ᠢᠦᠢ ᠳ᠋ᠠᠢ ᠴᠢᠩ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/11/5
      ᠢᠦᠢ ᠳ᠋ᠠᠢ ᠴᠢᠩ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ               ᠣᠶᠢᠷ᠎ᠠ ᠳᠤ᠂  ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ᠂ ᠵᠢᠢ ᠱᠧᠩ ᠲᠠᠢ ᠪᠠᠯᠭᠠᠰᠤᠨ ᠤ ᠬᠠᠢ ᠪᠦᠽᠢ ᠲᠣᠰᠬᠤᠨ ᠳᠤ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠰᠬᠠᠢ ᠳᠤᠭᠤᠶᠢᠯᠠᠩ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠳᠠᠭᠠᠭᠠᠴᠢᠯᠠᠭᠰᠠᠨ ᠡᠷᠦᠬᠡ ᠯᠦᠭᠡ ᠲᠤᠷᠰᠢᠯᠲᠠ ᠶᠢᠨ ᠴᠢᠭ ᠤᠨ ᠠᠵᠢᠯ ᠤᠨ ᠲᠤᠬᠠᠢ ᠶᠠᠷᠢᠯᠴᠠᠨ᠂ ᠰᠠᠨᠠᠯ ᠪᠣᠳᠣᠯ ᠢᠶᠠᠨ ᠰᠤᠯᠢᠯᠴᠠᠭᠰᠠᠨ  ᠪᠠᠶᠢᠨ᠎ᠠ ᠃        ᠢᠦᠢ ᠳ᠋ᠠᠢ ᠴᠢᠩ ᠠᠴᠠ᠂ ᠭᠠᠵᠠᠷ ᠰᠢᠷᠣᠢ ᠶᠢᠨ ᠬᠤᠶᠠᠳᠠᠬᠢ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠠᠵᠢᠯ ᠪᠣᠯ ᠲᠠᠷᠢᠶᠠᠴᠢᠨ ᠲᠦᠮᠡᠨ ᠤ ᠠᠰᠢᠭ ᠲᠤᠰᠠ ᠪᠠ ᠬᠥᠳᠡᠭᠡ ᠲᠣᠰᠬᠤᠨ ᠤ ᠨᠡᠶᠢᠭᠡᠮ ᠤᠨ ᠥᠨᠢ ᠤᠳᠠᠭᠠᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠲᠠᠯᠠᠪᠠᠢ᠂ ᠬᠥᠮᠦᠨ ᠠᠮᠠ ᠶᠢᠨ ᠬᠤᠪᠢᠷᠠᠯᠲᠠ᠂ ᠭᠠᠳᠠᠭᠰᠢ ᠭᠠᠷᠬᠤ ᠣᠯᠠᠨ ᠲᠦᠮᠡᠨ ᠤ ᠬᠦᠰᠡᠯ ᠡᠷᠡᠮᠡᠯᠵᠡᠯ ᠵᠡᠷᠭᠡ ᠶᠢᠨ ᠲᠣᠭᠤᠷᠢᠨ ᠳᠤ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠨ᠂ ᠠᠯᠪᠠᠨ ᠵᠠᠷ ᠨᠡᠶᠢᠲᠡᠯᠡᠬᠦ ᠶᠢ ᠰᠠᠶᠢᠲᠤᠷ ᠬᠢᠵᠦ᠂  ᠰᠠᠭᠤᠷᠢ ᠲᠤᠭ᠎ᠠ ᠪᠠᠷᠢᠮᠲᠠ ᠶᠢᠨ ᠣᠨᠣᠪᠴᠢᠲᠠᠢ ᠪᠠᠶᠢᠬᠤ ᠶᠢ ᠪᠠᠳᠤᠯᠠᠨ᠂ ᠪᠣᠯᠪᠠᠰᠣᠷᠠᠭᠤᠯᠤᠯ ᠵᠣᠬᠢᠶᠠᠨ ᠪᠠᠶᠢᠭᠤᠯᠬᠤ᠂ ᠷᠠᠳᠢᠤ᠋ ᠨᠡᠪᠲᠡᠷᠡᠭᠦᠯᠭᠡ ᠬᠢᠬᠦ᠂ ᠤᠷᠢᠶ᠎ᠠ ᠨᠠᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠲᠠᠷᠢᠶᠠᠯᠠᠬᠤ ᠡᠷᠦᠬᠡ ᠶᠢᠨ ᠮᠡᠳᠡᠬᠦ ᠨᠣᠷᠮ᠎ᠠ ᠪᠣᠯᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠬᠦ ᠶᠢ ᠰᠠᠶᠢᠳᠤᠷ ᠪᠠᠳᠤᠯᠠᠵᠤ᠂ ᠲᠠᠷᠢᠶᠠᠴᠢᠳ ᠪᠣᠯᠤᠨ ᠭᠠᠵᠠᠷ ᠰᠢᠷᠣᠢ ᠶᠢᠨ ᠬᠠᠷᠢᠴᠠᠭ᠎ᠠ ᠶᠢᠨ ᠡᠨᠡᠬᠦ ᠭᠤᠣᠯ ᠱᠤᠭᠤᠮ ᠢ ᠴᠢᠩᠭ᠎ᠠ ᠨᠢᠭᠲᠠ ᠰᠢᠢᠳᠪᠦᠷᠢᠯᠡᠵᠦ᠂ 《ᠶᠡᠭᠡ ᠲᠣᠭᠲᠠᠭᠤᠨ ᠪᠠᠶᠢᠬᠤ᠂ ᠪᠠᠭ᠎ᠠ ᠲᠣᠬᠢᠷᠠᠭᠤᠯᠤᠯᠲᠠ ᠬᠢᠬᠦ 》ᠠᠵᠢᠯ ᠤᠨ ᠱᠠᠭᠠᠷᠳᠠᠯᠭ᠎ᠠ ᠶᠢ ᠪᠠᠷᠢᠮᠲᠠᠯᠠᠨ᠂ ᠲᠣᠰᠬᠤᠨ ᠤ ᠠᠷᠠᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠬᠠᠮᠲᠤ ᠪᠠᠷ ᠶᠠᠷᠢᠯᠴᠠᠬᠤ᠂ ᠳᠠᠬᠢᠨ ᠳᠠᠪᠲᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠷᠰᠢᠯᠲᠠ ᠶᠢ ᠤᠷᠲᠤᠳᠬᠠᠬᠤ ᠠᠵᠢᠯ ᠤᠨ ᠲᠥᠰᠦᠯ ᠢᠶᠠᠨ ᠴᠢᠭᠯᠡᠭᠦᠯᠬᠦ ᠴᠢᠨᠠᠷᠲᠠᠢ ᠪᠠᠷ ᠲᠣᠭᠲᠠᠭᠠᠵᠤ᠂ ᠲᠤᠷᠰᠢᠯᠲᠠ ᠶᠢᠨ ᠠᠵᠢᠯ ᠤᠨ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠬᠤ ᠶᠢ ᠴᠢᠩᠭ᠎ᠠ ᠪᠠᠳᠤᠯᠠᠵᠤ ᠂ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠨ᠂ ᠵᠢᠮ᠎ᠡ ᠶᠣᠰᠣ ᠶᠢ ᠡᠵᠡᠮᠰᠢᠨ᠂ ᠠᠷᠭ᠎ᠠ ᠵᠠᠮ ᠢᠶᠠᠨ ᠣᠨᠣᠪᠴᠢᠲᠠᠢ ᠡᠷᠢᠵᠦ᠂ ᠲᠥᠰᠦᠯ ᠢᠶᠠᠨ ᠲᠡᠭᠦᠯᠳᠡᠷᠵᠢᠭᠦᠯᠦᠨ᠂ ᠪᠦᠬᠦ ᠬᠤᠰᠢᠭᠤᠨ ᠤ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠠᠵᠢᠯ ᠳᠤ ᠬᠦᠴᠦᠲᠡᠢ ᠵᠢᠯᠣᠭᠤᠳᠤᠯᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃        ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠬᠤᠰᠢᠭᠤᠨ ᠤ ᠤᠳᠤᠷᠢᠳᠤᠯᠭ᠎ᠠ ᠲᠦᠩ ᠰᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ  ᠬᠤᠷᠠᠯ ᠳᠤ  ᠤᠷᠤᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄       ᠯᠢ ᠨᠢᠩ    ᠷᠧᠨ ᠫᠧᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2