ᠢᠦᠢ ᠳ᠋ᠠᠢ ᠴᠢᠩ ᠰᠢᠨ ᠵᠢᠢ ᠬᠤᠸᠠ ᠪᠦᠯᠦᠭᠯᠡᠯ ᠲᠠᠢ ᠬᠤᠯᠪᠣᠭ᠎ᠠ ᠠᠪᠴᠤ ᠴᠢᠭ ᠲᠣᠭᠲᠠᠭᠠᠨ ᠬᠠᠪᠰᠤᠷᠤᠨ ᠲᠡᠳᠬᠦᠬᠦ ᠠᠵᠢᠯ  ᠬᠢᠭᠰᠡᠨ
ᠨᠡᠶᠢᠲᠡᠯᠡᠭᠰᠡᠨ ᠴᠠᠭ᠄
2024/12/11
      ᠢᠦᠢ ᠳ᠋ᠠᠢ ᠴᠢᠩ ᠰᠢᠨ ᠵᠢᠢ ᠬᠤᠸᠠ ᠪᠦᠯᠦᠭᠯᠡᠯ ᠲᠠᠢ ᠬᠤᠯᠪᠣᠭ᠎ᠠ ᠠᠪᠴᠤ ᠴᠢᠭ ᠲᠣᠭᠲᠠᠭᠠᠨ ᠬᠠᠪᠰᠤᠷᠤᠨ ᠲᠡᠳᠬᠦᠬᠦ ᠠᠵᠢᠯ  ᠬᠢᠭᠰᠡᠨ      12 ᠳ᠋ᠤᠭᠠᠷ ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ ᠰᠢᠨ ᠵᠢᠢ ᠬᠤᠸᠠ ᠪᠦᠯᠦᠭᠯᠡᠯ ᠤᠨ ᠴᠢᠭ ᠲᠣᠭᠲᠠᠭᠠᠭᠰᠠᠨ ᠬᠠᠪᠰᠤᠷᠤᠨ ᠲᠡᠳᠬᠦᠬᠦ ᠠᠵᠢᠯ ᠢ ᠬᠢᠬᠦ ᠪᠠᠷ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠴᠢᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠲᠥᠯᠥᠪᠯᠡᠭᠡ ᠪᠠᠨ ᠶᠠᠷᠢᠯᠴᠠᠵᠤ ᠲᠣᠭᠲᠠᠪᠠ᠃
12.12.jpeg
       ᠢᠦᠢ ᠳ᠋ᠠᠢ ᠴᠢᠩ ᠰᠢᠨ ᠵᠢᠢ ᠬᠤᠸᠠ ᠪᠦᠯᠦᠭᠯᠡᠯ ᠤᠨ ᠤᠤᠯ ᠤᠨ ᠬᠢ ᠲᠠᠢ ᠪᠠᠨ ᠠᠳᠠᠯᠢ ᠪᠠᠷ ᠬᠠᠪᠰᠤᠷᠤᠨ ᠳᠡᠮᠵᠢᠬᠦ ᠠᠵᠢᠯ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠲᠡᠷᠡ ᠬᠡᠯᠡᠭᠰᠡᠨ ᠨᠢ᠂ ᠬᠤᠣᠰᠯᠠᠯ ᠪᠣᠯᠵᠤ ᠬᠠᠪᠰᠤᠷᠤᠨ  ᠳᠡᠦᠨᠬᠦᠭᠰᠡᠨ ᠠᠴᠠ ᠨᠡᠰᠢ᠂ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠴᠢᠩᠭᠠᠳᠬᠠᠵᠤ᠂ ᠭᠦᠨᠵᠡᠭᠡᠢ ᠵᠣᠯᠭᠠᠭᠤᠯᠤᠨ᠂ ᠴᠢᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢᠯᠡᠷᠬᠡᠢ ᠦᠷ᠎ᠡ ᠪᠦᠲᠦᠮᠵᠢ ᠣᠯᠵᠠᠢ ᠭᠡᠪᠡ᠃ ᠳᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ᠂ ᠬᠦᠴᠦᠷᠬᠡᠭ ᠶᠡᠭᠡ ᠪᠣᠳᠠᠲᠤ ᠬᠦᠴᠦᠨ ᠳᠤ ᠲᠦᠰᠢᠭᠯᠡᠨ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠨ᠎ᠡ ᠪᠠᠷ ᠪᠠᠶᠢᠭᠤᠯᠤᠭᠰᠠᠨ ᠬᠤᠪᠴᠠᠰᠤᠨ ᠤ ᠦᠢᠯᠡᠳᠪᠦᠷᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠭᠤᠣᠯᠳᠠᠭᠤ  ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠣᠭᠤᠷᠢᠨ ᠳᠤ ᠠᠵᠢᠯ ᠣᠯᠭᠤᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠣᠷᠠᠭᠤᠯᠤᠯ ᠬᠢᠵᠦ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯ ᠢ ᠠᠬᠢᠭᠤᠯᠤᠨ᠎ᠠ᠃      ᠰᠢᠨ᠎ᠡ ᠪᠠᠷ ᠮᠠᠨᠳᠤᠭᠰᠠᠨ ᠵᠢᠢ ᠬᠤᠸᠠ ᠪᠦᠯᠦᠭᠯᠡᠯ ᠤᠨ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠢᠶᠠ ᠱᠢ ᠷᠦᠢ᠂ ᠪᠦᠯᠦᠭᠯᠡᠯ ᠤᠨ ᠤᠳᠤᠷᠢᠳᠬᠤ ᠪᠠᠭ ᠨᠢ ᠳᠥᠷᠪᠡᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠩᠭᠡᠷᠡᠭᠰᠡᠨ ᠨᠢᠭᠡ ᠬᠤᠭᠤᠴᠠᠭᠠᠨ ᠳᠤ᠂ ᠭᠦᠨ ᠭᠦᠨᠵᠡᠭᠡᠢ ᠨᠥᠬᠦᠷᠯᠡᠯ ᠪᠠᠶᠢᠭᠤᠯᠵᠤ᠂ ᠪᠦᠯᠦᠭᠯᠡᠯ ᠺᠣᠮᠫᠠᠨᠢ ᠨᠢ ᠥᠩᠭᠡᠷᠡᠭᠰᠡᠨ ᠲᠠᠢ ᠪᠠᠨ ᠠᠳᠠᠯᠢ  ᠪᠠᠷ ᠳᠥᠷᠪᠡᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠳᠡᠮᠵᠢᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠠᠪᠰᠤᠷᠤᠨ ᠲᠡᠳᠬᠦᠬᠦ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠨᠠᠷᠢᠯᠢᠭ ᠣᠨᠣᠪᠴᠢᠲᠠᠢ ᠵᠣᠯᠭᠠᠭᠤᠯᠵᠤ᠂ ᠨᠢᠭᠲᠡ ᠬᠠᠷᠢᠯᠴᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠵᠦ᠂ ᠬᠤᠶᠠᠷ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠲᠦᠮᠵᠢᠲᠡᠢ ᠴᠢᠨᠠᠷ ᠰᠠᠶᠢᠲᠠᠢ ᠬᠥᠭᠵᠢᠭᠦᠯᠬᠦ ᠬᠡᠷᠡᠭᠲᠡᠢ ᠭᠡᠪᠡ᠃        ᠬᠤᠰᠢᠭᠤᠨ ᠤ ᠤᠳᠤᠷᠢᠳᠤᠯᠭ᠎ᠠ ᠵᠢᠶᠠ ᠰᠢᠶᠣᠣ ᠫᠢᠩ᠂ ᠤᠷᠠᠬᠠᠨ᠂  ᠱᠢ ᠵᠢᠩ ᠾᠧ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ  ᠪᠠᠷ᠎ᠠ ᠪᠤᠯᠵᠠᠢ ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2