ᠰᠢ ᠶᠢᠨ ᠫᠢᠩ ᠠᠦᠰᠳ᠋ᠷᠠᠯᠢᠶ᠎ᠠ ᠶᠢᠨ ᠶᠡᠷᠦᠩᠬᠡᠢ ᠰᠠᠶᠢᠦᠨ ᠠᠯᠪᠠᠨᠢᠰ ᠲᠠᠢ ᠠᠭᠤᠯᠵᠠᠪᠠ
ᠨᠡᠶᠢᠲᠡᠯᠡᠭᠰᠡᠨ ᠴᠠᠭ᠄
2024/11/29
      ᠰᠢ ᠶᠢᠨ ᠫᠢᠩ ᠠᠦᠰᠳ᠋ᠷᠠᠯᠢᠶ᠎ᠠ ᠶᠢᠨ ᠶᠡᠷᠦᠩᠬᠡᠢ ᠰᠠᠶᠢᠦᠨ ᠠᠯᠪᠠᠨᠢᠰ ᠲᠠᠢ ᠠᠭᠤᠯᠵᠠᠪᠠ      ᠰᠢᠨᠬᠤᠸᠠ ᠬᠤᠷᠢᠶ᠎ᠠ ᠶᠢᠨ ᠷᠢᠦ᠋ ᠳ᠋ᠢ ᠿᠧᠨᠧᠶ᠋ᠢᠷᠦ᠋ ᠶᠢᠨ 11 ᠰᠠᠷ᠎ᠠ ᠶᠢᠨ 18 ᠤ ᠴᠠᠭᠢᠯᠭᠠᠨ ᠮᠡᠳᠡᠭᠡ   ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠢᠦ᠋ ᠳ᠋ᠢ ᠿᠧᠨᠧᠶ᠋ᠢᠷᠦ᠋ ᠳᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ  ᠪᠠᠶᠢᠬᠤ ᠬᠤᠭᠤᠴᠠᠭᠠᠨ ᠳᠠᠭᠠᠨ ᠠᠦᠰᠳ᠋ᠷᠠᠯᠢᠶ᠎ᠠ ᠶᠢᠨ ᠶᠡᠷᠦᠩᠬᠡᠢ  ᠰᠠᠶᠢᠦᠨ ᠠᠯᠪᠠᠨᠢᠰ ᠲᠠᠢ ᠠᠭᠤᠯᠵᠠᠪᠠ᠃
11.15+1.jpg
      ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠢᠦ᠋ ᠳ᠋ᠢ ᠿᠧᠨᠧᠶ᠋ᠢᠷᠦ᠋ ᠳᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ  ᠪᠠᠶᠢᠬᠤ ᠬᠤᠭᠤᠴᠠᠭᠠᠨ ᠳᠠᠭᠠᠨ ᠠᠦᠰᠳ᠋ᠷᠠᠯᠢᠶ᠎ᠠ ᠶᠢᠨ ᠶᠡᠷᠦᠩᠬᠡᠢ ᠰᠠᠶᠢᠦᠨ ᠠᠯᠪᠠᠨᠢᠰ ᠲᠠᠢ ᠠᠭᠤᠯᠵᠠᠪᠠ᠃   ᠰᠢᠨᠬᠤᠸᠠ ᠬᠤᠷᠢᠶᠠᠨ ᠤ ᠰᠤᠷᠪᠤᠯᠵᠢᠯᠠᠭᠴᠢ   ᠵᠠᠩ ᠯᠢᠩ ᠰᠡᠭᠦᠳᠡᠷᠯᠡᠪᠡ             ᠰᠢ ᠶᠢᠨ ᠫᠢᠩ᠂ ᠨᠢᠳᠤᠨᠤᠨ ᠤ 11 ᠰᠠᠷ᠎ᠠ ᠳᠤ ᠪᠢᠳᠡ ᠪᠡᠭᠡᠵᠢᠩ ᠳᠤ ᠳᠤᠮᠳᠠᠳᠤ ᠠᠦᠰᠳ᠋ᠷᠠᠯᠢᠶ᠎ᠠ ᠶᠢᠨ ᠬᠠᠷᠢᠯᠴᠠᠭ᠎ᠠ ᠶᠢᠨ ᠠᠯᠤᠰ ᠭᠡᠲᠦ ᠶᠢᠨ ᠬᠥᠭᠵᠢᠯᠲᠡ ᠳᠤ ᠬᠤᠯᠪᠣᠭᠳᠠᠬᠤ  ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ᠂ ᠴᠢᠭᠯᠡᠯ ᠤᠨ ᠴᠢᠨᠠᠷᠲᠠᠢ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠭᠰᠠᠨ  ᠪᠠᠶᠢᠨ᠎ᠠ᠃ ᠵᠢᠯ ᠭᠠᠷᠤᠢ ᠶᠢᠨ ᠲᠤᠷᠰᠢ ᠬᠤᠶᠠᠷ ᠤᠯᠤᠰ ᠤᠨ ᠡᠯ᠎ᠡ ᠲᠡᠰ ᠳᠠᠪᠬᠤᠷᠭ᠎ᠠ ᠶᠢᠨ  ᠨᠢᠭᠲᠠ ᠣᠯᠣᠯᠴᠠᠭ᠎ᠠ ᠶᠠᠪᠤᠯᠴᠠᠭ᠎ᠠ ᠪᠠᠨ ᠪᠠᠲᠤᠯᠠᠵᠤ᠂ ᠪᠢᠳᠡᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠢᠳᠡᠪᠬᠢᠲᠡᠢ ᠠᠬᠢᠭᠤᠯᠵᠤ᠂ ᠢᠳᠡᠪᠬᠢᠲᠡᠢ ᠠᠬᠢᠴᠠ ᠲᠠᠢ ᠪᠣᠯᠪᠠ᠃ ᠳᠤᠮᠳᠠᠳᠤ ᠠᠦᠰᠳ᠋ᠷᠠᠯᠢᠶ᠎ᠠ ᠶᠢᠨ ᠬᠤᠭᠤᠷᠣᠨᠳᠤ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ  ᠪᠠᠶᠢᠬᠤ ᠦᠭᠡᠢ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ ᠶᠢ ᠪᠠᠷᠢᠮᠲᠠᠯᠠᠳᠠᠭ ᠯᠠ ᠶᠤᠮ ᠪᠣᠯ ᠳᠤᠮᠳᠠᠳᠤ ᠠᠦᠰᠳ᠋ᠷᠠᠯᠢᠶ᠎ᠠ ᠶᠢᠨ ᠬᠠᠷᠢᠯᠴᠠᠭ᠎ᠠ ᠯᠠᠪᠲᠠᠢ  ᠰᠠᠶᠢᠨ ᠬᠥᠭᠵᠢᠵᠦ ᠴᠢᠳᠠᠨ᠎ᠠ᠃ ᠳᠤᠮᠳᠠᠳᠤ ᠤᠯᠤᠰ ᠳᠤᠷᠠᠲᠠᠶ᠎ᠠ ᠠᠦᠰᠳ᠋ᠷᠠᠯᠢᠶ᠎ᠠ ᠶᠢᠨ  ᠲᠠᠢ ᠬᠠᠮᠲᠤ ᠪᠠᠷ ᠨᠡᠩ ᠪᠣᠯᠪᠠᠰᠤᠷᠠᠩᠭᠤᠢ ᠲᠣᠭᠲᠠᠭᠤᠨ᠂ ᠨᠡᠩ ᠪᠠᠶᠠᠯᠢᠭ ᠦᠷ᠎ᠡ ᠪᠦᠲᠦᠭᠡᠯ ᠲᠠᠢ ᠳᠤᠮᠳᠠᠳᠤ ᠠᠦᠰᠳ᠋ᠷᠠᠯᠢᠶ᠎ᠠ ᠶᠢᠨ ᠪᠦᠭᠦ ᠲᠠᠯ᠎ᠠ ᠶᠢᠨ  ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ  ᠪᠠᠶᠢᠭᠤᠯᠬᠤ ᠶᠢ ᠠᠬᠢᠭᠤᠯᠵᠤ᠂ ᠭᠠᠵᠠᠷ ᠣᠷᠣᠨ ᠪᠣᠯᠣᠨ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠪᠤᠷᠢᠲᠤ ᠴᠢᠨᠠᠷ ᠪᠣᠯᠣᠨ ᠲᠣᠬᠲᠠᠭᠠᠯᠲᠦ ᠴᠢᠨᠠᠷ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃             ᠰᠢ ᠶᠢᠨ ᠫᠢᠩ᠂ ᠠᠦᠰᠳ᠋ᠷᠠᠯᠢᠶ᠎ᠠ ᠶᠢᠨ 250 ᠭᠠᠷᠤᠢ ᠠᠵᠤ  ᠠᠬᠤᠶᠢᠯᠠᠯ ᠡᠨᠡ ᠵᠢᠯ ᠤᠨ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠡᠨᠡ ᠪᠣᠯ ᠠᠦᠰᠳ᠋ᠷᠠᠯᠢᠶ᠎ᠠ ᠶᠢᠨ ᠲᠠᠯ᠎ᠠ ᠶᠢᠨ ᠠᠵᠤ  ᠠᠬᠤᠶᠢᠯᠠᠯ ᠤᠨ ᠳᠤᠮᠳᠠᠳᠤ ᠤᠯᠤᠰ ᠤᠨ ᠠᠵᠤ ᠠᠬᠤᠢ ᠪᠣᠯᠣᠨ ᠬᠤᠶᠠᠷ ᠤᠯᠤᠰ ᠤᠨ ᠬᠠᠮᠲᠤᠷᠠᠯᠴᠠᠭ᠎ᠠ ᠳᠤ ᠥᠭᠭᠦᠭᠰᠡᠨ ︽ᠢᠲᠡᠭᠡᠯ ᠤᠨ ᠪᠢᠯᠧᠲ︾ ᠪᠣᠯᠣᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ  ᠪᠠᠶᠢᠷᠢᠰᠢᠯ ᠢ ᠥᠷᠭᠡᠳᠬᠡᠬᠦ ᠶᠢ ᠪᠠᠷᠢᠮᠲᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠠᠦᠰᠳ᠋ᠷᠠᠯᠢᠶ᠎ᠠ ᠶᠢᠨ ᠨᠡᠩ ᠤᠯᠠᠨ ᠴᠢᠨᠠᠷ  ᠰᠠᠶᠢᠲᠠᠢ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ  ᠠᠬᠤᠶᠢᠯᠠᠯ ᠤᠨ ᠠᠦᠰᠳ᠋ᠷᠠᠯᠢᠶ᠎ᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠂ ᠠᠦᠰᠳ᠋ᠷᠠᠯᠢᠶ᠎ᠠ ᠶᠢᠨ ᠳᠤᠮᠳᠠᠳᠤ ᠤᠯᠤᠰ ᠤᠨ ᠠᠵᠤ  ᠠᠬᠤᠶᠢᠯᠠᠯ ᠳᠤ ᠡᠷᠬᠡ ᠲᠡᠭᠰᠢ᠂ ᠢᠯᠡ ᠲᠣᠳᠣ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃ ᠳᠤᠮᠳᠠᠳᠤ ᠠᠦᠰᠳ᠋ᠷᠠᠯᠢᠶ᠎ᠠ ᠪᠣᠯ ᠴᠥᠮ ᠠᠵᠤ ᠠᠬᠤᠢ ᠶᠢᠨ  ᠳᠡᠯᠡᠬᠡᠶᠢᠵᠢᠯᠲᠡ ᠪᠠ ᠴᠢᠯᠦᠭᠡᠲᠦ ᠠᠷᠠᠯᠵᠢᠶᠠᠨ ᠤ ᠳᠡᠮᠵᠢᠭᠴᠢ᠂ ᠬᠠᠮᠠᠭᠠᠯᠠᠭᠴᠢ ᠮᠥᠨ᠂ ᠬᠤᠶᠠᠷ ᠲᠠᠯ᠎ᠠ ᠪᠠᠷ ᠢᠶᠠᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠠᠭᠠᠯᠠᠬᠤ ᠦᠵᠡᠯ ᠢ ᠡᠰᠡᠷᠭᠦᠴᠡᠵᠦ᠂ ᠡᠯ᠎ᠡ ᠤᠯᠤᠰ ᠤᠨ ᠨᠡᠭᠡᠭᠡᠯᠲᠡ ᠶᠢᠨ ᠳᠤᠮᠳᠠ ᠠᠵᠠ ᠲᠣᠭᠢᠶᠠᠯ ᠪᠠ ᠠᠰᠢᠭ ᠲᠤᠰᠠ ᠪᠠᠨ ᠬᠤᠪᠢᠶᠠᠯᠴᠠᠬᠤ ᠶᠢ ᠠᠬᠢᠭᠤᠯᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ᠃
11.15+2.jpg
      ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠢᠦ᠋ ᠳ᠋ᠢ ᠿᠧᠨᠧᠶ᠋ᠢᠷᠦ᠋ ᠳᠤ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ  ᠪᠠᠶᠢᠬᠤ ᠬᠤᠭᠤᠴᠠᠭᠠᠨ ᠳᠠᠭᠠᠨ ᠠᠦᠰᠳ᠋ᠷᠠᠯᠢᠶ᠎ᠠ ᠶᠢᠨ ᠶᠡᠷᠦᠩᠬᠡᠢ  ᠰᠠᠶᠢᠦᠨ ᠠᠯᠪᠠᠨᠢᠰ ᠲᠠᠢ ᠠᠭᠤᠯᠵᠠᠪᠠ᠃         ᠰᠢᠨᠬᠤᠸᠠ ᠬᠤᠷᠢᠶᠠᠨ ᠤ ᠰᠤᠷᠪᠤᠯᠵᠢᠯᠠᠭᠴᠢ   ᠳ᠋ᠢᠩ ᠬᠠᠢ ᠲᠤᠤ ᠰᠡᠭᠦᠳᠡᠷᠯᠡᠪᠡ             ᠠᠯᠪᠠᠨᠢᠰ᠂ ᠠᠦᠰᠳ᠋ᠷᠠᠯᠢᠶ᠎ᠠ ᠳᠤᠮᠳᠠᠳᠤ ᠶᠢᠨ ᠪᠦᠭᠦ ᠲᠠᠯ᠎ᠠ ᠶᠢᠨ  ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ  ᠪᠠᠶᠢᠭᠤᠯᠤᠭᠳᠠᠭᠰᠠᠨ ᠠᠷᠪᠠᠨ ᠵᠢᠯ ᠤᠨ ᠤᠢ ᠶᠢᠨ ᠲᠠᠰᠢᠷᠠᠮ ᠢᠶᠠᠷ ᠲᠡᠷᠢᠭᠦᠯᠡᠭᠴᠢ ᠰᠢ ᠶᠢᠨ ᠫᠢᠩ ᠲᠠᠢ ᠳᠠᠬᠢᠨᠲᠠ ᠠᠭᠤᠯᠵᠠᠭᠰᠠᠨ ᠳᠠᠭᠠᠨ ᠮᠠᠰᠢ ᠪᠠᠶᠠᠷ ᠲᠠᠢ  ᠪᠠᠶᠢᠨ᠎ᠠ᠃ ᠨᠢᠳᠤᠨᠤᠨ ᠳᠤᠮᠳᠠᠳᠤ ᠤᠯᠤᠰ ᠲᠤ  ᠠᠶᠢᠯᠴᠢᠯᠠᠭᠰᠠᠨ ᠠᠴᠠ ᠨᠠᠭᠠᠰᠢ ᠠᠦᠰᠳ᠋ᠷᠠᠯᠢᠶ᠎ᠠ ᠳᠤᠮᠳᠠᠳᠤ ᠶᠢᠨ ᠬᠠᠷᠢᠯᠴᠠᠭ᠎ᠠ ᠠᠷᠠᠯᠵᠢᠶ᠎ᠠ ᠶᠢ ᠪᠠᠭᠲᠠᠭᠠᠭᠰᠠᠨ ᠡᠯ᠎ᠡ ᠬᠦᠷᠢᠶᠡᠨ ᠳᠤ ᠬᠥᠮᠥᠰ ᠢ ᠵᠣᠷᠢᠭᠵᠢᠭᠤᠯᠤᠮ᠎ᠠ ᠠᠬᠢᠯᠲᠠ ᠲᠠᠢ ᠪᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠲᠤᠰᠠ ᠣᠯᠭᠤᠭᠰᠠᠨ  ᠪᠠᠶᠢᠨ᠎ᠠ᠃ ᠠᠦᠰᠳ᠋ᠷᠠᠯᠢᠶ᠎ᠠ ᠶᠢᠨ ᠨᠢᠭᠡ ᠳᠤᠮᠳᠠᠳᠤ ᠤᠯᠤᠰ  ᠪᠠᠶᠢᠬᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ︽ᠬᠠᠷᠢᠴᠠᠭ᠎ᠠ ᠪᠠᠨ ᠲᠠᠰᠤᠯᠬᠤ︾ ᠶᠢ ᠡᠰᠡᠷᠭᠦᠴᠡᠵᠦ᠂ ᠠᠵᠤ ᠠᠬᠤᠢ ᠶᠢᠨ  ᠳᠡᠯᠡᠬᠡᠶᠢᠵᠢᠯᠲᠡ ᠶᠢ ᠠᠬᠢᠭᠤᠯᠬᠤ ᠶᠢ ᠰᠠᠨᠠᠭᠠᠴᠢᠯᠠᠵᠤ᠂ ᠳᠤᠮᠳᠠᠳᠤ ᠤᠯᠤᠰ ᠯᠤᠭ᠎ᠠ ᠡᠨᠧᠷᠭᠢ ᠶᠢᠨ ᠬᠥᠭᠵᠢᠯᠲᠡ ᠶᠢᠨ ᠭᠡᠯᠪᠡᠷᠢ ᠪᠠᠨ ᠬᠤᠪᠢᠷᠠᠭᠤᠯᠬᠤ ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ  ᠪᠠᠶᠢᠨ᠎ᠠ᠃ ᠳᠤᠮᠳᠠᠳᠤ ᠤᠯᠤᠰ ᠤᠨ ᠬᠥᠭᠵᠢᠯᠲᠡ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠤᠷᠲᠤ ᠬᠤᠭᠤᠴᠠᠭ᠎ᠠ ᠪᠠᠷ ᠲᠣᠭᠲᠠᠭᠤᠨ ᠪᠠ ᠨᠡᠮᠡᠭᠳᠡᠯ ᠢᠶᠠᠨ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠂ ᠠᠦᠰᠳ᠋ᠷᠠᠯᠢᠶ᠎ᠠ ᠶᠢᠨ ᠳᠤᠮᠳᠠᠳᠤ ᠤᠯᠤᠰ ᠤᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ  ᠪᠠᠶᠢᠭᠤᠯᠤᠯᠲᠠ ᠵᠡᠷᠭᠡ ᠤᠯᠠᠨ ᠲᠠᠯᠠᠲᠤ ᠲᠣᠭᠲᠠᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠢ ᠮᠠᠭᠲᠠᠨ  ᠰᠠᠶᠢᠰᠢᠶᠠᠵᠣ  ᠪᠠᠶᠢᠨ᠎ᠠ᠂ ᠳᠤᠮᠳᠠᠳᠤ ᠤᠯᠤᠰ ᠤᠨ 2026 ᠣᠨ ᠤ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ  ᠪᠠᠶᠢᠭᠤᠯᠤᠯᠲᠠ ᠶᠢᠨ ᠡᠷᠭᠢᠯᠡᠭᠴᠢ ᠤᠯᠤᠰ ᠪᠤᠯᠬᠤ ᠶᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ ᠣᠯᠣᠯᠴᠠᠭ᠎ᠠ ᠪᠠᠨ ᠴᠢᠩᠭᠠᠳᠬᠠᠵᠤ᠂ ᠭᠠᠵᠠᠷ ᠣᠷᠣᠨ ᠤ ᠡᠩᠬᠡ  ᠲᠠᠶᠢᠪᠤᠩ ᠲᠣᠭᠲᠠᠭᠤᠨ ᠪᠠ ᠴᠡᠴᠡᠭᠯᠡᠯ ᠬᠥᠭᠵᠢᠯ ᠢ ᠠᠬᠢᠭᠤᠯᠤᠨ᠎ᠠ ᠭᠡᠵᠦ ᠢᠯᠡᠳᠬᠡᠪᠡ᠃             ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ᠳᠡᠪᠰᠢᠭᠦᠯᠦᠭᠴᠢ ᠄  ᠲᠡᠷᠭᠡᠯ 
 
ᠢᠷᠡᠯᠲᠡ᠄ ᠦᠪᠦᠷ ᠮᠤᠩᠭᠤᠯ  ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2