ᠶᠡᠭᠡ ᠬᠠᠷ᠎ᠠ ᠭᠤᠣᠯ ᠰᠢᠶᠠᠩ ᠤᠨ ᠸᠢᠴᠠᠲ ᠪᠠ ᠵᠢᠷᠤᠭ ᠦᠰᠦᠭ ᠢ ᠢᠯᠭᠠᠨ ᠲᠠᠨᠢᠬᠤ ᠸᠢᠴᠠᠲ ᠤᠨ ᠵᠢᠵᠢᠭ ᠫᠷᠤᠭ᠍ᠷᠠᠮ ᠤᠨ ᠨᠢᠭᠤᠴᠠ ᠶᠢ ᠵᠠᠳᠠᠷᠠᠭᠤᠯᠤᠭᠰᠠᠨ ᠠᠰᠠᠭᠤᠳᠠᠯ ᠢ ᠲᠥᠪᠯᠡᠷᠡᠭᠦᠯᠦᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠬᠤᠷᠠᠯᠳᠤᠭᠠᠨ  ᠬᠢᠭᠰᠡᠨ
ᠨᠡᠶᠢᠲᠡᠯᠡᠭᠰᠡᠨ ᠴᠠᠭ᠄
2024/11/6
      ᠶᠡᠭᠡ ᠬᠠᠷ᠎ᠠ ᠭᠤᠣᠯ ᠰᠢᠶᠠᠩ ᠤᠨ ᠸᠢᠴᠠᠲ ᠪᠠ ᠵᠢᠷᠤᠭ ᠦᠰᠦᠭ ᠢ ᠢᠯᠭᠠᠨ ᠲᠠᠨᠢᠬᠤ ᠸᠢᠴᠠᠲ ᠤᠨ ᠵᠢᠵᠢᠭ ᠫᠷᠤᠭ᠍ᠷᠠᠮ ᠤᠨ ᠨᠢᠭᠤᠴᠠ ᠶᠢ ᠵᠠᠳᠠᠷᠠᠭᠤᠯᠤᠭᠰᠠᠨ ᠠᠰᠠᠭᠤᠳᠠᠯ ᠢ ᠲᠥᠪᠯᠡᠷᠡᠭᠦᠯᠦᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠬᠤᠷᠠᠯᠳᠤᠭᠠᠨ  ᠬᠢᠭᠰᠡᠨ      ᠣᠶᠢᠷ᠎ᠠ ᠶᠢᠨ  ᠵᠢᠯ ᠠᠴᠠ᠂ ᠸᠢᠴᠠᠲ ᠨᠢ ᠡᠳᠦᠷ ᠲᠤᠲᠤᠮ ᠤᠨ ᠠᠯᠪᠠᠯᠠᠬᠤ ᠴᠢᠬᠤᠯᠠ ᠪᠠᠭᠠᠵᠢ ᠪᠣᠯᠤᠭᠰᠠᠨ ᠪᠣᠯᠪᠠᠴᠤ ᠸᠢᠴᠠᠲ ᠪᠠ ᠵᠢᠷᠤᠭ ᠦᠰᠦᠭ ᠢ ᠢᠯᠭᠠᠨ ᠲᠠᠨᠢᠬᠤ ᠸᠢᠴᠠᠲ ᠤᠨ ᠵᠢᠵᠢᠭ ᠳᠡᠰ ᠳᠠᠷᠠᠭᠠᠯᠠᠯ ᠤᠨ ᠨᠢᠭᠤᠴᠠ ᠶᠢ ᠵᠠᠳᠠᠷᠠᠭᠤᠯᠬᠤ ᠬᠡᠷᠡᠭ ᠣᠯᠠᠨ ᠭᠠᠷᠴᠤ᠂ ᠨᠢᠭᠤᠴᠠ ᠶᠢ ᠵᠠᠳᠠᠷᠠᠭᠤᠯᠬᠤ ᠠᠰᠠᠭᠤᠳᠠᠯ ᠭᠠᠷᠴᠤ ᠪᠠᠶᠢᠬᠤ ᠬᠦᠨᠳᠦ ᠬᠡᠴᠡᠭᠦᠦ ᠭᠠᠮᠰᠢᠭᠳᠠᠭᠰᠠᠨ ᠣᠷᠣᠨ ᠪᠣᠯᠵᠤ᠂ ᠸᠢᠴᠠᠲ ᠤᠨ ᠨᠢᠭᠤᠴᠠ ᠶᠢ ᠵᠠᠳᠠᠷᠠᠭᠤᠯᠬᠤ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠢ ᠰᠡᠷᠭᠡᠶᠢᠯᠡᠬᠦ ᠪᠠ ᠠᠷᠢᠯᠭᠠᠵᠤ᠂ ᠪᠦᠬᠦ ᠰᠢᠶᠠᠩ ᠤᠨ ᠺᠠᠳ᠋ᠷ ᠠᠵᠢᠯᠲᠠᠨ ᠠᠵᠢᠯᠴᠢᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠦᠨᠡᠨᠬᠦ ᠳᠡᠭᠡᠭᠰᠢᠯᠡᠭᠦᠯᠵᠦ ᠪᠣᠢ᠃
11.6.jpeg
     10 ᠰᠠᠷ᠎ᠠ ᠶᠢᠨ 31 ᠤ ᠡᠳᠦᠷ᠂ ᠶᠡᠭᠡ ᠬᠠᠷ᠎ᠠ ᠭᠤᠣᠯ ᠰᠢᠶᠠᠩ ᠤᠨ ᠸᠢᠴᠠᠲ ᠵᠢᠴᠢ ᠵᠢᠷᠤᠭ ᠦᠰᠦᠭ ᠢ ᠢᠯᠭᠠᠨ ᠲᠠᠨᠢᠬᠤ ᠸᠢᠴᠠᠲ ᠤᠨ ᠵᠢᠵᠢᠭ ᠳᠡᠰ ᠳᠠᠷᠠᠭᠠᠯᠠᠯ ᠤᠨ ᠨᠢᠭᠤᠴᠠ ᠶᠢ ᠵᠠᠳᠠᠷᠠᠭᠤᠯᠬᠤ ᠠᠰᠠᠭᠤᠳᠠᠯ ᠢ ᠲᠥᠪᠯᠡᠷᠡᠭᠦᠯᠦᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠬᠤᠷᠠᠯ ᠬᠢᠪᠡ᠃       ᠬᠤᠷᠠᠯ ᠳᠡᠭᠡᠷ᠎ᠡ ᠨᠠᠮ ᠤᠨ ᠬᠤᠷᠢᠶᠠᠨ ᠤ ᠱᠦᠵᠢ ᠯᠢᠦᠢ ᠰᠢᠶᠠᠩ ᠹᠧᠩ ᠨᠥᠬᠦᠷ ᠪᠦᠬᠦ ᠰᠢᠶᠠᠩ ᠤᠨ ᠺᠠᠳ᠋ᠷ ᠢ ᠳᠠᠭᠠᠭᠤᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠭᠡᠬᠦ ᠨᠠᠷᠢᠨ ᠠᠭᠤᠯᠭ᠎ᠠ ᠶᠢ ᠰᠤᠷᠤᠯᠴᠠᠵᠠᠢ᠃ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠲᠢᠶᠠᠨ ᡁᠢ ᠨᠥᠬᠦᠷ‌‍ᠡᠴᠡ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠬᠥᠮᠦᠵᠢᠯ ᠬᠢᠵᠦ᠂ ᠸᠢᠴᠠᠲ ᠪᠣᠯᠤᠨ ᠵᠢᠷᠤᠭ ᠦᠰᠦᠭ ᠢ ᠢᠯᠭᠠᠨ ᠲᠠᠨᠢᠬᠤ ᠪᠢᠴᠢᠯ ᠮᠡᠳᠡᠭᠡ ᠶᠢᠨ ᠵᠢᠵᠢᠭ ᠳᠡᠰ ᠳᠠᠷᠠᠭᠠᠯᠠᠯ ᠤᠨ ᠨᠢᠭᠤᠴᠠ ᠶᠢ ᠵᠠᠳᠠᠷᠠᠭᠤᠯᠬᠤ ᠠᠵᠢᠯᠯᠠᠭ᠎ᠠ ᠶᠢᠨ ᠬᠤᠣᠷ ᠬᠥᠨᠥᠭᠡᠯᠲᠦ ᠴᠢᠨᠠᠷ᠂ ᠦᠷ᠎ᠡ ᠳ᠋ᠦ᠋ᠩ ᠤᠨ ᠬᠦᠨᠳᠦ ᠨᠣᠴᠢᠲᠠᠢ ᠴᠢᠨᠠᠷ ᠢ ᠲᠣᠳᠣᠷᠬᠠᠢ ᠲᠠᠶᠢᠯᠪᠤᠷᠢᠯᠠᠨ᠂ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠪᠣᠢ ᠪᠦᠬᠦᠢ ᠬᠥᠮᠦᠰ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠠᠵᠠ ᠬᠠᠶᠢᠬᠤ ᠪᠣᠳᠣᠯ ᠪᠠ ᠮᠢᠨᠴᠦᠭᠦᠷᠡᠬᠦ ᠦᠵᠡᠯ ᠰᠠᠨᠠᠭ᠎ᠠ ᠶᠢ ᠨᠢ ᠲᠡᠪᠴᠢᠭᠦᠯᠵᠦ᠂ 《 ᠭᠠᠷ ᠤᠲᠠᠰᠤ ᠪᠠᠷ ᠨᠢᠭᠤᠴᠠ ᠰᠡᠭᠦᠳᠡᠷᠯᠡᠬᠦ 》 《 ᠸᠢᠴᠠᠲ ᠢᠶᠠᠷ ᠨᠢᠭᠤᠴᠠ ᠳᠠᠮᠵᠢᠭᠤᠯᠬᠤ 》᠂ 《 ᠵᠢᠵᠢᠭ ᠳᠡᠰ ᠳᠠᠷᠠᠭᠠᠯᠠᠯ ᠤᠨ ᠨᠢᠭᠤᠴᠠ ᠲᠠᠨᠢᠬᠤ 》 ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠤᠴᠠ ᠶᠢ ᠬᠠᠮᠠᠭᠠᠯᠠᠬᠤ ᠠᠵᠢᠯ ᠪᠣᠯ ᠤᠯᠤᠰ ᠤᠨ ᠠᠮᠤᠷ ᠲᠦᠪᠰᠢᠨ ᠲᠠᠢ ᠬᠤᠯᠪᠣᠭᠳᠠᠬᠤ ᠪᠣᠯᠬᠤᠷ ᠡᠷᠬᠡᠪᠰᠢ ᠴᠢᠬᠤᠯᠠᠴᠢᠯᠠᠵᠤ᠂ ᠲᠤᠰᠬᠠᠢ ᠬᠥᠮᠦᠨ ᠬᠠᠷᠢᠭᠤᠴᠠᠬᠤ ᠶᠢ ᠲᠣᠳᠣᠷᠬᠠᠶᠢᠯᠠᠬᠤ ᠶᠢᠨ ᠬᠠᠮᠲᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠪᠦᠬᠦ ᠰᠢᠶᠠᠩ ᠤᠨ ᠺᠠᠳ᠋ᠷ ᠠᠵᠢᠯᠲᠠᠨ ᠠᠵᠢᠯᠴᠢᠨ ᠳᠤ ᠪᠦᠬᠦ ᠲᠠᠯ᠎ᠠ ᠪᠠᠷ ᠨᠠᠷᠢᠨ ᠨᠢᠮᠪᠠᠢ ᠥᠪᠡᠰᠦᠪᠡᠨ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠥᠪᠡᠷ ᠲᠡᠭᠡᠨ ᠪᠠᠶᠢᠴᠠᠭᠠᠵᠤ ᠵᠢᠭᠰᠡᠭᠠᠨ ᠪᠠᠶᠢᠴᠠᠭᠠᠵᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠪᠣᠳᠠᠲᠠᠢ ᠱᠠᠭᠠᠷᠳᠠᠯᠭ᠎ᠠ ᠶᠢ ᠳᠤᠷᠠᠳᠬᠤ ᠶᠢᠨ ᠬᠠᠮᠲᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠰᠡᠭᠦᠯ ᠦᠯᠡᠳᠡᠭᠡᠬᠦ ᠥᠬᠡᠢ᠂ ᠳᠠᠬᠢᠵᠤ ᠬᠦᠨᠳᠦᠷᠡᠭᠦᠯᠬᠦ ᠥᠬᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠲᠤᠰ ᠨᠢᠭᠡᠴᠡ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠨᠢᠭᠤᠴᠠ ᠶᠢ ᠬᠠᠮᠠᠭᠠᠯᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠵᠦᠢ ᠵᠣᠬᠢᠰᠲᠠᠢ ᠪᠦᠲᠦᠮᠵᠢᠲᠡᠢ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠸᠢᠴᠠᠲ ᠪᠣᠯᠤᠨ ᠵᠢᠷᠤᠭ ᠦᠰᠦᠭ ᠢ ᠢᠯᠭᠠᠨ ᠲᠠᠨᠢᠬᠤ ᠸᠢᠴᠠᠲ ᠤᠨ ᠵᠢᠵᠢᠭ ᠫᠷᠤᠭ᠍ᠷᠠᠮ ᠤᠨ ᠨᠢᠭᠤᠴᠠ ᠶᠢ ᠵᠠᠳᠠᠷᠠᠭᠤᠯᠬᠤ ᠠᠰᠠᠭᠤᠳᠠᠯ ᠭᠠᠷᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠡᠨᠡ ᠤᠳᠠᠭᠠᠨ ᠤ ᠨᠢᠭᠤᠴᠠ ᠶᠢ ᠬᠠᠮᠠᠭᠠᠯᠠᠬᠤ ᠬᠥᠮᠦᠵᠢᠯ ᠤᠨ ᠠᠵᠢᠯᠯᠠᠭ᠎ᠠ ᠪᠠᠷ ᠳᠠᠮᠵᠢᠨ᠂ ᠪᠦᠬᠦ ᠰᠢᠶᠠᠩ ᠤᠨ ᠺᠠᠳ᠋ᠷ ᠠᠵᠢᠯᠲᠠᠨ ᠠᠵᠢᠯᠴᠢᠨ ᠤ ᠨᠢᠭᠤᠴᠠ ᠶᠢ ᠬᠠᠮᠠᠭᠠᠯᠠᠬᠤ ᠲᠤᠬᠠᠢ ᠲᠠᠨᠢᠯᠲᠠ ᠶᠢ ᠤᠯᠠᠮ ᠴᠢᠩᠭᠠᠳᠬᠠᠵᠤ᠂ ᠠᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠢᠮᠠᠭᠲᠠ ᠨᠢᠭᠲᠡ ᠠᠳᠬᠤᠭᠰᠠᠭᠠᠷ ᠢᠷᠡᠵᠡᠢ᠃      ᠳᠠᠷᠠᠭᠠᠴᠢ ᠶᠢᠨ ᠠᠯᠬᠤᠮ ᠳᠤ ᠶᠡᠭᠡ ᠬᠠᠷ᠎ᠠ ᠭᠤᠤᠯ ᠰᠢᠶᠠᠩ ᠨᠢᠭᠤᠴᠠ ᠶᠢ ᠬᠠᠮᠠᠭᠠᠯᠠᠬᠤ ᠠᠵᠢᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠢᠶᠠᠨ ᠡᠳᠦᠷ ᠳᠣᠳᠣᠮ ᠤᠨ ᠪᠠᠶᠢᠳᠠᠯ ᠳᠤ ᠵᠣᠬᠢᠴᠠᠭᠤᠯᠤᠨ᠂ ᠶᠡᠷᠦ ᠶᠢᠨ ᠪᠠᠶᠢᠳᠠᠯ ᠳᠤ ᠵᠣᠬᠢᠴᠠᠭᠤᠯᠤᠨ᠂ ᠪᠠᠶᠢᠩᠭᠤ ᠶᠢᠨ ᠪᠠᠶᠢᠳᠠᠯ ᠳᠤ ᠵᠣᠬᠢᠴᠠᠭᠤᠯᠬᠤ ᠪᠣᠯᠤᠨ᠎ᠠ ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2