ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠮᠠᠨ ᠤ  ᠬᠤᠰᠢᠭᠤᠨ ᠳᠤ  ᠬᠤᠷᠠᠯᠳᠤᠭᠰᠠᠨ
ᠨᠡᠶᠢᠲᠡᠯᠡᠭᠰᠡᠨ ᠴᠠᠭ᠄
2024/12/16
      ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠮᠠᠨ ᠤ  ᠬᠤᠰᠢᠭᠤᠨ ᠳᠤ  ᠬᠤᠷᠠᠯᠳᠤᠭᠰᠠᠨ               ᠣᠶᠢᠷ᠎ᠠ ᠶᠢᠨ ᠡᠳᠦᠷ᠂ ᠤᠯᠠᠭᠠᠨᠴᠠᠪ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠳᠥᠷᠪᠡᠳ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠤᠬᠠᠭᠤᠯᠬᠤ ᠬᠡᠯᠲᠡᠰ ᠤᠨ ᠳᠠᠷᠤᠭ᠎ᠠ ᠹᠠᠨ ᡁᠢ ᠯᠢᠶᠠᠩ ᠬᠤᠷᠠᠯ ᠢ ᠡᠷᠬᠢᠯᠡᠭᠰᠡᠨ  ᠪᠠᠶᠢᠨ᠎ᠠ ᠃       ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ‍ᠨᠴᠢ ᠰᠢᠶᠠᠩ ᠶᠠᠩ 《 ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠪᠠᠶᠢᠳᠠᠯ ᠳᠣᠣᠷᠠᠬᠢ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠷᠭ᠎ᠠ ᠵᠠᠮ 》 ᠢ ᠰᠤᠳᠤᠯᠬᠤ ᠭᠤᠣᠯ ᠰᠡᠳᠦᠪᠲᠦ  ᠤᠬᠠᠭᠤᠯᠭ᠎ᠠ ᠶᠢᠨ ᠲᠠᠶᠢᠯᠤᠮᠵᠢ ᠬᠢᠵᠦ᠂ ᠶᠠᠷᠢᠭᠰᠠᠨ ᠠᠭᠤᠯᠭ᠎ᠠ ᠶᠢᠨ ᠭᠤᠣᠯ ᠰᠡᠳᠦᠪ ᠨᠢ ᠢᠯᠡ ᠲᠣᠳᠣ᠂ ᠬᠠᠷᠠᠭ᠎ᠠ ᠥᠷᠭᠡᠨ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠣᠨᠣᠯ ᠤᠨ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠳᠬᠠᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃       ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠪᠠ ᠳᠤᠮᠳᠠᠳᠤ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ     ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2