ᠬᠤᠩᠭᠤᠷ ᠮᠣᠩᠭᠤᠯ ᠰᠤᠷᠭᠠᠭᠤᠯᠢ ᠪᠥᠬᠦ ᠤᠯᠤᠰ ᠤᠨ ᠬᠥᠳᠡᠭᠡ ᠲᠣᠰᠬᠤᠨ ᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠦᠵᠡᠭᠦᠯᠬᠦ ᠰᠤᠷᠭᠠᠭᠤᠯᠢ ᠪᠠᠷ ᠰᠤᠩᠭᠤᠭᠳᠠᠭᠰᠠᠨ
ᠨᠡᠶᠢᠲᠡᠯᠡᠭᠰᠡᠨ ᠴᠠᠭ᠄
2024/11/5
      ᠬᠤᠩᠭᠤᠷ ᠮᠣᠩᠭᠤᠯ ᠰᠤᠷᠭᠠᠭᠤᠯᠢ ᠪᠥᠬᠦ ᠤᠯᠤᠰ ᠤᠨ ᠬᠥᠳᠡᠭᠡ ᠲᠣᠰᠬᠤᠨ ᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠦᠵᠡᠭᠦᠯᠬᠦ ᠰᠤᠷᠭᠠᠭᠤᠯᠢ ᠪᠠᠷ ᠰᠤᠩᠭᠤᠭᠳᠠᠭᠰᠠᠨ         ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠠᠴᠠ ᠵᠢᠷᠭᠤᠳᠤᠭᠠᠷ ᠪᠦᠯᠦᠭ ᠤᠨ ᠬᠥᠳᠡᠭᠡ ᠲᠣᠰᠬᠤᠨ ᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠦᠵᠡᠭᠦᠯᠬᠦ ᠰᠤᠷᠭᠠᠭᠤᠯᠢ ᠶᠢᠨ ᠨᠡᠷᠡᠰ ᠢ ᠨᠡᠶᠢᠳᠡᠯᠡᠵᠦ᠂ ᠮᠠᠨ ᠤ ᠬᠤᠰᠢᠭᠤᠨ ᠤ ᠬᠤᠩᠭᠤᠷ ᠮᠣᠩᠭᠤᠯ ᠰᠤᠷᠭᠠᠭᠤᠯᠢ ᠨᠢ ᠪᠦᠬᠦ ᠤᠯᠤᠰ ᠤᠨ ᠬᠥᠳᠡᠭᠡ ᠲᠣᠰᠬᠤᠨ ᠤ   ᠰᠤᠷᠭᠠᠭᠤᠯᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠦᠵᠡᠭᠦᠯᠬᠦ  ᠰᠤᠷᠭᠠᠭᠤᠯᠢ ᠪᠠᠷ ᠰᠤᠩᠭᠤᠭᠳᠠᠭᠰᠠᠨ ᠪᠠᠶᠢᠨ᠎ᠠ᠃       ᠬᠥᠳᠡᠭᠡ ᠲᠣᠰᠬᠤᠨ ᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠪᠣᠯ ᠤᠯᠤᠰ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠬᠥᠭᠵᠢᠯᠲᠡ ᠪᠣᠯᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠶᠢ ᠲᠦᠯᠬᠢᠨ ᠠᠬᠢᠭᠤᠯᠬᠤ ᠨᠢᠭᠡ ᠵᠦᠢᠯ ᠤᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠬᠦᠷᠢᠶᠡᠨ ᠤ ᠪᠠᠶᠢᠷᠢ ᠵᠡᠷᠭᠡ《 ᠬᠠᠲᠠᠭᠤ ᠣᠷᠴᠢᠨ ᠲᠣᠭᠤᠷᠢᠨ 》 ᠬᠢᠭᠡᠳ ᠣᠶᠤᠨ ᠤ ᠰᠣᠶᠣᠯ ᠵᠡᠷᠭᠡ 《 ᠵᠥᠭᠡᠯᠡᠨ ᠣᠷᠴᠢᠨ ᠲᠣᠭᠤᠷᠢᠨ 》 ᠢ ᠤᠶᠠᠯᠳᠤᠭᠤᠯᠵᠤ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦᠯᠢ ᠴᠣᠭᠴᠠ ᠪᠠᠷ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠬᠡᠦᠬᠡᠳ ᠤᠨ ᠡᠷᠬᠡ ᠲᠡᠭᠰᠢ ᠮᠥᠷᠲᠡᠭᠡᠨ ᠶᠠᠰᠤ ᠴᠢᠨᠠᠷ ᠲᠠᠢ ᠰᠤᠷᠭᠠᠨ ᠬᠥᠮᠦᠵᠢᠯ ᠬᠦᠷᠲᠡᠬᠦ ᠶᠢ ᠪᠠᠲᠤᠯᠠᠬᠤ ᠪᠠᠷ ᠵᠣᠷᠢᠭᠰᠠᠨ ᠪᠠᠶᠢᠨ᠎ᠠ᠃       ᠬᠤᠩᠭᠤᠷ ᠮᠣᠩᠭᠤᠯ ᠰᠤᠷᠭᠠᠭᠤᠯᠢ 1951 ᠣᠨ ᠳᠤ ᠪᠠᠶᠢᠭᠤᠯᠤᠭᠳᠠᠵᠤ᠂ ᠣᠳᠣ 9 ᠵᠢᠭᠠᠨ ᠰᠤᠷᠭᠠᠬᠤ ᠠᠩᠭᠢ᠂ 150 ᠰᠤᠷᠤᠭᠴᠢ᠂ 46 ᠪᠠᠭᠰᠢ ᠠᠵᠢᠯᠲᠠᠨ ᠲᠠᠢ᠃ ᠲᠤᠰ ᠰᠤᠷᠭᠠᠭᠤᠯᠢ 《 ᠪᠦᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ 》 ᠶᠢᠨ ᠢᠷᠠᠭᠤ ᠠᠯᠳᠠᠷ ᠢ ᠬᠦᠷᠲᠡᠵᠦ᠂ ᠤᠷᠢᠳ ᠬᠤᠵᠢᠳ ᠤᠯᠤᠰ ᠤᠨ ᠳᠡᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠵᠢᠱᠢᠶ᠎ᠡ ᠦᠵᠡᠭᠦᠯᠬᠦ ᠰᠤᠷᠭᠠᠭᠤᠯᠢ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ᠂ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠲᠡᠷᠢᠭᠦᠨ ᠤ ᠬᠠᠮᠲᠤ᠂ ᠤᠯᠠᠭᠠᠨᠴᠠᠪ ᠬᠤᠲᠠ ᠶᠢᠨ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ᠂ ᠳᠥᠷᠪᠡᠳ ᠬᠤᠰᠢᠭᠤᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠰᠠᠨᠰᠠᠷ ᠠᠶᠠᠯᠠᠯ ᠤᠨ ᠰᠢᠨ᠎ᠡ ᠶᠢ ᠡᠭᠦᠳᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠵᠢᠱᠢᠶ᠎ᠡ ᠦᠵᠡᠭᠦᠯᠬᠦ ᠰᠤᠷᠭᠠᠭᠤᠯᠢ ᠵᠡᠷᠭᠡ ᠣᠯᠠᠨ ᠢᠷᠠᠭᠤ ᠠᠯᠳᠠᠷ ᠤᠨ ᠴᠣᠯᠠ ᠶᠢ ᠬᠦᠷᠲᠡᠵᠡᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄     ᠰᠤᠷᠤᠨ᠎ᠠ   ᠢᠦᠢ ᡁᠢ ᠹᠠᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2