ᠢᠦᠢ ᠳ᠋ᠠᠢ ᠴᠢᠩ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ | ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ | 10 ᠳ᠋ᠤᠭᠠᠷ ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠵᠢᠢ ᠱᠧᠩ | ᠲᠠᠢ ᠪᠠᠯᠭᠠᠰᠤᠨ ᠤ ᠬᠠᠢ ᠪᠦᠽᠢ ᠲᠣᠰᠬᠤᠨ ᠳᠤ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ | ᠤᠷᠲᠤᠳᠬᠠᠬᠤ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠰᠬᠠᠢ ᠠᠵᠢᠯ ᠤᠨ | ᠳᠤᠭᠤᠶᠢᠯᠠᠩ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠲᠣᠪᠴᠢᠶ᠎ᠠ᠂ ᠳᠠᠭᠠᠭᠠᠴᠢᠯᠠᠭᠰᠠᠨ ᠡᠷᠦᠬᠡ ᠲᠠᠢ ᠲᠤᠷᠰᠢᠯᠲᠠ ᠶᠢᠨ | ᠠᠵᠢᠯ ᠤᠨ ᠲᠤᠬᠠᠢ ᠶᠠᠷᠢᠯᠴᠠᠨ ᠰᠠᠨᠠᠯ ᠢᠶᠠᠨ ᠰᠣᠯᠢᠯᠴᠠᠪᠠ᠃ | | | | | ᠢᠦᠢ ᠳ᠋ᠠᠢ ᠴᠢᠩ ᠬᠡᠯᠡᠬᠦ ᠳᠡᠭᠡᠨ᠂ ᠭᠠᠵᠠᠷ ᠰᠢᠷᠣᠢ ᠶᠢᠨ ᠬᠤᠶᠠᠳᠠᠬᠢ ᠡᠭᠡᠯᠵᠢ ᠶᠢᠨ ᠳᠠᠭᠠᠭᠠᠴᠢᠯᠠᠯᠲᠠ ᠶᠢ | ᠤᠷᠲᠤᠳᠬᠠᠬᠤ ᠠᠵᠢᠯ ᠪᠣᠯ ᠲᠠᠷᠢᠶᠠᠴᠢᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠪᠠ ᠬᠥᠳᠡᠭᠡ ᠲᠣᠰᠬᠤᠨ ᠤ | ᠨᠡᠶᠢᠭᠡᠮ ᠤᠨ ᠥᠨᠢ ᠤᠳᠠᠭᠠᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠲᠠᠯᠠᠪᠠᠢ᠂ ᠬᠥᠮᠦᠨ ᠠᠮᠠ ᠶᠢᠨ | ᠬᠤᠪᠢᠷᠠᠯᠲᠠ᠂ ᠭᠠᠳᠠᠭᠰᠢ ᠭᠠᠷᠬᠤ ᠣᠯᠠᠨ ᠲᠦᠮᠡᠨ ᠤ ᠬᠦᠰᠡᠯ ᠡᠷᠡᠮᠡᠯᠵᠡᠯ ᠵᠡᠷᠭᠡ ᠶᠢᠨ ᠲᠣᠭᠤᠷᠢᠨ ᠳᠤ ᠪᠠᠶᠢᠴᠠᠭᠠᠯᠲᠠ ᠬᠢᠵᠦ | ᠪᠠᠶᠢᠳᠠᠯ ᠢ ᠣᠶᠢᠯᠠᠭᠠᠨ᠂ ᠠᠯᠪᠠᠨ ᠵᠠᠷ ᠨᠡᠶᠢᠲᠡᠯᠡᠬᠦ ᠶᠢ ᠰᠠᠶᠢᠲᠤᠷ ᠬᠢᠵᠦ᠂ ᠪᠠᠶᠢᠳᠠᠯ ᠢ ᠣᠶᠢᠯᠠᠭᠠᠬᠤ ᠰᠠᠭᠤᠷᠢ ᠲᠤᠭ᠎ᠠ | ᠪᠠᠷᠢᠮᠲᠠ ᠶᠢᠨ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠨ ᠪᠣᠯᠪᠠᠰᠤᠷᠠᠭᠤᠯᠬᠤ᠂ 《 | ᠲᠣᠰᠬᠤᠨ ᠪᠦᠬᠦᠨ ᠳᠠᠭᠤᠷᠢᠰᠬᠠᠬᠤ 》 ᠷᠠᠳᠢᠣ ᠨᠡᠪᠲᠡᠷᠡᠭᠦᠯᠭᠡ᠂ ᠤᠬᠠᠭᠤᠯᠭ᠎ᠠ ᠶᠢᠨ ᠤᠷᠢᠶ᠎ᠠ ᠨᠠᠭᠠᠬᠤ᠂ ᠤᠬᠠᠭᠤᠯᠭ᠎ᠠ ᠶᠢᠨ | ᠭᠠᠷ ᠳᠡᠪᠲᠡᠷ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ᠂ ᠭᠠᠵᠠᠷ ᠰᠢᠷᠣᠢ ᠶᠢᠨ | ᠳᠠᠭᠠᠭᠠᠴᠢᠯᠠᠯᠲᠠ ᠶᠢ ᠤᠷᠲᠤᠳᠬᠠᠬᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠲᠠᠷᠢᠶᠠᠯᠠᠬᠤ ᠡᠷᠦᠬᠡ ᠶᠢᠨ | ᠮᠡᠳᠡᠬᠦ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ | ᠮᠡᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠠᠷᠢᠶᠠᠴᠢᠳ ᠪᠣᠯᠤᠨ ᠭᠠᠵᠠᠷ ᠰᠢᠷᠣᠢ ᠶᠢᠨ ᠬᠠᠷᠢᠴᠠᠭ᠎ᠠ ᠶᠢᠨ ᠡᠨᠡᠬᠦ ᠭᠤᠣᠯ | ᠱᠤᠭᠤᠮ ᠢ ᠴᠢᠩᠭ᠎ᠠ ᠨᠢᠭᠲᠡ ᠰᠠᠶᠢᠲᠤᠷ ᠰᠢᠢᠳᠪᠦᠷᠢᠯᠡᠵᠦ᠂ 《 ᠶᠡᠭᠡ ᠲᠣᠭᠲᠠᠭᠤᠨ ᠪᠠᠶᠢᠬᠤ᠂ ᠪᠠᠭ᠎ᠠ ᠲᠣᠬᠢᠷᠠᠭᠤᠯᠤᠯᠲᠠ | ᠬᠢᠬᠦ 》 ᠠᠵᠢᠯ ᠤᠨ ᠱᠠᠭᠠᠷᠳᠠᠯᠭ᠎ᠠ ᠶᠢ ᠪᠠᠷᠢᠮᠲᠠᠯᠠᠨ᠂ ᠲᠣᠰᠬᠤᠨ ᠤ ᠠᠷᠠᠳ ᠤᠨ ᠬᠦᠰᠡᠯ ᠰᠠᠨᠠᠭ᠎ᠠ ᠶᠢ ᠭᠦᠢᠴᠡᠳ | ᠬᠦᠨᠳᠦᠳᠬᠡᠵᠦ᠂ ᠬᠠᠮᠲᠤ ᠪᠠᠷ ᠶᠠᠷᠢᠯᠴᠠᠬᠤ᠂ ᠳᠠᠬᠢᠨ ᠳᠠᠪᠲᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠤᠷᠰᠢᠯᠲᠠ ᠶᠢ ᠤᠷᠲᠤᠳᠬᠠᠬᠤ ᠠᠵᠢᠯ ᠤᠨ ᠲᠥᠰᠦᠯ ᠢᠶᠠᠨ ᠴᠢᠭᠯᠡᠭᠦᠯᠬᠦ ᠴᠢᠨᠠᠷᠲᠠᠢ ᠪᠠᠷ ᠲᠣᠭᠲᠠᠭᠠᠵᠤ᠂ ᠲᠤᠷᠰᠢᠯᠲᠠ ᠶᠢᠨ | ᠠᠵᠢᠯ ᠤᠨ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠤᠷᠰᠢᠯᠭ᠎ᠠ ᠪᠠᠨ | ᠳ᠋ᠦ᠋ᠩᠨᠡᠬᠦ ᠶᠢ ᠴᠢᠬᠤᠯᠠᠴᠢᠯᠠᠨ᠂ ᠵᠢᠮ᠎ᠡ ᠶᠣᠰᠣ ᠶᠢ ᠡᠵᠡᠮᠰᠢᠨ᠂ ᠠᠷᠭ᠎ᠠ ᠵᠠᠮ ᠢᠶᠠᠨ ᠣᠨᠣᠪᠴᠢᠲᠠᠢ ᠡᠷᠢᠵᠦ᠂ ᠲᠥᠰᠦᠯ ᠢᠶᠠᠨ | ᠲᠡᠭᠦᠯᠳᠡᠷᠵᠢᠭᠦᠯᠦᠨ᠂ ᠪᠦᠬᠦ ᠬᠤᠰᠢᠭᠤᠨ ᠤ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ | ᠤᠷᠲᠤᠳᠬᠠᠬᠤ ᠠᠵᠢᠯ ᠳᠤ ᠬᠦᠴᠦᠲᠡᠢ ᠵᠢᠯᠣᠭᠤᠳᠤᠯᠭ᠎ᠠ ᠬᠠᠩᠭᠠᠬᠤ ᠬᠡᠷᠡᠭᠲᠡᠢ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠴᠧᠩ ᠭᠤᠸᠠᠩ ᠾᠦᠢ᠂ ᠬᠤᠰᠢᠭᠤᠨ ᠤ ᠤᠳᠤᠷᠢᠳᠤᠯᠭ᠎ᠠ ᠲᠦᠩ ᠰᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠣᠷᠣᠯᠴᠠᠵᠠᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |