ᠢᠦᠢ ᠳ᠋ᠠᠢ ᠴᠢᠩ ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶ᠎ᠠ ᠲᠠᠢ ᠲᠣᠭᠤᠷᠢᠨ ᠡᠮᠨᠡᠬᠦ ᠠᠩᠭᠢ ᠶᠢ ᠲᠣᠬᠤᠨᠢᠭᠤᠯᠵᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/11/6
     ᠢᠦᠢ ᠳ᠋ᠠᠢ ᠴᠢᠩ ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶ᠎ᠠ ᠲᠠᠢ ᠲᠣᠭᠤᠷᠢᠨ ᠡᠮᠨᠡᠬᠦ ᠠᠩᠭᠢ ᠶᠢ ᠲᠣᠬᠤᠨᠢᠭᠤᠯᠵᠤ ᠶᠠᠷᠢᠯᠴᠠᠬᠤ ᠬᠤᠷᠠᠯ ᠬᠢᠪᠡ      10 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ᠂ ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶᠠᠨ ᠤ ᠳᠠᠷᠤᠭ᠎ᠠ᠂ ᠨᠠᠮ ᠤᠨ ᠬᠤᠷᠢᠶᠠᠨ ᠤ ᠳᠡᠳ᠋ ᠱᠦᠵᠢ ᠵᠧᠦ ᠵᠢᠶᠦ᠋ᠨ ᠲᠠᠢ ᠶᠠᠷᠢᠯᠴᠠᠨ ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠬᠠᠪᠰᠤᠷᠤᠨ ᠲᠡᠳᠬᠦᠬᠦ ᠠᠵᠢᠯ᠂ ᠠᠯᠤᠰ ᠠᠴᠠ ᠬᠠᠮᠲᠤᠷᠠᠨ ᠣᠨᠣᠰᠢᠯᠠᠬᠤ᠂ ᠰᠢᠨᠵᠢᠯᠡᠭᠡᠨ ᠤ ᠪᠠᠶᠢᠭᠤᠯᠤᠯᠲᠠ᠂ ᠡᠮ ᠡᠮᠨᠡᠯᠭᠡ ᠶᠢᠨ ᠮᠡᠷᠭᠡᠵᠢᠯ ᠤᠨ ᠪᠣᠯᠪᠠᠰᠤᠷᠠᠯ ᠵᠢᠴᠢ ᠴᠢᠳᠠᠪᠤᠷᠢᠲᠠᠨ ᠬᠥᠮᠦᠵᠢᠭᠦᠯᠬᠦ ᠵᠡᠷᠭᠡ ᠣᠯᠠᠨ ᠲᠠᠯ᠎ᠠ ᠪᠠᠷ ᠰᠣᠯᠢᠯᠴᠠᠭ᠎ᠠ ᠬᠢᠵᠡᠢ᠃
11. 4.jpg
       ᠢᠦᠢ ᠳ᠋ᠠᠢ ᠴᠢᠩ᠂  ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠳ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠷᠬᠡᠶᠢᠯᠡᠵᠡᠢ᠃ ᠲᠡᠷᠡ ᠬᠡᠯᠡᠬᠦ ᠳᠡᠭᠡᠨ᠂ ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠳ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ᠂ ᠡᠷᠳᠡᠮ ᠰᠢᠨᠵᠢᠯᠡᠭᠡᠨ ᠤ ᠪᠠᠶᠠᠯᠢᠭ ᠣᠷᠴᠢᠨ ᠪᠠ ᠪᠠᠶᠠᠯᠢᠭ ᠲᠤᠷᠰᠢᠯᠭ᠎ᠠ ᠪᠠᠷ ᠢᠶᠠᠨ ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠬᠥᠭᠵᠢᠯᠲᠡ ᠳᠤ ᠴᠤ ᠰᠢᠨ᠎ᠡ ᠳᠣᠲᠣᠭᠠᠳᠤ ᠶᠢᠨ ᠬᠥᠳᠡᠯᠭᠡᠬᠦ ᠬᠦᠴᠦᠨ ᠨᠡᠮᠡᠷᠢᠯᠡᠪᠡ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠲᠣᠬᠢᠶᠠᠯ ᠢ ᠡᠵᠡᠮᠳᠡᠵᠦ᠂ ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶ᠎ᠠ ᠶᠢᠨ ᠳᠠᠪᠠᠭᠤᠯᠢᠭ ᠡᠬᠢ ᠪᠠᠶᠠᠯᠢᠭ ᠪᠠ ᠲᠤᠰᠬᠠᠢ ᠬᠦᠴᠦᠨ ᠢ ᠭᠦᠢᠴᠡᠳ ᠠᠰᠢᠭᠯᠠᠵᠤ᠂ ᠰᠢᠨᠵᠢᠯᠡᠭᠡᠨ ᠤ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠵᠠᠩᠭᠢᠯᠠᠭ᠎ᠠ ᠶᠢᠨ ᠬᠡᠪᠴᠢᠶᠡᠨ ᠳᠠᠬᠢ ᠬᠠᠮᠵᠢᠯᠴᠠᠭ᠎ᠠ ᠪᠠᠨ ᠲᠠᠰᠤᠷᠠᠯᠲᠠ ᠥᠬᠡᠢ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠵᠧᠦ ᠵᠢᠶᠦ᠋ᠨ ᠬᠡᠯᠡᠭᠰᠡᠨ  ᠨᠢ᠂ ᠲᠣᠭᠤᠷᠢᠨ ᠡᠮᠴᠢᠯᠡᠬᠦ ᠠᠵᠢᠯ ᠨᠢ ᠡᠮᠴᠢᠯᠡᠭᠡᠨ ᠤ ᠰᠢᠯᠢᠳᠡᠭ ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠬᠤ ᠪᠦᠲᠦᠮᠵᠢᠲᠡᠢ ᠠᠷᠭ᠎ᠠ ᠵᠠᠮ ᠪᠣᠯᠬᠤ ᠪᠠᠷ ᠪᠠᠷᠠᠬᠤ ᠥᠬᠡᠢ᠂ ᠨᠡᠩ ᠴᠤ  ᠤᠯᠤᠰ ᠠᠴᠠ ᠳᠤᠮᠳᠠ ᠪᠠᠷᠠᠭᠤᠨ ᠣᠷᠣᠨ ᠤ ᠨᠡᠶᠢᠭᠡᠮ ᠤᠨ ᠬᠥᠭᠵᠢᠯᠲᠡ ᠶᠢ ᠳᠡᠮᠵᠢᠬᠦ ᠴᠢᠬᠤᠯᠠ ᠠᠷᠭ᠎ᠠ ᠪᠠᠷᠢᠯ ᠪᠣᠯᠤᠨ᠎ᠠ᠃ ᠡᠯ᠎ᠡ ᠰᠠᠯᠠᠭᠠᠨ ᠤ ᠲᠤᠰᠬᠠᠢ ᠮᠡᠷᠭᠡᠵᠢᠯᠲᠡᠳ ᠲᠣᠭᠤᠷᠢᠨ ᠡᠮᠴᠢᠯᠡᠬᠦ ᠠᠷᠭ᠎ᠠ ᠠᠪᠴᠤ᠂ ᠰᠢᠯᠢᠳᠡᠭ ᠡᠮ ᠡᠮᠨᠡᠯᠭᠡ ᠶᠢᠨ ᠦᠢᠯᠡᠴᠢᠯᠡᠭᠡ ᠶᠢ ᠠᠷᠠᠳ ᠣᠯᠠᠨ ᠤ ᠳᠡᠷᠭᠡᠳᠡ ᠠᠪᠠᠴᠢᠵᠤ᠂ ᠦᠨᠳᠦᠰᠦᠨ ᠱᠠᠲᠤᠨ ᠤ ᠠᠷᠠᠳ ᠲᠦᠮᠡᠨ ᠳᠤ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠰᠢᠯᠢᠳᠡᠭ ᠡᠮ ᠡᠮᠨᠡᠯᠭᠡ ᠶᠢᠨ ᠡᠬᠢ ᠪᠠᠶᠠᠯᠢᠭ ᠢ ᠬᠤᠲᠠ ᠬᠥᠳᠡᠭᠡ ᠶᠢᠨ ᠦᠨᠳᠦᠰᠦᠨ ᠱᠠᠲᠤ ᠵᠦᠭ ᠬᠡᠯᠪᠠᠶᠢᠯᠭᠡᠬᠦ ᠶᠢ ᠲᠦᠯᠬᠢᠨ ᠠᠬᠢᠭᠤᠯᠤᠨ᠎ᠠ᠃ ᠡᠭᠦᠨ ᠤ ᠬᠠᠮᠲᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠢᠭᠠᠨ ᠰᠤᠷᠭᠠᠬᠤ ᠶᠢ ᠨᠢ ᠰᠠᠶᠢᠲᠤᠷ ᠳᠠᠶᠢᠴᠢᠯᠠᠵᠤ᠂ ᠰᠢᠯᠢᠳᠡᠭ ᠡᠮ ᠡᠮᠨᠡᠯᠭᠡ ᠶᠢᠨ ᠦᠢᠯᠡᠴᠢᠯᠡᠭᠡᠨ ᠤ ᠬᠠᠮᠤᠷᠤᠭᠳᠠᠬᠤ ᠴᠢᠨᠠᠷ ᠢ ᠳᠡᠭᠡᠭᠰᠢᠯᠡᠭᠦᠯᠦᠨ᠂ ᠲᠤᠰᠠᠯᠠᠮᠵᠢ ᠬᠦᠷᠲᠡᠬᠦ ᠭᠠᠵᠠᠷ ᠣᠷᠣᠨ ᠤ ᠡᠮᠨᠡᠯᠭᠡ ᠶᠢᠨ ᠠᠵᠢᠯᠲᠠᠨ ᠤ ᠮᠡᠷᠭᠡᠵᠢᠯ ᠤᠨ ᠬᠢᠷᠢ ᠬᠡᠮᠵᠢᠶ᠎ᠡ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠲᠠᠪᠰᠢᠯᠲᠠ ᠶᠢ ᠬᠠᠮᠲᠤᠪᠠᠷ ᠲᠦᠯᠬᠢᠨ ᠠᠬᠢᠭᠤᠯᠬᠤ ᠬᠡᠷᠡᠭᠲᠡᠢ᠃       ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠡᠷᠬᠢᠯᠡᠭᠴᠢ  ᠬᠤ᠋ ᠵᠦᠢ ᠯᠦᠩ᠂ ᠬᠤᠰᠢᠭᠤᠨ ᠤ ᠤᠳᠤᠷᠢᠳᠤᠯᠭ᠎ᠠ ᠶᠠᠩ ᠯᠢᠦ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2