ᠰᠢ ᠶᠢᠨ ᠫᠢᠩ ᠢᠲ᠋ᠠᠯᠢ ᠶᠢᠨ ᠶᠡᠷᠦᠩᠬᠡᠶᠢᠯᠡᠭᠴᠢ ᠮᠠᠲ᠋ᠠᠯᠧᠶᠢᠯᠠ ᠲᠠᠢ ᠬᠡᠯᠡᠯᠴᠡᠭᠡ ᠬᠢᠪᠡ | | ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 8 ᠤ ᠴᠠᠭᠢᠯᠭᠠᠨ ᠮᠡᠳᠡᠭᠡ 11 ᠰᠠᠷ᠎ᠠ ᠶᠢᠨ 8 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶ᠋ᠢᠯᠴᠢᠯᠠᠯᠲᠠ ᠬᠢᠬᠦ ᠪᠠᠷ ᠢᠷᠡᠭᠰᠡᠨ ᠢᠲ᠋ᠠᠯᠢ ᠶᠢᠨ | ᠶᠡᠷᠦᠩᠬᠡᠶᠢᠯᠡᠭᠴᠢ ᠮᠠᠲ᠋ᠠᠯᠧᠶᠢᠯᠠ ᠲᠠᠢ ᠬᠡᠯᠡᠯᠴᠡᠭᠡ ᠬᠢᠪᠡ᠃ | | | | | | | 11 ᠰᠠᠷ᠎ᠠ ᠶᠢᠨ 8 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶ᠋ᠢᠯᠴᠢᠯᠠᠯᠲᠠ ᠬᠢᠬᠦ ᠪᠠᠷ | ᠢᠷᠡᠭᠰᠡᠨ ᠢᠲ᠋ᠠᠯᠢ ᠶᠢᠨ ᠶᠡᠷᠦᠩᠬᠡᠶᠢᠯᠡᠭᠴᠢ ᠮᠠᠲ᠋ᠠᠯᠧᠶᠢᠯᠠ ᠲᠠᠢ ᠬᠡᠯᠡᠯᠴᠡᠭᠡ ᠬᠢᠪᠡ᠃ ᠵᠢᠷᠤᠭ ᠪᠣᠯ ᠲᠡᠷᠢᠭᠦᠯᠡᠭᠴᠢ ᠰᠢ ᠶᠢᠨ | ᠫᠢᠩ ᠬᠠᠳᠤᠨ ᠫᠧᠩ ᠯᠢ ᠶᠤᠸᠠᠨ ᠲᠠᠢ ᠪᠠᠨ ᠶᠡᠷᠦᠩᠬᠡᠶᠢᠯᠡᠭᠴᠢ ᠮᠠᠲ᠋ᠠᠯᠧᠶᠢᠯᠠ ᠪᠣᠯᠣᠨ ᠲᠡᠭᠦᠨ ᠤ ᠥᠬᠢᠨ ᠯᠤᠤᠷᠠ ᠲᠠᠢ | ᠬᠠᠮᠲᠤ ᠰᠡᠭᠦᠳᠡᠷ ᠲᠠᠲᠠᠭᠤᠯᠵᠤ ᠪᠠᠶᠢᠭ᠎ᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ᠂ ᠡᠨᠡ ᠵᠢᠯ ᠪᠣᠯ ᠳᠤᠮᠳᠠᠳᠤ ᠢᠲ᠋ᠠᠯᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠣᠯᠣᠨ᠎ᠠ᠃ ᠬᠤᠶᠠᠷ ᠲᠠᠯ᠎ᠠ ᠪᠠᠷ ᠢᠶᠠᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠠᠵᠢᠯᠯᠠᠭᠠᠨ ᠤ ᠲᠥᠯᠥᠪᠯᠡᠭᠡ ᠶᠢ ᠨᠡᠶᠢᠲᠡᠯᠡᠵᠦ᠂ ᠥᠨᠢ | ᠤᠳᠠᠭᠠᠨ ᠲᠡᠦᠬᠡ ᠲᠠᠢ ᠲᠣᠷᠭᠠᠨ ᠵᠠᠮ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ | ᠬᠥᠭᠵᠢᠯᠲᠡ ᠶᠢᠨ ᠰᠢᠨ᠎ᠡ ᠱᠠᠲᠤᠨ ᠳᠤ ᠣᠷᠣᠬᠤ ᠶᠢ ᠠᠬᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ᠃ ᠣᠳᠣᠬᠠᠨ ᠤ | ᠳᠡᠯᠡᠬᠡᠢ ᠵᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ | ᠡᠷᠲᠡᠨ ᠤ ᠬᠤᠶᠠᠷ ᠶᠡᠭᠡ ᠪᠣᠯᠪᠠᠰᠤᠨ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠪᠣᠯᠣᠨ ᠢᠲ᠋ᠠᠯᠢ | ᠨᠡᠭᠡᠭᠡᠯᠲᠡᠲᠡᠢ ᠪᠠᠭᠲᠠᠭᠠᠮᠵᠢᠲᠠᠢ᠂ ᠠᠳᠠᠯᠢ ᠪᠤᠰᠤ ᠵᠦᠢᠯ ᠢ ᠰᠢᠩᠭᠡᠭᠡᠵᠦ ᠠᠪᠬᠤ ᠤᠯᠠᠮᠵᠢᠯᠠᠯ ᠢᠶᠠᠨ ᠪᠠᠳᠠᠷᠠᠭᠤᠯᠵᠤ᠂ ᠳᠡᠯᠡᠬᠡᠢ | ᠨᠡᠶᠢᠭᠡᠮ ᠤᠨ ᠶᠠᠷᠢᠯᠴᠠᠭ᠎ᠠ ᠪᠠᠷ ᠵᠥᠷᠢᠯᠳᠦᠭᠡᠨ ᠢᠶᠠᠨ ᠰᠢᠢᠳᠪᠦᠷᠢᠯᠡᠵᠦ᠂ ᠬᠠᠮᠲᠤᠷᠠᠯᠴᠠᠭ᠎ᠠ ᠪᠠᠷ ᠮᠥᠷᠭᠦᠯᠳᠦᠭᠡᠨ ᠢ ᠳᠠᠪᠠᠵᠤ᠂ | ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠳᠡᠯᠡᠬᠡᠢ ᠵᠢᠷᠲᠢᠨᠴᠦ ᠶᠢ ᠭᠠᠷ ᠬᠤᠯᠪᠣᠯᠴᠠᠨ | ᠪᠠᠶᠢᠭᠤᠯᠬᠤ ᠶᠢ ᠠᠬᠢᠭᠤᠯᠪᠠᠯ ᠵᠣᠬᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠠᠷᠢᠯᠴᠠᠨ ᠭᠦᠨᠳᠦᠳᠬᠡᠵᠦ ᠬᠠᠷᠢᠯᠴᠠᠨ ᠢᠲᠡᠭᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠢᠮᠠᠭᠲᠠ ᠳᠤᠮᠳᠠᠳᠤ ᠢᠲ᠋ᠠᠯᠢ ᠶᠢᠨ ᠬᠠᠷᠢᠯᠴᠠᠭ᠎ᠠ ᠶᠢᠨ ᠬᠠᠮᠤᠭ ᠤᠨ ᠢᠯᠡ ᠲᠣᠳᠣ ᠳᠡᠪᠢᠰᠬᠡᠷ ᠥᠩᠭᠡ ᠪᠤᠯᠬᠤ | ᠶᠣᠰᠣᠲᠠᠢ᠃ ᠬᠤᠶᠠᠷ ᠲᠠᠯ᠎ᠠ ᠪᠠᠷ ᠢᠶᠠᠨ ᠳᠤᠮᠳᠠᠳᠤ ᠢᠲ᠋ᠠᠯᠢ ᠶᠢᠨ ᠵᠠᠰᠠᠭ ᠤᠨ ᠣᠷᠳᠣᠨ ᠤ ᠵᠥᠪᠯᠡᠯ ᠪᠣᠯᠣᠨ ᠡᠯ᠎ᠡ | ᠬᠦᠷᠢᠶᠡᠨ ᠤ ᠶᠠᠷᠢᠯᠴᠠᠭᠠᠨ ᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠪᠤᠯᠴᠠᠭ᠎ᠠ ᠪᠠᠨ ᠴᠢᠩᠭᠠᠳᠬᠠᠵᠤ | ᠂ ᠢᠲᠡᠭᠡᠯᠴᠡᠭᠡ ᠪᠠᠨ ᠪᠠᠬᠢᠵᠢᠭᠦᠯᠵᠦ᠂ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ | ᠴᠢᠬᠤᠯᠠ ᠶᠡᠭᠡ ᠠᠰᠠᠭᠤᠳᠠᠯ ᠢ ᠦᠷᠭᠦᠯᠵᠢᠯᠡᠨ ᠤᠶᠢᠯᠠᠭᠠᠨ ᠳᠡᠮᠵᠢᠵᠦ᠂ ᠬᠠᠷᠢᠯᠴᠠᠨ ᠳᠡᠮᠵᠢᠬᠦ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠪᠣᠯᠪᠠᠯ ᠵᠣᠬᠢᠨ᠎ᠠ᠃ ᠳᠤᠮᠳᠠᠳᠤ ᠢᠲ᠋ᠠᠯᠢ ᠶᠢᠨ ᠰᠣᠶᠣᠯ ᠤᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ | ᠪᠠ ᠠᠮᠢᠵᠢᠷᠠᠯ ᠤᠨ ᠬᠦᠴᠦᠨ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠦᠷᠭᠦᠯᠵᠢᠯᠡᠨ ᠨᠢᠭᠲᠠᠷᠠᠭᠤᠯᠵᠤ᠂ ᠰᠢᠨ᠎ᠡ ᠨᠢᠭᠡ ᠡᠭᠡᠯᠵᠢ ᠶᠢᠨ ᠰᠣᠶᠣᠯ ᠤᠨ ᠬᠠᠮᠲᠤᠷᠠᠯᠴᠠᠭ᠎ᠠ ᠶᠢᠨ ᠬᠡᠷᠡᠭᠵᠢᠭᠦᠯᠬᠦ | ᠲᠥᠯᠥᠪᠯᠡᠭᠡ ᠶᠢ ᠰᠠᠶᠢᠳᠤᠷ ᠨᠠᠶᠢᠳᠠᠪᠤᠷᠢᠵᠢᠭᠤᠯᠵᠤ᠂ ᠰᠣᠶᠣᠯ ᠤᠷᠠᠯᠢᠭ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ᠂ ᠰᠣᠩᠭᠤᠳᠠᠭ ᠵᠣᠬᠢᠶᠠᠯ ᠢ ᠬᠠᠷᠢᠯᠴᠠᠨ ᠣᠷᠴᠢᠭᠤᠯᠬᠤ᠂ ᠵᠢᠭᠤᠯᠴᠢᠯᠠᠯ᠂ ᠰᠤᠷᠭᠠᠨ ᠬᠥᠮᠦᠵᠢᠯ ᠵᠡᠷᠭᠡ | ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠤᠨ ᠥᠪ ᠤᠨ ᠭᠠᠵᠠᠷ ᠤᠨ ᠬᠤᠭᠤᠷᠤᠨᠳᠤᠭᠢ | ᠬᠠᠮᠲᠤᠷᠠᠯᠴᠠᠭ᠎ᠠ ᠶᠢ ᠳᠤᠮᠳᠠᠳᠤ ᠢᠲ᠋ᠠᠯᠢ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠰᠢᠨ᠎ᠡ ᠭᠢᠯᠠᠰ ᠴᠡᠭ ᠪᠣᠯᠭᠠᠶ᠎ᠠ᠃ | ᠬᠤᠶᠠᠷ ᠲᠠᠯ᠎ᠠ ᠪᠠᠷ ᠢᠶᠠᠨ ᠬᠡᠯᠡᠨ ᠤ ᠵᠢᠭᠠᠨ ᠰᠤᠷᠭᠠᠯᠲᠠ ᠪᠣᠯᠣᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠶᠢ ᠳᠡᠮᠵᠢᠵᠦ᠂ | ᠨᠡᠩ ᠤᠯᠠᠨ ᠰᠢᠨ᠎ᠡ ᠴᠠᠭ ᠦᠶ᠎ᠡ ᠶᠢᠨ ᠮᠠᠷᠺᠤ · ᠫᠣᠯᠣ ᠶᠢ ᠬᠠᠮᠲᠤ ᠪᠠᠷ ᠪᠤᠶᠢᠵᠢᠭᠤᠯᠤᠶ᠎ᠠ᠃ ᠬᠤᠶᠠᠷ ᠲᠠᠯ᠎ᠠ ᠪᠠᠷ ᠢᠶᠠᠨ | ᠬᠠᠷᠢᠯᠴᠠᠨ ᠠᠮᠵᠢᠯᠲᠠ ᠪᠦᠲᠦᠮᠵᠢ ᠭᠠᠷᠭᠠᠬᠤ ᠬᠠᠮᠲᠤᠷᠠᠯᠴᠠᠭᠠᠨ ᠤ ᠬᠠᠨᠢᠲᠠᠨ ᠪᠤᠯᠬᠤ ᠶᠢ ᠪᠠᠷᠢᠮᠲᠠᠯᠠᠶ᠎ᠠ᠃ | ᠳᠤᠮᠳᠠᠳᠤ ᠤᠯᠤᠰ ᠳᠤᠷᠠᠲᠠᠶ᠎ᠠ ᠢᠲ᠋ᠠᠯᠢ ᠶᠢᠨ ᠴᠢᠨᠠᠷ ᠰᠠᠶᠢᠲᠠᠢ ᠦᠢᠯᠡᠳᠬᠦᠨ ᠤ ᠭᠠᠳᠠᠭᠠᠳᠤ ᠣᠷᠣᠭᠤᠯᠤᠯᠲᠠ ᠶᠢ | ᠥᠷᠭᠡᠳᠬᠡᠵᠦ᠂ ᠬᠤᠶᠠᠷ ᠤᠯᠤᠰ ᠤᠨ ᠠᠵᠤ ᠠᠬᠤᠶᠢᠯᠠᠯ ᠤᠨ ᠬᠠᠷᠢᠯᠴᠠᠨ ᠪᠡᠯᠡ ᠣᠷᠣᠭᠤᠯᠬᠤ ᠶᠢ ᠳᠡᠮᠵᠢᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠣᠷᠴᠢᠨ ᠲᠣᠭᠤᠷᠢᠨ ᠢ ᠬᠠᠮᠠᠭᠠᠯᠠᠬᠤ᠂ ᠴᠡᠪᠡᠷ ᠡᠨᠧᠷᠭᠢ᠂ ᠰᠠᠨᠰᠠᠷ ᠤᠨ ᠠᠶᠠᠯᠠᠯ ᠵᠡᠷᠭᠡ | ᠬᠦᠷᠢᠶᠡᠨ ᠤ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠤ ᠳᠡᠯᠡᠬᠡᠢ ᠵᠢᠷᠲᠢᠨᠴᠦ ᠶᠠᠭ ᠭᠦᠨᠵᠡᠭᠡᠢ ᠬᠤᠪᠢᠷᠠᠯᠲᠠ ᠶᠢ ᠥᠩᠭᠡᠷᠡᠭᠡᠵᠦ ᠪᠠᠶᠢᠨ᠎ᠠ᠂ | ᠳᠤᠮᠳᠠᠳᠤ ᠡᠸᠦ᠋ᠷᠦᠫᠡ ᠬᠤᠶᠠᠷ ᠶᠡᠭᠡ ᠡᠩᠬᠡ ᠲᠠᠶᠢᠪᠤᠩ᠂ ᠪᠦᠲᠦᠭᠡᠯᠴᠢ ᠴᠢᠨᠠᠷᠲᠠᠢ ᠬᠦᠴᠦᠨ ᠪᠣᠯᠤᠭᠰᠠᠨ ᠤ ᠬᠤᠪᠢ ᠳᠤ | ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ᠂ ᠨᠡᠭᠡᠭᠡᠯᠲᠡ ᠬᠢᠵᠦ ᠬᠠᠮᠲᠤᠷᠠᠯᠴᠠᠬᠤ᠂ ᠰᠣᠯᠢᠯᠴᠠᠭ᠎ᠠ ᠬᠢᠵᠦ ᠬᠠᠷᠢᠯᠴᠠᠨ ᠲᠣᠯᠢ | ᠪᠤᠯᠭᠠᠬᠤ ᠵᠥᠪ ᠴᠢᠭᠯᠡᠯ ᠢ ᠪᠠᠷᠢᠮᠲᠠᠯᠠᠬᠤ ᠬᠤᠶᠠᠷ ᠲᠠᠯ᠎ᠠ ᠳᠤ ᠠᠰᠢᠭᠲᠠᠢ᠂ ᠳᠡᠯᠡᠬᠡᠢ ᠨᠡᠶᠢᠲᠡ ᠳᠤ ᠠᠰᠢᠭᠲᠠᠢ ᠶᠤᠮ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠡᠭᠡᠨ ᠳᠤᠮᠳᠠᠳᠤ ᠤᠯᠤᠰ ᠡᠸᠦ᠋ᠷᠦᠫᠡ ᠲᠢᠪ ᠢ | ᠴᠢᠬᠤᠯᠠ ᠬᠠᠨᠢᠲᠠᠨ ᠢᠶᠠᠨ ᠪᠤᠯᠭᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ | ᠪᠠᠷᠢᠮᠲᠠᠯᠠᠵᠤ᠂ ᠵᠥᠷᠢᠯᠳᠦᠭᠡᠨ ᠢᠶᠠᠨ ᠵᠣᠬᠢᠰᠲᠠᠢ ᠬᠠᠮᠢᠶᠠᠷᠤᠨ ᠡᠵᠡᠮᠳᠡᠵᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ | ᠪᠠᠶᠢᠪᠠᠰᠤ ᠵᠣᠬᠢᠬᠤ ᠪᠣᠯᠪᠠᠰᠤᠷᠠᠩᠭᠤᠢ ᠪᠠ ᠲᠣᠭᠲᠠᠭᠤᠨ ᠪᠠᠶᠢᠳᠠᠯ ᠢᠶᠠᠨ ᠢᠯᠡᠷᠡᠭᠦᠯᠪᠡᠯ ᠵᠣᠬᠢᠨ᠎ᠠ᠃ ᠳᠤᠮᠳᠠᠳᠤ ᠤᠯᠤᠰ | ᠳᠤᠷᠠᠲᠠᠶ᠎ᠠ ᠡᠸᠦ᠋ᠷᠦᠫᠡ ᠲᠢᠪ ᠤᠨ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠠᠷᠭᠠᠴᠠᠭᠠᠨ᠎ᠠ᠂ ᠢᠲ᠋ᠠᠯᠢ ᠶᠢᠨ ᠤ ᠡᠭᠦᠨ ᠤ ᠲᠥᠯᠥᠭᠡ ᠢᠳᠡᠪᠬᠢᠲᠡᠢ ᠦᠢᠯᠡᠳᠦᠯ ᠦᠵᠡᠭᠦᠯᠭᠦ ᠶᠢ | ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠮᠠᠲ᠋ᠠᠯᠧᠶᠢᠯᠠ᠂ ᠪᠢ 2017 ᠣᠨ ᠳᠤ ᠳᠤᠮᠳᠠᠳᠤ ᠤᠯᠤᠰ ᠲᠤ ᠠᠶᠢᠯᠴᠢᠯᠠᠭᠰᠠᠨ ᠵᠢᠴᠢ 2019 ᠣᠨ ᠳᠤ | ᠲᠡᠷᠢᠭᠦᠯᠡᠭᠴᠢ ᠰᠢ ᠶᠢᠨ ᠫᠢᠩ ᠢ ᠢᠲ᠋ᠠᠯᠢ ᠳᠤ ᠠᠶᠢᠯᠴᠢᠯᠠᠯᠲᠠ ᠬᠢᠬᠦ ᠳᠤ ᠭᠥᠯᠢᠶᠡᠨ ᠠᠪᠤᠭᠰᠠᠨ ᠪᠠᠶᠢᠳᠠᠯ ᠢᠶᠠᠨ ᠲᠣᠳᠣᠷᠬᠠᠢ | ᠴᠡᠭᠡᠵᠢᠯᠡᠭᠰᠡᠭᠡᠷ ᠪᠠᠶᠢᠨ᠎ᠠ᠃ ᠡᠨᠡ ᠵᠢᠯ ᠪᠣᠯ ᠮᠠᠷᠺᠤ · ᠫᠣᠯᠣ ᠶᠢᠨ ᠨᠠᠰᠤ ᠪᠠᠷᠠᠭᠰᠠᠨ 700 ᠵᠢᠯ ᠤᠨ ᠤᠢ ᠪᠣᠯᠣᠨ᠎ᠠ᠂ ᠮᠠᠷᠺᠤ | · ᠫᠣᠯᠣ ᠶᠢᠨ ᠳᠤᠮᠳᠠᠳᠤ ᠤᠯᠤᠰ ᠤᠨ ᠯᠤᠭ᠎ᠠ ᠶᠢᠨ ᠬᠤᠪᠢ ᠪᠠᠷᠢᠯᠳᠤᠯᠭ᠎ᠠ ᠪᠣᠯ ᠢᠲ᠋ᠠᠯᠢ ᠳᠤᠮᠳᠠᠳᠤ ᠶᠢᠨ ᠨᠥᠬᠦᠷᠯᠡᠯ ᠥᠨᠢ | ᠤᠳᠠᠭᠠᠨ ᠤᠯᠠᠮᠵᠢᠯᠠᠭᠳᠠᠵᠤ᠂ ᠬᠤᠶᠠᠷ ᠶᠡᠭᠡ ᠪᠣᠯᠪᠠᠰᠤᠨ ᠰᠣᠯᠪᠢᠴᠠᠨ ᠭᠡᠷᠡᠯᠲᠦᠭᠰᠡᠨ ᠬᠤᠷᠢᠶᠠᠩᠭᠤᠢ ᠳᠦᠷᠰᠦ ᠪᠣᠯᠣᠨ᠎ᠠ᠃ | ᠣᠳᠣᠬᠠᠨ ᠤ ᠳᠡᠯᠡᠬᠡᠢ ᠵᠢᠷᠲᠢᠨᠴᠦ ᠶᠠᠭ ᠭᠦᠨᠵᠡᠭᠡᠢ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠬᠥᠮᠥᠨ ᠲᠥᠷᠥᠯᠬᠢᠲᠡᠨ ᠤ | ᠨᠡᠶᠢᠭᠡᠮ ᠪᠦᠯᠬᠦᠮᠳᠡᠨ ᠬᠠᠪᠰᠤᠷᠤᠯᠴᠠᠬᠤ ᠪᠠᠨ ᠴᠢᠩᠭᠠᠳᠬᠠᠵᠤ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ | ᠪᠡᠶᠡᠯᠡᠭᠦᠯᠬᠦ ᠴᠢᠬᠤᠯᠠᠲᠠᠢ ᠪᠠᠶᠢᠨ᠎ᠠ᠃ ᠢᠲ᠋ᠠᠯᠢ ᠳᠤᠮᠳᠠᠳᠤ ᠬᠤᠶᠠᠷ ᠤᠯᠤᠰ ᠰᠣᠶᠣᠯ᠂ ᠰᠤᠷᠭᠠᠨ ᠬᠥᠮᠦᠵᠢᠯ᠂ ᠦᠭᠡ | ᠬᠡᠯᠡᠨ ᠤ ᠵᠢᠭᠠᠨ ᠰᠤᠷᠭᠠᠯᠲᠠ᠂ ᠰᠣᠶᠣᠯ ᠤᠨ ᠥᠪ ᠤᠨ ᠭᠠᠵᠠᠷ ᠤᠨ ᠬᠤᠭᠤᠷᠣᠨᠳᠤ ᠪᠠᠨ ᠨᠦᠭᠦᠷᠰᠡᠭ ᠬᠠᠷᠢᠯᠴᠠᠭ᠎ᠠ | ᠪᠠᠶᠢᠭᠤᠯᠬᠤ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ | ᠭᠦᠨᠵᠡᠭᠡᠶᠢᠷᠡᠭᠦᠯᠵᠦ᠂ ᠳᠣᠷᠣᠨᠠᠳᠠᠬᠢᠨ ᠪᠠ ᠥᠷᠥᠨᠡᠳᠠᠬᠢᠨ ᠤ ᠪᠣᠯᠪᠠᠰᠤᠨ ᠤ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠶᠢ | ᠠᠬᠢᠭᠤᠯᠬᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠪᠡᠯ ᠵᠣᠬᠢᠨ᠎ᠠ᠃ ᠢᠲ᠋ᠠᠯᠢ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ ᠢ ᠡᠷᠡᠰ ᠪᠠᠷᠢᠮᠲᠠᠯᠠᠵᠤ᠂ ᠢᠮᠠᠭᠲᠠ | ᠳᠤᠮᠳᠠᠳᠤ ᠤᠯᠤᠰ ᠢ ᠴᠢᠬᠤᠯᠠ ᠬᠠᠮᠲᠤᠷᠠᠯᠴᠠᠭᠠᠨ ᠤ ᠬᠠᠨᠢᠲᠠᠨ ᠢᠶᠠᠨ ᠪᠤᠯᠭᠠᠵᠤ᠂ ᠳᠤᠮᠳᠠᠳᠤ ᠤᠯᠤᠰ ᠲᠠᠢ ᠬᠠᠮᠲᠤ ᠪᠠᠷ | ᠢᠲ᠋ᠠᠯᠢ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠯᠭᠰᠠᠨ 20 | ᠵᠢᠯ ᠤᠨ ᠤᠢ ᠶᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ | ᠥᠨᠳᠥᠷᠴᠡ ᠳᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠢᠲ᠋ᠠᠯᠢ ᠶᠢᠨ ᠮᠠᠰᠢ ᠤᠯᠠᠨ ᠴᠢᠬᠤᠯᠠ ᠶᠡᠭᠡ | ᠠᠰᠠᠭᠤᠳᠠᠯ ᠳᠡᠭᠡᠷ᠎ᠡ ᠳᠤᠮᠳᠠᠳᠤ ᠶᠢᠨ ᠲᠠᠢ ᠵᠣᠭᠰᠣᠯᠲᠠ ᠠᠳᠠᠯᠢᠪᠲᠤᠷ ᠪᠠᠶᠢᠵᠤ᠂ ᠴᠥᠮ ᠬᠠᠮᠠᠭᠠᠯᠠᠬᠤ ᠦᠵᠡᠯ ᠢ | ᠡᠰᠡᠷᠭᠦᠴᠡᠵᠦ᠂ ᠬᠠᠷᠢᠯᠴᠠᠨ ᠨᠡᠭᠡᠭᠡᠯᠲᠡ ᠬᠢᠬᠦ ᠶᠢ ᠰᠠᠨᠠᠭᠠᠴᠢᠯᠠᠵᠤ᠂ ᠪᠦᠲᠦᠭᠡᠯᠴᠢ ᠴᠢᠨᠠᠷᠲᠠᠢ ᠣᠯᠣᠯᠴᠠᠭ᠎ᠠ ᠪᠣᠯᠣᠨ | ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠶᠢ | ᠵᠣᠷᠢᠵᠤ ᠪᠠᠶᠢᠨ᠎ᠠ᠃ ᠢᠲ᠋ᠠᠯᠢ ᠶᠢᠨ ᠳᠤᠷᠠᠲᠠᠶ᠎ᠠ ᠳᠤᠮᠳᠠᠳᠤ ᠶᠢᠨ ᠲᠠᠢ ᠤᠯᠠᠨ ᠲᠠᠯ᠎ᠠ ᠶᠢᠨ ᠬᠠᠮᠵᠢᠯᠴᠠᠭ᠎ᠠ ᠪᠠᠨ | ᠨᠢᠭᠲᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠲᠣᠭᠲᠠᠭᠤᠨ ᠢ ᠠᠬᠢᠭᠤᠯᠬᠤ ᠳᠤ ᠢᠲ᠋ᠠᠯᠢ ᠳᠤᠮᠳᠠᠳᠤ ᠶᠢᠨ | ᠬᠤᠶᠠᠷ ᠶᠡᠭᠡ ᠪᠣᠯᠪᠠᠰᠤᠨ ᠤ ᠤᠶᠤᠨ ᠤᠬᠠᠭᠠᠨ ᠢᠶᠠᠨ ᠡᠷᠭᠦᠨ᠎ᠡ ᠭᠡᠵᠦ ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠰᠣᠶᠣᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠰᠤᠷᠭᠠᠨ ᠬᠥᠮᠦᠵᠢᠯ᠂ ᠳᠡᠯᠡᠬᠡᠢ ᠶᠢᠨ ᠥᠪ ᠤᠨ ᠭᠠᠵᠠᠷ ᠣᠷᠣᠨ ᠤ ᠬᠤᠭᠤᠷᠣᠨᠳᠤ ᠪᠠᠨ ᠨᠦᠭᠦᠷᠰᠡᠭ | ᠬᠠᠷᠢᠯᠴᠠᠭ᠎ᠠ ᠪᠠᠶᠢᠭᠤᠯᠬᠤ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ | ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶ᠋ᠢᠲᠤ ᠶᠡᠭᠡ | ᠲᠢᠩᠬᠢᠮ ᠳᠤ ᠮᠠᠲ᠋ᠠᠯᠧᠶᠢᠯᠠ ᠶᠢ ᠤᠭᠲᠤᠬᠤ ᠶᠣᠰᠣᠯᠠᠯ ᠶᠠᠪᠤᠭᠤᠯᠪᠠ᠃ | ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ | ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ | ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠢᠲ᠋ᠠᠯᠢ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ | ᠬᠥᠭᠵᠢᠮᠳᠡᠪᠡ᠃ ᠮᠠᠲ᠋ᠠᠯᠧᠶᠢᠯᠠ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ | ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠶᠡᠷᠦᠩᠬᠡᠶᠢᠯᠡᠭᠴᠢ ᠮᠠᠲ᠋ᠠᠯᠧᠶᠢᠯᠠ ᠪᠣᠯᠣᠨ ᠲᠡᠭᠦᠨ ᠤ ᠥᠬᠢᠨ | ᠯᠤᠤᠷᠠ ᠶᠢ ᠤᠭᠲᠤᠬᠤ ᠲᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ᠳᠡᠪᠰᠢᠭᠦᠯᠦᠭᠴᠢ ᠄ ᠲᠡᠷᠭᠡᠯ | |