ᠰᠠᠶᠢᠨ ᠴᠢᠮᠡᠭᠡ︕ ᠪᠥᠬᠦ ᠣᠷᠣᠨ ᠤ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/11/6
      ᠰᠠᠶᠢᠨ ᠴᠢᠮᠡᠭᠡ︕ ᠪᠥᠬᠦ ᠣᠷᠣᠨ ᠤ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ      7 ᠰᠠᠷ᠎ᠠ ᠶᠢᠨ 16 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠬᠠᠮᠲᠤᠷᠠᠨ ︽ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠮᠡᠳᠡᠭᠳᠡᠯ ︾ ᠢ ᠳᠠᠷᠤᠮᠠᠯᠯᠠᠨ ᠲᠠᠷᠬᠠᠭᠠᠪᠠ᠃      ᠮᠡᠳᠡᠭᠳᠡᠯ ᠤᠨ ᠱᠠᠭᠠᠷᠳᠠᠯᠭ᠎ᠠ ᠶᠣᠰᠣᠭᠠᠷ ᠂ 2024 ᠣᠨ ᠤ 7 ᠰᠠᠷ᠎ᠠ ᠶᠢᠨ 1 ᠤ ᠡᠳᠦᠷ ᠠᠴᠠ ᠪᠥᠬᠦ ᠣᠷᠣᠨ ᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠯᠣᠭᠤᠳᠬᠤ ᠪᠠᠷᠢᠮᠵᠢᠶ᠎ᠠ ᠶᠢ ᠴᠥᠮ ᠬᠥᠮᠦᠨ ᠨᠢᠭᠡᠪᠦᠷᠢ ᠰᠠᠷ᠎ᠠ ᠳᠤ 100 ᠲᠥᠭᠦᠷᠢᠭ ᠪᠠᠶᠢᠭᠰᠠᠨ ᠠᠴᠠ ᠨᠢ ᠬᠥᠮᠦᠨ ᠨᠢᠭᠡᠪᠦᠷᠢ ᠰᠠᠷ᠎ᠠ ᠳᠤ 125 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠬᠢᠨ ︽ ᠴᠢᠳᠠᠯ ᠤᠨ ᠬᠢᠷᠢ ᠪᠠᠷ ᠢᠶᠠᠨ ᠬᠢᠬᠦ ᠂ ᠴᠢᠳᠠᠯ ᠤᠨ ᠬᠢᠷᠢ ᠪᠠᠷ ᠢᠶᠠᠨ ᠭᠡᠷᠡᠭᠵᠢᠬᠦᠯᠬᠦ ︾ ᠵᠠᠷᠴᠢᠮ ᠤᠨ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠯᠣᠭᠤᠳᠬᠤ ᠪᠠᠷᠢᠮᠵᠢᠶ᠎ᠠ ᠠᠴᠠ ᠳᠣᠣᠷ᠎ᠠ ᠦᠭᠡᠶ ᠪᠠᠷ ᠲᠤᠰ ᠭᠠᠵᠠᠷ ᠣᠷᠣᠨ ᠤ ᠨᠥᠬᠦᠪᠥᠷᠢ ᠶᠢᠨ ᠪᠠᠷᠢᠮᠵᠢᠶ᠎ᠠ ᠪᠠᠨ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠳᠤ ᠵᠡᠮᠳᠡᠭᠴᠦᠳ ᠤᠨ ︽ ᠬᠤᠶᠠᠷ ᠵᠦᠢᠯ ᠤᠨ ᠨᠥᠬᠦᠪᠥᠷᠢ ︾ ᠶᠢᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠮᠡᠳᠡᠭᠦᠯᠵᠦ ᠂ ᠭᠤᠶᠤᠴᠢᠯᠠᠨ ᠠᠪᠬᠤ ᠳᠡᠰ ᠳᠠᠷᠠᠭᠠᠯᠠᠯ ᠪᠠ ᠦᠨᠳᠦᠰᠦᠨ ᠱᠠᠭᠠᠷᠳᠠᠯᠭ᠎ᠠ ᠶᠢ ᠣᠶᠢᠯᠠᠭᠠᠭᠤᠯᠵᠤ ᠂ ᠵᠡᠮᠳᠡᠭᠴᠦᠳ ᠢ ᠬᠠᠪᠰᠤᠷᠤᠨ ᠬᠠᠮᠢᠶ᠎ᠠ ᠪᠦᠬᠦᠢ ᠭᠠᠷᠳᠠᠮ ᠢ ᠳᠥᠭᠦᠮ ᠳᠥᠲᠡ ᠭᠦᠢᠴᠡᠳᠬᠡᠯᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃ᠢᠷᠡᠯᠲᠡ ᠄  ᠠᠷᠠᠳ ᠤᠨ ᠰᠦᠯᠵᠢᠶ᠎ᠡᠳᠡᠪᠰᠢᠭᠦᠯᠦᠭᠴᠢ ᠄   ᠲᠡᠷᠭᠡᠯ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2