ᠢᠦᠢ ᠳ᠋ᠠᠢ ᠴᠢᠩ ᠠᠩᠭᠢ ᠳᠠᠭᠠᠭᠤᠯᠵᠤ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠲᠤ ᠬᠦᠷᠴᠦ ᠪᠡᠭᠡᠵᠢᠩ ᠥᠪᠥᠷ ᠮᠣᠩᠭᠤᠯ ᠲᠠᠢ ᠬᠠᠷᠢᠯᠴᠠᠬᠤ ᠬᠠᠮᠵᠢᠯᠴᠠᠭᠠᠨ ᠤ ᠠᠵᠢᠯ ᠬᠢᠭᠰᠡᠨ
ᠨᠡᠶᠢᠲᠡᠯᠡᠭᠰᠡᠨ ᠴᠠᠭ᠄
2024/12/11
      ᠢᠦᠢ ᠳ᠋ᠠᠢ ᠴᠢᠩ ᠠᠩᠭᠢ ᠳᠠᠭᠠᠭᠤᠯᠵᠤ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠲᠤ ᠬᠦᠷᠴᠦ ᠪᠡᠭᠡᠵᠢᠩ ᠥᠪᠥᠷ ᠮᠣᠩᠭᠤᠯ ᠲᠠᠢ ᠬᠠᠷᠢᠯᠴᠠᠬᠤ ᠬᠠᠮᠵᠢᠯᠴᠠᠭᠠᠨ ᠤ ᠠᠵᠢᠯ ᠬᠢᠭᠰᠡᠨ       12 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ ᠠᠩᠭᠢ ᠪᠠᠨ ᠳᠠᠭᠠᠭᠤᠯᠤᠨ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠲᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠲᠤᠬᠠᠢ ᠬᠤᠸᠠᠢ ᠷᠸᠦ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ᠂ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠲᠠᠢ ᠠᠪᠴᠠᠯᠳᠤᠭᠤᠯᠤᠨ ᠰᠠᠨᠠᠯ ᠢᠶᠠᠨ ᠰᠣᠯᠢᠯᠴᠠᠪᠠ᠃
12.11+1.jpeg
       ᠶᠠᠷᠢᠯᠴᠠᠬᠤ ᠬᠤᠷᠠᠯ ᠳᠡᠭᠡᠷ᠎ᠡ᠂ ᠬᠤᠸᠠᠢ ᠷᠸᠦ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠨᠠᠷ ᠳᠥᠷᠪᠡᠳ ᠬᠤᠰᠢᠭᠤᠨ ᠤ ᠠᠶᠢᠯᠴᠢᠯᠠᠯᠲᠠ ᠶᠢ ᠪᠠᠶᠠᠷᠯᠠᠨ ᠤᠭᠲᠤᠵᠤ᠂ ᠬᠤᠶᠠᠷ ᠲᠠᠯ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠪᠠᠲᠤᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠵᠡᠷᠭᠡ ᠠᠵᠢᠯ ᠤᠨ ᠲᠣᠭᠤᠷᠢᠨ ᠳᠤ ᠭᠦᠨᠵᠡᠭᠡᠢ ᠰᠣᠯᠢᠯᠴᠠᠭ᠎ᠠ ᠬᠢᠵᠦ᠂ ᠬᠤᠶᠠᠷ ᠭᠠᠵᠠᠷ ᠤᠨ ᠪᠣᠳᠠᠲᠠᠢ ᠬᠠᠮᠵᠢᠯᠴᠠᠭ᠎ᠠ ᠶᠢ ᠠᠬᠢᠭᠤᠯᠬᠤ᠂ ᠦᠷᠭᠦᠯᠵᠢᠯᠡᠨ ᠬᠥᠭᠵᠢᠬᠦ ᠶᠢ ᠬᠠᠮᠲᠤᠪᠠᠷ ᠵᠥᠪᠯᠡᠪᠡ᠃
12.11+2.jpeg
       ᠢᠦᠢ ᠳ᠋ᠠᠢ ᠴᠢᠩ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠬᠤᠸᠠᠢ ᠷᠸᠦ ᠲᠣᠭᠤᠷᠢᠭ ᠲᠤ ᠣᠯᠠᠨ ᠵᠢᠯ ᠤᠨ ᠲᠤᠷᠰᠢ ᠳᠥᠷᠪᠡᠳ ᠬᠤᠰᠢᠭᠤ ᠶᠢᠨ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠪᠠᠷ ᠬᠡᠯᠡᠬᠦ ᠳᠤ ᠪᠠᠨ᠂ ᠰᠡᠭᠦᠯ ᠤᠨ ᠵᠢᠯ ᠤᠳ ᠲᠤ᠂ ᠬᠤᠶᠠᠷ ᠭᠠᠵᠠᠷ ᠤᠨ  ᠬᠢᠨ ᠮᠡᠷᠭᠡᠵᠢᠯ ᠤᠨ ᠪᠣᠯᠪᠠᠰᠤᠨ ᠬᠦᠴᠦᠨ ᠤ 《 ᠪᠠᠶᠢᠭᠤᠯᠤᠯᠭ᠎ᠠ ᠶᠢᠨ ᠵᠣᠬᠢᠶᠠᠨ ᠪᠠᠶᠢᠭᠤᠯᠬᠤ ᠬᠡᠯᠲᠡᠰ 》 ᠤᠨ ᠪᠣᠯᠪᠠᠰᠤᠷᠠᠯ ᠤᠨ ᠮᠡᠷᠭᠡᠵᠢᠯ ᠤᠨ ᠪᠣᠯᠪᠠᠰᠤᠨ ᠬᠦᠴᠦᠨ ᠢ ᠵᠣᠬᠢᠶᠠᠨ ᠪᠠᠶᠢᠭᠤᠯᠬᠤ᠂   ᠲᠡᠷᠡᠴᠢᠯᠡᠨ 《 ᠪᠡᠭᠡᠵᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠠᠷᠢᠯᠴᠠᠨ ᠬᠠᠪᠰᠤᠷᠤᠯᠴᠠᠬᠤ 》 ᠲᠥᠷᠥ ᠶᠢᠨ ᠪᠣᠳᠣᠯᠭ᠎ᠠ  ᠬᠡᠷᠡᠭᠵᠢᠭᠦᠯᠦᠨ᠎ᠡ ᠃  ᠳᠠᠷᠠᠭᠠᠴᠢ ᠶᠢᠨ ᠠᠯᠬᠤᠮ ᠳᠤ ᠬᠤᠸᠠᠢ ᠷᠸᠦ ᠲᠣᠭᠤᠷᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠲᠠᠷᠢᠶᠠᠯᠠᠩ ᠤᠨ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠢ ᠬᠥᠮᠦᠵᠢᠭᠦᠯᠦᠨ ᠰᠣᠯᠢᠯᠴᠠᠬᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ ᠳᠤ ᠣᠷᠣᠭᠤᠯᠬᠤ ᠵᠡᠷᠭᠡ ᠲᠠᠯ᠎ᠠ  ᠪᠠᠷ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠵᠢᠯᠴᠠᠬᠤ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠬᠦᠰᠡᠵᠦ ᠪᠣᠢ᠃ ᠡᠭᠦᠨ ᠤ ᠬᠠᠮᠲᠤ᠂ ᠳᠥᠷᠪᠡᠳ ᠬᠤᠰᠢᠭᠤ ᠪᠦᠬᠦ ᠬᠦᠴᠦᠨ ᠢᠶᠠᠷ ᠢᠶᠠᠨ ᠡᠯ᠎ᠡ ᠲᠥᠷᠥᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠥᠭᠵᠢᠯᠲᠡ ᠶᠢᠨ ᠣᠷᠴᠢᠨ ᠲᠣᠭᠤᠷᠢᠨ ᠢᠶᠠᠨ ᠤᠯᠠᠮ ᠰᠢᠯᠢᠳᠡᠭᠵᠢᠭᠦᠯᠵᠦ᠂ ᠬᠤᠸᠠᠢ ᠷᠸᠦ ᠲᠣᠭᠤᠷᠢᠭ ᠤᠨ ᠰᠠᠶᠢᠨ ᠰᠡᠳᠬᠢᠴᠡ᠂ ᠰᠠᠶᠢᠨ ᠬᠢᠳᠡᠯ ᠢ ᠬᠢᠨᠠᠮᠠᠭᠠᠢ ᠰᠤᠷᠤᠯᠴᠠᠬᠤ ᠶᠢᠨ ᠬᠠᠮᠲᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠲᠤᠷᠠᠭᠰᠠᠨ ᠬᠥᠭᠵᠢᠯᠲᠡ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠭᠤᠰᠤᠯᠴᠠᠵᠤ᠂ ᠪᠦᠬᠦ ᠬᠤᠰᠢᠭᠤᠨ ᠤ ᠬᠦᠴᠦᠨ ᠢᠶᠠᠨ ᠲᠥᠪᠯᠡᠷᠡᠭᠦᠯᠦᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠨᠡᠩ ᠡᠯᠪᠡᠭ ᠪᠠᠶᠠᠯᠢᠭ ᠦᠷ᠎ᠡ ᠪᠦᠲᠦᠮᠵᠢ ᠣᠯᠬᠤ ᠪᠠᠷ ᠠᠬᠢᠭᠤᠯᠤᠨ᠎ᠠ ᠭᠡᠵᠦ ᠢᠯᠡᠳᠬᠡᠪᠡ᠃        ᠬᠤᠰᠢᠭᠤᠨ ᠤ ᠤᠳᠤᠷᠢᠳᠤᠯᠭ᠎ᠠ ᠵᠢᠶᠠ ᠰᠢᠶᠣᠣ ᠫᠢᠩ᠂ ᠤᠷᠢᠬᠠᠨ᠂  ᠢᠦᠢ  ᠬᠤᠤ ᠶᠠᠷᠢᠯᠴᠠᠬᠤ ᠬᠤᠷᠠᠯ ᠳᠤ ᠣᠷᠣᠯᠴᠠᠪᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2