ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ ᠰᠢ ᠶᠢᠨ ᠫᠢᠩ ᠴᠢᠬᠤᠯᠠ | ᠶᠠᠷᠢᠶ᠎ᠠ ᠲᠠᠯᠪᠢᠵᠤ ᠯᠢ ᠴᠢᠶᠠᠩ ᠳ᠋ᠦ᠋ᠩᠨᠡᠯᠲᠡ ᠶᠢᠨ ᠶᠠᠷᠢᠶ᠎ᠠ ᠲᠠᠯᠪᠢᠪᠠ ᠵᠣᠣ ᠯᠧ ᠵᠢᠢ ᠸᠠᠩ ᠬᠤᠣ ᠨᠢᠩ ᠼᠠᠢ ᠴᠢ | ᠳ᠋ᠢᠩ ᠰᠢᠤᠸᠠᠢ ᠰᠢᠶᠠᠩ ᠯᠢ ᠰᠢ ᠬᠤᠷᠠᠯ ᠳᠤ ᠣᠷᠣᠯᠴᠠᠵᠠᠢ | | | | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ | ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ | ᠬᠤᠣ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ ᠳᠤ ᠣᠷᠣᠯᠴᠠᠵᠠᠢ᠃ | | | | | | | 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠴᠢᠬᠤᠯᠠ ᠶᠠᠷᠢᠶᠠᠨ ᠳᠠᠭᠠᠨ 2024 ᠣᠨ ᠤ ᠠᠵᠤ ᠠᠬᠤᠢ ᠶᠢᠨ ᠠᠵᠢᠯ ᠢ ᠳ᠋ᠦ᠋ᠩᠨᠡᠵᠦ᠂ | ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ᠂ 2025 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ | ᠯᠢ ᠴᠢᠶᠠᠩ ᠳ᠋ᠦ᠋ᠩᠨᠡᠯᠲᠡ ᠶᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ | ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠭᠠᠳᠠᠭᠠᠳᠤ ᠳᠠᠷᠤᠯᠲᠠ ᠨᠡᠮᠡᠭᠳᠡᠵᠦ᠂ ᠳᠣᠲᠣᠭᠠᠳᠤ ᠶᠢᠨ | ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ | ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ | ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ | ᠠᠬᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠣᠯ᠎ᠠ᠃ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ᠂ ᠥᠭᠡᠷᠡᠴᠢᠯᠡᠯᠲᠡ ᠨᠡᠭᠡᠭᠡᠯᠲᠡ | ᠦᠷᠭᠦᠯᠵᠢᠯᠡᠨ ᠭᠦᠨᠵᠡᠭᠡᠶᠢᠷᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠠᠷᠢᠯᠭᠠᠬᠤ ᠠᠵᠢᠯ ᠡᠮᠬᠢ | ᠵᠢᠷᠤᠮ ᠲᠠᠢ ᠪᠦᠲᠦᠮᠵᠢᠲᠡᠶ ᠶᠠᠪᠤᠭᠳᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ | ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ ᠢ ᠠᠯᠬᠤᠪᠠ᠃ | ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠬᠥᠮᠥᠰ ᠢ | ᠵᠣᠷᠢᠭᠵᠢᠭᠤᠯᠤᠭᠰᠠᠨ ᠪᠠᠶᠢᠨ᠎ᠠ᠂ ᠢᠯᠠᠩᠭᠤᠶ᠎ᠠ 9 ᠰᠠᠷ᠎ᠠ ᠶᠢᠨ 26 ᠤ ᠡᠳᠦᠷ ᠤᠨ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠡᠷᠡᠰ ᠰᠢᠭᠤᠷᠬᠠᠢ ᠪᠠᠷ ᠠᠯᠢ ᠤᠯᠠᠨ | ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠨᠡᠶᠢᠭᠡᠮ ᠤᠨ ᠢᠲᠡᠭᠡᠯ ᠵᠣᠷᠢᠭ ᠢ ᠪᠦᠲᠦᠮᠵᠢᠲᠡᠢ | ᠬᠥᠭᠵᠢᠭᠡᠵᠦ᠂ ᠠᠵᠤ ᠠᠬᠤᠢ ᠢᠯᠡᠳᠲᠡ ᠳᠡᠭᠡᠭᠰᠢᠯᠡᠪᠡ ᠭᠡᠵᠦ ᠦᠵᠡᠵᠡᠢ᠃ | ᠬᠤᠷᠠᠯ ᠠᠴᠠ᠂ ᠣᠳᠣᠬᠠᠨ ᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ | ᠦᠭᠡᠢ ᠨᠥᠯᠥᠭᠡ ᠭᠦᠨᠵᠡᠭᠡᠶᠢᠷᠡᠵᠦ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠳᠤ ᠮᠥᠨ ᠬᠦ᠋ ᠴᠥᠭᠡᠨ ᠪᠤᠰᠤ | ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠂ ᠭᠤᠣᠯᠳᠠᠭᠤ ᠤᠯᠤᠰ ᠤᠨ ᠳᠣᠲᠣᠭᠠᠳᠤ ᠶᠢᠨ ᠬᠡᠷᠡᠭᠴᠡᠭᠡ | ᠬᠦᠷᠦᠯᠴᠡᠬᠦ ᠦᠭᠡᠢ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯᠲᠡᠢ᠂ ᠤᠯᠠᠨ ᠲᠦᠮᠡᠨ ᠤ | ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠳᠠᠷᠤᠯᠲᠠ ᠳᠤ ᠲᠤᠯᠭᠠᠷᠠᠵᠤ᠂ ᠠᠶᠤᠯ ᠲᠦᠭᠰᠢᠭᠦᠷᠢ ᠭᠡᠮ ᠰᠣᠭᠤᠭ ᠮᠥᠨ | ᠬᠦ᠋ ᠨᠡᠯᠢᠶᠡᠳ ᠤᠯᠠᠨ ᠪᠠᠶᠢᠨ᠎ᠠ᠃ ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ | ᠳᠠᠪᠠᠭᠤᠯᠢᠭ ᠣᠯᠠᠨ᠂ ᠤᠶᠠᠨ ᠴᠢᠨᠠᠷ ᠴᠢᠩᠭ᠎ᠠ᠂ ᠳᠠᠯᠳᠠ ᠴᠢᠳᠠᠪᠤᠷᠢ ᠶᠡᠭᠡ᠂ ᠣᠷᠳᠣ ᠬᠤᠭᠤᠴᠠᠭ᠎ᠠ ᠪᠠᠷ ᠰᠠᠶᠢᠵᠢᠷᠠᠬᠤ | ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠠᠶᠢᠬᠤ ᠶᠢ ᠡᠷᠬᠡᠪᠰᠢ ᠣᠯᠵᠤ ᠬᠠᠷᠠᠬᠤ | ᠬᠡᠷᠡᠭᠲᠡᠢ᠃ ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ | ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠪᠠᠷ | ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠦᠢᠯᠡᠳᠦᠯᠭᠡ ᠶᠢᠨ ᠳᠤᠮᠳᠠ ᠪᠢᠳᠡ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ | ᠲᠤᠬᠠᠢ ᠲᠠᠨᠢᠯᠲᠠ ᠪᠠᠨ ᠲᠠᠰᠣᠷᠠᠯᠳᠠ ᠦᠭᠡᠢ ᠭᠦᠨᠵᠡᠭᠡᠶᠢᠷᠡᠭᠦᠯᠪᠠ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ | ᠵᠠᠩᠭᠢᠯᠠᠭ᠎ᠠ ᠶᠢᠨ ᠴᠠᠭ ᠮᠥᠴᠡ᠂ ᠴᠢᠬᠤᠯᠠ ᠴᠠᠭ ᠦᠶ᠎ᠡ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠪᠠᠶᠢᠳᠠᠯ ᠢ | ᠰᠤᠳᠤᠯᠤᠨ ᠮᠠᠭᠠᠳᠯᠠᠵᠤ᠂ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ ᠠᠵᠤ ᠠᠬᠤᠢ ᠶᠢᠨ | ᠬᠥᠯᠭᠡ ᠣᠩᠭᠤᠴᠠ ᠶᠢᠨ ᠰᠠᠯᠬᠢ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ᠋ ᠪᠠᠲᠤᠯᠠᠪᠠ᠃ | ᠡᠷᠬᠡᠪᠰᠢ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ | ᠰᠠᠶᠢᠳᠤᠷ ᠨᠢᠭᠡᠳᠦᠯᠲᠡᠢ ᠲᠥᠯᠥᠪᠵᠢᠭᠦᠯᠵᠦ᠂ ︽ᠠᠮᠢᠳᠤᠯᠢᠭ ᠪᠤᠯᠭᠠᠬᠤ︾ ᠮᠥᠷᠲᠡᠭᠡᠨ ︽ᠬᠠᠮᠢᠶᠠᠷᠴᠤ ᠳᠡᠶᠢᠯᠬᠦ︾ ᠠᠵᠤ | ᠠᠬᠤᠢ ᠶᠢᠨ ᠡᠮᠬᠢ ᠳᠢᠭᠯᠢᠮ ᠢ ᠪᠤᠢ ᠪᠤᠯᠭᠠᠬᠤ ᠬᠡᠷᠡᠭᠲᠡᠢ᠃ ᠡᠷᠬᠡᠪᠰᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ | ᠬᠡᠷᠡᠭᠴᠡᠭᠡ ᠶᠢᠨ ᠬᠠᠷᠢᠴᠠᠭ᠎ᠠ ᠶᠢ ᠰᠠᠶᠢᠳᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ | ᠣᠷᠴᠢᠯ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠡᠷᠬᠡᠪᠰᠢ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠ | ᠬᠠᠭᠤᠴᠢᠨ ᠬᠥᠳᠡᠯᠭᠡᠬᠦ ᠡᠨᠧᠷᠭᠢ ᠶᠢ ᠰᠢᠨᠡᠳᠬᠡᠬᠦ ᠶᠢᠨ ᠬᠠᠷᠢᠴᠠᠭ᠎ᠠ ᠶᠢ ᠰᠠᠶᠢᠳᠤᠷ ᠨᠢᠭᠡᠳᠦᠯᠲᠡᠢ ᠲᠥᠯᠥᠪᠵᠢᠭᠦᠯᠵᠦ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ | ᠃ ᠡᠷᠬᠡᠪᠰᠢ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ ᠶᠢᠨ ᠬᠠᠷᠢᠴᠠᠭ᠎ᠠ ᠶᠢ ᠰᠠᠶᠢᠳᠤᠷ | ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠪᠦᠭᠦ ᠲᠠᠯ᠎ᠠ ᠪᠠᠷ | ᠳᠡᠭᠡᠭᠰᠢᠯᠡᠭᠦᠯᠭᠦ ᠬᠡᠷᠡᠭᠲᠡᠢ᠃ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ | ᠬᠠᠷᠢᠴᠠᠭ᠎ᠠ ᠶᠢ ᠰᠠᠶᠢᠳᠤᠷ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠣᠳᠠᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠶᠢᠯᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠳᠤᠷ ᠨᠢᠭᠡᠳᠦᠯᠲᠡᠢ | ᠲᠥᠯᠥᠪᠵᠢᠭᠦᠯᠵᠦ᠂ ᠨᠠᠩ ᠢᠳᠡᠪᠬᠢᠲᠡᠢ ᠦᠷ᠎ᠡ ᠪᠦᠳᠦᠮᠵᠢ ᠲᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠸᠠᠷ ᠤᠨ ᠣᠷᠣᠨ | ᠰᠠᠭᠤᠴᠠ ᠶᠢᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ | ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠭᠠᠳᠤ ᠠᠴᠠ ᠢᠷᠡᠬᠦ ᠴᠣᠬᠢᠯᠲᠠ ᠶᠢ ᠰᠡᠷᠭᠡᠶᠢᠯᠡᠨ ᠠᠷᠢᠯᠭᠠᠵᠤ᠂ | ᠵᠢᠰᠢᠯᠲᠡ ᠶᠢ ᠲᠣᠭᠲᠠᠪᠤᠷᠢᠵᠢᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ | ᠰᠡᠷᠭᠦᠨ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ | ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠵᠤ᠂ ᠠᠵᠢᠯ ᠣᠯᠭᠤᠯᠲᠠ᠂ | ᠪᠠᠷᠠᠭᠠᠨ ᠤ ᠦᠨ᠎ᠡ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠤᠯᠠᠨ ᠤᠯᠤᠰ ᠤᠨ ᠬᠤᠭᠤᠷᠣᠨᠳᠣᠭᠢ | ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠣᠷᠣᠯᠭ᠎ᠠ | ᠪᠣᠯᠣᠨ ᠠᠵᠤ ᠠᠬᠤᠢ ᠶᠢᠨ ᠵᠡᠷᠭᠡ ᠪᠠᠷ ᠨᠡᠮᠡᠭᠳᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ | ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠤᠷᠢᠳ ᠢᠶᠠᠷ | ᠰᠢᠨ᠎ᠡ ᠶᠢ ᠪᠠᠶᠢᠭᠤᠯᠵᠤ᠂ ᠳᠠᠷᠠᠭ᠎ᠠ ᠬᠠᠭᠤᠴᠢᠨ ᠢ ᠡᠪᠳᠡᠵᠦ᠂ ᠰᠢᠰᠲ᠋ᠧᠮᠵᠢᠭᠦᠯᠦᠨ ᠬᠤᠷᠠᠭᠤᠯᠵᠤ᠂ ᠬᠠᠮᠵᠢᠯᠴᠠᠨ ᠠᠵᠢᠯᠯᠠᠵᠤ | ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠷᠸ᠎ᠠ ᠡᠵᠡᠮᠳᠡᠯ | ᠲᠣᠬᠢᠷᠠᠭᠤᠯᠭ᠎ᠠ ᠶᠢᠨ ᠪᠠᠷᠠᠯᠠᠯᠳᠤ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ | | ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ ᠡᠳ᠋ ᠤᠨ | ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ | ᠦᠷᠭᠦᠯᠵᠢᠯᠡᠨ ᠬᠦᠴᠦᠯᠡᠬᠦ᠂ ᠨᠡᠩ ᠦᠷ᠎ᠡ ᠪᠦᠲᠦᠮᠵᠢᠲᠡᠢ ᠪᠤᠯᠬᠤ ᠶᠢ ᠦᠨᠡᠨ ᠬᠦ᠋ ᠪᠠᠲᠤᠯᠠᠬᠤ ᠬᠡᠷᠡᠭᠲᠡᠢ᠃ ᠡᠳ᠋ ᠤᠨ | ᠵᠠᠰᠠᠭ ᠤᠨ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ᠃ ᠭᠡᠳᠤ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠶᠢ ᠲᠠᠷᠬᠠᠭᠠᠬᠤ ᠶᠢ | ᠨᠡᠮᠡᠭᠳᠡᠭᠦᠯᠵᠦ᠂ ︽ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ | ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ︾ ᠶᠢᠨ ᠲᠥᠷᠥᠯ ᠵᠦᠢᠯ ᠪᠠ ︽ᠶᠡᠭᠡ ᠬᠡᠮᠵᠢᠶᠡᠨ ᠤ | ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ︾ | ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠷᠭᠦᠯᠵᠢᠯᠡᠨ ᠳᠡᠮᠵᠢᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠶᠢ ᠨᠡᠮᠡᠭᠳᠡᠭᠦᠯᠵᠦ᠂ ᠪᠡᠯᠡ | ᠣᠷᠣᠭᠤᠯᠤᠯᠲᠠ ᠶᠢᠨ ᠴᠢᠭᠯᠡᠯ ᠤᠨ ᠬᠦᠷᠢᠶ᠎ᠡ ᠴᠠᠷᠠᠭ᠎ᠠ ᠪᠠ ᠲᠦᠷᠦᠯ ᠵᠦᠢᠯ ᠤᠨ ᠬᠥᠷᠥᠩᠭᠡ ᠮᠥᠩᠭᠦ ᠪᠣᠯᠭᠠᠨ ᠬᠡᠷᠡᠭᠯᠡᠬᠦ | ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠡᠯᠡ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠬᠡᠷᠡᠭᠯᠡᠭᠡ ᠶᠢ ᠠᠬᠢᠭᠤᠯᠬᠤ᠂ ᠨᠥᠭᠡᠴᠡ ᠬᠦᠴᠦᠨ ᠢ ᠨᠡᠮᠡᠭᠳᠡᠭᠦᠯᠬᠦ ᠶᠢ ᠨᠡᠩ ᠴᠢᠬᠤᠯᠠᠴᠢᠯᠠᠵᠤ᠂ ᠦᠨᠳᠦᠰᠦᠨ ᠱᠠᠲᠤᠨ ᠤ ︽ | ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠵᠠᠰᠠᠭ ᠤᠨ ᠪᠠᠶᠢᠭᠤᠯᠭ᠎ᠠ ᠠᠷᠪᠢᠯᠠᠨ | ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠬᠡᠷᠡᠭᠲᠡᠢ᠃ | ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ | ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠦᠢᠯᠡᠳᠦᠯ | ᠴᠢᠳᠠᠮᠵᠢ ᠶᠢ ᠰᠠᠶᠢᠳᠤᠷ ᠪᠠᠳᠠᠷᠠᠭᠤᠯᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ ᠬᠠᠳᠠᠭᠠᠯᠠᠮᠵᠢ ᠪᠠ | ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ᠂ ᠭᠦᠢᠯᠭᠡᠭᠡᠨ ᠤ ᠴᠢᠨᠠᠷ ᠢᠶᠠᠷ | ᠭᠦᠢᠴᠡᠳ ᠪᠠᠶᠢᠬᠤ ᠶᠢ ᠪᠠᠲᠤᠯᠠᠨ᠂ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠪᠴᠢᠶ᠎ᠡ᠂ ᠵᠣᠭᠤᠰᠤᠨ ᠤ | ᠬᠠᠩᠭᠠᠯᠭ᠎ᠠ ᠶᠢᠨ ᠬᠡᠮᠵᠢᠶ᠎ᠡ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ᠂ ᠦᠨ᠎ᠡ ᠬᠠᠩᠰᠢ ᠶᠢᠨ ᠶᠡᠷᠦᠩᠬᠡᠢ ᠬᠢᠷᠢ | ᠲᠦᠪᠰᠢᠨ ᠤ ᠵᠢᠰᠢᠭᠰᠡᠨ ᠬᠠᠷᠠᠯᠲᠠ ᠯᠤᠭ᠎ᠠ ᠬᠠᠷᠢᠯᠴᠠᠨ ᠲᠣᠬᠢᠷᠠᠯᠴᠠᠭᠤᠯᠬᠤ ᠬᠡᠷᠡᠭᠲᠡᠢ᠃ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ | ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠥᠪ ᠪᠠᠩᠬᠢ ᠶᠢᠨ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠢ | ᠪᠠᠶᠢᠬᠤ ᠪᠠ ᠮᠥᠩᠭᠦᠨ ᠭᠦᠢᠯᠭᠡᠭᠡᠨ ᠢ ᠲᠣᠭᠲᠠᠭᠤᠨ ᠪᠠᠶᠢᠯᠭᠠᠬᠤ ᠦᠢᠯᠡᠳᠦᠯ ᠴᠢᠳᠠᠮᠵᠢ ᠶᠢ ᠰᠦᠪᠡᠭᠴᠢᠯᠡᠨ ᠥᠷᠭᠡᠳᠬᠡᠵᠦ᠂ | ᠮᠥᠩᠭᠦᠨ ᠭᠦᠢᠯᠭᠡᠭᠡᠨ ᠤ ᠪᠠᠭᠠᠵᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ | ᠲᠣᠭᠲᠠᠭᠤᠨ ᠢ ᠬᠠᠮᠠᠭᠠᠯᠠᠬᠤ ᠬᠡᠷᠡᠭᠲᠡᠢ᠃ | ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠳᠤᠷ ᠬᠡᠷᠡᠭᠵᠢᠭᠦᠯᠬᠦ ᠬᠡᠷᠡᠭᠲᠡᠢ᠃ ᠡᠳ᠋ ᠤᠨ | ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠠᠷᠠᠯᠵᠢᠶ᠎ᠠ᠂ ᠣᠷᠴᠢᠨ ᠲᠣᠭᠤᠷᠢᠨ ᠤ | ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ ᠲᠦᠷᠦ ᠶᠢᠨ ᠪᠣᠳᠣᠯᠭ᠎ᠠ ᠪᠠ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ | ᠬᠡᠮᠵᠢᠶ᠎ᠡ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠭᠢ ᠪᠦᠲᠦᠮᠵᠢᠲᠡᠢ | ᠨᠡᠪᠲᠡᠷᠡᠯᠴᠡᠭᠡ᠂ ᠵᠥᠪᠳᠡᠯᠴᠡᠨ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ | ᠬᠠᠮᠲᠤᠷᠠᠯ ᠬᠦᠴᠦᠨ ᠢ ᠴᠢᠩᠭᠠᠷᠠᠭᠤᠯᠬᠤ ᠬᠡᠷᠡᠭᠲᠡᠢ᠃ ᠠᠵᠤ ᠠᠬᠤᠢ ᠶᠢᠨ ᠲᠥᠷᠥ ᠶᠢᠨ ᠪᠣᠳᠣᠯᠭ᠎ᠠ ᠪᠠ ᠠᠵᠤ ᠠᠬᠤᠢ ᠶᠢᠨ | ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠡᠢ ᠴᠢᠨᠠᠷ ᠢ ᠦᠨᠡᠯᠡᠬᠦ | ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ ᠪᠦᠭᠦ ᠶᠠᠪᠤᠴᠠ ᠶᠢ ᠨᠢᠭᠡᠳᠦᠯᠲᠡᠢ | ᠲᠥᠯᠥᠪᠵᠢᠭᠦᠯᠦᠨ᠂ ᠲᠥᠷᠥ ᠶᠢᠨ ᠪᠣᠳᠣᠯᠭ᠎ᠠ ᠶᠢᠨ ᠪᠦᠬᠦᠯᠢ ᠴᠣᠭᠴᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠭᠦ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ᠂ ᠢᠷᠡᠬᠦ ᠵᠢᠯ ᠳᠣᠣᠷᠠᠬᠢ ᠭᠤᠣᠯᠳᠠᠯᠭ᠎ᠠ ᠲᠠᠢ ᠡᠭᠦᠷᠭᠡ ᠶᠢ ᠰᠠᠶᠢᠳᠤᠷ ᠠᠳᠬᠤᠬᠤ ᠬᠡᠷᠡᠭᠲᠡᠢ ᠭᠡᠵᠦ | ᠲᠣᠭᠲᠠᠪᠠ᠃ | ᠨᠢᠭᠡ ᠳᠤ᠂ ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ | ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠬᠦ ᠬᠡᠷᠡᠭᠲᠡᠢ᠃ | ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ | ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠬᠡᠷᠡᠭᠯᠡᠭᠡ ᠶᠢᠨ ᠴᠢᠳᠠᠪᠤᠷᠢ᠂ ᠬᠦᠰᠡᠯ | ᠡᠷᠡᠮᠡᠯᠵᠡᠯ ᠪᠠ ᠱᠠᠲᠤ ᠳᠠᠪᠬᠤᠷᠭ᠎ᠠ ᠶᠢ ᠳᠡᠭᠡᠭᠰᠢᠯᠡᠭᠦᠯᠭᠦ ᠬᠡᠷᠡᠭᠲᠡᠢ᠃ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠥᠭᠬᠦ ᠪᠠᠷᠢᠮᠵᠢᠶ᠎ᠠ ᠶᠢ | ᠳᠡᠭᠡᠭᠰᠢᠯᠡᠭᠦᠯᠭᠦ ᠬᠡᠷᠡᠭᠲᠡᠢ᠃ ︽ᠬᠤᠶᠠᠷ ᠰᠢᠨ᠎ᠡ︾ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ | ᠬᠦᠴᠦᠯᠡᠨ ᠥᠷᠭᠡᠳᠬᠡᠵᠦ᠂ ᠤᠯᠠᠨ ᠡᠰᠢᠵᠢᠭᠰᠡᠨ ᠬᠡᠷᠡᠭᠯᠡᠭᠡ ᠶᠢᠨ ᠦᠵᠡᠭᠳᠡᠯ ᠪᠠᠶᠢᠳᠠᠯ ᠤᠨ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ | ᠬᠡᠷᠡᠭᠲᠡᠢ᠃ ᠠᠩᠬ᠎ᠠ ᠲᠠᠷᠬᠠᠭᠠᠬᠤ ᠠᠵᠤ ᠠᠬᠤᠢ᠂ ᠮᠥᠰᠥ ᠴᠠᠰᠤᠨ ᠤ ᠠᠵᠤ ᠠᠬᠤᠢ᠂ ᠪᠤᠭᠤᠷᠤᠯᠴᠤᠳ ᠤᠨ ᠠᠵᠤ | ᠠᠬᠤᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ | ᠴᠢᠩᠭᠠᠳᠬᠠᠵᠤ᠂ ︽ᠬᠤᠶᠠᠷ ᠴᠢᠬᠤᠯᠠ︾ ᠲᠥᠷᠥᠯ ᠵᠦᠢᠯ ᠢ ᠨᠠᠩ ᠬᠦᠴᠦᠲᠡᠢ ᠳᠡᠮᠵᠢᠬᠦ ᠬᠡᠷᠡᠭᠲᠡᠢ᠃ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠵᠣᠬᠢᠰᠲᠠᠢ ᠪᠠᠷ ᠨᠡᠮᠡᠭᠳᠡᠭᠦᠯᠬᠦ ᠬᠡᠷᠡᠭᠲᠡᠢ᠃ ᠡᠳ᠋ ᠤᠨ ᠵᠠᠰᠠᠭ ᠬᠢᠭᠡᠳ | ᠮᠥᠩᠭᠦᠨ ᠭᠦᠢᠯᠭᠡᠭᠡᠨ ᠤ ᠬᠠᠮᠵᠢᠯᠴᠠᠭ᠎ᠠ ᠶᠢ ᠴᠢᠩᠭᠠᠳᠬᠠᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ | ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ | ᠤᠨ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠤᠬᠠᠭᠠᠯᠠᠨ ᠲᠥᠯᠥᠪᠯᠡᠬᠦ ᠬᠡᠷᠡᠭᠲᠡᠢ᠃ ᠬᠤᠲᠠ ᠶᠢᠨ ᠰᠢᠨᠡᠴᠢᠯᠡᠯᠲᠡ ᠶᠢ | ᠶᠡᠭᠡ ᠪᠠᠷ ᠬᠡᠷᠡᠭᠵᠢᠭᠦᠯᠬᠦ ᠬᠡᠷᠡᠭᠲᠡᠢ᠃ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠲᠡᠭ ᠢ | ᠪᠠᠭᠤᠷᠠᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ | ᠬᠤᠶᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ ᠬᠡᠷᠡᠭᠲᠡᠢ᠃ ᠰᠠᠭᠤᠷᠢ ᠰᠤᠳᠤᠯᠭᠠᠨ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠠᠵᠢᠯ ᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ | ᠤᠷᠢᠳᠴᠢᠯᠠᠨ ᠪᠠᠶᠢᠷᠢᠰᠢᠭᠤᠯᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠦᠵᠡᠭᠳᠡᠯ ᠪᠠᠶᠢᠳᠠᠯ ᠤᠨ ᠶᠡᠭᠡ | ᠬᠡᠪᠴᠢᠶᠡᠨ ᠤ ᠬᠡᠷᠡᠭᠯᠡᠭᠡᠨ ᠤ ᠵᠢᠰᠢᠶ᠎ᠡ ᠦᠵᠡᠭᠦᠯᠭᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ︽ᠵᠣᠬᠢᠶᠠᠮᠠᠯ ᠣᠶᠤᠨ | ᠴᠢᠳᠠᠪᠤᠷᠢ +︾ ᠠᠵᠢᠯᠯᠠᠭ᠎ᠠ ᠶᠢ ᠥᠷᠨᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠬᠡᠷᠡᠭᠲᠡᠢ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠣᠯᠠᠨ ᠲᠠᠰ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ | ᠪᠦᠷᠢᠨᠰᠢᠭᠦᠯᠵᠦ᠂ ᠬᠦᠯᠢᠴᠡᠩᠭᠦᠢ ᠬᠥᠷᠥᠩᠭᠡ ᠶᠢ ᠪᠤᠵᠠᠭᠠᠶᠢᠷᠠᠭᠤᠯᠤᠨ ᠨᠡᠶᠢᠭᠡᠮ ᠤᠨ ᠬᠥᠷᠥᠩᠭᠡ ᠶᠢ ᠨᠠᠩ ᠶᠡᠭᠡ | ᠡᠷᠴᠢᠮ ᠢᠶᠠᠷ ᠲᠠᠲᠠᠵᠤ ᠦᠢᠯᠡᠰ ᠪᠣᠰᠬᠠᠬᠤ ᠪᠡᠯᠡ ᠣᠷᠣᠭᠤᠯᠤᠯᠲᠠ ᠳᠤ ᠣᠷᠣᠯᠴᠠᠭᠤᠯᠵᠤ᠂ ᠰᠢᠨ᠎ᠡ ᠶᠢ ᠡᠭᠦᠳᠬᠦ | ᠭᠡᠯᠪᠡᠷᠢ ᠶᠢᠨ ᠠᠵᠤ ᠠᠬᠤᠶᠢᠯᠠᠯ ᠢ ᠱᠠᠲᠤᠯᠢᠭ ᠢᠶᠠᠷ ᠪᠤᠶᠢᠵᠢᠭᠤᠯᠬᠤ ᠬᠡᠷᠡᠭᠲᠡᠢ᠃ ︽ᠳᠣᠲᠣᠭᠰᠢ ᠬᠤᠮᠢᠷᠠᠬᠤ ᠮᠠᠶ᠋ᠢᠭ︾ | ᠤᠨ ᠥᠷᠢᠰᠦᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠠᠵᠤ | ᠠᠬᠤᠶᠢᠯᠠᠯ ᠤᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠲᠣᠭᠠᠴᠢᠯᠠᠭᠰᠠᠨ ᠮᠡᠷᠭᠡᠵᠢᠯ᠂ ᠪᠣᠬᠢᠷᠳᠤᠯ ᠦᠭᠡᠢ ᠲᠧᠭᠨᠢᠭ | ᠮᠡᠷᠭᠡᠵᠢᠯ ᠢ ᠢᠳᠡᠪᠬᠢᠲᠡᠢ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠬᠡᠷᠡᠭᠲᠡᠢ᠃ | | ᠭᠤᠷᠪᠠ ᠳᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠭᠠᠭᠤᠯᠬᠤ ᠦᠢᠯᠡᠳᠦᠯ ᠢ | ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ ᠨᠡᠶᠢᠳᠡᠯᠡᠬᠦ ᠬᠡᠷᠡᠭᠲᠡᠢ᠃ ᠠᠵᠤ ᠠᠬᠤᠶᠢᠯᠠᠯ ᠳᠤ | ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠬᠡᠷᠡᠭᠲᠡᠢ᠃ ᠪᠦᠭᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠲᠣᠭᠲᠠᠭᠠᠬᠤ ᠬᠡᠷᠡᠭᠲᠡᠢ᠃ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠬᠡᠷᠡᠭᠲᠡᠢ᠃ ᠡᠳ᠋ ᠤᠨ ᠵᠠᠰᠠᠭ ᠭᠠᠶᠢᠯᠢ ᠶᠢᠨ ᠲᠠᠯ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠣᠷᠣᠨ ᠨᠤᠲᠤᠭ ᠤᠨ ᠪᠡᠶ᠎ᠡ ᠪᠠᠨ ᠳᠠᠭᠠᠭᠠᠭᠰᠠᠨ ᠡᠳ᠋ ᠤᠨ ᠬᠦᠴᠦᠨ ᠢ ᠨᠡᠮᠡᠭᠳᠡᠭᠦᠯᠬᠦ | ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢᠨ | ᠵᠠᠬ᠎ᠠ ᠳᠡᠯᠭᠡᠭᠦᠷ ᠲᠤ ᠣᠷᠣᠬᠤ ᠬᠤᠷᠢᠭ᠎ᠠ ᠴᠡᠭ ᠢ ᠨᠠᠪᠲᠠᠷᠡᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠳᠦᠷᠢᠮ ᠤᠨ | ᠪᠠᠭᠲᠠᠭᠠᠮᠵᠢᠲᠤ ᠴᠢᠨᠠᠷ᠂ ᠵᠣᠬᠢᠴᠠᠬᠤ ᠴᠢᠨᠠᠷ ᠢ ᠴᠢᠩᠭᠠᠷᠠᠭᠤᠯᠬᠤ ᠬᠡᠷᠡᠭᠲᠡᠢ ᠃ | ᠳᠥᠷᠪᠡ ᠳᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠵᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ ᠪᠡᠶ᠎ᠡ ᠪᠠᠨ ᠳᠠᠭᠠᠭᠠᠵᠤ | ᠨᠡᠭᠡᠭᠡᠯᠲᠡ ᠬᠢᠬᠦ ᠪᠠ ᠭᠠᠭᠴᠠ ᠲᠠᠯᠠᠲᠤ ᠨᠡᠭᠡᠭᠡᠯᠲᠡ ᠶᠢ ᠡᠮᠬᠢ ᠵᠢᠷᠤᠮ ᠲᠠᠢ ᠥᠷᠭᠡᠳᠬᠡᠨ᠂ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠥᠭᠡᠷᠡᠴᠢᠯᠡᠯᠲᠡ ᠶᠢᠨ ᠡᠭᠦᠷᠭᠡ ᠶᠢᠨ ᠡᠷᠬᠡ ᠣᠯᠭᠤᠯᠲᠠ ᠶᠢ | ᠥᠷᠭᠡᠳᠬᠡᠬᠦ ᠶᠢ ᠠᠬᠢᠭᠤᠯᠵᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠭᠤᠣᠯᠯᠠᠬᠤ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠠᠷᠠᠯᠵᠢᠶ᠎ᠠ᠂ | ᠪᠣᠬᠢᠷᠳᠤᠯ ᠦᠭᠡᠢ ᠠᠷᠠᠯᠵᠢᠶ᠎ᠠ᠂ ᠲᠣᠭᠠᠴᠢᠯᠠᠭᠰᠠᠨ ᠠᠷᠠᠯᠵᠢᠶ᠎ᠠ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠭᠠᠳᠠᠭᠠᠳᠤ ᠶᠢᠨ | ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠡᠷᠡᠭᠲᠡᠢ᠃ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠵᠤ᠂ ᠴᠠᠭᠢᠯᠭᠠᠨ | ᠴᠢᠮᠡᠭᠡ ᠬᠤᠯᠪᠤᠭ᠎ᠠ᠂ ᠡᠮᠴᠢᠯᠡᠭᠡᠨ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠨᠡᠭᠡᠭᠡᠯᠲᠡ ᠶᠢᠨ ᠲᠤᠷᠰᠢᠯᠲᠠ ᠶᠢᠨ | ᠴᠡᠭ ᠢ ᠥᠷᠭᠡᠳᠬᠡᠨ᠂ ︽ᠳᠤᠮᠳᠠᠳᠤ ᠤᠯᠤᠰ ᠲᠤ ᠪᠡᠯᠡ ᠣᠷᠣᠭᠤᠯᠬᠤ︾ ᠲᠦᠷᠦᠯ ᠲᠡᠮᠳᠡᠭ ᠢ ᠦᠷᠭᠦᠯᠵᠢᠯᠡᠨ ᠡᠭᠦᠳᠬᠦ | ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ | ᠭᠦᠨᠵᠡᠭᠡᠶᠢᠷᠡᠭᠦᠯᠦᠨ ᠪᠤᠳᠠᠲᠠᠶᠢᠵᠢᠭᠤᠯᠬᠤ ᠶᠢ ᠠᠬᠢᠭᠤᠯᠵᠤ᠂ ᠭᠠᠳᠠᠭᠠᠳᠤ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠲᠠᠪᠤ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ | ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠭᠡᠷ | ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠣᠷᠣᠬᠤ ᠶᠢ | ᠦᠷᠭᠦᠯᠵᠢᠯᠡᠨ ᠬᠦᠴᠦᠯᠡᠨ ᠠᠬᠢᠭᠤᠯᠵᠤ᠂ ᠬᠤᠲᠠᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ | ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠯᠡᠨ ᠬᠢᠵᠦ᠂ ᠬᠠᠲᠠᠭᠤ ᠬᠡᠷᠡᠭᠴᠡᠭᠡ ᠪᠠ ᠰᠠᠶᠢᠵᠢᠷᠠᠭᠤᠯᠬᠤ ᠴᠢᠨᠠᠷᠲᠠᠢ | ᠣᠷᠣᠨ ᠰᠠᠭᠤᠴᠠ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠢᠨ᠎ᠡ ᠪᠠᠷ | ᠨᠡᠮᠡᠭᠳᠡᠭᠰᠡᠨ ᠭᠡᠷ ᠭᠠᠵᠠᠷ ᠤᠨ ᠬᠥᠷᠥᠩᠭᠡ ᠳᠤ ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢ ᠵᠦᠢ ᠵᠣᠬᠢᠰᠲᠠᠢ | ᠬᠢᠵᠠᠭᠠᠷᠯᠠᠵᠤ᠂ ᠨᠥᠭᠡᠴᠡ ᠭᠠᠵᠠᠷ ᠰᠢᠷᠣᠢ ᠪᠠ ᠬᠤᠳᠠᠯᠳᠤᠭ᠎ᠠ ᠡᠵᠡᠩᠨᠡᠯᠲᠡ ᠳᠤ ᠬᠡᠷᠡᠭᠯᠡᠬᠦ ᠪᠠ ᠠᠯᠪᠠᠯᠠᠬᠤ ᠳᠤ ᠬᠡᠷᠡᠭᠯᠡᠬᠦ | ᠭᠡᠷ ᠪᠠᠶᠢᠰᠢᠩ ᠢ ᠠᠮᠢᠳᠤᠯᠢᠭᠵᠢᠭᠤᠯᠵᠤ᠂ ᠨᠥᠭᠡᠴᠡ ᠲᠠᠸᠠᠷ ᠤᠨ ᠭᠡᠷ ᠪᠠᠶᠢᠰᠢᠩ ᠢ ᠰᠢᠢᠳᠪᠦᠷᠢᠯᠡᠬᠦ ᠠᠵᠢᠯ ᠢ ᠠᠬᠢᠭᠤᠯᠬᠤ | ᠬᠡᠷᠡᠭᠲᠡᠢ᠃ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ ᠠᠬᠢᠭᠤᠯᠵᠤ᠂ | ᠬᠤᠯᠪᠣᠭᠳᠠᠯ ᠪᠦᠬᠦᠢ ᠰᠠᠭᠤᠷᠢᠯᠠᠬᠤ ᠴᠢᠨᠠᠷᠲᠠᠢ ᠳᠦᠷᠢᠮ ᠢ ᠡᠮᠬᠢ ᠵᠢᠷᠤᠮ ᠲᠠᠢ ᠪᠠᠷ ᠪᠠᠶᠢᠭᠤᠯᠬᠤ ᠬᠡᠷᠡᠭᠲᠡᠢ᠃ ᠣᠷᠣᠨ | ᠨᠤᠲᠤᠭ ᠤᠨ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠯᠠᠪᠳᠠᠭᠤᠨ | ᠲᠣᠬᠢᠷᠠᠮᠵᠢᠲᠠᠢ ᠰᠢᠢᠳᠪᠦᠷᠢᠯᠡᠬᠦ ᠬᠡᠷᠡᠭᠲᠡᠢ᠃ ᠲᠥᠪ ᠤᠨ ᠪᠠ ᠣᠷᠣᠨ ᠨᠤᠲᠤᠭ ᠤᠨ ᠬᠦᠴᠦ ᠪᠠᠨ ᠬᠠᠮᠲᠤᠳᠬᠠᠨ ᠬᠠᠤᠯᠢ | ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠣᠬᠢᠯᠲᠠ ᠥᠭᠬᠦ ᠬᠡᠷᠡᠭᠲᠡᠢ᠃ | ᠵᠢᠷᠭᠤᠭ᠎ᠠ ᠳᠤ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ | ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠢ᠃ | ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠠᠵᠢᠯ ᠢ ᠰᠠᠶᠢᠳᠤᠷ ᠠᠳᠬᠤᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠪᠠ ᠥᠷᠢᠰᠦᠯᠳᠦᠬᠦ | ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭ᠎ᠠ ᠲᠠᠷᠢᠬᠤ ᠲᠠᠷᠢᠶᠠᠴᠢᠨ ᠪᠠ ᠠᠮᠤ ᠪᠤᠳᠠᠭᠠᠨ ᠤ ᠭᠤᠣᠯ | ᠭᠠᠷᠤᠯᠲᠠ ᠶᠢᠨ ᠣᠷᠣᠨ ᠤ ᠢᠳᠡᠪᠬᠢᠵᠢᠯ ᠢ ᠬᠠᠮᠠᠭᠠᠯᠠᠵᠤ᠂ ᠠᠮᠤ ᠪᠤᠳᠠᠭᠠᠨ ᠤ ᠦᠨ᠎ᠡ ᠬᠠᠩᠰᠢ ᠶᠢᠨ ᠪᠦᠷᠢᠯᠳᠦᠬᠦ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠢ | ᠬᠥᠭᠵᠢᠭᠦᠯᠬᠦ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠬᠦ ᠬᠡᠷᠡᠭᠲᠡᠢ᠃ ᠣᠳᠣᠬᠢᠴᠢᠯᠠᠭᠰᠠᠨ ᠶᠡᠭᠡ ᠬᠤᠲᠠ ᠶᠢᠨ ᠲᠣᠭᠤᠷᠢᠭ ᠢ ᠬᠥᠭᠵᠢᠭᠦᠯᠵᠦ᠂ ᠭᠡᠲᠦ ᠲᠣᠮᠣ ᠣᠨᠴᠠ | ᠲᠣᠮᠣ ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠵᠤ | ᠠᠬᠤᠢ ᠶᠢ ᠶᠡᠭᠡ ᠪᠠᠷ ᠬᠥᠭᠵᠢᠭᠦᠯᠬᠦ ᠬᠡᠷᠡᠭᠲᠡᠢ᠃ | ᠲᠤᠯᠤᠭ᠎ᠠ ᠳᠤ᠂ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠬᠡᠷᠡᠭᠲᠡᠢ᠃ | ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠳᠠᠪᠬᠤᠷ | ᠦᠢᠯᠡᠳᠦᠯ ᠨᠥᠯᠥᠭᠡ ᠶᠢ ᠪᠠᠳᠠᠷᠠᠭᠤᠯᠵᠤ᠂ ᠰᠢᠨ᠎ᠡ ᠨᠡᠮᠡᠭᠳᠡᠯ ᠤᠨ ᠲᠤᠶᠢᠯ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ | ᠠᠵᠤ ᠠᠬᠤᠢ ᠶᠢᠨ ᠬᠥᠭᠵᠢᠯᠲᠡ ᠪᠠᠷ ᠳᠠᠪᠠᠭᠤᠯᠢᠭ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠠ ᠨᠥᠯᠥᠭᠡᠯᠡᠨ | ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠲᠣᠮᠣ ᠮᠤᠵᠢ ᠶᠢᠨ ᠲᠤᠯᠭᠠᠭᠤᠷᠢ ᠬᠦᠴᠦᠨ | ᠪᠤᠯᠬᠤ ᠶᠢ ᠲᠡᠮᠵᠢᠵᠤ᠂ ᠪᠤᠰᠤᠳ ᠭᠠᠵᠠᠷ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠰ | ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ᠃ ᠵᠡᠭᠦᠨ᠂ ᠳᠤᠮᠳᠠ᠂ ᠪᠠᠷᠠᠭᠤᠨ ᠪᠠ ᠵᠡᠭᠦᠨ | ᠬᠤᠶᠢᠲᠤ ᠶᠢᠨ ᠭᠠᠵᠠᠷ ᠣᠷᠣᠨ ᠤ ᠠᠵᠤ ᠦᠢᠯᠡᠰ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ ᠳᠠᠯᠠᠢ ᠲᠠᠩᠭᠢᠰ ᠤᠨ ᠠᠵᠤ | ᠠᠬᠤᠢ ᠪᠠ ᠪᠤᠯᠤᠩ ᠤᠨ ᠣᠷᠣᠨ ᠤ ᠠᠵᠤ ᠠᠬᠤᠢ ᠶᠢ ᠶᠡᠭᠡ ᠪᠠᠷ ᠬᠥᠭᠵᠢᠭᠦᠯᠬᠦ ᠬᠡᠷᠡᠭᠲᠡᠢ᠃ | ᠨᠠᠶᠢᠮᠠ ᠳᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠠᠶᠢᠰᠢ ᠭᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠡᠷᠡᠭᠦᠯ ᠢᠶᠠᠷ | ᠬᠥᠭᠵᠢᠬᠦ ᠠᠮᠢ ᠠᠬᠤᠢ ᠶᠢ ᠪᠤᠢ ᠪᠤᠯᠭᠠᠵᠤ᠂ ᠪᠣᠬᠢᠷᠳᠤᠯ ᠦᠭᠡᠢ ᠪᠠᠷᠢᠯᠭ᠎ᠠ ᠵᠡᠷᠭᠡ ᠰᠢᠨ᠎ᠡ ᠨᠡᠮᠡᠭᠳᠡᠯ ᠤᠨ ᠴᠡᠭ ᠢ | ᠪᠤᠶᠢᠵᠢᠭᠤᠯᠬᠤ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠤ ᠴᠢᠬᠤᠯᠠ ᠦᠷ᠎ᠡ ᠪᠦᠲᠦᠭᠡᠯ ᠣᠯᠬᠤ ᠶᠢ ᠠᠬᠢᠭᠤᠯᠵᠤ᠂ ︽ᠡᠯᠡᠰᠦ ᠭᠤᠪᠢ ᠴᠦᠯ︾ ᠳᠠᠬᠢ ᠰᠢᠨ᠎ᠡ | ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠨᠢᠭᠡ ᠪᠦᠯᠦᠭ | ᠨᠡᠭᠦᠷᠡᠰᠦᠲᠥ᠋ᠷᠥᠭᠴᠢ ᠥᠯᠤ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠪᠦᠭᠦ ᠤᠯᠤᠰ ᠤᠨ | ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠦᠢᠯᠡᠳᠬᠦᠨ ᠤ | ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠲᠡᠮᠳᠡᠭ | ᠢᠯᠡᠳᠬᠡᠮᠵᠢ ᠭᠡᠷᠡᠴᠢᠯᠡᠬᠦ ᠳᠦᠷᠢᠮ ᠢ ᠪᠠᠶᠢᠭᠤᠯᠬᠤ ᠬᠡᠷᠡᠭᠲᠡᠢ᠃ ᠬᠥᠬᠡ ᠣᠭᠲᠠᠷᠭᠤᠢ᠂ ᠬᠥᠬᠡᠮᠳᠦᠭ ᠤᠰᠤ᠂ ᠠᠷᠢᠭᠤᠨ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠬᠤ ᠬᠡᠷᠡᠭᠲᠡᠢ᠃ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ | ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | | ᠵᠢᠰᠦ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ | ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠦᠨᠳᠦᠰᠦᠨ | ᠱᠠᠲᠤ ᠪᠣᠯᠣᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ | ᠬᠡᠷᠡᠭᠵᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃ ᠠᠮᠢᠳᠤᠯᠢᠭ ᠢᠶᠠᠷ | ᠠᠵᠢᠯ ᠣᠯᠣᠭᠰᠠᠳ ᠪᠠ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ | ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠠᠵᠤ ᠦᠢᠯᠡᠰ᠂ ᠠᠵᠢᠯ ᠣᠯᠭᠤᠯᠲᠠ ᠵᠡᠷᠭᠡ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ | ᠪᠠᠶᠢᠬᠤ ᠶᠢ ᠦᠨᠡᠨ ᠬᠦ᠋ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ | ᠴᠢᠨᠠᠷ ᠰᠠᠶᠢᠲᠠᠢ ᠵᠢᠩᠬᠢᠨᠢ ᠠᠩᠭᠢ ᠶᠢᠨ ᠪᠠᠭᠲᠠᠭᠠᠮᠵᠢ ᠶᠢ ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠷᠡᠵᠢᠯ ᠢ | ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠬᠤ ᠬᠡᠷᠡᠭᠲᠡᠢ᠃ ᠨᠡᠶᠢᠭᠡᠮ ᠲᠣᠭᠤᠷᠢᠭ ᠠᠴᠠ ᠳᠡᠮᠵᠢᠬᠦ ᠭᠡᠷ ᠲᠡᠭᠡᠨ | ᠰᠠᠭᠤᠵᠤ ᠠᠰᠠᠷᠠᠮᠵᠢ ᠭᠦᠷᠳᠡᠭᠦ ᠨᠠᠰᠤᠵᠢᠯ ᠤᠨ ᠠᠰᠠᠷᠠᠮᠵᠢ ᠶᠢ ᠬᠥᠭᠵᠢᠭᠦᠯᠵᠦ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠥᠷᠭᠡᠳᠬᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ | ᠶᠢ ᠪᠠᠷᠢᠮᠲᠠᠯᠠᠨ ᠬᠥᠭᠵᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮᠲᠦ ᠵᠠᠰᠠᠯᠲᠠ ᠶᠢ ᠴᠢᠩᠭᠠᠳᠬᠠᠬᠤ | ᠬᠡᠷᠡᠭᠲᠡᠢ᠃ | ᠬᠤᠷᠠᠯ ᠠᠴᠠ᠂ ᠤᠬᠠᠮᠰᠠᠷ ᠠᠴᠠ ᠪᠠᠨ ᠪᠠᠶᠢᠳᠠᠯ ᠬᠠᠨᠳᠤᠰᠢ ᠶᠢᠨ ᠲᠤᠬᠠᠢ ᠨᠠᠮ ᠤᠨ ᠲᠥᠪ ᠬᠤᠷᠢᠶ᠎ᠠ ᠶᠢᠨ | ᠰᠢᠨᠵᠢᠯᠡᠬᠦ ᠤᠬᠠᠭᠠᠨᠴᠢ ᠮᠠᠭᠠᠳᠯᠠᠯᠲᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠯᠲᠠ ᠪᠠᠨ ᠨᠢᠭᠡᠳᠬᠡᠵᠦ᠂ ᠦᠢᠯᠡ | ᠠᠵᠢᠯᠯᠠᠭ᠎ᠠ ᠪᠠᠨ ᠨᠢᠭᠡᠳᠬᠡᠵᠦ᠂ ᠶᠡᠷᠦᠩᠬᠡᠢ ᠬᠠᠨᠳᠤᠰᠢ ᠶᠢ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ | ᠪᠥᠭᠡᠳ ᠪᠠᠰᠠ ᠬᠦᠴᠢᠷᠳᠡᠯ ᠳᠤ ᠵᠥᠪ ᠬᠠᠨᠳᠤᠵᠤ᠂ ᠰᠡᠷᠭᠡᠭ ᠪᠠᠶᠢᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ | ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠬᠠᠨᠳᠤᠰᠢ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠨᠡᠮᠡᠭᠳᠡᠯ ᠲᠣᠭᠲᠠᠭᠤᠨ᠂ ᠠᠵᠢᠯ | ᠣᠯᠭᠤᠯᠲᠠ ᠲᠣᠭᠲᠠᠭᠤᠨ ᠪᠠ ᠪᠠᠷᠠᠭᠠᠨ ᠤ ᠦᠨ᠎ᠡ ᠵᠣᠬᠢᠰᠲᠠᠢ ᠳᠡᠭᠡᠭᠰᠢᠯᠡᠭᠰᠡᠨ ᠰᠢᠯᠢᠳᠡᠭᠵᠢᠭᠰᠡᠨ ᠶᠡᠷᠦᠩᠬᠡᠢ ᠪᠠᠶᠢᠳᠠᠯ ᠢ | ᠬᠦᠴᠦᠯᠡᠨ ᠪᠡᠶᠡᠯᠡᠭᠦᠯᠬᠦ ᠭᠡᠷᠡᠭᠲᠡᠢ︔ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠵᠡᠮᠳᠡᠵᠦ᠂ ᠴᠠᠭ ᠲᠣᠭᠢᠶᠠᠯ ᠢ ᠠᠮᠵᠢᠬᠤ | ᠡᠷᠴᠢᠮ ᠢ ᠡᠷᠬᠢᠮᠯᠡᠵᠦ᠂ ᠡᠯ᠎ᠡ ᠵᠦᠢᠯ ᠤᠨ ᠠᠵᠢᠯ ᠢ ᠡᠷᠲᠡᠬᠡᠨ ᠰᠢᠭ ᠬᠢᠵᠦ᠂ ᠴᠢᠩᠭ᠎ᠠ ᠪᠥᠭᠡᠳ ᠪᠣᠳᠠᠲᠠᠢ ᠠᠳᠬᠤᠵᠤ᠂ | ᠭᠦᠢᠴᠡᠳ ᠡᠷᠴᠢᠮᠲᠡᠢ ᠪᠠᠶᠢᠬᠤ ᠶᠢ ᠪᠠᠲᠤᠯᠠᠬᠤ ᠭᠡᠷᠡᠭᠲᠡᠶ︔ ᠰᠢᠰᠲ᠋ᠧᠮᠳᠤ ᠰᠡᠳᠬᠢᠬᠦᠢ ᠪᠠᠨ ᠴᠢᠩᠭᠠᠷᠠᠭᠤᠯᠵᠤ᠂ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢᠨ ᠵᠣᠬᠢᠴᠠᠯᠳᠤᠨ | ᠬᠠᠮᠵᠢᠯᠴᠠᠬᠤ ᠶᠢ ᠴᠢᠬᠤᠯᠠᠴᠢᠯᠠᠨ᠂ ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠶᠢ ᠥᠷᠭᠡᠳᠬᠡᠬᠦ ᠬᠡᠷᠡᠭᠲᠡᠢ᠃ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ | ᠡᠭᠦᠷᠭᠡ ᠶᠢ ᠰᠠᠶᠢᠳᠤᠷ ᠪᠡᠶᠡᠯᠡᠭᠦᠯᠵᠦ᠂ ᠬᠡᠷᠡᠭᠴᠡᠭᠡ ᠬᠦᠷᠦᠯᠴᠡᠬᠦ ᠦᠭᠡᠢ ᠪᠠᠶᠢᠭ᠎ᠠ ᠳᠤᠪᠤᠶᠢᠮ᠎ᠠ ᠠᠰᠠᠭᠤᠳᠠᠯ ᠳᠤ | ᠴᠢᠭᠯᠡᠭᠦᠯᠦᠨ᠂ ᠳᠣᠲᠣᠭᠠᠳᠤ ᠬᠡᠷᠡᠭᠴᠡᠭᠡ ᠢᠯᠠᠩᠭᠤᠶ᠎ᠠ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠦᠴᠦᠯᠡᠨ | ᠬᠥᠭᠵᠢᠭᠡᠬᠦ ᠭᠡᠷᠡᠭᠲᠡᠢ︔ ᠭᠦᠭᠵᠢᠯᠲᠡ ᠶᠢ ᠬᠦᠯᠢᠶᠡᠰᠦᠯᠡᠵᠦ ᠪᠠᠶᠢᠭ᠎ᠠ ᠭᠦᠨ ᠳᠡᠰ ᠳᠠᠪᠬᠤᠷᠭ᠎ᠠ ᠶᠢᠨ ᠬᠠᠷᠰᠢ ᠰᠠᠭᠠᠳ | ᠪᠣᠯᠣᠨ ᠭᠠᠳᠠᠭᠠᠳᠤ ᠥᠷᠢᠰᠦᠯᠳᠦᠭᠡᠨ ᠳᠤ ᠴᠢᠭᠯᠡᠭᠦᠯᠦᠨ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ | ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠭᠡᠷᠡᠭᠳᠡᠢ︔ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠪᠣᠭᠤᠮᠢ ᠶᠢᠨ ᠬᠢᠵᠠᠭᠠᠷᠯᠠᠯ ᠳᠤ ᠴᠢᠭᠯᠡᠭᠦᠯᠦᠨ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ | ᠲᠣᠭᠲᠠᠭᠤᠨ ᠢᠶᠠᠷ ᠵᠠᠯᠭᠠᠯᠳᠤᠨ ᠰᠣᠯᠢᠭᠳᠠᠬᠤ ᠶᠢ ᠠᠬᠢᠭᠤᠯᠬᠤ ᠭᠡᠷᠡᠭᠳᠡᠢ︔ ᠠᠵᠤ ᠠᠬᠤᠶᠢᠯᠠᠯ ᠤᠨ ᠡᠵᠡᠩᠨᠡᠯᠲᠡ ᠳᠠᠬᠢ | ᠠᠩᠬᠠᠷᠤᠯ ᠲᠠᠯᠪᠢᠵᠤ ᠪᠠᠶᠢᠭ᠎ᠠ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ | ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠭᠡᠷᠡᠭᠳᠡᠢ︔ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠭᠡᠮ ᠰᠣᠭᠤᠭ ᠲᠤ ᠴᠢᠭᠯᠡᠭᠦᠯᠦᠨ᠂ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ | ᠬᠦᠴᠦᠯᠡᠨ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠶᠢ ᠶᠡᠭᠡ ᠪᠠᠷ | ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ | ᠳᠠᠶᠢᠴᠢᠯᠠᠵᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠨᠠᠩ ᠰᠠᠶᠢᠳᠤᠷ ᠨᠢᠭᠲᠠᠷᠠᠭᠤᠯᠤᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯᠯᠠᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠢ ᠰᠥᠷᠦᠨ ᠤᠷᠤᠭᠰᠢᠯᠠᠵᠤ᠂ | ᠴᠢᠷᠮᠠᠶᠢᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠵᠥᠪ ᠲᠠᠯ᠎ᠠ ᠠᠴᠠ | ᠵᠣᠷᠢᠭᠵᠢᠭᠤᠯᠬᠤ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ | ᠬᠡᠷᠡᠭᠲᠡᠢ᠃ ᠦᠨᠳᠦᠰᠦᠨ ᠱᠠᠲᠤᠨ ᠤ ᠬᠦᠯᠢᠶᠡᠰᠦ ᠶᠢ ᠦᠨᠡᠨ ᠬᠦ᠋ ᠰᠤᠯᠠᠯᠠᠨ ᠳᠠᠷᠤᠭᠠᠰᠤ ᠶᠢ ᠦᠨᠡᠨ ᠬᠦ᠋ ᠬᠥᠩᠭᠡᠷᠡᠭᠦᠯᠵᠦ᠂ | ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠴᠢᠳᠠᠬᠤ ᠺᠠᠳ᠋ᠷ ᠢ ᠠᠵᠢᠯ ᠬᠢᠵᠦ ᠴᠢᠳᠠᠬᠤ᠂ ᠠᠵᠢᠯ ᠪᠦᠲᠦᠭᠡᠵᠦ ᠳᠡᠶᠢᠯᠬᠦ | ᠪᠤᠯᠭᠠᠬᠤ ᠬᠡᠷᠡᠭᠲᠡᠢ᠃ ᠢᠯᠵᠢᠷᠡᠯ ᠢ ᠡᠷᠡᠰ ᠭᠤᠶᠢᠪᠢᠰᠢ ᠦᠭᠡᠢ ᠪᠠᠷ ᠵᠠᠯᠬᠠᠭᠠᠨ ᠰᠢᠢᠳᠬᠡᠵᠦ᠂ ᠡᠷᠬᠡ ᠲᠡᠭᠰᠢ ᠲᠥᠪ | ᠭᠤᠣᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ᠂ ᠣᠪᠣᠷ ᠰᠤᠷᠲᠠᠯ ᠲᠥᠪ ᠴᠢᠬᠡᠴᠢ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠪᠠᠲᠤᠯᠠᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠳᠡᠭᠡᠷ᠎ᠡ | ᠱᠠᠲᠤᠨ ᠳᠤ ᠬᠢᠵᠦ ᠦᠵᠡᠭᠦᠯᠭᠦ ᠳᠤᠷ᠎ᠠ ᠲᠠᠢ᠂ ᠳᠣᠣᠷ᠎ᠠ ᠱᠠᠲᠤᠨ ᠳᠠᠭᠠᠨ ᠬᠠᠷᠢᠭᠤᠴᠠᠬᠤ ᠦᠭᠡᠢ᠂ ᠪᠣᠳᠠᠲᠤ ᠦᠷ᠎ᠡ | ᠪᠦᠲᠦᠮᠵᠢ ᠶᠢ ᠪᠣᠳᠣᠯᠬᠢᠯᠠᠬᠤ ᠦᠭᠡᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠬᠦ ᠬᠡᠷᠡᠭᠲᠡᠢ᠃ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠠᠶᠤᠯᠭᠦᠢ ᠦᠢᠯᠡᠳᠪᠦᠷᠢᠯᠡᠯ ᠢ ᠰᠠᠶᠢᠳᠤᠷ | ᠠᠳᠬᠤᠵᠤ᠂ ᠨᠡᠶᠢᠭᠡᠮ ᠤᠨ ᠠᠮᠤᠷ ᠲᠦᠪᠰᠢᠨ ᠤ ᠬᠡᠷᠡᠭ ᠢ ᠪᠦᠲᠦᠮᠵᠢᠲᠡᠢ ᠪᠠᠷ ᠰᠡᠷᠭᠡᠶᠢᠯᠡᠨ ᠴᠠᠭ ᠲᠤᠬᠠᠢ ᠳᠤᠨᠢ | ᠠᠷᠭᠠᠴᠠᠭᠠᠬᠤ ᠬᠡᠷᠡᠭᠲᠡᠢ᠃ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠵᠤ᠂ ᠥᠪᠡᠷᠮᠡᠲᠡᠭᠡᠢ ᠦᠵᠡᠯ ᠢ ᠡᠰᠡᠷᠭᠦᠴᠡᠵᠦ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠢᠰᠢᠯᠲᠡ ᠶᠢᠨ | ᠬᠠᠮᠢᠶᠠᠷᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠰᠢᠯᠲᠡ ᠶᠢ ᠬᠥᠲᠥᠯᠥᠨ | ᠵᠢᠯᠤᠭᠤᠳᠬᠤ ᠶᠢ ᠬᠠᠮᠵᠢᠯᠴᠠᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠤᠭᠤᠳᠬᠤ ᠬᠦᠴᠦᠨ᠂ | ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠡᠭᠦᠨ ᠤ ᠬᠠᠮᠲᠤ᠂ ᠳᠡᠯᠡᠬᠡᠢ ᠶᠢᠨ ᠪᠠᠶᠢᠳᠠᠯ ᠤᠯᠤᠰ ᠤᠨ ᠪᠠᠶᠢᠳᠠᠯ | ᠨᠠᠮ ᠤᠨ ᠪᠠᠶᠢᠳᠠᠯ ᠨᠡᠶᠢᠭᠡᠮ ᠤᠨ ᠪᠠᠶᠢᠳᠠᠯ ᠢ ᠣᠨᠣᠪᠴᠢᠲᠠᠢ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠤᠬᠠᠭᠠᠯᠠᠨ | ᠲᠥᠯᠥᠪᠯᠡᠬᠦ ᠪᠠᠨ ᠴᠢᠩᠭᠠᠳᠬᠠᠨ᠂ ᠲᠥᠪ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠰᠠᠨᠠᠭᠤᠯᠭ᠎ᠠ ᠶᠢ ᠰᠠᠶᠢᠳᠤᠷ ᠲᠣᠭᠲᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠣᠨ ᠤ ᠡᠴᠦᠰ ᠵᠢᠯ ᠤᠨ ᠡᠬᠢᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠠᠮᠤᠷ | ᠲᠦᠪᠰᠢᠨ ᠲᠣᠭᠲᠠᠭᠤᠨ ᠤ ᠡᠯ᠎ᠡ ᠵᠦᠢᠯ ᠤᠨ ᠠᠵᠢᠯ ᠢ ᠰᠠᠶᠢᠳᠤᠷ ᠬᠢᠵᠦ᠂ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ | ᠪᠣᠯᠣᠨ ᠠᠶᠤᠯ ᠲᠦᠭᠰᠢᠭᠦᠷᠢ ᠭᠡᠮ ᠰᠣᠭᠤᠭ ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ᠂ ᠪᠦᠭᠦ ᠨᠠᠮ ᠪᠦᠭᠦ ᠤᠯᠤᠰ ᠪᠦᠭᠦ | ᠨᠡᠶᠢᠭᠡᠮ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ | ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠰᠤᠭᠠᠢ ᠭᠡᠵᠦ ᠤᠷᠢᠶᠠᠯᠠᠪᠠ᠃ | | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪ᠊ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ | ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ | ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ | ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠵᠡᠷᠭᠡ ᠬᠥᠮᠥᠰ ᠬᠤᠷᠠᠯ ᠳᠤ | ᠣᠷᠣᠯᠴᠠᠪᠠ᠃ | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ | ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | ᠳᠡᠪᠰᠢᠭᠦᠯᠦᠭᠴᠢ ᠄ ᠲᠡᠷᠭᠡᠯ | |