᠬᠠᠭᠠᠨ ᠢ ᠲᠥᠪᠯᠡᠷᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠪᠠ᠃        ᠰᠠᠭᠤᠷᠢ ᠪᠠᠨ ᠪᠠᠲᠤᠳᠬᠠᠵᠤ᠂ ᠰᠠᠭᠤᠷᠢ ᠠᠵᠢᠯ ᠢᠶᠠᠨ ᠪᠠᠬᠢᠵᠢᠭᠦᠯᠦᠨ᠎ᠡ᠃ᠳᠥᠷᠪᠡᠳ ᠬᠤᠰᠢᠭᠤᠨ ᠤ ᠳ᠋ᠦ᠋ᠩ ᠪᠠ ᠬᠤᠣ ᠰᠢᠶᠠᠩ ᠨᠠᠮ ᠤᠨ ᠡᠭᠦᠷ ᠤᠨ ᠪᠠᠷᠢᠮᠵᠢᠶᠠᠵᠢᠭᠰᠠᠨ ᠳᠦᠷᠢᠮᠵᠢᠭᠰᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠬᠡᠯᠪᠡᠷᠢ ᠶᠢᠨ ᠰᠢᠨ᠎ᠡ ᠶᠢ ᠡᠭᠦᠳᠬᠦ᠂ ᠳᠣᠲᠣᠭᠠᠳᠤ ᠠᠭᠤᠯᠬᠤᠨ ᠢ ᠪᠠᠶᠠᠯᠢᠭᠵᠢᠭᠤᠯᠬᠤ᠂ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠳᠡᠭᠡᠷ᠎ᠡ ᠬᠦᠴᠦ ᠲᠠᠯᠪᠢᠨ᠎ᠠ᠃ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠂ ᠳᠠᠶᠢᠴᠢᠨ ᠪᠠᠬᠢᠯᠡᠯᠲᠡ ᠶᠢᠨ ᠰᠠᠭᠤᠷᠢ ᠪᠠᠨ ᠪᠠᠲᠤᠳᠬᠠᠨ᠎ᠠ᠃《 ᠭᠤᠷᠪᠠᠨ ᠬᠤᠷᠠᠯ ᠨᠢᠭᠡ ᠬᠢᠴᠢᠶᠡᠯ 》᠂ 《 ᠭᠤᠣᠯ ᠰᠡᠳᠦᠪᠲᠦ ᠨᠠᠮ ᠤᠨ ᠡᠳᠦᠷ 》 ᠵᠡᠷᠭᠡ ᠦᠨᠳᠦᠰᠦᠨ ᠳᠦᠷᠢᠮ ᠢ ᠳᠦᠷᠢᠮᠵᠢᠭᠦᠯᠦᠨ ᠥᠷᠨᠢᠭᠦᠯᠵᠦ᠂ 《 ᠳᠠᠶᠢᠴᠢᠨ ᠪᠠᠬᠢᠯᠡᠯᠲᠡ 》 ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠭᠠᠷᠳᠠᠴᠠ ᠪᠣᠯᠭᠠᠨ᠂ ᠨᠠᠮ ᠤᠨ ᠭᠡᠰᠢᠭᠦᠨ ᠤ ᠬᠥᠭᠵᠢᠯᠲᠡ ᠶᠢᠨ ᠪᠣᠭᠤᠮᠲᠠ ᠶᠢ ᠰᠠᠶᠢᠲᠤᠷ ᠠᠳᠬᠤᠵᠤ ᠂ 2024 ᠣᠨ ᠳᠤ ᠬᠥᠭᠵᠢᠯᠲᠡ ᠶᠢᠨ ᠡᠲᠡᠭᠡᠳ 11 ᠬᠥᠮᠦᠨ ᠢ ᠲᠣᠭᠲᠠᠭᠠᠨ᠎ᠠ᠃ ᠡᠭᠦᠨ ᠳᠤ᠂ 7 ᠮᠠᠯᠴᠢᠨ ᠲᠠᠷᠢᠶᠠᠴᠢᠨ᠂ 4 ᠠᠯᠪᠠᠨ ᠪᠠᠶᠢᠭᠤᠯᠭ᠎ᠠ ᠶᠢᠨ ᠺᠠᠳ᠋ᠷ ᠪᠠᠶᠢᠵᠤ᠂ ᠨᠠᠮ ᠤᠨ ᠭᠡᠰᠢᠭᠦᠨ ᠤ ᠡᠩᠨᠡᠭᠡᠨ ᠤ ᠠᠮᠢᠳᠤᠷᠠᠯ ᠤᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠤᠶᠠᠷ ᠲᠤ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠨ᠂ ᠳᠠᠶᠢᠴᠢᠨ ᠪᠠᠬᠢᠯᠡᠯᠲᠡ ᠶᠢᠨ ᠳᠠᠶᠢᠴᠢᠨ ᠬᠦᠴᠦᠨ ᠢᠶᠠᠨ ᠨᠡᠮᠡᠭᠳᠡᠭᠦᠯᠪᠡ᠃ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 《 ᠠᠳᠠᠯᠢᠳᠬᠠᠬᠤ ᠦ᠋ ᠣᠳᠣ ᠪᠠᠨ ᠪᠤᠯᠢᠶᠠᠯᠳᠤᠬᠤ 》 ᠠᠵᠢᠯᠯᠠᠭ᠎ᠠ ᠶᠢ ᠡᠷᠬᠢᠯᠡᠵᠦ᠂ 《 ᠲᠤᠬᠠᠢ ᠶᠢᠨ ᠲᠠᠯᠠᠪᠠᠢ ᠳᠤ ᠦᠵᠡᠬᠦ + ᠲᠠᠰᠢᠷᠠᠮ ᠦᠵᠡᠵᠦ ᠦᠵᠡᠬᠦ 》 ᠠᠷᠭ᠎ᠠ ᠮᠠᠶ᠋ᠢᠭ ᠢᠶᠠᠷ ᠲᠣᠭᠤᠷᠢᠨ ᠦᠵᠡᠵᠦ᠂ ᠨᠠᠮ ᠤᠨ ᠡᠭᠦᠷ ᠤᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠣᠯᠪᠠᠰᠤᠨ᠂ ᠣᠷᠣᠰᠢᠨ ᠰᠠᠭᠤᠬᠤ ᠣᠷᠴᠢᠨ ᠲᠣᠭᠤᠷᠢᠨ᠂ ᠨᠡᠶᠢᠭᠡᠮ ᠤᠨ ᠵᠠᠰᠠᠯᠲᠠ᠂ ᠣᠨᠴᠠᠯᠢᠭ ᠭᠢᠯᠠᠰ ᠴᠢᠭ ᠵᠢᠴᠢ ᠬᠥᠳᠡᠭᠡ ᠲᠣᠰᠬᠤᠨ ᠤ 《 ᠭᠤᠷᠪᠠᠨ ᠬᠤᠪᠢᠷᠠᠯᠲᠠ 》 ᠤᠨ ᠬᠥᠭᠵᠢᠯᠲᠡ ᠶᠢᠨ ᠵᠠᠭᠪᠤᠷ ᠤᠨ ᠥᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ ᠲᠤᠬᠠᠢ ᠶᠢᠨ ᠲᠠᠯᠠᠪᠠᠢ ᠳᠤ ᠬᠠᠷᠢᠭᠤ ᠮᠡᠳᠡᠭᠦᠯᠦᠯᠲᠡ ᠬᠢᠵᠦ᠂ ᠨᠠᠮ ᠤᠨ ᠡᠭᠦᠷ ᠤᠨ ᠱᠦᠵᠢ ᠶᠢᠨ 《 ᠲᠠ ᠥᠪᠡᠷ ᠢ ᠪᠠᠨ ᠨᠡᠬᠡᠮᠵᠢᠯᠡᠨ ᠬᠥᠭᠡᠭᠡᠵᠦ ᠭᠦᠢᠴᠡᠬᠦ 》 ᠠᠵᠢᠯ ᠬᠢᠵᠦ ᠠᠳᠠᠯ ᠦᠢᠯᠡᠰ ᠴᠣᠭᠴᠠᠯᠠᠬᠤ ᠵᠣᠷᠢᠭ ᠰᠠᠨᠠᠭ᠎ᠠ ᠶᠢ ᠬᠠᠮᠤᠭ ᠶᠡᠭᠡ ᠬᠡᠮᠵᠢᠶ᠎ᠡ ᠪᠠᠷ ᠬᠥᠭᠵᠢᠭᠡᠨ᠎ᠡ᠃ ᠭᠤᠷᠪᠠ ᠳᠤ ᠣᠯᠠᠨ ᠲᠦᠮᠡᠨ ᠳᠤ ᠦᠢᠯᠡᠴᠢᠯᠡᠬᠦ ᠶᠢ ᠴᠢᠩᠭᠠᠷᠠᠭᠤᠯᠵᠤ᠂ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠢᠯᠡᠷᠡᠭᠦᠯᠬᠦ ᠬᠡᠷᠡᠭᠲᠡᠢ᠃《 ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠵᠤ ᠶᠠᠪᠤᠬᠤ 》 ᠣᠯᠠᠨ ᠲᠦᠮᠡᠨ ᠤ ᠦᠢᠯᠡᠳᠦᠯᠭᠡ ᠶᠢᠨ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ 《 ᠬᠡᠰᠡᠭ ᠭᠠᠵᠠᠷ ᠤᠨ ᠤᠳᠤᠷᠢᠳᠬᠤ ᠺᠠᠳ᠋ᠷ᠂ ᠠᠬᠠᠮᠠᠳ ᠨᠠᠮ ᠤᠨ ᠭᠡᠰᠢᠭᠦᠨ᠂ ᠨᠠᠮ ᠤᠨ ᠭᠡᠰᠢᠭᠦᠨ ᠤ ᠬᠤᠰᠢᠭᠤᠴᠢ ᠡᠷᠦᠬᠡ᠂ ᠪᠠᠶᠠᠵᠢᠯ ᠤᠨ ᠴᠢᠳᠠᠪᠤᠷᠢᠲᠠᠳ ᠨᠢᠭᠡᠨ ᠰᠠᠯᠠᠭ᠎ᠠ ᠨᠤᠲᠤᠭ ᠤᠨ ᠡᠷᠳᠡᠮᠲᠡᠨ ᠴᠢᠳᠠᠪᠤᠷᠢᠲᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ 《 ᠲᠠᠪᠤᠨ ᠶᠡᠭᠡ ᠡᠭᠦᠷᠭᠡ 》᠂ 《 ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠣᠯᠤᠨ ᠶᠣᠰᠣ 》 ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠲᠠᠷᠢᠶᠠᠨ ᠭᠠᠵᠠᠷ᠂ ᠭᠡᠷ ᠪᠦᠯᠢ ᠶᠢᠨ ᠬᠦᠷᠢᠶᠡᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠪᠡ᠃ ᠣᠳᠣᠬᠠᠨ ᠪᠣᠯᠲᠠᠯ᠎ᠠ᠂ ᠳ᠋ᠦᠩ ᠪᠠ ᠬᠤᠣ  ᠰᠢᠶᠠᠩ᠂ ᠲᠣᠰᠬᠤᠨ ᠬᠤᠶᠠᠷ ᠱᠠᠲᠤᠨ ᠤ ᠬᠠᠪᠰᠤᠷᠤᠨ ᠡᠷᠬᠢᠯᠡᠭᠰᠡᠨ ᠣᠷᠣᠯᠠᠨ ᠭᠦᠢᠴᠡᠳᠬᠡᠬᠦ ᠨᠡᠶᠢᠲᠡ 739 ᠤᠴᠢᠷ ᠶᠠᠪᠤᠳᠠᠯ ᠨᠢ ᠬᠦᠯᠢᠶᠡᠨ ᠠᠪᠴᠤ ᠰᠢᠢᠳᠪᠦᠷᠢᠯᠡᠵᠦ᠂ ᠬᠡᠷᠡᠭ ᠶᠠᠪᠤᠳᠠᠯ ᠭᠦᠢᠴᠡᠳᠬᠡᠵᠦ ᠪᠠᠶᠢᠭ᠎ᠠ ᠣᠯᠠᠨ ᠲᠦᠮᠡᠨ ᠳᠤ ᠬᠤᠶᠢᠰᠢᠯᠠᠭᠤᠯᠬᠤ᠂ ᠪᠣᠯᠵᠣᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ᠂ ᠭᠡᠷ ᠲᠤᠨᠢ ᠬᠦᠷᠴᠦ ᠭᠦᠢᠴᠡᠳᠬᠡᠬᠦ ᠵᠡᠷᠭᠡ 163 ᠬᠥᠮᠦᠨ ( ᠤᠳᠠᠭ᠎ᠠ ) ᠶᠢ ᠬᠠᠩᠭᠠᠵᠤ᠂ 23 ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠰᠢᠢᠳᠪᠦᠷᠢᠯᠡᠵᠡᠢ᠃ ᠳᠥᠷᠪᠡ ᠳᠤ ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠳᠠᠶᠢᠴᠢᠨ ᠪᠠᠬᠢᠯᠡᠯᠲᠡ ᠶᠢᠨ ᠦᠢᠯᠡᠳᠦᠯ ᠢ ᠴᠢᠩᠭᠠᠳᠬᠠᠨ᠎ᠠ᠃ᠲᠥᠪ ᠤᠨ ᠦᠨᠳᠦᠰᠦᠨ ᠱᠠᠲᠤᠨ ᠤ 《 ᠪᠠᠭ᠎ᠠ ᠮᠠᠯᠠ ᠶᠢᠨ ᠲᠡᠷᠭᠡ 》 ᠶᠢ ᠵᠠᠰᠠᠬᠤ ᠳᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠵᠦ ᠵᠠᠰᠠᠬᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠡᠭᠦᠨ ᠨᠠᠢᠮᠠᠳᠤᠭᠠᠷ ᠨᠣᠮᠧᠷᠲᠦ ᠰᠢᠶᠠᠩ ᠬᠠᠮᠢᠶ᠎ᠠ ᠪᠥᠬᠦᠢ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ 《 ᠵᠢᠷᠭᠤᠭ᠎ᠠ ᠶᠢ ᠴᠡᠪᠡᠷᠯᠡᠬᠦ ᠬᠤᠶᠠᠷ ᠢ ᠴᠢᠩᠭᠠᠳᠬᠠᠬᠤ 》 ᠭᠤᠷᠪᠠᠨ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠢᠯᠡᠳᠦᠯᠭᠡᠵᠢᠭᠦᠯᠵᠦ᠂ ᠳᠠᠶᠢᠴᠢᠨ ᠪᠠᠬᠢᠯᠡᠯᠲᠡ ᠪᠠᠬᠢᠯᠡᠯᠲᠡ ᠶᠢ ᠪᠦᠲᠦᠭᠡᠨ ᠪᠠᠶᠢᠭᠤᠯᠬᠤ ᠬᠡᠷᠡᠭᠲᠡᠢ᠃ 
11.27+2.jpg
       ᠭᠤᠣᠯ ᠬᠠᠷᠢᠭᠤᠴᠠᠯᠭ᠎ᠠ ᠭᠤᠣᠯ ᠠᠵᠢᠯ ᠦᠢᠯᠡᠰ ᠲᠤ ᠲᠥᠪᠯᠡᠷᠡᠭᠦᠯᠵᠦ᠂ ᠪᠦᠬᠦ ᠬᠥᠳᠡᠭᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ᠲᠠᠷᠢᠶᠠᠯᠠᠩ ᠢ ᠬᠥᠭᠵᠢᠭᠦᠯᠬᠦ ᠲᠠᠯ᠎ᠠ ᠪᠠᠷ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠪᠠ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠡᠷᠡᠰ ᠪᠠᠲᠤ ᠰᠠᠬᠢᠵᠤ᠂ ᠤᠰᠤ ᠠᠷᠪᠢᠯᠠᠬᠤ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠡᠨᠡ ᠵᠢᠯ᠂ ᠳ᠋ᠦᠩ ᠪᠠ ᠬᠤᠣ  ᠰᠢᠶᠠᠩ 18 ᠳ᠋ᠦ᠋ᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠶᠢᠲᠤᠷ ᠰᠠᠬᠢᠬᠤ ᠲᠤᠬᠠᠢ ᠨᠠᠮ ᠤᠨ ᠲᠥᠪ ᠬᠤᠷᠢᠶᠠᠨ ᠤ ᠬᠠᠷᠠᠯᠲᠠ ᠱᠠᠭᠠᠷᠳᠠᠯᠭ᠎ᠠ ᠶᠢ ᠴᠢᠩᠬ᠎ᠠ ᠬᠡᠷᠡᠭᠵᠢᠭᠦᠯᠵᠦ᠂ 20.96 ᠲᠦᠮᠡᠨ ᠮᠦ ᠠᠮᠤ ᠪᠤᠳᠠᠭᠠᠨ ᠤ ᠲᠠᠷᠢᠮᠠᠯ ᠲᠠᠷᠢᠵᠤ᠂ 5.1582 ᠲᠦᠮᠡᠨ ᠮᠦ ᠠᠵᠤ ᠠᠬᠤᠢ ᠶᠢᠨ ᠲᠠᠷᠢᠮᠠᠯ ᠲᠠᠷᠢᠬᠤ ᠡᠭᠦᠷᠭᠡ ᠶᠢ ᠭᠤᠶᠢᠪᠢᠰᠢ ᠥᠬᠡᠢ ᠪᠡᠶᠡᠯᠡᠭᠦᠯᠵᠦ᠂ 11.87 ᠲᠦᠮᠡᠨ ᠮᠦ ᠲᠥᠮᠥᠰᠥ ᠭᠤᠣᠯᠳᠠᠯᠭ᠎ᠠ ᠲᠠᠢ ᠲᠠᠷᠢᠳᠠᠭ᠃《 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠦᠬᠡ 》 ᠪᠣᠯᠤᠨ 《 ᠨᠤᠲᠤᠭ ᠤᠨ ᠴᠢᠳᠠᠪᠤᠷᠢᠲᠠᠨ 》 ᠤ ᠵᠢᠱᠢᠶ᠎ᠡ ᠦᠵᠡᠭᠦᠯᠬᠦ ᠳᠠᠶᠢᠴᠢᠯᠠᠬᠤ ᠦᠢᠯᠡᠳᠦᠯ ᠢ ᠭᠦᠢᠴᠡᠳ ᠠᠰᠢᠭᠯᠠᠨ᠂ 《 ᠲᠠᠪᠤ ᠶᠢ ᠨᠢᠭᠡᠳᠦᠯᠲᠡᠢ ᠪᠣᠯᠭᠠᠬᠤ 》 ᠲᠠᠷᠢᠮᠠᠯ ᠤᠨ ᠵᠠᠭᠪᠤᠷ ᠢ ᠠᠪᠴᠤ᠂ ᠬᠤᠷᠰᠢᠶ᠎ᠠ ᠪᠠᠶᠢᠭᠤᠯᠬᠤ ᠶᠢ ᠵᠣᠷᠢᠭᠵᠢᠭᠤᠯᠬᠤ ᠪᠠᠷ ᠳᠠᠮᠵᠢᠭᠤᠯᠤᠨ᠂ ᠰᠦᠯᠢᠶᠣᠣ ᠪᠦᠷᠬᠦᠪᠴᠢ ᠶᠢ ᠵᠤᠵᠠᠭᠠᠷᠠᠭᠤᠯᠬᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠷᠢᠬᠤ ᠲᠠᠯᠠᠪᠠᠢ ᠶᠢ ᠳᠡᠯᠭᠡᠷᠡᠭᠦᠯᠬᠦ ᠡᠷᠴᠢᠮ ᠢᠶᠠᠨ ᠨᠡᠮᠡᠭᠳᠡᠭᠦᠯᠵᠦ᠂ ᠭᠠᠵᠠᠷ ᠰᠢᠷᠣᠢ ᠶᠢ ᠠᠷᠪᠢᠯᠠᠬᠤ᠂ ᠡᠷᠴᠢᠮᠵᠢᠭᠦᠯᠬᠦ᠂ ᠬᠡᠪᠴᠢᠶᠡᠵᠢᠭᠦᠯᠬᠦ ᠶᠢ ᠲᠦᠯᠬᠢᠨ ᠠᠬᠢᠭᠤᠯᠵᠤ᠂ 0.012mm ᠪᠦᠬᠦᠢ ᠰᠦᠯᠢᠶᠣᠣ ᠪᠦᠷᠬᠦᠪᠴᠢ ᠶᠢ 3 ᠲᠦᠮᠡᠨ ᠮᠦ ᠵᠤᠵᠠᠭᠠᠨ ᠵᠤᠵᠠᠭᠠᠷᠠᠭᠤᠯᠬᠤ ᠶᠢ ᠪᠡᠶᠡᠯᠡᠭᠦᠯᠦᠨ᠎ᠡ᠃ ᠮᠠᠯ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ᠂ ᠣᠳᠣᠬᠠᠨ ᠳᠤ ᠵᠡᠭᠦᠨ ᠨᠠᠢᠮᠠᠳᠤᠭᠠᠷ ᠰᠢᠶᠠᠩ ᠳᠤ ᠲᠦ᠋ ᠮᠧᠩ ᠮᠢᠬᠠᠨ ᠤ ᠬᠤᠨᠢ ᠲᠡᠵᠢᠭᠡᠬᠦ ᠬᠤᠯᠪᠣᠭᠠᠲᠤ ᠴᠣᠭᠴᠠ ᠶᠢᠨ ᠲᠣᠭᠤᠷᠢᠭ ᠲᠤ 6 ᠪᠠᠶᠢᠭᠤᠯᠵᠤ᠂ ᠪᠦᠬᠦ ᠬᠤᠰᠢᠭᠤᠨ ᠤ ᠮᠢᠬᠠᠨ ᠤ ᠬᠤᠨᠢᠨ ᠤ ᠠᠵᠤ ᠦᠢᠯᠡᠰ ᠤᠨ 1/3 ᠶᠢ ᠡᠵᠡᠯᠡᠵᠦ ᠪᠠᠶᠢᠨ᠎ᠠ᠃ ᠡᠨᠡ ᠵᠢᠯ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ 《 ᠳᠡᠷᠭᠡᠳᠡᠬᠢ ᠬᠥᠮᠦᠰ ᠳᠡᠷᠭᠡᠳᠡᠬᠢ ᠶᠠᠪᠤᠳᠠᠯ ᠢᠶᠠᠨ ᠶᠠᠷᠢᠬᠤ 》 ᠪᠠᠷ ᠲᠣᠰᠬᠤᠨ ᠤ ᠠᠷᠠᠳ ᠳ᠋ᠦ᠋ ᠮᠧᠩ ᠮᠢᠬᠠᠨ ᠤ ᠬᠤᠨᠢ ᠶᠢ ᠰᠠᠨᠠᠭᠠᠴᠢᠯᠠᠭ᠎ᠠ ᠲᠠᠢ ᠪᠠᠷ ᠬᠤᠳᠠᠯᠳᠤᠨ ᠠᠪᠴᠤ᠂ ᠵᠢᠯ ᠤᠨ ᠳᠣᠲᠣᠷ᠎ᠠ ᠳ᠋ᠦ᠋ ᠮᠧᠩ ᠬᠤᠴᠠ ᠶᠢ 340᠂ ᠳ᠋ᠦ᠋ ᠮᠧᠩ ᠰᠠᠭᠤᠷᠢ ᠡᠮ᠎ᠡ ᠬᠤᠨᠢ ᠶᠢ 620 ᠬᠤᠳᠠᠯᠳᠤᠨ ᠠᠪᠴᠤ᠂ ᠵᠢᠯ ᠤᠨ ᠡᠴᠦᠰ ᠲᠤ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠭᠡᠬᠦ ᠪᠠᠷ ᠴᠢᠷᠮᠠᠶᠢᠨ᠎ᠠ᠃ᠲᠢᠶᠠᠨ ᠱᠦᠨ ᠶᠦᠩ ᠵᠠᠰᠠᠭ ᠵᠠᠬᠢᠷᠭᠠᠨ ᠤ ᠲᠣᠰᠬᠤᠨ ᠤ ᠮᠢᠬᠠᠨ ᠤ ᠦᠬᠡᠷ ᠤᠨ ᠢᠴᠡᠭᠡᠯ ᠦᠷ᠎ᠡ ᠶᠢᠨ ᠥᠷᠲᠡᠭᠡᠨ ᠳᠤ ᠲᠥᠬᠦᠷᠵᠢᠭᠦᠯᠬᠦ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠰᠢᠭᠤᠨ ᠤ ᠳᠣᠲᠣᠷ᠎ᠠ ᠭᠠᠳᠠᠨᠠᠬᠢ 14 ᠵᠠᠰᠠᠭ ᠵᠠᠬᠢᠷᠭᠠᠨ ᠤ ᠲᠣᠰᠬᠤᠨ ᠤ ᠪᠠᠶᠢᠷᠢ ᠰᠠᠭᠤᠷᠢ ᠶᠢᠨ ᠳᠠᠪᠠᠭᠤᠯᠢᠭ ᠢ ᠨᠥᠯᠥᠭᠡᠯᠡᠵᠦ᠂ ᠥᠪᠡᠷ ᠤᠨ ᠥᠷᠲᠡᠭ ᠢ ᠲᠠᠰᠤᠷᠠᠯᠲᠠ ᠥᠬᠡᠢ ᠪᠠᠭᠤᠷᠠᠭᠤᠯᠤᠨ᠂ ᠲᠡᠵᠢᠭᠡᠪᠦᠷᠢ ᠶᠢᠨ ᠡᠷᠦᠬᠡ ᠶᠢᠨ ᠢᠳᠡᠪᠬᠢᠵᠢᠯ ᠢ ᠳᠡᠭᠡᠭᠰᠢᠯᠡᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢ ᠠᠬᠢᠭᠤᠯᠤᠨ᠎ᠠ᠃《 ᠭᠤᠷᠪᠠ ᠶᠢ ᠬᠤᠪᠢᠷᠠᠭᠤᠯᠬᠤ 》 ᠥᠭᠡᠷᠡᠴᠢᠯᠡᠯᠲᠡ ᠶᠢᠨ ᠲᠠᠯ᠎ᠠ ᠪᠠᠷ᠂ ᠳ᠋ᠦᠩ ᠪᠠ ᠬᠤᠣ  ᠰᠢᠶᠠᠩ 《 ᠡᠬᠢ ᠪᠠᠶᠠᠯᠢᠭ ᠢ ᠪᠡᠯᠡ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠴᠢ ᠪᠣᠯᠭᠠᠬᠤ 》 《 ᠭᠤᠷᠪᠠ ᠶᠢ ᠬᠤᠪᠢᠷᠠᠭᠤᠯᠬᠤ 》 ᠡᠵᠡᠩᠨᠡᠯᠲᠡ ᠶᠢᠨ ᠣᠶᠢᠯᠠᠭᠠᠭᠳᠠᠬᠤᠨ ᠲᠠᠢ ᠨᠢᠭᠲᠡ ᠤᠶᠠᠯᠳᠤᠭᠤᠯᠤᠨ᠂ 《 ᠨᠠᠮ ᠤᠨ ᠡᠭᠦᠷ + ᠬᠤᠷᠰᠢᠶᠠᠵᠢᠯ + ᠲᠠᠷᠢᠶᠠᠴᠢᠨ ᠡᠷᠦᠬᠡ 》 ᠶᠢᠨ ᠡᠵᠡᠩᠨᠡᠯᠲᠡ ᠶᠢᠨ ᠬᠡᠯᠪᠡᠷᠢ ᠵᠠᠭᠪᠤᠷ ᠶᠣᠰᠣᠭᠠᠷ᠂ ᠣᠯᠠᠨ ᠲᠦᠮᠡᠨ ᠢ ᠭᠦᠢᠴᠡᠳ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠵᠤ᠂ ᠭᠤᠣ ᠵᠢᠶᠠ ᠭᠧᠦ ᠵᠠᠰᠠᠭ ᠵᠠᠬᠢᠷᠭᠠᠨ ᠤ ᠲᠣᠰᠬᠤᠨ᠂ ᠲᠢᠶᠠᠨ ᠱᠦᠨ ᠶᠦᠩ ᠵᠠᠰᠠᠭ ᠵᠠᠬᠢᠷᠭᠠᠨ ᠤ ᠲᠣᠰᠬᠤᠨ᠂ ᠯᠢᠶᠠᠩ ᠳ᠋ᠢ ᠵᠠᠰᠠᠭ ᠵᠠᠬᠢᠷᠭᠠᠨ ᠤ ᠲᠣᠰᠬᠤᠨ ᠳᠤ ᠤᠷᠢᠳᠠᠪᠡᠷ ᠲᠤᠷᠰᠢᠨ ᠬᠡᠷᠡᠭᠵᠢᠭᠦᠯᠵᠦ᠂ ᠰᠢᠯᠵᠢᠭᠦᠯᠦᠨ ᠡᠷᠭᠢᠯᠳᠦᠭᠦᠯᠦᠭᠰᠡᠨ ᠭᠠᠵᠠᠷ ᠰᠢᠷᠣᠢ ᠶᠢ 11380 ᠮᠦ ᠡᠮᠬᠢᠯᠡᠨ ᠨᠡᠶᠢᠯᠡᠭᠦᠯᠦᠨ᠎ᠡ᠃《 ᠡᠳ᠋ ᠬᠥᠷᠥᠩᠭᠡ ᠶᠢᠨ ᠠᠰᠢᠭ ᠣᠯᠵᠠᠪᠤᠷᠢ+ᠬᠤᠪᠢ ᠣᠷᠣᠵᠤ ᠠᠰᠢᠭ ᠬᠤᠪᠢᠶᠠᠬᠤ 》 ᠠᠷᠭ᠎ᠠ ᠮᠠᠶ᠋ᠢᠭ ᠢᠶᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠡᠷᠦᠬᠡ ᠲᠤᠰᠬᠠᠢ ᠠᠵᠢᠯ ᠤᠨ ᠬᠤᠷᠰᠢᠶ᠎ᠠ ᠪᠠᠶᠢᠭᠤᠯᠬᠤ ᠶᠢ ᠵᠣᠷᠢᠭᠵᠢᠭᠤᠯᠵᠤ᠂ ᠲᠠᠷᠢᠶᠠᠯᠠᠬᠤ ᠡᠷᠦᠬᠡ ᠶᠢ ᠳᠠᠭᠠᠭᠤᠯᠤᠨ ᠲᠤᠬᠠᠢ ᠶᠢᠨ ᠭᠠᠵᠠᠷ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠬᠡᠪᠴᠢᠶᠡᠵᠢᠭᠦᠯᠦᠨ ᠲᠠᠷᠢᠵᠤ᠂ ᠵᠠᠬᠢᠶᠠᠯᠠᠭ᠎ᠠ ᠶᠢᠨ ᠲᠠᠷᠢᠶᠠᠯᠠᠩ ᠢ ᠬᠥᠭᠵᠢᠭᠦᠯᠦᠨ᠎ᠡ᠃ ᠬᠤᠷᠰᠢᠶ᠎ᠠ ᠶᠢ ᠢᠳᠡᠪᠬᠢᠲᠡᠢ ᠪᠠᠷ ᠬᠥᠲᠥᠯᠦᠨ ᠵᠢᠯᠣᠭᠤᠳᠴᠤ ᠪᠠᠶᠢᠭᠠᠳ ᠵᠦᠩ ᠵᠢᠶᠠ᠂ ᠰᠢᠨ ᠢᠦ᠋ᠢ ᠵᠡᠷᠭᠡ ᠬᠥᠲᠥᠴᠢ ᠠᠵᠤ ᠠᠬᠤᠶᠢᠯᠠᠯ ᠯᠤᠭ᠎ᠠ ᠳᠠᠭᠠᠭᠠᠨ ᠠᠪᠴᠤ ᠣᠷᠣᠯᠭ᠎ᠠ ᠶᠢ ᠨᠢ ᠪᠠᠲᠤᠯᠠᠬᠤ ᠬᠤᠷᠰᠢᠯᠴᠠᠭᠠᠨ ᠤ ᠵᠠᠬᠢᠶᠠᠯᠠᠭ᠎ᠠ ᠲᠣᠭᠲᠠᠵᠤ᠂ ᠲᠠᠷᠢᠶᠠᠴᠢᠳ ᠤᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃2023 ᠣᠨ ᠳᠤ ᠭᠤᠣ ᠵᠢᠶᠠ ᠭᠧᠦ ᠵᠡᠷᠭᠡ 3 ᠵᠠᠰᠠᠭ ᠵᠠᠬᠢᠷᠭᠠᠨ ᠤ ᠲᠣᠰᠬᠤᠨ ᠤ ᠡᠷᠦᠬᠡ ᠶᠢᠨ ᠳᠤᠮᠳᠠᠴᠢ ᠣᠷᠣᠯᠭ᠎ᠠ 3500 ᠲᠥᠭᠦᠷᠢᠭ ᠢ ᠳᠠᠪᠠᠵᠤ᠂ ᠬᠥᠮᠦᠨ ᠪᠦᠷᠢ ᠶᠢᠨ ᠳᠤᠮᠳᠠᠴᠢ ᠣᠷᠣᠯᠭ᠎ᠠ 2100  ᠲᠦᠭᠦᠷᠢᠭ ᠠᠴᠠ ᠳᠡᠭᠡᠭᠰᠢ ᠨᠡᠮᠡᠭᠳᠡᠪᠡ᠃《 ᠮᠢᠩᠭᠠᠨ ᠲᠦᠮᠡᠨ ᠢᠨᠵᠧᠨᠧᠷᠢᠩ 》 ᠤᠨ ᠲᠤᠷᠰᠢᠯᠭ᠎ᠠ ᠶᠢ ᠰᠤᠷᠤᠯᠴᠠᠬᠤ ᠲᠠᠯ᠎ᠠ ᠪᠠᠷ᠂ 《 ᠮᠢᠩᠭᠠᠨ ᠲᠣᠰᠬᠤᠨ ᠤ ᠵᠢᠱᠢᠶ᠎ᠡ ᠦᠵᠡᠭᠦᠯᠬᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ 》 ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠬᠤ ᠪᠠᠷ ᠡᠭᠦᠰᠦᠴᠡ ᠪᠣᠯᠭᠠᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠦᠨ᠂ ᠰᠢᠶᠠᠩ ᠲᠣᠰᠬᠤᠨ ᠢ ᠵᠠᠰᠠᠬᠤ ᠵᠢᠱᠢᠶ᠎ᠡ ᠦᠵᠡᠭᠦᠯᠬᠦ ᠲᠣᠰᠬᠤᠨ 34 ᠶᠢ ᠦᠷᠭᠦᠯᠵᠢᠯᠡᠨ ᠴᠣᠭᠴᠠᠯᠠᠨ ᠪᠠᠬᠢᠵᠢᠭᠦᠯᠪᠡ᠃ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠳᠠᠮᠵᠢᠨ᠂ ᠪᠦᠬᠦ ᠰᠢᠶᠠᠩ ᠤᠨ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃《 ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ 》 ᠢ ᠡᠭᠦᠳᠦᠨ ᠪᠠᠶᠢᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠳ᠋ᠦᠩ ᠪᠠ ᠬᠤᠣ  ᠰᠢᠶᠠᠩ ᠢ ᠵᠢᠱᠢᠶ᠎ᠡ ᠦᠵᠡᠭᠦᠯᠬᠦ ᠰᠢᠶᠠᠩ ᠪᠠᠯᠭᠠᠰᠤ ᠪᠣᠯᠭᠠᠨ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠵᠡᠭᠦᠨ ᠨᠠᠢᠮᠠᠳᠤᠭᠠᠷ ᠨᠣᠮᠧᠷᠲᠦ᠂ ᠪᠠᠶᠠᠨ ᠣᠪᠣᠭ᠎ᠠ᠂ ᠬᠤᠶᠢᠲᠤ ᠬᠦᠷᠢᠶ᠎ᠡ ᠪᠠᠷ ᠵᠢᠱᠢᠶ᠎ᠡ ᠦᠵᠡᠭᠦᠯᠬᠦ ᠲᠣᠰᠬᠤᠨ ᠪᠣᠯᠭᠠᠨ᠂ 《 ᠮᠢᠩᠭᠠᠨ ᠲᠦᠮᠡᠨ ᠢᠨᠵᠧᠨᠧᠷᠢᠩ 》 ᠤᠨ ᠲᠤᠷᠰᠢᠯᠭ᠎ᠠ ᠶᠢ ᠤᠯᠠᠮ ᠨᠢᠭᠡ ᠠᠯᠬᠤᠮ ᠰᠤᠷᠤᠯᠴᠠᠨ ᠬᠡᠷᠡᠭᠯᠡᠵᠦ᠂ ᠣᠳᠣᠬᠠᠨ ᠤ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠳᠠᠲᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ᠂ ᠲᠣᠰᠬᠤᠨ ᠤ ᠠᠷᠠᠳ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ 7 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠰᠢᠨ᠎ᠡ ᠪᠠᠷ ᠨᠡᠭᠡᠭᠡᠵᠦ᠂ ᠣᠷᠣᠯᠭ᠎ᠠ ᠪᠠᠭᠠᠲᠠᠢ ᠬᠠᠮᠲᠤᠯᠢᠭ ᠤᠨ ᠣᠷᠣᠯᠭ᠎ᠠ ᠪᠠᠨ ᠨᠡᠮᠡᠭᠳᠡᠭᠦᠯᠬᠦ ᠮᠥᠷᠲᠡᠭᠡᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠰᠠᠭᠤᠷᠢ ᠲᠠᠯᠪᠢᠵᠤ ᠥᠭᠭᠦᠨ᠎ᠡ᠃        ᠳᠠᠷᠠᠭ᠎ᠠ ᠠᠯᠬᠤᠮ ᠳᠤ᠂ ᠳ᠋ᠦᠩ ᠪᠠ ᠬᠤᠣ  ᠰᠢᠶᠠᠩ ᠨᠠᠮ ᠤᠨ ᠪᠠᠶᠢᠭᠤᠯᠤᠯᠲᠠ ᠶᠢᠨ ᠳᠠᠭᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠳ᠋ᠦᠩ ᠪᠠ ᠬᠤᠣ  ᠰᠢᠶᠠᠩ ᠤᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ᠂ ᠠᠷᠠᠳ ᠲᠦᠮᠡᠨ ᠤ ᠵᠣᠯ ᠵᠢᠷᠭᠠᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠭᠠᠵᠤ᠂ ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠵᠤ᠂ ᠨᠡᠩ ᠭᠡᠷᠡᠯ ᠰᠠᠴᠤᠷᠠᠩᠭᠤᠢ ᠢᠷᠡᠭᠡᠳᠦᠢ ᠳᠠᠰᠢ ᠤᠷᠤᠭᠰᠢᠯᠠᠬᠤ ᠪᠣᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2