ᠮᠠᠨ ᠤ ᠬᠤᠰᠢᠭᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨᠡᠮ
ᠨᠡᠶᠢᠲᠡᠯᠡᠭᠰᠡᠨ ᠴᠠᠭ᠄
2024/11/27
      ᠮᠠᠨ ᠤ ᠬᠤᠰᠢᠭᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨᠡᠮ              ᠮᠠᠨ ᠤ ᠬᠤᠰᠢᠭᠤ ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠪᠠᠨ ᠴᠢᠩᠭᠠᠳᠬᠠᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠥᠬᠡᠢ ᠨᠡᠮᠡᠭᠳᠡᠭᠦᠯᠵᠦ᠂ ᠠᠷᠠᠳ ᠣᠯᠠᠨ ᠳᠤ ᠨᠡᠩ ᠪᠦᠷᠢᠨ ᠲᠡᠭᠦᠯᠳᠡᠷ ᠪᠠᠲᠤᠯᠠᠭ᠎ᠠ ᠤᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠲᠤᠳᠬᠠᠨ᠂ ᠶᠠᠪᠤᠬᠤ ᠳᠤᠲᠤᠮ  ᠠᠷᠠᠳ ᠤᠨ ᠠᠮᠢᠳᠤᠷᠠᠯ ᠤᠨ ᠠᠵᠠ ᠵᠢᠷᠭᠠᠯ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃         ᠣᠷᠴᠢᠮ ᠲᠡᠭᠷᠢ ᠬᠦᠢᠲᠡᠷᠡᠬᠦ ᠶᠢ ᠳᠠᠭᠠᠯᠳᠤᠨ᠂ ᠪᠠᠶᠠᠨᠣᠪᠣᠭ᠎ᠠ ᠰᠤᠮᠤ ᠶᠢᠨ ᠰᠢᠪᠠᠭ ᠭᠠᠴᠠᠭᠠᠨ ᠳᠤ ᠰᠠᠭᠤᠭ᠎ᠠ ᠠᠵᠢᠯᠳᠠᠳ ᠮᠠᠯᠴᠢᠳ ᠤᠨ ᠭᠡᠷ ᠲᠤ ᠬᠦᠷᠴᠦ᠂ ᠮᠠᠯᠴᠢᠳ ᠤᠨ ᠡᠪᠦᠯᠵᠢᠬᠦ ᠮᠠᠯ ᠤᠨ ᠡᠪᠡᠰᠦ ᠪᠣᠷᠳᠤᠭ᠎ᠠ᠂ ᠬᠠᠰᠢᠶ᠎ᠠ ᠰᠠᠷᠠᠪᠴᠢ ᠶᠢᠨ ᠪᠠᠶᠢᠭᠤᠯᠤᠯᠲᠠ ᠶᠢ ᠠᠰᠠᠭᠤᠨ ᠰᠤᠷᠠᠭᠯᠠᠵᠤ᠂ ᠮᠠᠯ ᠤᠨᠤᠭ᠎ᠠ ᠡᠪᠦᠯᠵᠢᠬᠦ ᠲᠤᠬᠠᠢ ᠪᠠᠲᠤᠯᠠᠭ᠎ᠠ  ᠪᠣᠯᠬᠤ ᠤᠶᠢᠯᠠᠭᠠᠯᠲᠠ ᠬᠢᠭᠰᠡᠨ ᠪᠠᠶᠢᠨ᠎ᠠ᠃       ᠣᠶᠢᠷ᠎ᠠ ᠶᠢᠨ ᠵᠢᠯ ᠠᠴᠠ᠂ ᠮᠠᠨ ᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠣᠢ ᠪᠣᠯᠭᠠᠬᠤ ᠭᠤᠣᠯ ᠱᠤᠭᠤᠮ ᠢ ᠡᠯ᠎ᠡ ᠲᠥᠷᠥᠯ ᠤᠨ ᠠᠵᠢᠯ ᠳᠤᠮᠳᠠ ᠪᠠᠨ ᠲᠤᠤᠱᠯᠠᠭᠤᠯᠤᠨ᠂ ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠴᠢᠬᠤᠯᠠ ᠭᠠᠷᠳᠠᠴᠠ ᠪᠣᠯᠭᠠᠨ᠂ ᠠᠷᠠᠳ ᠤᠨ ᠠᠮᠢᠳᠤᠷᠠᠯ ᠤᠨ ᠡᠯ᠎ᠡ ᠲᠥᠷᠥᠯ ᠤᠨ ᠪᠣᠳᠠᠲᠤ ᠶᠠᠪᠤᠳᠠᠯ ᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠠᠰᠢᠭ ᠣᠯᠬᠤ ᠶᠢ ᠯᠠᠪᠳᠠᠭᠤᠨ ᠠᠬᠢᠭᠤᠯᠵᠤ᠂ ᠬᠢᠯᠢ ᠬᠢᠵᠠᠭᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠂ ᠡᠯ᠎ᠡ ᠦᠨᠳᠦᠰᠦᠲᠡᠨ ᠤ ᠣᠯᠠᠨ ᠲᠦᠮᠡᠨ ᠤ ᠣᠷᠣᠯᠭ᠎ᠠ ᠶᠢ ᠬᠠᠮᠲᠤᠪᠠᠷ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠭᠦᠯᠵᠦ᠂ ᠮᠠᠯᠴᠢᠨ ᠲᠦᠮᠡᠨ ᠤ ᠵᠣᠯ ᠵᠢᠷᠭᠠᠯᠲᠤ ᠰᠡᠳᠬᠢᠯᠭᠡ᠂ ᠣᠯᠤᠯᠲᠠ ᠲᠥᠷᠥᠭᠳᠡᠯ ᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠦᠨᠳᠦᠰᠦᠲᠡᠨ ᠤ ᠪᠦᠯᠬᠦᠮᠳᠡᠯ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠸᠧᠢ ᠱᠧᠦ ᠭᠠᠩ     ᠪᠠᠶᠠᠰᠬᠤᠯᠠᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2