ᠵᠠᠩᠭᠠᠨ ᠰᠤᠮᠤᠨ ᠤ ᠠᠭᠤᠯᠠ ᠭᠠᠴᠠᠭᠠᠨ ᠳᠤ ᠮᠠᠯᠴᠢᠨ ᠲᠠᠷᠢᠶᠠᠴᠢᠨ ᠤ ᠶᠠᠷᠢᠯᠴᠠᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/12/17
      ᠵᠠᠩᠭᠠᠨ ᠰᠤᠮᠤᠨ ᠤ ᠠᠭᠤᠯᠠ ᠭᠠᠴᠠᠭᠠᠨ ᠳᠤ ᠮᠠᠯᠴᠢᠨ ᠲᠠᠷᠢᠶᠠᠴᠢᠨ ᠤ ᠶᠠᠷᠢᠯᠴᠠᠬᠤ ᠬᠤᠷᠠᠯ ᠬᠢᠭᠰᠡᠨ       ᠣᠯᠠᠨ ᠲᠦᠮᠡᠨ ᠤ ᠬᠦᠰᠡᠵᠦ ᠪᠠᠶᠢᠭ᠎ᠠ ᠵᠦᠢᠯ ᠢ ᠪᠥᠬᠦ ᠲᠠᠯ᠎ᠠ ᠪᠠᠷ ᠣᠶᠢᠯᠠᠭᠠᠨ᠂ ᠣᠯᠠᠨ ᠲᠦᠮᠡᠨ ᠤ ᠠᠵᠢᠯ ᠤᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠬᠦᠴᠦᠯᠡᠨ ᠨᠡᠪᠲᠡᠷᠡᠭᠦᠯᠵᠦ᠂ ᠥᠷᠭᠡᠨ ᠣᠯᠠᠨ ᠲᠦᠮᠡᠨ ᠤ ᠬᠦᠷᠲᠡᠭᠡᠯ ᠤᠨ ᠰᠡᠳᠬᠢᠯᠭᠡ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠢ ᠳᠡᠭᠡᠭᠰᠢᠯᠡᠭᠦᠯᠦᠨ᠎ᠡ᠃12 ᠰᠠᠷ᠎ᠠ ᠶᠢᠨ 13 ᠤ ᠡᠳᠦᠷ᠂ ᠵᠠᠩᠭᠠᠨ ᠰᠤᠮᠤᠨ ᠤ ᠠᠭᠤᠯᠠ  ᠭᠠᠴᠠᠭᠠᠨ ᠠᠴᠠ ᠮᠠᠯᠴᠢᠨ ᠣᠯᠠᠨ ᠲᠦᠮᠡᠨ ᠢ ᠵᠣᠬᠢᠶᠠᠨ ᠪᠠᠶᠢᠭᠤᠯᠤᠨ ᠶᠠᠷᠢᠯᠴᠠᠬᠤ ᠬᠤᠷᠠᠯ ᠬᠢᠵᠦ᠂ ᠣᠯᠠᠨ ᠲᠦᠮᠡᠨ ᠰᠤᠮᠤ ᠪᠠ ᠭᠠᠴᠠᠭᠠᠨ ᠤ ᠺᠠᠳ᠋ᠷ ᠲᠠᠢ ᠴᠤᠭᠭᠠᠷ ᠰᠠᠭᠤᠵᠤ᠂ ᠰᠠᠨᠠᠭᠰᠠᠨ ᠦᠭᠡ ᠪᠠᠨ ᠠᠭᠤᠵᠢᠷᠠᠲᠠᠯ᠎ᠠ ᠶᠠᠷᠢᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠲᠤᠬᠠᠢ ᠶᠠᠷᠢᠯᠴᠠᠪᠠ᠃
12.13.jpg
      ᠲᠤᠰ ᠤᠳᠠᠭᠠᠨ ᠤ ᠬᠤᠷᠠᠯ ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂  ᠠᠷᠠᠤᠨ ᠠᠴᠠ ᠠᠷᠭ᠎ᠠ ᠪᠣᠳᠣᠯᠭ᠎ᠠ ᠲᠣᠭᠲᠠᠭᠠᠬᠤ᠂ ᠬᠡᠷᠡᠭᠴᠡᠭᠡ ᠶᠢ  ᠠᠷᠠᠤᠨ ᠠᠴᠠ ᠠᠰᠠᠭᠤᠬᠤ᠂ ᠠᠷᠠᠳ ᠤᠨ ᠦᠷ᠎ᠡ ᠠᠰᠢᠭ ᠢ ᠠᠰᠠᠭᠤᠬᠤ ᠶᠢ ᠪᠠᠷᠢᠮᠲᠠᠯᠠᠵᠤ᠂ ᠥᠷᠭᠡᠨ ᠣᠯᠠᠨ ᠮᠠᠯᠴᠢᠨ ᠲᠦᠮᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠭᠦᠢᠴᠡᠳ ᠬᠥᠭᠵᠢᠭᠡᠭᠰᠡᠨ ᠪᠠᠶᠢᠨ᠎ᠠ᠃ ᠵᠠᠩᠠᠨ ᠰᠤᠮᠤᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠠᠷᠠᠳ ᠤᠨ ᠶᠠᠪᠤᠳᠠᠯ ᠤᠨ ᠠᠵᠢᠯᠲᠠᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠬᠡᠰᠡᠭ ᠮᠠᠯᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠰᠤᠮᠤ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠠᠷᠠᠳ ᠤᠨ ᠶᠠᠪᠤᠳᠠᠯ ᠤᠨ ᠠᠵᠢᠯᠲᠠᠨ ᠪᠣᠯᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠰᠢᠭᠰᠠᠨ ᠡᠮᠨᠡᠯᠭᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠠᠪᠤᠨ ᠪᠠᠲᠤᠯᠠᠭᠠᠲᠤ ᠡᠷᠦᠬᠡ᠂ ᠵᠡᠮᠳᠡᠭᠴᠦᠳ᠂ ᠬᠢᠨᠠᠨ ᠬᠡᠮᠵᠢᠬᠦ ᠡᠲᠡᠭᠡᠳ ᠢ ᠣᠷᠣᠭᠤᠯᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠬᠤᠷᠠᠯ ᠳᠤ ᠣᠷᠣᠯᠴᠠᠭᠰᠠᠨ ᠪᠦᠬᠦ ᠮᠠᠯᠴᠢᠳ ᠲᠤ ᠤᠬᠠᠭᠤᠯᠤᠨ ᠲᠠᠶᠢᠯᠪᠤᠷᠢᠯᠠᠯᠲᠠ ᠬᠢᠪᠡ᠃ᠡᠭᠦᠨ ᠤ ᠬᠠᠮᠲᠤ᠂ ᠬᠤᠷᠠᠯ ᠳᠤ ᠣᠷᠣᠯᠴᠠᠭᠰᠠᠨ ᠮᠠᠯᠴᠢᠨ ᠲᠦᠮᠡᠨ ᠣᠶᠢᠷ᠎ᠠ ᠶᠢᠨ ᠬᠤᠭᠤᠴᠠᠭᠠᠨ ᠤ ᠦᠢᠯᠡᠳᠪᠦᠷᠢᠯᠡᠯ᠂ ᠠᠮᠢᠳᠤᠷᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠶᠠᠷᠢᠶ᠎ᠠ ᠲᠠᠯᠪᠢᠵᠤ᠂ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠳᠤ ᠰᠤᠮᠤ ᠪᠠ ᠭᠠᠴᠠᠭᠠᠨ ᠤ ᠺᠠᠳ᠋ᠷ ᠨᠠᠷ ᠬᠢᠨᠠᠮᠠᠭᠠᠢ ᠰᠣᠨᠣᠰᠤᠨ᠂ ᠨᠠᠷᠢᠨ ᠨᠢᠮᠪᠠᠢ ᠲᠡᠮᠳᠡᠭᠯᠡᠯ ᠬᠢᠵᠦ᠂ ᠲᠤᠬᠠᠢ ᠶᠢᠨ ᠲᠠᠯᠠᠪᠠᠢ ᠳᠤ ᠬᠠᠷᠢᠭᠤᠯᠲᠠ ᠥᠭᠴᠡᠢ᠃ᠡᠨᠡ ᠤᠳᠠᠭᠠᠨ ᠤ ᠬᠤᠷᠠᠯ ᠨᠢ ᠺᠠᠳ᠋ᠷ ᠣᠯᠠᠨ ᠲᠦᠮᠡᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠬᠤ ᠪᠠᠷ ᠳᠠᠮᠵᠢᠨ᠂ ᠮᠠᠯᠴᠢᠳ ᠤᠨ ᠺᠠᠳ᠋ᠷ ᠢ ᠢᠲᠡᠭᠡᠬᠦ ᠢᠲᠡᠭᠡᠯ ᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠠᠷᠠᠳ ᠤᠨ ᠰᠡᠳᠬᠢᠯ ᠢ ᠨᠢᠭᠲᠡᠷᠠᠭᠤᠯᠤᠨ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠵᠡᠢ᠃        ᠳᠠᠷᠠᠭ᠎ᠠ ᠠᠯᠬᠤᠮ ᠳᠤ᠂ ᠵᠠᠩᠭᠠᠨ ᠰᠤᠮᠤ ᠨᠢ ᠡᠨᠡ ᠤᠳᠠᠭ᠎ᠠ ᠶᠢᠨ ᠦᠨᠡᠨ ᠪᠣᠳᠠᠲᠠᠢ ᠬᠡᠯᠡᠯᠭᠡ ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2