ᠴᠢᠬᠤᠯᠠ ᠮᠡᠳᠡᠭᠳᠡᠯ︕ ᠤᠳᠠᠯ ᠦᠭᠡᠢ ᠬᠡᠷᠡᠭᠵᠢᠭᠦᠯᠬᠦ ᠭᠡᠵᠦ ᠪᠤᠢ︕ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠠᠢ ᠬᠤᠯᠪᠣᠭᠳᠠᠨ᠎ᠠ
ᠨᠡᠶᠢᠲᠡᠯᠡᠭᠰᠡᠨ ᠴᠠᠭ᠄
2024/11/6
      ᠴᠢᠬᠤᠯᠠ ᠮᠡᠳᠡᠭᠳᠡᠯ︕ ᠤᠳᠠᠯ ᠦᠭᠡᠢ ᠬᠡᠷᠡᠭᠵᠢᠭᠦᠯᠬᠦ ᠭᠡᠵᠦ ᠪᠤᠢ︕ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠠᠢ ᠬᠤᠯᠪᠣᠭᠳᠠᠨ᠎ᠠ       ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ ᠺᠣᠳ᠋ ᠢᠶᠠᠨ ᠭᠠᠷᠭᠠᠵᠤ ᠬᠦᠢᠴᠡᠳᠬᠡᠬᠦ ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ      ︽ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠭᠡᠷᠡᠴᠢᠯᠡᠬᠦ ᠵᠦᠢᠯᠡᠰ ᠢ ᠡᠮᠬᠢᠯᠡᠨ ᠨᠡᠶᠢᠯᠡᠭᠦᠯᠵᠦ ︽ ᠺᠣᠳ᠋ ᠢᠶᠠᠨ ᠭᠠᠷᠭᠠᠵᠤ ᠬᠦᠢᠴᠡᠳᠬᠡᠬᠦ ︾ ᠠᠵᠢᠯ ᠢ ᠠᠬᠢᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ ︾ ᠳᠤ ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠵᠢᠭ ᠲᠠᠰ ᠳᠠᠷᠠᠭᠠᠯᠠᠯ ᠪᠠ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠴᠢ ᠨᠢ ᠠᠵᠢᠯᠲᠠᠨ ᠠᠵᠢᠯᠴᠢᠨ ᠤ ᠲᠤᠰᠢᠶᠠᠨ ᠬᠠᠳᠠᠭᠠᠯᠠᠬᠰᠠᠨ ᠭᠡᠷᠡᠴᠢ ᠂ ᠣᠨᠳᠣᠣ ᠭᠠᠵᠠᠷ ᠵᠢᠭᠡᠯᠡᠯᠭᠡ ᠶᠢᠨ ᠮᠦᠡᠭᠭᠦ ᠲᠤᠰᠢᠶᠠᠨ ᠬᠠᠳᠠᠭᠠᠯᠠᠵᠦ ᠬᠡᠷᠡᠭᠯᠡᠬᠦ ᠭᠡᠷᠡᠴᠢ ᠂ ᠵᠢᠭᠡᠯᠡᠯᠭᠡ ᠶᠢᠨ ᠳ᠋ᠦᠩᠨᠡᠨ ᠪᠣᠳᠣᠭᠰᠠᠨ ᠭᠡᠷᠡᠴᠢ ᠵᠡᠷᠭᠡ ᠬᠤᠪᠢ ᠬᠥᠮᠦᠨ ᠤ ᠭᠡᠷᠡᠴᠢ ᠠᠪᠬᠤ ᠪᠠᠷ ᠭᠤᠶᠤᠴᠢᠯᠠᠬᠤ ᠦᠶᠡᠰ ᠂ ᠲᠡᠭᠦᠨ ᠳᠤ ᠴᠠᠭ ᠲᠤᠬᠠᠶ ᠳᠤᠨᠢ ᠰᠦᠯᠵᠢᠶᠡᠨ ᠳᠡᠭᠡᠷ᠎ᠡ ᠭᠠᠷᠭᠠᠵᠤ ᠥᠭᠬᠦ ᠂ ᠠᠷᠤ ᠲᠠᠪᠴᠠᠩ ᠤᠨ ᠠᠦ᠋ᠲ᠋ᠣ᠋ ᠪᠠᠶᠢᠴᠠᠭᠠᠨ ᠰᠢᠯᠭᠠᠯᠲᠠ ᠵᠡᠷᠭᠡ ᠦᠢᠯᠡᠴᠢᠯᠡᠭᠡ ᠬᠢᠬᠦ ᠳᠤ ᠂ ᠨᠢᠭᠡᠳᠦᠯᠲᠡᠶ ︽ ᠡᠯᠧᠺᠲᠷᠣᠨ ᠺᠣᠳ᠋ ︾ ᠢᠶᠠᠷ ᠤᠤᠯ ᠤᠨ 3 ᠵᠦᠢᠯ ᠤᠨ ᠴᠠᠭᠠᠰᠤᠨ ᠭᠡᠷᠡᠴᠢ ᠶᠢ ᠣᠷᠣᠯᠠᠭᠤᠯᠵᠤ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ ᠺᠣᠳ᠋ ᠢᠶᠠᠨ ᠭᠠᠷᠭᠠᠵᠤ ᠬᠦᠢᠴᠡᠳᠬᠡᠬᠦ ︾ ᠶᠢ ᠪᠡᠶᠡᠯᠡᠭᠦᠯᠦᠨ᠎ᠡ᠃ 2024 ᠣᠨ ᠤ 8 ᠰᠠᠷ᠎ᠠ ᠠᠴᠠ ᠡᠬᠢᠯᠡᠨ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ ᠺᠣᠳ᠋ ᠢᠶᠠᠨ ᠭᠠᠷᠭᠠᠵᠤ ᠬᠦᠢᠴᠡᠳᠬᠡᠬᠦ ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ ᠭᠡᠵᠦ ᠲᠤᠷᠠᠳᠴᠡᠢ᠃ᠢᠷᠡᠯᠲᠡ ᠄  ᠠᠷᠠᠳ ᠤᠨ ᠰᠦᠯᠵᠢᠶ᠎ᠡᠳᠡᠪᠰᠢᠭᠦᠯᠦᠭᠴᠢ ᠄   ᠲᠡᠷᠭᠡᠯ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2